ᠣᠶᠢᠷ᠎ᠠ ᠳᠤ᠂ ᠪᠠᠶᠠᠨᠨᠠᠭᠤᠷ ᠬᠤᠲᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠦᠨᠡᠯᠡᠨ ᠲᠣᠭᠲᠠᠭᠠᠬᠤ ᠲᠤᠰᠬᠠᠢ | ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠭᠰᠡᠨ ᠦᠨᠡᠯᠡᠨ ᠲᠣᠭᠲᠠᠭᠠᠯᠲᠠ ᠪᠠᠷ ᠳᠡᠮᠵᠢᠨ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ | ᠬᠡᠯᠲᠡᠰ ᠤᠨ ᠰᠠᠭᠤᠷᠢᠨ ᠭᠠᠵᠠᠷ ᠨᠢ ᠤᠯᠤᠰ ᠤᠨ AA ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠥᠪᠰᠢᠶᠡᠷᠡᠭᠳᠡᠵᠡᠢ᠃ ︽ᠲᠡᠭᠷᠢ ᠶᠢᠨ ᠬᠡᠰᠢᠭᠲᠦ ᠪᠣᠷᠣᠳᠣᠬᠤᠢ | ︾ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠡᠵᠡᠯᠡᠬᠦ ᠲᠠᠯᠠᠪᠠᠶ ᠨᠢ 7.5 ᠲᠦᠮᠡᠨ ᠲᠡᠭᠰᠢ ᠳᠥᠷᠪᠡᠯᠵᠢᠨ ᠮᠧᠳ᠋ᠷ ᠲᠤ ᠬᠦᠷᠴᠦ᠂ ᠭᠤᠣᠯ ᠪᠣᠯᠬᠤ ᠣᠷᠣᠨ | ᠪᠦᠰᠡ ᠨᠢ 14500 ᠲᠡᠭᠰᠢ ᠳᠥᠷᠪᠡᠯᠵᠢᠨ ᠮᠧᠳ᠋ᠷ ᠲᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠯᠢᠨ ᠾᠧ | ᠲᠣᠭᠤᠷᠢᠭ ᠤᠨ 312 ᠮᠤᠵᠢ ᠶᠢᠨ ᠵᠠᠮ ᠤᠨ ᠡᠮᠦᠨ᠎ᠡ 200 ᠮᠧᠳ᠋ᠷ ᠲᠤ ᠪᠠᠶᠢᠷᠢᠯᠠᠵᠤ ᠪᠣᠶ᠃ ᠡᠭᠦᠨ ᠳᠤ ᠪᠠᠶᠠᠨᠨᠠᠭᠤᠷ ᠤᠨ ᠠᠭᠤᠯᠠ ᠤᠰᠤ ᠣᠶ ᠰᠢᠭᠤᠢ ᠲᠠᠷᠢᠶᠠᠨ | ᠭᠠᠵᠠᠷ ᠨᠠᠭᠤᠷ ᠡᠪᠡᠰᠦ ᠡᠯᠡᠰᠦᠨ ᠤ ᠦᠵᠡᠭᠦᠯᠦᠯᠭᠡ ᠶᠢᠨ ᠲᠣᠭᠤᠷᠢᠭ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠨᠠᠷᠠᠲᠤ ᠲᠡᠮᠳᠡᠭ ᠤᠨ ᠪᠦᠲᠦᠭᠡᠨ | ᠪᠠᠶᠢᠭᠤᠯᠤᠯᠲᠠ ᠶᠢᠨ ᠦᠵᠡᠭᠦᠯᠦᠯᠭᠡ ᠶᠢᠨ ᠲᠣᠭᠤᠷᠢᠭ᠂ ᠠᠮᠤ ᠪᠤᠳᠠᠭ᠎ᠠ᠂ ᠮᠢᠬ᠎ᠠ ᠰᠦ ᠨᠣᠣᠯᠣᠭᠤᠷ᠂ ᠵᠢᠮᠢᠰ ᠨᠣᠭᠤᠭ᠎ᠠ᠂ ᠬᠢᠲᠠᠳ ᠡᠮ ᠤᠨ ᠮᠠᠲ᠋ᠧᠷᠢᠶᠠᠯ᠂ | ᠦᠷ᠎ᠡ ᠶᠢᠨ ᠲᠥᠷᠥᠯ ᠤᠨ ᠬᠠᠭᠤᠷᠤᠭᠰᠠᠨ ᠪᠠᠷᠠᠭ᠎ᠠ᠂ ᠨᠡᠷᠡᠵᠦ ᠡᠳ᠋ᠰᠢᠭᠦᠯᠬᠦ᠂ ᠦᠨᠳᠦᠰᠦᠲᠡᠨ ᠤ ᠣᠨᠴᠠᠯᠢᠭ ᠪᠦᠬᠦᠢ ᠲᠤᠯᠤᠭᠠᠨ ᠲᠣᠮᠣ ᠲᠥᠷᠥᠯ ᠵᠦᠢᠯ ᠤᠨ | ᠦᠵᠡᠭᠦᠯᠦᠯᠭᠡ ᠶᠢᠨ ᠲᠣᠭᠤᠷᠢᠭ᠂ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠦᠵᠡᠭᠦᠯᠦᠯᠭᠡ ᠶᠢᠨ | ᠲᠣᠭᠤᠷᠢᠭ᠂ ᠴᠢᠨᠠᠷ ᠰᠠᠶᠢᠲᠠᠢ ᠲᠠᠷᠢᠶᠠᠯᠠᠩ ᠤᠨ ᠭᠠᠷᠤᠯᠲᠠ ᠶᠢᠨ ᠦᠵᠡᠭᠦᠯᠦᠯᠭᠡ ᠶᠢᠨ ᠲᠣᠭᠤᠷᠢᠭ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠣᠷᠣᠨ | ᠵᠠᠢ ᠶᠢᠨ ᠦᠵᠡᠭᠦᠯᠦᠯᠭᠡ ᠶᠢᠨ ᠲᠣᠭᠤᠷᠢᠭ ᠵᠡᠷᠭᠡ ᠪᠣᠶ᠃ ᠲᠤᠰᠬᠠᠢ ᠲᠠᠶᠢᠯᠤᠮᠵᠢ ᠬᠢᠭᠴᠢ 3 ᠬᠥᠮᠥᠨ᠂ ᠲᠤᠰᠢᠶᠠᠯ ᠬᠠᠪᠰᠤᠷᠭᠠᠭᠰᠠᠨ ᠲᠠᠶᠢᠯᠤᠮᠵᠢ ᠬᠢᠭᠴᠢ 8 ᠬᠥᠮᠥᠨ | ᠪᠣᠶ᠃ 2023 ᠣᠨ ᠳᠤ᠂ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠶᠡᠷᠦᠩᠬᠡᠢ ᠬᠡᠯᠲᠡᠰ ᠤᠨ ᠰᠠᠭᠤᠷᠢᠨ ᠳᠤ 370 ᠪᠦᠯᠦᠭ ᠵᠤᠭᠠᠴᠠᠭᠰᠠᠳ ᠢ ᠪᠠᠷᠤᠭ 2 | ᠲᠦᠮᠡᠨ ᠬᠥᠮᠥᠨ ᠤᠳᠠᠭ᠎ᠠ ᠬᠦᠯᠢᠶᠡᠨ ᠠᠪᠤᠪᠠ᠃ |