ᠲᠡᠦᠬᠡ ᠶᠢᠨ ᠳᠤᠷᠠᠰᠬᠠᠯᠲᠤ ᠵᠦᠢᠯᠡᠰ ᠢ ᠠᠩᠬ᠎ᠠ ᠤᠳᠠᠭ᠎ᠠ ᠬᠠᠷᠢᠶ᠎ᠠ ᠭᠠᠵᠠᠷ ᠲᠤᠨᠢ ᠰᠢᠯᠵᠢᠭᠦᠯᠦᠨ ᠲᠤᠰᠢᠶᠠᠪᠠ
ᠨᠡᠶᠢᠲᠡᠯᠡᠭᠰᠡᠨ ᠴᠠᠭ᠄
2024/4/28
      ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠷᠢᠶ᠎ᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠶᠣᠰᠣᠯᠠᠯ ᠲᠦᠷᠦᠭᠦᠬᠡᠨ ᠭᠦᠭᠡᠬᠤᠲᠠ ᠳᠤ ᠶᠠᠪᠤᠭᠳᠠᠪᠠ᠃ ᠡᠨᠡ ᠪᠣᠯ ᠲᠤᠰ ᠬᠦᠷᠢᠶᠡᠯᠡᠩ ᠠᠩᠬ᠎ᠠ ᠤᠳᠠᠭ᠎ᠠ ᠰᠠᠨᠠᠭᠠᠴᠢᠯᠠᠭ᠎ᠠ ᠠᠴᠠ ᠪᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠷᠢᠶ᠎ᠠ ᠭᠠᠵᠠᠷ ᠲᠤᠨᠢ ᠰᠢᠯᠵᠢᠭᠦᠯᠦᠨ ᠲᠤᠰᠢᠶᠠᠵᠤ ᠪᠠᠶᠢᠭ᠎ᠠ ᠶᠠᠪᠤᠳᠠᠯ ᠪᠤᠯᠬᠤ ᠶᠤᠮ᠃      ᠲᠣᠰ ᠤᠳᠠᠭ᠎ᠠ ᠶᠢᠨ ᠰᠢᠯᠵᠢᠭᠦᠯᠦᠨ ᠲᠤᠰᠢᠶᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠪᠣᠯ 2023 ᠣᠨ ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠦᠷᠢᠶᠡᠯᠡᠩ ᠰᠢᠯᠢᠩᠬᠤᠲᠠ ᠶᠢᠨ ᠮᠣᠳᠣᠨ ᠮᠠᠯᠵᠢᠯ ᠤᠨ ᠲᠠᠯᠠᠪᠠᠶ ᠶᠢᠨ ᠯᠢᠶᠣᠤ ᠤᠯᠤᠰ ᠤᠨ ᠣᠩᠭᠤᠨ ᠢ ᠠᠪᠤᠷᠠᠯᠳᠠ ᠶᠢᠨ ᠴᠢᠨᠠᠷᠲᠠᠢ ᠪᠠᠷ ᠠᠭᠤᠳᠠᠯᠤᠨ ᠮᠠᠯᠲᠠᠬᠤ ᠦᠶ᠎ᠡ ᠳᠤ ᠣᠯᠳᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ᠎ᠠ᠃ ᠡᠭᠦᠨ  ᠳᠤ ᠬᠠᠰ ᠡᠳ᠋ᠯᠡᠯ᠂ ᠵᠡᠰ ᠬᠡᠷᠡᠭᠰᠡᠯ ᠵᠡᠷᠭᠡ 12 ᠢᠵᠢ ᠪᠠᠶᠢᠵᠤ᠂ ᠪᠦᠭᠦᠨ ᠢ ᠰᠢᠯᠢᠩᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ  ᠲᠤ ᠰᠢᠯᠵᠢᠭᠦᠯᠦᠨ ᠥᠭᠴᠦ ᠬᠠᠮᠠᠭᠠᠯᠠᠯᠲᠠ᠂ ᠳᠡᠯᠭᠡᠨ ᠦᠵᠡᠭᠦᠯᠭᠡ ᠪᠠ ᠠᠰᠢᠭᠯᠠᠯᠲᠠ ᠳᠤ ᠣᠷᠣᠭᠤᠯᠪᠠ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢ ᠦᠨᠳᠦᠰᠦᠯᠡᠨ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠰᠢᠯᠵᠢᠭᠦᠯᠦᠨ ᠲᠤᠰᠢᠶᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯᠯᠠᠭᠠᠨ ᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠠᠭᠤᠳᠠᠯᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠰᠢᠯᠵᠢᠭᠦᠯᠦᠨ ᠲᠤᠰᠢᠶᠠᠬᠤ ᠠᠵᠢᠯ ᠤᠨ ᠵᠢᠷᠦᠮᠵᠢᠯᠲᠡ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠠᠮᠢᠳᠤᠯᠢᠭ ᠰᠠᠶᠢᠲᠤᠷ ᠬᠡᠷᠡᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠭᠡᠮ ᠤᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠪᠣᠯᠣᠨ᠎ᠠ᠃
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ