ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠣᠯᠠᠨ ᠲᠦᠮᠡᠨ ᠤ ᠶᠠᠪᠤᠵᠤ | ᠰᠠᠭᠤᠬᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ ᠵᠠᠰᠠᠮᠠᠯ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ | ᠠᠪᠴᠤ᠂ ︽5·1︾ ᠠᠴᠠ ᠡᠮᠦᠨ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠦᠷᠬᠦ 161 ᠵᠤᠷᠪᠤᠰ ᠵᠠᠰᠠᠮᠠᠯ ᠵᠠᠮ ᠤᠨ ᠦᠢᠯᠡᠴᠢᠯᠡᠭᠡᠨ ᠤ ᠪᠠᠲᠤᠯᠠᠭ᠎ᠠ ᠶᠢᠨ | ᠲᠦᠪᠰᠢᠨ ᠢ ᠳᠡᠭᠡᠭᠰᠢᠯᠡᠭᠦᠯᠭᠦ ᠪᠠᠷ ᠲᠣᠭᠲᠠᠵᠤ᠂ ᠣᠳᠣᠬᠠᠨ ᠳᠤ ᠨᠢᠭᠡᠨᠲᠡ 63 ᠵᠤᠷᠪᠤᠰ ᠵᠠᠰᠠᠮᠠᠯ ᠵᠠᠮ ᠤᠨ ᠠᠵᠢᠯ ᠢ ᠳᠠᠭᠤᠰᠬᠠᠪᠠ᠃ | ᠮᠠᠨ ᠤ ᠣᠷᠣᠨ 4 ᠰᠠᠷ᠎ᠠ ᠶᠢᠨ ᠡᠬᠢᠨ ᠠᠴᠠ ᠵᠠᠰᠠᠮᠠᠯ ᠵᠠᠮ ᠤᠨ ᠵᠢᠭᠤᠯᠴᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠭᠦ᠂ | ᠦᠢᠯᠡᠴᠢᠯᠡᠭᠡᠨ ᠤ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠠᠴᠢᠶᠠᠨ ᠤ ᠮᠠᠰᠢᠨ ᠲᠡᠷᠭᠡᠨ ᠤ | ᠵᠢᠯᠣᠭᠤᠴᠢ ᠶᠢᠨ ︽ᠠᠮᠤᠷ ᠲᠦᠪᠰᠢᠨ ᠰᠠᠬᠢᠨ ᠪᠠᠷᠠᠯᠠᠬᠤ︾ ᠠᠵᠢᠯᠯᠠᠭ᠎ᠠ᠂ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢᠨ ᠦᠢᠯᠡᠴᠢᠯᠡᠭᠡᠨ ᠤ ᠲᠣᠪᠣᠶᠢᠮ᠎ᠠ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ᠂ ᠨᠠᠰᠤᠲᠠᠶᠢᠴᠤᠳ ᠲᠤ ᠲᠣᠬᠢᠷᠠᠬᠤ ᠰᠠᠭᠠᠳ ᠦᠭᠡᠢ ᠵᠠᠮ ᠬᠠᠷᠢᠯᠴᠠᠭᠠᠨ ᠤ ᠦᠢᠯᠡᠴᠢᠯᠡᠭᠡ᠂ ETC ᠵᠠᠮ ᠨᠡᠪᠲᠡᠷᠡᠯᠭᠡ | ᠶᠢᠨ ᠦᠢᠯᠡᠴᠢᠯᠡᠭᠡ᠂ G6 ᠪᠠ G7 ᠲᠦᠷᠭᠡᠨ ᠤ ᠵᠠᠰᠠᠮᠠᠯ ᠵᠠᠮ ᠳᠠᠬᠢ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠶᠢ ᠲᠤᠰᠬᠠᠢ ᠴᠡᠭᠴᠡᠯᠡᠨ ᠵᠠᠰᠠᠬᠤ ᠵᠡᠷᠭᠡ 7 | ᠵᠦᠢᠯ ᠤᠨ ᠠᠵᠢᠯᠯᠠᠭᠠᠨ ᠥᠷᠨᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠴᠢᠳᠠᠪᠤᠷᠢ ᠶᠢᠨ ᠲᠦᠪᠰᠢᠨ ᠪᠠ ᠣᠯᠠᠨ ᠲᠦᠮᠡᠨ ᠤ ᠶᠠᠪᠤᠵᠤ | ᠰᠠᠭᠤᠬᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠤ ᠡᠬᠢᠯᠡᠪᠡ᠃ ᠤᠳᠤ ᠪᠦᠭᠦ ᠣᠷᠣᠨ ᠤ ᠡᠯ᠎ᠡ ᠠᠶᠢᠮᠠᠭ ᠬᠤᠲᠠ ᠴᠥᠮ ︽ᠨᠢᠭᠡ ᠳᠠᠷᠤᠪᠴᠢ ᠪᠠᠷ ᠲᠡᠷᠭᠡ | ᠳᠠᠭᠤᠳᠠᠬᠤ︾ ᠦᠢᠯᠡᠴᠢᠯᠡᠭᠡ ᠶᠢ ᠨᠠᠪᠲᠠᠷᠡᠭᠦᠯᠵᠦ᠂ 11 ᠠᠶᠢᠮᠠᠭ ᠬᠤᠲᠠ ᠨᠢᠭᠡᠨᠲᠡ ᠲᠦᠷᠢᠶᠡᠰᠦᠨ ᠮᠠᠰᠢᠨ ᠲᠡᠷᠭᠡ ᠶᠢ ᠤᠲᠠᠰᠤ ᠪᠠᠷ ᠳᠠᠭᠤᠳᠠᠬᠤ ᠶᠢ ᠪᠡᠶᠡᠯᠡᠭᠦᠯᠪᠡ᠃ | ᠪᠤᠭᠤᠲᠤ ᠬᠤᠲᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠵᠣᠷᠢᠭᠤᠯᠤᠨ ᠨᠠᠶᠢᠳᠡ ᠶᠢᠨ ᠮᠠᠰᠢᠨ ᠲᠡᠷᠭᠡᠨ ᠳᠡᠭᠡᠷ᠎ᠡ ᠪᠡᠶ᠎ᠡ ᠶᠢᠨ ᠦᠨᠡᠮᠯᠡᠯ ᠬᠡᠷᠡᠭᠯᠡᠬᠦ | ᠲᠥᠬᠦᠭᠡᠷᠦᠮᠵᠢ ᠨᠡᠮᠡᠵᠦ᠂ ᠨᠠᠰᠤᠲᠠᠶᠢᠴᠤᠳ ᠤᠨ ᠨᠡᠶᠢᠲᠡ ᠶᠢᠨ ᠮᠠᠰᠢᠨ ᠲᠡᠷᠭᠡᠨ ᠳᠤ ᠦᠨ᠎ᠡ ᠲᠥᠯᠥᠪᠦᠷᠢ ᠦᠭᠡᠢ ᠪᠠᠷ ᠰᠠᠭᠤᠬᠤ ᠳᠤ ᠳᠥᠭᠦᠮ ᠦᠵᠡᠭᠦᠯᠪᠡ᠃ ᠦᠬᠠᠢ | ᠬᠤᠲᠠ 20 ᠨᠡᠶᠢᠲᠡ ᠶᠢᠨ ᠮᠠᠰᠢᠨ ᠲᠡᠷᠭᠡᠨ ᠳᠡᠭᠡᠷ᠎ᠡ ᠰᠠᠭᠠᠳ ᠦᠭᠡᠢ ᠠᠶᠠᠯᠠᠬᠤ ᠲᠥᠬᠦᠭᠡᠷᠦᠮᠵᠢ ᠨᠡᠮᠡᠵᠦ ᠤᠭᠰᠠᠷᠠᠨ᠂ 36 ᠨᠡᠶᠢᠲᠡ ᠶᠢᠨ ᠮᠠᠰᠢᠨ ᠲᠡᠷᠭᠡᠨ ᠤ | ᠥᠷᠲᠡᠭᠡ ᠳᠤ ᠥᠭᠡᠷᠡᠴᠢᠯᠡᠯᠲᠡ ᠬᠢᠪᠡ᠃ |