ᠨᠠᠷᠡᠳᠤ ᠬᠦᠮᠦᠰ ᠤᠨ ᠨᠠᠮᠳᠠᠷ — ᠨᠠᠰᠤᠨᠪᠠᠶᠠᠷ
ᠨᠡᠶᠢᠲᠡᠯᠡᠭᠰᠡᠨ ᠴᠠᠭ᠄
2024/5/14
      ᠨᠠᠰᠤᠨᠪᠠᠶᠠᠷ ︵1907 — 1988︶      ᠬᠡᠷᠡᠭᠯᠡᠵᠤ ᠪᠠᠶᠢᠭᠰᠠᠨ ᠨᠡᠷ᠎ᠡ ᠳ᠋ᠠᠮᠪᠠᠵᠤᠩᠨᠠᠢ᠂ ᠡᠷᠡᠭᠳᠡᠢ᠂ ᠮᠤᠩᠭᠤᠯ ᠦᠨᠳᠤᠰᠤᠳᠡᠨ᠂ 1907 ᠤᠨ ᠤ 7 ᠳ᠋ᠤᠭᠠᠷ ᠰᠠᠷ᠎ᠠ ᠶᠢᠨ 3 ᠤ ᠡᠳᠤᠷ ᠤᠷᠠᠳ ᠤᠨ ᠲᠤᠮᠳᠠᠳᠤ ᠭᠦᠩ ᠤᠨ ᠬᠤᠰᠢᠭᠤᠨ ᠤ ᠠᠷᠤ ᠬᠤᠷᠴᠢᠨ ᠰᠤᠮᠤᠨ ᠤ ᠨᠢᠭᠡᠨ ᠶᠠᠳᠠᠭᠤ ᠮᠠᠯᠴᠢᠨ ᠤ ᠭᠡᠷ ᠲᠤ ᠲᠦᠷᠦᠪᠡ᠂ ᠠᠬ᠎ᠠ ᠲᠡᠭᠦᠦ ᠡᠭᠡᠴᠢ ᠦᠬᠢᠨ ᠲᠡᠭᠦᠦ ᠵᠢᠷᠭᠤᠭᠤᠯᠠ᠂ ᠲᠡᠷᠡ ᠲᠦᠳᠤᠭᠡᠷ ᠨᠢ ᠪᠠᠶᠢᠵᠠᠢ᠃ ᠲᠦᠷᠦᠭᠡᠳ ᠰᠠᠷ᠎ᠠ ᠪᠤᠯᠤᠭ᠎ᠠ ᠦᠬᠡᠢ ᠪᠠᠷ ᠨᠢᠭᠡ ᠭᠠᠭᠴᠠ ᠦᠷ᠎ᠡ ᠪᠠᠨ ᠠᠯᠳᠠᠭᠰᠠᠨ ᠶᠠᠳᠠᠭᠤ ᠮᠠᠯᠴᠢᠨ ᠤ ᠭᠡᠷ ᠲᠤ ᠡᠷᠭᠦᠭᠳᠡᠪᠡ᠃      1949 ᠤᠨ ᠳᠤ᠂ ᠲᠡᠭᠦᠨ ᠤ ᠡᠷᠭᠦᠭᠰᠡᠨ ᠡᠴᠢᠭᠡ ᠨᠢ ᠮᠤᠷᠢᠨ ᠠᠴᠠ ᠪᠠᠨ ᠤᠶᠢᠴᠢᠵᠤ ᠭᠡᠮᠳᠤᠭᠡᠳ ᠦᠭᠦᠪᠡ᠃ ᠤᠳᠠᠯ ᠦᠬᠡᠢ ᠲᠡᠭᠦᠨ ᠤ ᠭᠡᠷ ᠤᠨ ᠬᠢᠨᠢ ᠦᠷᠢ ᠰᠢᠷᠢ ᠳᠤ ᠤᠨᠠᠭᠠᠳ ᠭᠡᠷ ᠬᠦᠷᠤᠩᠭᠡ ᠪᠠᠨ ᠪᠠᠷᠠᠭᠰᠠᠨ ᠳᠤ ᠲᠡᠷᠡ ᠨᠢᠭᠡ ᠲᠠᠶᠢᠵᠢ ᠠᠶᠢᠯ ᠳᠤ ᠵᠠᠷᠤᠴᠠ ᠪᠤᠯᠵᠠᠢ᠃ 1918 ᠤᠨ ᠳᠤ᠂ ᠲᠡᠷᠡ ᠮᠡᠷᠭᠡᠨ ᠰᠦᠮ᠎ᠡ ᠳᠤ ᠯᠠᠮᠠ ᠪᠤᠯᠵᠤ᠂ ᠬᠠᠷᠢᠶᠠᠭᠳᠠᠨ ᠴᠤᠬᠢᠭᠳᠠᠵᠤ ᠬᠤᠭᠤᠯᠠ ᠳᠠᠭᠠᠨ ᠴᠠᠳᠬᠤ ᠦᠬᠡᠢ᠂ ᠲᠠᠭᠠᠷᠠᠵᠤ ᠪᠡᠭᠡᠷᠡᠵᠤ ᠪᠠᠶᠢᠵᠠᠢ᠃ 1920 ᠤᠨ ᠤ ᠨᠢᠭᠡ ᠰᠦᠨᠢ ᠰᠦᠮ᠎ᠡ ᠠᠴᠠ ᠲᠤᠳᠠᠭᠠᠨ ᠭᠠᠷᠴᠦ᠂ ᠡᠷᠭᠦᠭᠰᠡᠨ ᠡᠵᠢ ᠶᠢᠨ ᠳᠡᠭᠡᠨ ᠤᠴᠢᠪᠡ᠃ ᠠᠵᠤ ᠠᠮᠢᠳᠤᠷᠠᠯ ᠤᠨ ᠭᠠᠴᠢᠭᠳᠠᠯ ᠠᠴᠠ ᠪᠤᠯᠵᠤ᠂ ᠡᠷᠭᠦᠭᠰᠡᠨ ᠡᠬᠡ ᠨᠢ ᠠᠷᠭ᠎ᠠ ᠪᠤᠰᠤ ᠲᠡᠭᠦᠨ ᠢ ᠤᠷᠳᠤ ᠭᠤᠤᠯ ᠤᠨ ᠰᠦᠮ᠎ᠡ ᠶᠢᠨ ᠵᠢᠷᠠᠨᠳᠠᠢ ᠯᠠᠮᠠ ᠶᠢ ᠪᠠᠭᠰᠢ ᠪᠠᠷᠢᠵᠤ᠂ ︽ᠰᠢᠨ᠎ᠡ ᠤᠷᠴᠢᠭᠤᠯᠤᠭᠰᠠᠨ ᠮᠤᠩᠭᠤᠯ ᠰᠤᠳᠤᠷ︾ ᠢ ᠰᠤᠷᠴᠠᠢ᠃ ᠲᠡᠷᠡ ᠬᠠᠳᠠᠭᠤᠵᠢᠯᠳᠠᠢ ᠰᠢᠷᠭᠠᠭᠤ ᠴᠢᠷᠮᠠᠶᠢᠬᠰᠠᠨ ᠤ ᠤᠯᠠᠮ ᠢᠶᠠᠷ 17 ᠨᠠᠰᠤᠨ ᠳᠠᠭᠠᠨ ᠮᠤᠩᠭᠤᠯ ᠪᠢᠴᠢᠭ ᠤᠨ ᠨᠤᠮ ᠳᠤ ᠨᠡᠪᠳᠡᠷᠡᠵᠤ᠂ 24 ᠨᠠᠰᠤᠳᠠᠢ ᠳᠠᠭᠠᠨ ᠤᠮᠵᠢᠳ ᠯᠠᠮᠠ ︵ᠨᠤᠮ ᠲᠠᠷᠨᠢ ᠲᠠᠭᠠᠭᠤᠯᠵᠤ ᠤᠩᠰᠢᠬᠴᠢ︶ ᠪᠤᠯᠵᠠᠢ᠃ ᠲᠡᠷᠡ ᠪᠠᠭᠰᠢ ᠶᠢᠨ ᠢᠶᠠᠨ ᠵᠢᠯᠤᠭᠤᠳᠤᠯᠭ᠎ᠠ ᠲᠤᠤᠷ᠎ᠠ᠂ ᠲᠦᠷᠪᠡᠨ ᠵᠢᠯ ᠤᠨ ᠬᠤᠭᠤᠴᠠᠭ᠎ᠠ ᠬᠡᠷᠡᠭᠰᠡᠵᠤ ᠮᠤᠩᠭᠤᠯ ᠠᠨᠠᠭᠠᠬᠤ ᠤᠬᠠᠭᠠᠨ ᠤ ᠤᠨᠤᠯ ᠪᠤᠯᠤᠨ ᠡᠮᠴᠢᠯᠡᠭᠦ ᠮᠡᠷᠭᠡᠵᠢᠯ ᠢ ᠰᠤᠷᠤᠯᠴᠠᠵᠤ ᠦᠨᠳᠤᠰᠤᠨ ᠳᠡᠭᠡᠨ ᠡᠵᠡᠮᠰᠢᠭᠡᠳ᠂ ᠨᠢᠭᠡ ᠪᠦᠯᠦᠭ ᠡᠮ ᠲᠠᠩ ᠬᠤᠳᠠᠯᠳᠤᠨ ᠠᠪᠴᠦ ᠲᠤᠰᠠᠭᠠᠷ ᠢᠶᠠᠨ ᠡᠮᠴᠢᠯᠡᠨ᠂ ᠮᠠᠯᠴᠢᠳ ᠤᠨ ᠡᠪᠡᠳᠴᠢᠨ ᠢ ᠡᠮᠨᠡᠨ ᠵᠠᠰᠠᠵᠤ ᠡᠬᠢᠯᠡᠪᠡ᠃ 1939 ᠤᠨ ᠤ ᠡᠬᠢ ᠪᠠᠷ᠂ ᠬᠤᠰᠢᠭᠤ ᠶᠠᠮᠤᠨ  ᠠᠴᠠ ᠲᠡᠭᠦᠨ ᠢ ᠭᠦᠢ ᠰᠦᠢ ᠶᠢᠨ ᠮᠠᠯᠵᠢᠬᠤ ᠤᠷᠤᠨ ᠤ ᠡᠮᠴᠢ ᠶᠢᠨ ᠪᠤᠯᠪᠠᠰᠤᠷᠠᠯ ᠤᠨ ᠭᠠᠵᠠᠷ ︵ᠮᠤᠩᠭᠤᠯ ᠡᠸᠦ᠋ᠷᠤᠫᠡ ᠡᠮᠨᠡᠯᠭᠡ ᠶᠢᠨ ᠰᠤᠷᠭᠠᠭᠤᠯᠢ︶ ᠲᠤ ᠰᠤᠷᠤᠯᠴᠠᠭᠤᠯᠤᠭᠰᠠᠨ ᠤ ᠤᠯᠠᠮ ᠢᠶᠠᠷ᠂ ᠲᠡᠷᠡ ᠮᠤᠩᠭᠤᠯ ᠠᠨᠠᠭᠠᠬᠤ ᠤᠬᠠᠭᠠᠨ ᠤ ᠤᠨᠤᠯ ᠪᠤᠯᠤᠨ ᠡᠮᠴᠢᠯᠡᠨ ᠵᠠᠰᠠᠬᠤ ᠮᠡᠷᠭᠡᠵᠢᠯ ᠢ ᠨᠡᠯᠢᠶᠡᠳ ᠰᠢᠰᠲ᠋ᠧᠮ ᠲᠠᠢ ᠡᠵᠡᠮᠰᠢᠭᠡᠳ 73 ᠰᠤᠷᠤᠯᠭᠠᠳᠠᠨ ᠤ ᠲᠡᠭᠦᠰᠭᠦ ᠰᠢᠯᠭᠠᠯᠳᠠ ᠳᠤ ᠲᠡᠳ᠋ᠯᠡᠭᠰᠡᠨ ᠪᠢᠯᠡ᠃ 1940 ᠤᠨ ᠤ 7 ᠳ᠋ᠤᠭᠠᠷ ᠰᠠᠷ᠎ᠠ ᠳᠤ ᠤᠷᠳᠤ ᠭᠤᠤᠯ ᠤᠨ ᠰᠦᠮ᠎ᠡ ᠳᠡᠭᠡᠨ ᠪᠤᠴᠠᠪᠡ᠃ ᠬᠤᠰᠢᠭᠤ ᠶᠠᠮᠤᠨ ᠠᠴᠠ ᠲᠡᠭᠦᠨ ᠢ ᠴᠤᠩᠵᠢ ᠶᠢᠨ ᠠᠮᠢᠳᠤᠷᠠᠯ ᠤᠨ ᠬᠤᠷᠰᠢᠶᠠᠨ ᠳᠤ ᠡᠮᠴᠢ ᠪᠤᠯᠭᠠᠬᠤ ᠪᠠᠷ ᠲᠤᠬᠢᠷᠠᠭᠤᠯᠤᠭᠰᠠᠨ ᠤ ᠬᠠᠮᠳᠤ ᠲᠡᠭᠦᠨ ᠢ ᠲᠡᠮᠵᠢᠵᠤ ᠨᠢᠭᠡ ᠠᠷᠠᠳ ᠠᠴᠠ ᠡᠷᠭᠢᠯᠡᠭᠰᠡᠨ ᠡᠮᠨᠡᠯᠭᠡ ᠶᠢᠨ ᠭᠠᠵᠠᠷ ᠪᠠᠶᠢᠭᠤᠯᠪᠡ᠃ ᠲᠡᠷᠡ ᠭᠧᠷᠮᠠᠨ ᠤᠯᠤᠰ ᠤᠨ ︽606︾ ᠵᠡᠷᠭᠡ ᠶᠢᠨ ᠡᠮ ᠢᠶᠠᠷ ᠮᠠᠯᠵᠢᠬᠤ ᠤᠷᠤᠨ  ᠳᠤ ᠲᠡᠯᠭᠡᠷᠡᠵᠤ ᠪᠠᠶᠢᠬᠰᠠᠨ ᠦᠩᠭᠡᠨ ᠤ ᠡᠪᠡᠳᠴᠢᠨ ︵ᠲᠡᠮᠪᠤᠤ︶ ᠪᠡ ᠴᠡᠴᠡᠭ ᠵᠡᠷᠭᠡ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠵᠤ᠂ ᠤᠬᠤᠷᠬᠠᠨ ᠬᠤᠭᠤᠴᠠᠭᠠᠨ  ᠳᠤ ᠮᠡᠳᠡᠭᠳᠡᠭᠦ᠋ᠢᠴᠡ ᠠᠮᠵᠢᠯᠳᠠ ᠤᠯᠵᠤ᠂ 600 ᠢᠯᠡᠭᠦᠦ ᠭᠦᠨᠳᠤ ᠡᠪᠡᠳᠴᠢᠳᠡᠨ ᠢ ᠡᠳᠡᠭᠡᠷᠡᠭᠦᠯᠦᠭᠰᠡᠨ ᠪᠤᠶᠤ ᠮᠡᠳᠡᠭᠳᠡᠭᠦ᠋ᠢᠴᠡ ᠵᠠᠰᠠᠯ ᠠᠪᠤᠭᠤᠯᠤᠭᠰᠠᠨ ᠶᠤᠮ᠃ ᠲᠡᠭᠦᠨᠴᠡ ᠬᠤᠶᠢᠰᠢ ᠲᠡᠷᠡ ᠬᠤᠰᠢᠭᠤ ᠨᠤᠳᠤᠭ ᠲᠤ ᠨᠡᠷ᠎ᠡ ᠠᠯᠳᠠᠷᠰᠢᠵᠤ᠂ ᠦᠷᠭᠡᠨ ᠤᠯᠠᠨ ᠮᠠᠯᠴᠢᠳ ᠴᠢᠨᠠᠭᠰᠢᠯᠠᠪᠡᠯ ᠵᠠᠰᠠᠭ ᠨᠤᠶᠠᠨ ᠪᠡ ᠲᠤᠰᠠᠯᠠᠭᠴᠢ ᠲᠠᠶᠢᠵᠢ ᠨᠠᠷ  ᠤᠨ ᠢᠳᠡᠭᠡᠯ ᠭᠦᠨᠳᠤ ᠶᠢ ᠤᠯᠤᠭᠰᠠᠨ ᠪᠠᠶᠢᠨ᠎ᠠ᠃ 1942 ᠤᠨ ᠳᠤ᠂ ᠲᠡᠷᠡ ᠭᠦᠢ ᠰᠦᠢ ᠳᠤ ᠪᠠᠶᠢᠭ᠎ᠠ ᠬᠠᠮᠳᠤ ᠰᠤᠷᠤᠭᠴᠢᠳ ᠢᠶᠠᠨ ᠤᠷᠢᠵᠤ ᠡᠮᠨᠡᠯᠭᠡ ᠶᠢᠨ ᠭᠠᠵᠠᠷ ᠲᠠᠭᠠᠨ ᠴᠡᠭ ᠲᠤᠭᠳᠠᠭᠠᠨ ᠡᠪᠡᠳᠴᠢᠨ ᠦᠵᠡᠭᠦᠯᠵᠤ᠂ ᠲᠡᠷᠡ ᠦᠪᠡᠷ ᠢᠶᠠᠨ ᠲᠤᠭᠤᠷᠢᠨ ᠶᠠᠪᠤᠵᠤ ᠡᠮᠨᠡᠭᠦ ᠪᠠᠷ ᠲᠠᠮᠵᠢᠭᠤᠯᠤᠨ 1945 ᠤᠨ ᠪᠤᠯᠬᠤ ᠳᠤ ᠲᠠᠮᠪᠦᠦ ᠪᠤᠯᠤᠨ ᠴᠡᠴᠡᠭ ᠡᠪᠡᠳᠴᠢᠨ ᠵᠡᠷᠭᠡ ᠶᠢᠨ ᠡᠪᠡᠳᠴᠢᠨ ᠬᠢᠵᠢᠭ ᠢ ᠦᠨᠳᠤᠰᠤᠨ ᠳᠡᠭᠡᠨ ᠬᠢᠵᠠᠭᠠᠷᠯᠠᠭᠰᠠᠨ ᠪᠦᠭᠡᠳ ᠡᠮᠨᠡᠪᠡ᠃      1950 ᠤᠨ ᠳᠤ᠂ ᠤᠷᠡᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠠᠶᠢᠭᠤᠯᠤᠭᠳᠠᠭᠰᠠᠨ ᠤ ᠲᠠᠷᠠᠭ᠎ᠠ᠂ ᠲᠡᠭᠦᠨ ᠢ ᠬᠤᠰᠢᠭᠤᠨ ᠤ ᠡᠷᠡᠭᠦᠯ ᠬᠠᠮᠠᠭᠠᠯᠠᠯ ᠤᠨ ᠰᠠᠯᠠᠭᠠᠨ ᠤ ᠲᠠᠷᠤᠭ᠎ᠠ ᠪᠠᠷ ᠲᠤᠮᠢᠯᠠᠪᠠ᠃ ᠲᠡᠭᠦᠨ ᠠᠴᠠ ᠬᠤᠶᠢᠰᠢ ᠲᠠᠷᠡ ᠶᠠᠳᠠᠷᠠᠯ ᠵᠦᠳᠡᠷᠡᠯ ᠢ ᠬᠠᠶᠢᠬᠤᠷᠤᠯ ᠦᠬᠡᠢ ᠢᠳᠡᠪᠬᠢᠯᠡᠨ ᠠᠵᠢᠯᠯᠠᠵᠤ ᠂ ᠪᠦᠬᠦ ᠬᠤᠰᠢᠭᠤᠨ ᠤ 4 ᠨᠤᠳᠤᠭ ᠲᠤ ᠡᠮᠨᠡᠯᠭᠡ ᠶᠢᠨ ᠭᠠᠵᠠᠷ ᠪᠠᠶᠢᠭᠤᠯᠤᠭᠰᠠᠨ ᠤ ᠬᠠᠮᠳᠤ ᠲᠡᠷᠡ ᠪᠠᠰᠠ ᠬᠤᠭᠤᠰᠤᠨ ᠭᠠᠷ ᠬᠤᠶᠠᠷ ᠨᠢᠳᠤᠷᠭ᠎ᠠ ᠪᠠᠷ ᠦᠪᠡᠷ ᠢᠶᠠᠨ ᠭᠦᠳᠡᠯᠤᠯᠴᠠᠡ ᠬᠠᠯᠢᠭᠤᠳᠤ ᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠡ ᠪᠠᠶᠢᠭᠤᠯᠵᠤ᠂ ᠡᠮᠨᠡᠯᠭᠡ ᠡᠷᠡᠭᠦᠯ ᠬᠠᠮᠠᠭᠠᠯᠠᠯ ᠤᠨ ᠲᠤᠤᠷ ᠴᠡᠭ ᠢ ᠦᠷᠭᠡᠳᠭᠡᠭᠡᠳ ᠤᠯᠠᠨ ᠲᠦᠮᠡᠨ ᠳᠤ ᠲᠦᠭᠦᠮ ᠦᠵᠡᠭᠦᠯᠦᠭᠰᠡᠨ ᠶᠤᠮ᠃ 1957 ᠤᠨ ᠳᠤ ᠲᠡᠷᠡ ᠬᠤᠰᠢᠭᠤᠨ ᠤ ᠡᠷᠡᠭᠦᠯ ᠬᠠᠮᠠᠭᠠᠯᠠᠯ ᠤᠨ ᠲᠡᠷᠢᠭᠦᠨ ᠤ ᠠᠵᠢᠯᠳᠠᠨ  ᠢᠶᠠᠷ ᠰᠤᠩᠭᠤᠭᠳᠠᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠲᠡᠷᠢᠭᠦᠨ ᠤ ᠠᠵᠢᠯᠳᠠᠳ ᠤᠨ ᠲᠦᠯᠤᠭᠡᠯᠡᠭᠴᠢᠳ ᠤᠨ ᠶᠡᠭᠡ ᠬᠤᠷᠠᠯ ᠳᠤ ᠤᠷᠤᠯᠴᠠᠭᠰᠠᠨ ᠪᠢᠯᠡ᠃      ᠲᠡᠷᠡ ᠦᠨᠡᠨᠴᠢ ᠰᠢᠳᠤᠷᠭᠤ᠂ ᠠᠰᠪᠤᠷᠢ ᠰᠢᠯᠤᠭᠤᠨ ᠪᠠᠶᠢᠳᠠᠭ᠃ ᠠᠵᠢᠯ ᠤᠨ ᠲᠤᠮᠳᠠ ᠪᠠᠨ ᠬᠦᠴᠢᠷ ᠪᠡᠷᠬᠡ ᠠᠴᠠ ᠠᠶᠤᠬᠤ ᠦᠬᠡᠢ᠂ ᠴᠢᠩᠭ᠎ᠠ ᠬᠢᠨᠠᠮᠠᠭᠠᠢ᠂ ᠴᠦᠭᠦᠷᠡᠯ ᠦᠬᠡᠢ ᠠᠵᠢᠯᠯᠠᠳᠠᠭ᠃ 1958 ᠤᠨ ᠳᠤ ᠲᠡᠷᠡ ︽ᠪᠠᠷᠠᠭᠤᠨᠳᠠᠨ︾ ᠢᠶᠠᠷ ᠬᠢᠯᠢᠰ ᠴᠤᠬᠢᠬᠳᠠᠵᠤ᠂ ᠲᠤᠰᠢᠶᠠᠯ ᠢ ᠨᠢ ᠤᠭᠴᠠᠷᠠᠭᠤᠯᠤᠨ ᠲᠡᠰ ᠢ ᠨᠢ ᠪᠠᠭᠤᠷᠠᠭᠤᠯᠵᠤ ᠮᠠᠯᠵᠢᠬᠤ ᠤᠷᠤᠨ ᠳᠤ ᠪᠠᠭᠤᠯᠭᠠᠨ ᠬᠦᠳᠡᠯᠮᠤᠷᠢᠯᠡᠭᠦᠯᠵᠠᠢ᠃ ᠲᠤᠰ ᠵᠢᠯ ᠤᠨ 10 ᠳ᠋ᠤᠭᠠᠷ ᠰᠠᠷ᠎ᠠ ᠶᠢᠨ 10 ᠤ ᠡᠳᠤᠷ ︽ᠪᠠᠷᠠᠭᠤᠨᠳᠠᠨ︾ ᠤ ᠮᠠᠯᠠᠭᠠᠢ ᠶᠢ ᠨᠢ ᠠᠪᠤᠭᠰᠠᠨ ᠢ ᠨᠡᠶᠢᠳᠡᠯᠡᠭᠰᠡᠨ ᠪᠤᠯᠪᠠᠴᠦ ᠠᠵᠢᠯ ᠪᠡ ᠲᠡᠰ ᠢ ᠨᠢ ᠰᠡᠷᠭᠦᠭᠡᠵᠤ ᠦᠭᠭᠦᠭᠰᠡᠨ ᠦᠬᠡᠢ᠃ ︽ᠰᠤᠶᠤᠯ ᠤᠨ ᠶᠡᠭᠡ ᠬᠤᠪᠢᠰᠬᠠᠯ︾ ᠲᠤᠮᠳᠠ ᠪᠠᠰᠠᠯᠠ ︽ᠪᠠᠷᠠᠭᠤᠨᠳᠠᠨ︾ ᠢᠶᠠᠷ ᠴᠢᠷᠤᠨ ᠭᠠᠷᠭᠠᠵᠤ ᠲᠡᠮᠡᠴᠡᠭᠳᠡᠭᠡᠳ ᠪᠡᠷᠬᠡ ᠪᠠᠷᠳᠠᠭᠠᠳᠤ ᠠᠮᠢᠳᠤᠷᠠᠯ ᠢ ᠦᠩᠭᠡᠷᠡᠭᠡᠪᠡ᠃ ᠭᠡᠳᠡᠯ᠎ᠡ ᠲᠡᠷᠡ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠨ᠂ ᠨᠠᠮ ᠢᠶᠠᠨ ᠢᠳᠡᠭᠡᠵᠤ ᠦᠨᠡᠨ ᠶᠤᠰᠤ ᠶᠢ ᠢᠳᠡᠭᠡᠭᠰᠡᠭᠡᠷ ᠯᠡ ᠪᠠᠶᠢᠪᠡ᠃      1980 ᠤᠨ ᠤ 11 ᠳ᠋ᠤᠭᠡᠷ ᠰᠠᠷ᠎ᠠ ᠳᠤ᠂ ᠬᠤᠰᠢᠭᠤ ᠨᠠᠮ ᠤᠨ ᠬᠤᠷᠢᠶᠠᠨ ᠠᠴᠠ ᠲᠡᠭᠦᠨ ᠳᠤ ᠲᠦᠷᠦ ᠶᠢᠨ ᠪᠤᠳᠤᠯᠭ᠎ᠠ ᠨᠡᠶᠢᠳᠡᠪᠤᠷᠢᠵᠢᠭᠤᠯᠤᠨ ᠲᠤᠤᠱᠳᠠᠢ ᠴᠠᠭᠠᠳᠬᠠᠵᠤ ᠦᠭᠭᠦᠭᠡᠳ᠂ ᠲᠤᠰᠢᠶᠠᠯ ᠢ ᠨᠢ ᠰᠡᠷᠭᠦᠭᠡᠭᠰᠡᠨ ᠤ ᠬᠠᠮᠳᠤ ᠠᠵᠢᠯ ᠠᠴᠠ ᠠᠮᠠᠷᠠᠬᠤ ᠭᠠᠷ ᠭᠦᠢᠴᠡᠳᠭᠡᠯ ᠬᠢᠵᠤ ᠦᠭᠭᠦᠭᠰᠡᠨ ᠪᠠᠶᠢᠨ᠎ᠠ᠃ ᠲᠡᠷᠡ ᠠᠵᠢᠯ  ᠠᠴᠠ ᠪᠠᠨ ᠠᠮᠠᠷᠠᠭᠰᠠᠨ ᠤ ᠰᠡᠭᠦᠯᠡᠷ᠂ ᠰᠤᠶᠤᠯ ᠲᠡᠤᠬᠡ ᠶᠢᠨ ᠮᠡᠲ᠋ᠧᠷᠢᠶᠡᠯ ᠢ ᠠᠪᠤᠷᠠᠨ ᠴᠤᠭᠯᠠᠭᠤᠯᠬᠤ ᠠᠵᠢᠯ ᠳᠤ ᠢᠳᠡᠪᠬᠢᠯᠡᠨ ᠤᠷᠤᠯᠴᠠᠪᠡ᠃ ᠲᠡᠷᠡ ᠨᠠᠰᠤ ᠲᠦᠭᠦᠵᠤ ᠪᠡᠶ᠎ᠡ ᠮᠠᠭᠤᠳᠠᠭᠰᠠᠨ ᠪᠠᠶᠢᠳᠠᠯ ᠢᠶᠠᠨ ᠬᠠᠶᠢᠬᠤᠷᠤᠯ ᠦᠬᠡᠢ᠂ ᠶᠠᠳᠠᠷᠠᠯ ᠵᠦᠳᠡᠷᠡᠯ ᠳᠤ ᠠᠯᠵᠢᠶᠠᠯ ᠦᠬᠡᠢ ᠪᠠᠷ ᠲᠤᠭᠤᠢ ᠲᠡᠷᠬᠡ ᠪᠠᠷ ᠠᠭᠤᠯᠠ ᠤᠰᠤ ᠶᠢ ᠲᠤᠭᠤᠯᠤᠨ ᠶᠠᠪᠤᠵᠤ᠂ 14 ᠬᠤᠪᠢ 8 ᠲᠦᠮᠡᠨ ᠦᠰᠦᠭ ᠤᠨ ᠰᠤᠶᠤᠯ ᠲᠡᠤᠬᠡ ᠶᠢᠨ ᠮᠡᠲ᠋ᠧᠷᠢᠶᠡᠯ ᠪᠢᠴᠢᠵᠤ᠂ ᠠᠶᠢᠮᠠᠭ ᠬᠤᠰᠢᠭᠤᠨ ᠤ ᠰᠤᠶᠤᠯ ᠲᠡᠤᠭᠡ ᠶᠢᠨ ᠮᠠᠲ᠋ᠧᠷᠢᠶᠠᠯ ᠲᠡᠭᠡᠷ᠎ᠡ ᠨᠡᠶᠢᠳᠡᠯᠡᠭᠰᠡᠨ ᠪᠢᠯᠡ᠃ 1988 ᠤᠨ ᠤ 5 ᠳ᠋ᠤᠭᠠᠷ ᠰᠠᠷ᠎ᠠ ᠶᠢᠨ 8 ᠤ ᠡᠳᠤᠷ᠂ ᠨᠠᠰᠤᠨᠪᠠᠶᠠᠷ ᠬᠠᠯᠢᠭᠤᠳᠤ ᠪᠠᠯᠭᠠᠰᠣᠨ ᠳᠤ ᠨᠠᠰᠤᠨ ᠲᠠᠭᠠᠯᠠᠯ ᠲᠡᠭᠦᠰᠪᠡ᠂ 81 ᠨᠠᠰᠤᠳᠠᠢ᠃              ︽ᠤᠷᠠᠳ ᠤᠨ ᠲᠤᠮᠳᠠᠳᠤ ᠬᠤᠰᠢᠭᠤᠨ ᠤ ᠤᠶᠢᠯᠠᠯᠭ᠎ᠠ︾ ᠠᠴᠠ ᠪᠠᠭᠤᠯᠭᠠᠪᠠ᠃    
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ