2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/5/16
      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ 2024 ᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢ ᠬᠡᠷᠡᠭᠵᠢᠭᠦᠯᠵᠦ᠂ ᠪᠦᠭᠦ ᠤᠯᠤᠰ ᠠᠴᠠ 34430 ᠨᠡᠷᠡᠰ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠦᠨᠳᠦᠰᠦᠨ ᠱᠠᠲᠤᠨ ᠳᠤ ᠣᠴᠢᠭᠤᠯᠵᠤ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠢ ᠳᠡᠮᠵᠢᠬᠦ᠂ ᠡᠮ ᠡᠮᠨᠡᠯᠭᠡ ᠶᠢ ᠳᠡᠮᠵᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡ ᠬᠢᠯᠭᠡᠨ᠎ᠡ᠃      ᠣᠳᠣᠬᠠᠨ ᠪᠤᠯᠲᠠᠯ᠎ᠠ᠂ ᠭᠤᠸᠠᠩᠳᠦ᠋ᠩ᠂ ᠱᠠᠨᠳᠦ᠋ᠩ᠂ ᠬᠤᠪᠧᠢ᠂ ᠠᠨᠾᠦ᠋ᠢ᠂ ᠶᠦᠨᠨᠠᠨ ᠵᠡᠷᠭᠡ ᠠᠷᠪᠠ ᠭᠠᠷᠤᠢ ᠮᠤᠵᠢ ᠣᠷᠣᠨ ᠡᠯᠰᠡᠬᠦ ᠠᠯᠪᠠᠨ ᠵᠠᠷ ᠨᠡᠶᠢᠲᠡᠯᠡᠪᠡ᠃ ᠬᠡᠷᠬᠢᠨ ᠨᠡᠷ᠎ᠡ ᠮᠡᠳᠡᠭᠦᠯᠬᠦ ᠪᠤᠶ︖ ᠬᠠᠷᠠᠭᠠᠯᠵᠠᠯ ᠨᠢ ᠶᠠᠮᠠᠷ ᠵᠡᠷᠭᠡ ᠪᠤᠢ︖ ᠡᠭᠦᠨ ᠤ ᠲᠤᠬᠠᠢ︽ᠰᠢᠨᠬᠤᠸᠠ ᠬᠠᠷᠠᠭᠠᠰᠤ︾ ᠶᠢᠨ ᠰᠤᠷᠪᠤᠯᠵᠢᠯᠠᠬᠴᠢ ᠠᠴᠠ ᠡᠷᠬᠡ ᠰᠦᠷᠲᠦ ᠰᠠᠯᠠᠭ᠎ᠠ ᠮᠥᠴᠢᠷ ᠢ ᠰᠤᠷᠪᠤᠯᠵᠢᠯᠠᠪᠠ᠃     ᠣᠷᠣᠨ ᠲᠤᠭ᠎ᠠ ᠶᠢ ᠠᠯᠢ ᠠᠯᠢ ᠲᠡᠭᠦᠰᠬᠦ ᠰᠤᠷᠤᠬᠴᠢᠳ ᠲᠤ ᠬᠡᠯᠪᠡᠶᠢᠯᠭᠡᠬᠦ ᠪᠤᠢ︖      ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠬᠡᠷᠡᠭᠵᠢᠭᠦᠯᠦᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠴᠢᠵᠤ ᠠᠵᠢᠯᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠵᠢᠱᠢᠶ᠎ᠡ ᠦᠵᠡᠭᠦᠯᠭᠦ ᠲᠥᠷᠥᠯ ᠵᠦᠢᠯ ᠪᠤᠯᠬᠤ ᠪᠥᠭᠡᠳ ᠦᠢᠯᠡᠴᠢᠯᠡᠬᠦ ᠬᠤᠭᠤᠴᠠᠭ᠎ᠠ ᠨᠢ 2 ᠵᠢᠯ ᠪᠣᠯᠣᠨ᠎ᠠ᠃      ︽ᠣᠶᠢᠷ᠎ᠠ ᠶᠢᠨ ᠬᠤᠭᠤᠴᠠᠭᠠᠨ ᠳᠤ ᠡᠳ᠋ ᠤᠨ ᠵᠠᠰᠠᠭ ᠤᠨ ᠶᠠᠮᠤᠨ ᠯᠤᠭ᠎ᠠ ᠬᠠᠮᠲᠤᠷᠠᠨ ᠪᠠᠭᠤᠯᠭᠠᠭᠰᠠᠨ ᠮᠡᠳᠡᠭᠳᠡᠯ ᠢ ᠦᠨᠳᠦᠰᠦᠯᠡᠪᠡᠯ᠂ ᠡᠨᠡ ᠵᠢᠯ ᠤᠨ ᠲᠥᠪ ᠤᠨ ᠡᠳ᠋ ᠤᠨ ᠵᠠᠰᠠᠭ ᠠᠴᠠ ᠳᠡᠮᠵᠢᠬᠦ︿ᠭᠤᠷᠪᠠ ᠶᠢ ᠳᠡᠮᠵᠢᠵᠦ ᠨᠢᠭᠡ ᠶᠢ ᠲᠡᠳᠬᠦᠬᠦ﹀ᠠᠵᠢᠯᠲᠠᠨ ᠡᠯᠰᠡᠬᠦ ᠬᠥᠮᠥᠨ ᠤ ᠲᠤᠭ᠎ᠠ ᠨᠢ ᠨᠢᠳᠤᠨᠤᠨ ᠤ ᠬᠢ ᠠᠴᠠ 1.3% ᠪᠠᠷ ᠨᠡᠮᠡᠭᠳᠡᠪᠡ︾ ᠭᠡᠵᠦ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠵᠠᠩ ᠸᠧᠨ ᠮᠢᠶᠣᠣ ᠲᠠᠨᠢᠯᠴᠠᠭᠤᠯᠵᠠᠢ᠃      ᠮᠡᠳᠡᠭᠳᠡᠯ ᠢ ᠦᠨᠳᠦᠰᠦᠯᠡᠪᠡᠯ᠂ ᠡᠨᠡ ᠵᠢᠯ ᠤᠨ ᠡᠯᠰᠡᠬᠦ ᠲᠥᠯᠥᠪᠯᠡᠭᠡ ᠶᠢ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ᠂ ᠵᠡᠭᠦᠨ ᠬᠤᠶᠢᠲᠤ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠲᠡᠶᠢᠰᠢ ᠬᠡᠯᠪᠡᠶᠢᠯᠭᠡᠨ᠎ᠡ᠃ ᠲᠥᠪ ᠤᠨ ᠡᠳ᠋ ᠤᠨ ᠵᠠᠰᠠᠭ ᠠᠴᠠ ᠳᠡᠮᠵᠢᠬᠦ ᠰᠢᠨᠵᠢᠶᠠᠩ᠂ ᠥᠪᠥᠷ ᠮᠣᠩᠭᠤᠯ᠂ ᠬᠤᠪᠧᠢ ᠶᠢᠨ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ ᠡᠯᠰᠡᠬᠦ ᠬᠥᠮᠥᠨ ᠤ ᠲᠤᠭ᠎ᠠ ᠬᠠᠮᠤᠭ ᠤᠨ ᠣᠯᠠᠨ ᠪᠠᠶᠢᠵᠤ᠂ ᠴᠥᠮ 2000 ᠬᠥᠮᠥᠨ ᠠᠴᠠ ᠳᠡᠭᠡᠭᠰᠢ ᠡᠯᠰᠡᠨ᠎ᠡ;ᠳᠠᠷᠠᠭᠠᠯᠠᠪᠠᠯ ᠨᠢᠩᠰᠢᠶᠠ᠂ ᠬᠥᠬᠡᠨᠠᠭᠤᠷ᠂ ᠭᠠᠨᠰᠤ᠂ ᠰᠧᠴᠤᠸᠠᠨ ᠳᠤ ᠪᠦᠷ 2000 ᠰᠢᠬᠠᠮ ᠠᠵᠢᠯᠲᠠᠨ ᠡᠯᠰᠡᠨ᠎ᠡ᠃ ᠶᠡᠷᠦᠩᠬᠡᠢ ᠳᠤᠨᠢ ᠠᠪᠴᠤ ᠦᠵᠡᠪᠡᠯ᠂ ᠡᠯᠰᠡᠬᠦ ᠲᠥᠯᠥᠪᠯᠡᠭᠡ ᠶᠢ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠳᠤ ᠭᠤᠣᠯᠳᠠᠯᠭ᠎ᠠ ᠲᠠᠢ ᠪᠠᠭᠤᠯᠭᠠᠵᠤ᠂ ᠶᠡᠷᠦᠩᠬᠡᠢ ᠬᠡᠮᠵᠢᠶᠡᠨ ᠤ 84.3% ᠳᠤ ᠬᠦᠷᠭᠡᠬᠦ ᠪᠣᠯᠣᠨ᠎ᠠ᠃      ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠲᠡᠭᠦᠰᠬᠦ ᠰᠤᠷᠤᠬᠴᠢᠳ ᠤᠨ ᠬᠡᠷᠡᠭᠴᠡᠭᠡ ᠯᠦᠭᠡ ᠨᠠᠩ ᠰᠠᠶᠢᠲᠤᠷ ᠵᠣᠯᠭᠠᠭᠤᠯᠬᠤ ᠶᠢᠨ ᠲᠥᠯᠥᠭᠡ᠂ ᠡᠨᠡ ᠵᠢᠯ ᠡᠯ᠎ᠡ ᠮᠤᠵᠢ ᠶᠢᠨ ᠨᠡᠶᠢᠲᠡᠯᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ᠠᠵᠢᠯᠲᠠᠨ ᠡᠯᠰᠡᠬᠦ ᠠᠯᠪᠠᠨ ᠵᠠᠷ ᠪᠠ ᠰᠢᠯᠭᠠᠯᠲᠠ ᠵᠣᠬᠢᠶᠠᠨ ᠪᠠᠶᠢᠭᠤᠯᠬᠤ ᠴᠠᠭ ᠨᠢ ᠥᠩᠭᠡᠷᠡᠭᠰᠡᠨ ᠵᠢᠯ ᠤᠨ ᠬᠢ ᠠᠴᠠ ᠢᠯᠡᠳᠲᠡ ᠤᠷᠢᠳᠴᠢᠯᠠᠵᠤ᠂ ᠬᠡᠰᠡᠭ ᠮᠤᠵᠢ ᠣᠷᠣᠨ ᠤ ᠪᠣᠳᠠᠲᠠᠢ ᠡᠯᠰᠡᠬᠦ ᠬᠥᠮᠥᠨ ᠤ ᠲᠤᠭ᠎ᠠ ᠴᠤ ᠨᠡᠮᠡᠭᠳᠡᠭᠰᠡᠨ ᠪᠠᠶᠢᠨ᠎ᠠ᠃      ᠨᠡᠷ᠎ᠡ ᠮᠡᠳᠡᠭᠦᠯᠬᠦ ᠨᠥᠬᠦᠴᠡᠯ ᠠᠴᠠ ᠦᠵᠡᠪᠡᠯ᠂ ᠣᠯᠠᠩᠬᠢ ᠮᠤᠵᠢ ᠣᠷᠣᠨ ᠨᠢ ᠲᠣᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠤᠶᠤ ᠲᠡᠭᠦᠰᠦᠭᠰᠡᠨ ᠭᠤᠷᠪᠠᠨ ᠵᠢᠯ ᠤᠨ ᠳᠣᠲᠣᠷᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠱᠠᠭᠠᠷᠳᠠᠵᠤ᠂ ᠬᠡᠰᠡᠭ ᠮᠤᠵᠢ ᠣᠷᠣᠨ ᠨᠢ ᠮᠡᠷᠭᠡᠵᠢᠯ ᠤᠨ ᠠᠵᠢᠯᠴᠢᠨ ᠤ ᠶᠡᠭᠡ ᠳᠡᠭᠡᠳᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯᠴᠢᠨ ᠤ ᠠᠩᠭᠢ᠂ ᠪᠡᠯᠡᠳᠬᠡᠯ ᠮᠠᠰᠲ᠋ᠧᠷ ᠤᠨ ᠠᠩᠭᠢ ᠠᠴᠠ ᠲᠡᠭᠦᠰᠦᠭᠰᠡᠳ ᠢ ᠡᠯᠰᠡᠬᠦ ᠡᠲᠡᠭᠡᠳ ᠤᠨ ᠬᠡᠪᠴᠢᠶᠡᠨ ᠳᠤ ᠣᠷᠣᠭᠤᠯᠪᠠ᠃ ᠡᠮᠴᠢᠯᠡᠭᠡ ᠡᠷᠡᠭᠦᠯ ᠬᠠᠮᠠᠭᠠᠯᠠᠯ ᠢ ᠳᠡᠮᠵᠢᠬᠦ ᠠᠵᠢᠯᠲᠠᠨ ᠡᠯᠰᠡᠬᠦ ᠳᠤ ᠬᠦᠴᠢᠷᠲᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠤᠪᠧᠢ ᠮᠤᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠢ ᠳᠡᠮᠵᠢᠬᠦ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ ᠰᠢᠯᠭᠠᠭᠤᠯᠬᠤ ᠳᠤ ᠲᠡᠭᠦᠰᠬᠦ ᠵᠢᠯ ᠬᠤᠭᠤᠴᠠᠭ᠎ᠠ ᠶᠢ ᠬᠢᠵᠠᠭᠠᠷᠯᠠᠬᠤ ᠦᠭᠡᠢ᠂ ᠠᠨᠾᠦ᠋ᠢ᠂ ᠶᠦᠨᠨᠠᠨ ᠵᠡᠷᠭᠡ ᠮᠤᠵᠢ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠢ ᠳᠡᠮᠵᠢᠬᠦ ᠲᠥᠷᠥᠯ ᠤᠨ ᠠᠵᠢᠯ ᠤᠨ ᠪᠠᠶᠢᠷᠢ ᠳᠤ ᠰᠢᠯᠭᠠᠯᠲᠠ ᠡᠬᠢᠯᠡᠬᠦ ᠬᠠᠷᠢᠴᠠᠯ ᠭᠠᠷᠭᠠᠭᠰᠠᠨ ᠦᠭᠡᠢ ᠪᠠᠶᠢᠨ᠎ᠠ᠃      ᠮᠡᠳᠡᠭᠳᠡᠯ ᠳᠤ᠂ ᠡᠯ᠎ᠡ ᠭᠠᠵᠠᠷ ᠤᠨ ᠬᠢᠨ ᠡᠯᠰᠡᠬᠦ ᠨᠥᠬᠦᠴᠡᠯ ᠢᠶᠠᠨ ᠵᠦᠢ ᠵᠣᠬᠢᠰᠲᠠᠢ ᠲᠣᠬᠢᠷᠠᠭᠤᠯᠵᠤ᠂ ᠬᠥᠮᠥᠨ ᠡᠯᠰᠡᠬᠦ ᠳᠤ ᠬᠦᠴᠢᠷᠲᠡᠢ᠂ ᠬᠥᠮᠥᠨ ᠦᠯᠡᠳᠡᠭᠡᠬᠦ ᠳᠤ ᠬᠦᠴᠢᠷᠲᠡᠢ ᠪᠡᠷᠬᠡ ᠬᠠᠲᠠᠭᠤᠵᠢᠯᠲᠠᠢ ᠵᠠᠬ᠎ᠠ ᠬᠢᠵᠠᠭᠠᠷ ᠣᠷᠣᠨ ᠳᠤ ᠲᠤᠰᠬᠠᠢ ᠮᠡᠷᠭᠡᠵᠢᠯ ᠤᠨ ᠱᠠᠭᠠᠷᠳᠠᠯᠭ᠎ᠠ ᠶᠢ ᠵᠣᠬᠢᠰᠲᠠᠢ ᠪᠠᠷ ᠠᠭᠤᠵᠢᠭᠤ ᠲᠠᠯᠪᠢᠵᠤ᠂ ᠰᠢᠯᠭᠠᠯᠲᠠ ᠡᠬᠢᠯᠡᠬᠦ ᠬᠠᠷᠢᠴᠠᠯ ᠢ ᠪᠠᠭᠤᠷᠠᠭᠤᠯᠵᠤ ᠪᠣᠯᠣᠨ᠎ᠠ᠃ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠲᠡᠭᠦᠰᠦᠭᠰᠡᠳ ᠢ ᠤᠷᠢᠳ ᠢᠶᠠᠷ ᠡᠯᠰᠡᠵᠦ᠂ ᠡᠮᠴᠢᠯᠡᠭᠡ ᠡᠷᠡᠭᠦᠯ ᠬᠠᠮᠠᠭᠠᠯᠠᠯ ᠢ ᠳᠡᠮᠵᠢᠬᠦ ᠠᠵᠢᠯ ᠤᠨ ᠪᠠᠶᠢᠷᠢ ᠶᠢ ᠨᠢᠭᠡᠨᠲᠡ ᠵᠢᠷᠤᠮᠵᠢᠬᠰᠠᠨ ᠪᠣᠯᠪᠠᠰᠤᠷᠠᠯ ᠳᠤ ᠣᠷᠣᠯᠴᠠᠬᠰᠠᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠠᠴᠠ ᠲᠡᠭᠦᠰᠦᠭᠰᠡᠳ ᠲᠡᠶᠢᠰᠢ ᠬᠡᠯᠪᠡᠶᠢᠯᠭᠡᠨ᠎ᠡ ᠭᠡᠵᠦ ᠱᠠᠭᠠᠷᠳᠠᠪᠠ᠃      ᠰᠤᠷᠪᠤᠯᠵᠢᠯᠠᠬᠴᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠣᠲᠣ ᠪᠤᠯᠲᠠᠯ᠎ᠠ᠂ ᠪᠦᠭᠦ ᠤᠯᠤᠰ ᠤᠨ ᠪᠠᠷᠤᠭ 10 ᠮᠤᠵᠢ ᠣᠷᠣᠨ ᠨᠢᠭᠡᠨᠲᠡ ᠨᠡᠷ᠎ᠡ ᠮᠡᠳᠡᠭᠦᠯᠵᠦ᠂ ᠰᠢᠯᠭᠠᠯᠲᠠ ᠶᠢ ᠱᠠᠯᠠᠪᠳᠠᠨ ᠵᠣᠬᠢᠶᠠᠨ ᠪᠠᠶᠢᠭᠤᠯᠵᠤ ᠪᠠᠶᠢᠨ᠎ᠠ᠂ ᠥᠪᠥᠷ ᠮᠣᠩᠭᠤᠯ᠂ ᠾᠧᠨᠠᠨ ᠵᠡᠷᠭᠡ 8 ᠮᠤᠵᠢ ᠣᠷᠣᠨ ᠪᠠᠰᠠ ᠣᠶᠢᠷ᠎ᠠ ᠳᠤ ᠵᠠᠯᠭᠠᠭ᠎ᠠ ᠪᠠᠷ ᠡᠯᠰᠡᠬᠦ ᠠᠯᠪᠠᠨ ᠵᠠᠷ ᠨᠡᠶᠢᠲᠡᠯᠡᠬᠦ ᠪᠠᠷ ᠪᠠᠶᠢᠨ᠎ᠠ᠃ ᠲᠣᠬᠢᠷᠠᠭᠤᠯᠤᠯᠲᠠ ᠶᠢ ᠦᠨᠳᠦᠰᠦᠯᠡᠪᠡᠯ᠂ ᠡᠯ᠎ᠡ ᠭᠠᠵᠠᠷ ᠤᠨ ᠬᠢᠨ 8 ᠰᠠᠷ᠎ᠠ ᠶᠢᠨ ᠡᠴᠦᠰ ᠠᠴᠠ ᠡᠮᠦᠨ᠎ᠡ ᠡᠯᠰᠡᠨ ᠰᠣᠩᠭᠤᠬᠤ ᠠᠵᠢᠯ ᠢ ᠪᠦᠭᠦᠨ ᠢ ᠳᠠᠭᠤᠰᠬᠠᠵᠤ᠂ 9 ᠰᠠᠷ᠎ᠠ ᠶᠢᠨ ᠡᠬᠢ ᠪᠠᠷ ᠰᠢᠨ᠎ᠡ ᠪᠠᠷ ᠡᠯᠰᠡᠬᠦ ᠠᠵᠢᠯᠲᠠᠨ ᠳᠤ ᠠᠵᠢᠯ ᠤᠨ ᠪᠠᠶᠢᠷᠢ ᠳᠤ ᠭᠠᠷᠬᠤ ᠦᠢᠯᠡᠴᠢᠯᠡᠭᠡ ᠬᠠᠩᠭᠠᠬᠤ ᠪᠣᠯᠣᠨ᠎ᠠ᠃      ᠦᠨᠳᠦᠰᠦᠨ ᠱᠠᠲᠤᠨ ᠤ ᠠᠵᠢᠯ ᠤᠨ ᠪᠠᠶᠢᠷᠢ ᠶᠢᠨ ᠬᠠᠷᠠᠭᠠᠯᠵᠠᠯ ᠪᠠ ᠪᠠᠲᠤᠯᠠᠭ᠎ᠠ ᠶᠠᠮᠠᠷ ᠵᠡᠷᠭᠡ ᠪᠤᠢ︖      ᠡᠨᠡ ᠵᠢᠯ ᠤᠨ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠳᠤ ᠶᠠᠮᠠᠷ ᠶᠠᠮᠠᠷ ᠦᠨᠳᠦᠰᠦᠨ ᠱᠠᠲᠤᠨ ᠤ ᠠᠵᠢᠯ ᠤᠨ ᠪᠠᠶᠢᠷᠢ ᠶᠢ ᠪᠠᠭᠲᠠᠭᠠᠬᠤ ᠪᠤᠶ︖      ᠮᠡᠳᠡᠭᠳᠡᠯ ᠶᠣᠰᠣᠭᠠᠷ᠂ ᠡᠯ᠎ᠡ ᠭᠠᠵᠠᠷ ᠤᠨ ᠬᠢᠨ ᠦᠨᠳᠦᠰᠦᠨ ᠱᠠᠲᠤᠨ ᠤ ᠠᠵᠢᠯ ᠦᠢᠯᠡᠰ ᠤᠨ ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠭ᠎ᠠ ᠲᠤᠲᠠᠭᠳᠠᠵᠤ ᠪᠠᠶᠢᠭ᠎ᠠ ᠠᠵᠢᠯ ᠤᠨ ᠪᠠᠶᠢᠷᠢ ᠶᠢ ᠭᠤᠣᠯᠳᠠᠯᠭ᠎ᠠ ᠲᠠᠢ ᠨᠡᠭᠡᠭᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠰᠠᠯᠠᠭᠴᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠦᠢᠯᠡᠴᠢᠯᠡᠭᠡᠨ ᠤ ᠠᠵᠢᠯ ᠤᠨ ᠪᠠᠶᠢᠷᠢ ᠶᠢ ᠥᠷᠭᠡᠳᠬᠡᠨ᠎ᠡ᠃ ᠨᠢᠭᠡᠨᠲᠡ ᠨᠡᠶᠢᠲᠡᠯᠡᠭᠰᠡᠨ ᠠᠯᠪᠠᠨ ᠵᠠᠷ ᠠᠴᠠ ᠦᠵᠡᠪᠡᠯ᠂ ᠡᠯᠰᠡᠬᠦ ᠨᠢᠭᠡᠴᠢ ᠳᠤ ᠭᠤᠣᠯᠳᠠᠭᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠷᠡᠭᠦᠯ ᠬᠠᠮᠠᠭᠠᠯᠠᠯ ᠤᠨ ᠬᠤᠷᠢᠶ᠎ᠠ᠂ ᠲᠠᠷᠢᠶᠠᠯᠠᠩ ᠤᠨ ᠮᠡᠷᠭᠡᠵᠢᠯ ᠤᠨ ᠥᠷᠲᠡᠭᠡ᠂ ᠤᠰᠤᠨ ᠠᠰᠢᠭᠯᠠᠯᠲᠠ ᠶᠢᠨ ᠥᠷᠲᠡᠭᠡ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠪᠤᠶ᠃      ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠢ ᠡᠩ ᠤᠨ ᠪᠠᠶᠢᠳᠠᠯ ᠳᠤ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠨᠢᠭᠡᠴᠢ ᠳᠤ ᠲᠣᠬᠢᠷᠠᠭᠤᠯᠤᠨ ᠦᠢᠯᠡᠴᠢᠯᠡᠭᠦᠯᠦᠨ᠎ᠡ᠃ ᠡᠯ᠎ᠡ ᠭᠠᠵᠠᠷ ᠤᠨ ᠬᠢᠨ ᠡᠭᠦᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠨ ᠲᠠᠨᠢᠯᠴᠠᠭᠤᠯᠵᠤ ᠪᠠᠶᠢᠭᠠᠳ ᠦᠨᠳᠦᠰᠦᠨ ᠱᠠᠲᠤᠨ ᠤ ᠨᠢᠭᠡᠴᠢ ᠶᠢᠨ ᠡᠪᠯᠡᠯ ᠤᠨ ᠬᠤᠷᠢᠶ᠎ᠠ ᠶᠢᠨ ᠳᠡᠳ᠋ ᠱᠦᠵᠢ᠂ ᠭᠤᠣᠯ ᠮᠥᠷᠡᠨ ︵ᠨᠠᠭᠤᠷ᠂ ᠣᠶ ᠰᠢᠭᠤᠢ︶ ᠤ ᠳᠠᠷᠤᠭ᠎ᠠ ᠶᠢᠨ ᠲᠤᠰᠠᠯᠠᠭᠴᠢ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠥᠷᠲᠡᠭᠡ ︵ᠭᠠᠵᠠᠷ︶ ᠶᠢᠨ ᠳᠠᠷᠤᠭ᠎ᠠ ᠶᠢᠨ ᠲᠤᠰᠠᠯᠠᠭᠴᠢ᠂ ᠣᠶ ᠰᠢᠭᠤᠢ ᠶᠢᠨ ᠲᠠᠯᠠᠪᠠᠶ ︵ᠥᠷᠲᠡᠭᠡ︶ ᠶᠢᠨ ᠳᠠᠷᠤᠭ᠎ᠠ ᠶᠢᠨ ᠲᠤᠰᠠᠯᠠᠭᠴᠢ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠭᠢᠯᠡᠭᠴᠢ ᠶᠢᠨ ᠲᠤᠰᠠᠯᠠᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠲᠡᠭᠦᠰᠦᠭᠰᠡᠳ ᠢ ᠵᠣᠷᠢᠭᠵᠢᠭᠤᠯᠤᠨ ᠦᠨᠳᠦᠰᠦᠨ ᠱᠠᠲᠤᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠭᠤᠣᠯᠳᠠᠯᠭ᠎ᠠ ᠲᠠᠢ ᠡᠭᠦᠷᠭᠡ ᠳᠤ ᠣᠷᠣᠯᠴᠠᠭᠤᠯᠵᠤ᠂ ᠦᠨᠳᠦᠰᠦᠨ ᠱᠠᠲᠤᠨ ᠤ ᠬᠥᠭᠵᠢᠯᠲᠡ ᠶᠢᠨ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠳᠤᠮᠳᠠ ᠳᠠᠪᠲᠠᠨ ᠪᠤᠯᠪᠠᠰᠤᠷᠠᠭᠤᠯᠵᠤ ᠬᠥᠮᠥᠵᠢᠭᠦᠯᠦᠨ᠎ᠡ᠃      ᠮᠡᠳᠡᠭᠳᠡᠯ ᠳᠤ᠂ 2024 ᠣᠨ ᠳᠤ ᠲᠥᠪ ᠤᠨ ᠡᠳ᠋ ᠤᠨ ᠵᠠᠰᠠᠭ ᠠᠴᠠ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ ᠤ ᠲᠤᠰᠬᠠᠢ ᠪᠣᠯᠪᠠᠰᠤᠷᠠᠯ ᠥᠷᠨᠢᠭᠦᠯᠬᠦ ᠶᠢ 8000 ᠬᠥᠮᠥᠨ ᠤᠳᠠᠭ᠎ᠠ ᠳᠡᠮᠵᠢᠨ᠎ᠡ; ᠡᠭᠦᠨ ᠤ ᠬᠠᠮᠲᠤ᠂ ᠡᠯ᠎ᠡ ᠭᠠᠵᠠᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠢ ᠵᠣᠬᠢᠴᠠᠩᠭᠤᠢ ᠠᠵᠢᠯ ᠲᠥᠷᠥᠯ ᠤᠨ ᠴᠢᠳᠠᠪᠤᠷᠢᠲᠠᠨ ᠤ ᠪᠣᠯᠪᠠᠰᠤᠷᠠᠯ ᠤᠨ ᠬᠡᠪᠴᠢᠶᠡᠨ ᠳᠤ ᠣᠷᠣᠭᠤᠯᠤᠨ᠎ᠠ; ᠲᠡᠳᠡᠨ ᠤ ᠦᠢᠯᠡᠴᠢᠯᠡᠬᠦ ᠬᠤᠭᠤᠴᠠᠭᠠᠨ ᠳᠤ ᠠᠵᠢᠯ ᠮᠡᠷᠭᠡᠵᠢᠯ ᠤᠨ ᠬᠢᠷᠢ ᠭᠡᠮ ᠤᠨ ᠰᠢᠯᠭᠠᠯᠲᠠ ᠳᠤ ᠣᠷᠤᠯᠴᠠᠬᠤ ᠶᠢ ᠵᠣᠷᠢᠭᠵᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠮᠡᠷᠭᠡᠵᠢᠯ ᠤᠨ ᠴᠣᠯᠠ ᠲᠣᠭᠲᠠᠭᠠᠬᠤ ᠳᠤ ᠣᠷᠣᠯᠴᠠᠵᠤ ᠪᠣᠯᠣᠨ᠎ᠠ ᠭᠡᠵᠦ ᠲᠣᠳᠣᠷᠬᠠᠶᠢᠯᠠᠪᠠ᠃      ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ 2023 ᠣᠨ ᠳᠤ᠂ ᠪᠦᠭᠦ ᠤᠯᠤᠰ ᠲᠤ ᠨᠡᠶᠢᠲᠡ 115 ᠲᠦᠮᠡᠨ ᠬᠥᠮᠥᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠳᠤ ᠨᠡᠷ᠎ᠡ ᠮᠡᠳᠡᠭᠦᠯᠵᠦ᠂ ᠳᠤᠮᠳᠠᠴᠢ ᠰᠢᠯᠭᠠᠵᠤ ᠡᠯᠰᠡᠬᠦ ᠬᠠᠷᠢᠴᠠᠯ 26.3᠄ 1 ᠪᠣᠯᠪᠠ᠃      ᠦᠨᠳᠦᠰᠦᠨ ᠱᠠᠲᠤᠨ ᠳᠤ ᠣᠴᠢᠵᠤ ᠦᠢᠯᠡᠴᠢᠯᠡᠬᠦ ᠪᠠᠲᠤᠯᠠᠭ᠎ᠠ ᠶᠠᠮᠠᠷ ᠵᠡᠷᠭᠡ ᠪᠤᠶ︖      ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯᠲᠠᠨ ᠤ ᠠᠵᠢᠯ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠰᠢᠶᠠᠩ ᠪᠠᠯᠭᠠᠰᠤᠨ ᠤ ᠪᠠᠶᠢᠭᠤᠯᠭ᠎ᠠ ᠪᠤᠶᠤ ᠠᠵᠢᠯ ᠦᠢᠯᠡᠰ ᠤᠨ ᠨᠢᠭᠡᠴᠢ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠣᠲᠣᠷ᠎ᠠ ᠠᠴᠠ ᠰᠢᠨ᠎ᠡ ᠪᠠᠷ ᠤᠷᠢᠨ ᠬᠡᠷᠡᠭᠯᠡᠭᠰᠡᠨ ᠬᠥᠮᠥᠰ ᠤᠨ ᠵᠢᠩᠬᠢᠨᠢᠴᠢᠯᠡᠭᠰᠡᠨ ᠤ ᠳᠠᠷᠠᠭᠠᠬᠢ ᠴᠠᠯᠢᠩ ᠤᠨ ᠲᠦᠪᠰᠢᠨ ᠢᠶᠠᠷ ᠲᠣᠭᠲᠠᠭᠠᠪᠠ᠃ ᠲᠥᠪ ᠤᠨ ᠡᠳ᠋ ᠤᠨ ᠵᠠᠰᠠᠭ ᠠᠴᠠ ᠵᠡᠭᠦᠨ ᠬᠡᠰᠡᠭ ᠤᠨ ᠭᠠᠵᠠᠷ ᠣᠷᠣᠨ ᠤ ᠬᠥᠮᠥᠨ ᠨᠢᠭᠡᠪᠦᠷᠢ ᠳᠤ ᠵᠢᠯ ᠪᠦᠷᠢ 1.2 ᠲᠦᠮᠡᠨ ᠲᠥᠭᠦᠷᠢᠭ᠂ ᠳᠤᠮᠳᠠ ᠬᠡᠰᠡᠭ ᠤᠨ ᠭᠠᠵᠠᠷ ᠣᠷᠣᠨ ᠤ ᠬᠥᠮᠥᠨ ᠨᠢᠭᠡᠪᠦᠷᠢ ᠳᠤ 2.4 ᠲᠦᠮᠡᠨ ᠲᠥᠭᠦᠷᠢᠭ᠂ ᠪᠠᠷᠠᠭᠤᠨ ᠬᠡᠰᠡᠭ ᠤᠨ ᠭᠠᠵᠠᠷ ᠣᠷᠣᠨ ᠤ 3 ᠲᠦᠮᠡᠨ ᠲᠥᠭᠦᠷᠢᠭ︵ᠲᠥᠪᠡᠳ᠂ ᠰᠢᠨᠵᠢᠶᠠᠩ ᠤᠨ ᠡᠮᠦᠨᠡᠲᠦ ᠬᠡᠰᠡᠭ ᠤᠨ ᠳᠥᠷᠪᠡᠨ ᠲᠤᠰᠬᠠᠢ ᠣᠷᠣᠨ ᠵᠧᠦ  ᠳᠤ 4 ᠲᠦᠮᠡᠨ ᠲᠥᠭᠦᠷᠢᠭ︶ᠪᠣᠯᠣᠨ ᠨᠢᠭᠡ ᠤᠳᠠᠭ᠎ᠠ ᠶᠢᠨ ᠴᠢᠨᠠᠷᠲᠠᠢ ᠭᠡᠷ ᠪᠦᠯᠢ ᠪᠠᠨ ᠲᠥᠪᠬᠢᠨᠡᠭᠦᠯᠬᠦ ᠰᠦᠢᠳᠬᠡᠯ ᠢᠶᠠᠷ ᠬᠥᠮᠥᠨ ᠨᠢᠭᠡᠪᠦᠷᠢ ᠳᠤ 3000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠪᠠ᠃      2021 ᠣᠨ ᠠᠴᠠ ᠨᠠᠭᠠᠰᠢ᠂ ᠲᠥᠪ ᠤᠨ ᠡᠳ᠋ ᠤᠨ ᠵᠠᠰᠠᠭ ᠠᠴᠠ ᠨᠡᠶᠢᠲᠡ 54 ᠳ᠋ᠦᠩᠰᠢᠭᠤᠷ ᠲᠥᠭᠦᠷᠢᠭ ᠣᠷᠣᠭᠤᠯᠵᠤ᠂ ᠣᠷᠣᠨ ᠨᠤᠲᠤᠭ ᠤᠨ ᠡᠳ᠋ ᠤᠨ ᠵᠠᠰᠠᠭ ᠠᠴᠠ ᠢᠳᠡᠪᠬᠢᠲᠡᠢ ᠳᠡᠮᠵᠢᠵᠦ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠲᠤ ᠨᠥᠬᠦᠪᠦᠷᠢ ᠥᠭᠬᠦ ᠪᠠᠷᠢᠮᠵᠢᠶ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠣᠯᠠᠩᠬᠢ ᠮᠤᠵᠢ ᠣᠷᠣᠨ ᠤ ᠬᠥᠮᠥᠨ ᠳᠤᠮᠳᠠᠴᠢ ᠶᠢᠨ ᠵᠢᠯ ᠤᠨ ᠨᠥᠬᠦᠪᠦᠷᠢ ᠨᠢ 6 ᠲᠦᠮᠡᠨ ᠲᠥᠭᠦᠷᠢᠭ ᠠᠴᠠ ᠳᠡᠭᠡᠭᠰᠢ ᠪᠣᠯᠪᠠ᠃ ᠡᠭᠦᠨ ᠠᠴᠠ ᠭᠠᠳᠠᠨ᠎ᠠ᠂ ᠦᠨᠳᠦᠰᠦᠨ ᠱᠠᠲᠤᠨ ᠤ ᠬᠥᠮᠥᠨ ᠬᠡᠷᠡᠭᠯᠡᠬᠦ ᠨᠢᠭᠡᠴᠢ ᠪᠠᠰᠠ ᠢᠳᠡᠵᠦ ᠤᠤᠭᠤᠬᠤ ᠬᠤᠨᠣᠵᠤ ᠬᠡᠪᠲᠡᠬᠦ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ ᠲᠥᠭᠦᠮ ᠦᠵᠡᠭᠦᠯᠪᠡ᠃      ᠦᠢᠯᠡᠴᠢᠯᠡᠬᠦ ᠬᠤᠭᠤᠴᠠᠭ᠎ᠠ ᠨᠢ ᠳᠠᠭᠤᠰᠪᠠᠯ ᠶᠠᠮᠠᠷ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠠᠪᠬᠤ ᠪᠤᠶ︖      2 ᠵᠢᠯ ᠤᠨ ᠦᠢᠯᠡᠴᠢᠯᠡᠭᠡᠨ ᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠶᠠᠮᠠᠷ ᠶᠠᠮᠠᠷ ᠠᠷᠭ᠎ᠠ ᠬᠡᠮᠵᠢᠶ᠎ᠡ ᠪᠠᠷ ᠲᠡᠭᠦᠰᠬᠦ ᠰᠤᠷᠤᠬᠴᠢᠳ ᠤᠨ ᠬᠥᠭᠵᠢᠯᠲᠡ ᠶᠢ ᠳᠡᠮᠵᠢᠬᠦ ᠪᠤᠶ︖      ᠲᠠᠨᠢᠯᠴᠠᠭᠤᠯᠤᠭᠰᠠᠨ ᠢᠶᠠᠷ᠂ ᠡᠯ᠎ᠡ ᠭᠠᠵᠠᠷ ᠤᠨ ᠮᠤᠵᠢ ᠶᠢᠨ ᠱᠠᠲᠤᠨ ᠠᠴᠠ ᠳᠣᠷᠣᠭᠰᠢᠬᠢ ᠠᠯᠪᠠᠲᠠᠨ ᠤ ᠰᠢᠯᠭᠠᠯᠲᠠ ᠶᠢᠨ ᠰᠢᠯᠭᠠᠵᠤ ᠡᠯᠰᠡᠬᠦ ᠲᠥᠯᠥᠪᠯᠡᠭᠡ ᠶᠢᠨ 10% ᠣᠷᠴᠢᠮ ᠢ ᠭᠠᠷᠭᠠᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠵᠡᠷᠭᠡ ᠦᠨᠳᠦᠰᠦᠨ ᠱᠠᠲᠤᠨ ᠳᠤ ᠦᠢᠯᠡᠴᠢᠯᠡᠭᠰᠡᠨ ᠲᠥᠷᠥᠯ ᠵᠦᠢᠯ ᠤᠨ ᠬᠥᠮᠥᠰ ᠢ ᠬᠠᠨᠳᠤᠯᠭ᠎ᠠ ᠲᠠᠢ ᠪᠠᠷ ᠡᠯᠰᠡᠨ᠎ᠡ᠃ ᠰᠢᠶᠠᠨ ᠰᠢᠶᠠᠩ ᠤᠨ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠢᠯᠡ ᠪᠠᠷ ᠠᠵᠢᠯᠲᠠᠨ ᠡᠯᠰᠡᠬᠦ ᠳᠤ᠂ ᠵᠣᠬᠢᠬᠤ ᠲᠤᠭ᠎ᠠ ᠬᠡᠮᠵᠢᠶ᠎ᠡ ᠪᠤᠶᠤ ᠬᠠᠷᠢᠴᠠᠯ ᠤᠨ ᠠᠵᠢᠯ ᠤᠨ ᠪᠠᠶᠢᠷᠢ ᠭᠠᠷᠭᠠᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠴᠤ ᠬᠢᠨᠠᠨ ᠰᠢᠯᠭᠠᠭᠠᠳ ᠬᠢᠷᠢ ᠲᠡᠩᠴᠡᠭᠰᠡᠨ ᠬᠥᠮᠥᠰ ᠢ ᠲᠤᠰᠬᠠᠢ ᠵᠦᠢᠯ ᠢᠶᠠᠷ ᠡᠯᠰᠡᠬᠦ ᠶᠢᠨ ᠬᠠᠮᠲᠤ᠂ ᠠᠵᠢᠯ ᠤᠨ ᠪᠣᠳᠠᠲᠤ ᠠᠮᠵᠢᠯᠲᠠ ᠶᠢᠨ ᠰᠢᠯᠭᠠᠨ ᠪᠠᠶᠢᠴᠠᠭᠠᠬᠤ ᠳᠤᠮᠳᠠᠬᠢ ᠬᠠᠷᠢᠴᠠᠯ ᠢ ᠨᠡᠮᠡᠭᠳᠡᠭᠦᠯᠵᠦ᠂ ᠡᠯᠰᠡᠭᠰᠡᠨ ᠤ ᠳᠠᠷᠠᠭ᠎ᠠ ᠲᠤᠷᠰᠢᠨ ᠬᠡᠷᠡᠭᠯᠡᠬᠦ ᠬᠤᠭᠤᠴᠠᠭ᠎ᠠ ᠶᠢ ᠳᠠᠭᠢᠵᠤ ᠪᠣᠯᠵᠣᠨ ᠲᠣᠭᠲᠠᠬᠤ ᠦᠭᠡᠢ᠃ ᠮᠤᠵᠢ ᠬᠤᠲᠠ ᠶᠢᠨ ᠠᠵᠢᠯ ᠦᠢᠯᠡᠰ ᠤᠨ ᠨᠢᠭᠡᠴᠢ ᠢᠯᠡ ᠪᠠᠷ ᠠᠵᠢᠯᠲᠠᠨ ᠡᠯᠰᠡᠬᠦ ᠳᠡᠭᠡᠨ᠂ ᠠᠳᠠᠯᠢ ᠨᠥᠬᠦᠴᠡᠯ ᠤᠨ ᠳᠣᠣᠷ᠎ᠠ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠴᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠠᠵᠢᠯᠲᠠᠨ ᠢ ᠤᠷᠢᠳ ᠢᠶᠠᠷ ᠡᠯᠰᠡᠨ ᠬᠡᠷᠡᠭᠯᠡᠨ᠎ᠡ᠃      ︽︿ᠭᠤᠷᠪᠠ ᠶᠢ ᠳᠡᠮᠵᠢᠵᠦ ᠨᠢᠭᠡ ᠶᠢ ᠲᠡᠳᠬᠦᠬᠦ﹀ ᠬᠥᠮᠥᠰ 2 ᠵᠢᠯ ᠤᠨ ᠪᠣᠯᠪᠠᠰᠤᠷᠠᠯ ᠢᠶᠠᠷ ᠳᠡᠮᠵᠢᠨ᠂ ᠦᠨᠳᠦᠰᠦᠨ ᠱᠠᠲᠤᠨ ᠤ ᠪᠠᠶᠢᠳᠠᠯ ᠢ ᠣᠶᠢᠯᠠᠭᠠᠵᠤ᠂ ᠵᠣᠬᠢᠬᠤ ᠬᠡᠮᠵᠢᠶᠡᠨ ᠤ ᠣᠯᠠᠨ ᠲᠦᠮᠡᠨ ᠤ ᠠᠵᠢᠯ ᠤᠨ ᠠᠷᠭ᠎ᠠ ᠶᠢ ᠡᠵᠡᠮᠰᠢᠭᠰᠡᠨ ᠪᠣᠯᠬᠤᠷ ᠦᠨᠳᠦᠰᠦᠨ ᠱᠠᠲᠤᠨ ᠳᠤ ᠦᠯᠡᠳᠡᠪᠡᠯ ᠠᠵᠢᠯ ᠳᠠᠭᠠᠨ ᠮᠠᠰᠢ ᠲᠦᠷᠭᠡᠨ ᠵᠣᠬᠢᠴᠠᠵᠤ ᠴᠢᠳᠠᠨ᠎ᠠ᠃ ᠪᠢᠳᠡᠨ ᠤ ᠬᠤᠭᠤᠴᠠᠭ᠎ᠠ ᠨᠢ ᠳᠠᠭᠤᠰᠤᠭᠰᠠᠨ ᠬᠥᠮᠥᠰ ᠤᠨ ᠰᠢᠯᠵᠢᠵᠦ ᠬᠥᠭᠵᠢᠬᠦ ᠶᠢ ᠠᠬᠢᠭᠤᠯᠬᠤ ᠭᠤᠣᠯ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯ ᠲᠡᠳᠡᠨ ᠤ ᠦᠨᠳᠦᠰᠦᠨ ᠱᠠᠲᠤᠨ ᠳᠤ ᠦᠨᠳᠦᠰᠦᠯᠡᠵᠦ ᠠᠵᠢᠯ ᠣᠯᠵᠤ ᠦᠢᠯᠡᠰ ᠪᠣᠰᠬᠠᠬᠤ ᠳᠤ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠥᠭᠬᠦ ᠶᠢᠨ ᠲᠥᠯᠥᠭᠡ ᠶᠤᠮ᠃ 2023 ᠣᠨ ᠤ ᠡᠴᠦᠰ ᠲᠤ᠂ ᠲᠤᠰ ᠵᠢᠯ ᠤᠨ ᠬᠤᠭᠤᠴᠠᠭ᠎ᠠ ᠨᠢ ᠳᠠᠭᠤᠰᠤᠭᠰᠠᠨ ᠬᠥᠮᠥᠰ ᠤᠨ ᠳᠣᠲᠣᠷ᠎ᠠ ᠪᠠᠷᠤᠭ 90% ᠨᠢ ᠠᠵᠢᠯ ᠣᠯᠵᠤ᠂ ᠪᠠᠷᠤᠭ 70% ᠨᠢ ᠦᠨᠳᠦᠰᠦᠨ ᠱᠠᠲᠤᠨ ᠳᠤ ᠦᠯᠡᠳᠡᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠪᠠᠴᠢᠮ ᠬᠡᠷᠡᠭᠰᠡᠬᠦ ᠵᠠᠯᠠᠭᠤ ᠴᠢᠳᠠᠪᠤᠷᠢᠲᠠᠨ ᠢ ᠦᠯᠡᠳᠡᠭᠡᠵᠦ ᠥᠭᠴᠡᠢ︾ᠭᠡᠵᠦ ᠵᠠᠩ ᠸᠧᠨ ᠮᠢᠶᠣᠣ ᠬᠡᠯᠡᠪᠡ᠃      2021 ᠣᠨ ᠤ ᠳᠥᠷᠪᠡᠳᠦᠭᠡᠷ ᠡᠭᠡᠯᠵᠢ ᠶᠢᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠦᠭᠦ ᠤᠯᠤᠰ ᠲᠤ ᠨᠢᠭᠡᠨᠲᠡ 12.17 ᠲᠦᠮᠡᠨ ᠲᠡᠭᠦᠰᠬᠦ ᠰᠣᠷᠣᠬᠴᠢ ᠶᠢ ᠦᠨᠳᠦᠰᠦᠨ ᠱᠠᠲᠤᠨ ᠳᠤ ᠰᠣᠩᠭᠤᠨ ᠲᠣᠮᠢᠯᠠᠵᠤ ᠦᠢᠯᠡᠴᠢᠯᠡᠭᠦᠯᠪᠡ᠃      ︽ᠭᠤᠷᠪᠠ ᠶᠢ ᠲᠡᠮᠵᠢᠵᠦ ᠨᠢᠭᠡ ᠶᠢ ᠲᠡᠳᠬᠦᠬᠦ︾ᠠᠵᠢᠯᠲᠠᠨ ᠤ ᠦᠷᠭᠦᠯᠵᠢᠯᠡᠨ ᠰᠤᠷᠤᠯᠴᠠᠬᠤ ᠶᠢ ᠳᠡᠮᠵᠢᠬᠦ ᠶᠢᠨ ᠲᠥᠯᠥᠭᠡ᠂ ᠲᠥᠷᠥ ᠶᠢᠨ ᠪᠣᠳᠣᠯᠭ᠎ᠠ ᠳᠤ 3 ᠵᠢᠯ ᠤᠨ ᠳᠣᠲᠣᠷ᠎ᠠ ᠪᠦᠭᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠣᠷᠤᠯᠴᠠᠬᠤ ᠳᠤ ᠠᠩᠬᠠᠨ ᠤ ᠰᠢᠯᠭᠠᠯᠲᠠ ᠶᠢᠨ ᠶᠡᠷᠦᠩᠬᠡᠢ ᠬᠤᠪᠢ ᠳᠡᠭᠡᠷ᠎ᠡ 10 ᠬᠤᠪᠢ ᠨᠡᠮᠡᠵᠦ᠂ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠡᠯᠰᠡᠨ᠎ᠡ ᠭᠡᠵᠦ ᠲᠣᠭᠲᠠᠭᠠᠵᠠᠢ᠃      ᠡᠨᠡ ᠵᠢᠯ ᠤᠨ ᠮᠡᠳᠡᠭᠳᠡᠯ ᠳᠤ ᠪᠠᠰᠠ᠂ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠨᠳᠦᠰᠦᠨ ᠱᠠᠲᠤᠨ ᠤ ᠦᠢᠯᠡᠴᠢᠯᠡᠭᠡᠨ ᠤ ᠨᠢᠭᠡᠴᠢ ᠶᠢᠨ ᠦᠯᠡᠳᠡᠭᠡᠨ ᠬᠡᠷᠡᠭᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠬᠥᠮᠥᠰ ᠤᠨ ᠦᠨᠳᠦᠰᠦᠨ ᠱᠠᠲᠤᠨ ᠳᠤ ᠦᠨᠳᠦᠰᠦᠯᠡᠨ ᠦᠰᠦᠨ ᠪᠣᠶᠢᠵᠢᠵᠤ ᠴᠢᠳᠠᠪᠤᠷᠢᠲᠠᠨ ᠪᠤᠯᠬᠤ ᠶᠢ ᠠᠬᠢᠭᠤᠯᠬᠤ ᠬᠡᠷᠡᠭᠲᠡᠢ ᠭᠡᠵᠦ ᠲᠤᠰᠬᠠᠶᠢᠯᠠᠨ ᠴᠢᠬᠤᠯᠠᠴᠢᠯᠠᠭᠰᠠᠨ ᠪᠠᠶᠢᠨ᠎ᠠ᠃ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠨᠳᠦᠰᠦᠨ ᠱᠠᠲᠤᠨ ᠤ ᠨᠢᠭᠡᠴᠢ ᠶᠢᠨ  ᠬᠢᠨ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠬᠥᠮᠥᠰ ᠢ ᠤᠷᠢᠳ ᠢᠶᠠᠷ ᠤᠷᠢᠵᠤ ᠡᠯᠰᠡᠬᠦ ᠶᠢ ᠵᠣᠷᠢᠭᠵᠢᠭᠤᠯᠵᠤ᠂ ᠪᠡᠶ᠎ᠡ ᠪᠠᠨ ᠳᠠᠭᠠᠭᠠᠵᠤ ᠠᠵᠢᠯ ᠣᠯᠵᠤ ᠦᠢᠯᠡᠰ ᠪᠣᠰᠬᠠᠬᠤ ᠦᠶ᠎ᠡ ᠳᠤ ᠬᠠᠨᠳᠤᠯᠭᠠᠲᠤ ᠴᠢᠨᠠᠷᠲᠠᠢ ᠠᠵᠢᠯ ᠣᠯᠭᠤᠯᠲᠠ ᠶᠢᠨ ᠦᠢᠯᠡᠴᠢᠯᠡᠭᠡ᠂ ᠦᠢᠯᠡᠰ ᠪᠣᠰᠬᠠᠬᠤ ᠪᠣᠯᠪᠠᠰᠤᠷᠠᠯ ᠵᠢᠴᠢ ᠨᠡᠪᠴᠢᠭᠦᠯᠦᠯᠲᠡ ᠵᠡᠷᠭᠡ ᠶᠢ ᠡᠳ᠋ᠯᠡᠭᠦᠯᠭᠦ ᠬᠡᠷᠡᠭᠲᠡᠢ ᠭᠡᠵᠦ ᠱᠠᠭᠠᠷᠳᠠᠪᠠ᠃          ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ13 ᠤ ᠴᠠᠭᠢᠯᠭᠠᠨ ᠮᠡᠳᠡᠭᠡ ᠠᠴᠠ︶
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ