ᠨᠠᠶᠢᠷᠠᠭᠤᠯᠤᠭᠴᠢ᠄ 2023 ᠣᠨ ᠤ 10 ᠰᠠᠷ᠎ᠠ ᠶᠢᠨ 5 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ | ᠲᠠᠷᠬᠠᠭᠠᠵᠤ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ︽ᠲᠠᠪᠤᠨ ᠶᠡᠭᠡ ᠡᠭᠦᠷᠭᠡ︾ ᠶᠢ ᠲᠦᠷᠭᠡᠳᠬᠡᠨ ᠨᠠᠶᠢᠳᠠᠪᠤᠷᠢᠵᠢᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠳᠡᠮᠵᠢᠪᠡ᠃ 2024 ᠣᠨ ᠤ | ᠥᠪᠥᠷ ᠮᠣᠩᠭᠤᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠲᠥᠪ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠤᠪᠠᠭ ︽ᠴᠢᠨᠠᠷ ᠰᠠᠶᠢᠲᠠᠶ | ᠬᠥᠭᠵᠢᠯᠲᠡ ᠪᠠᠷ ᠥᠪᠥᠷ ᠮᠣᠩᠭᠤᠯ ᠢᠶᠠᠨ ᠦᠵᠡᠬᠦ︾ ᠰᠢᠷᠢᠰ ᠮᠡᠳᠡᠭᠡᠯᠡᠯ ᠢ ᠣᠨᠴᠠᠭᠠᠶᠢᠯᠠᠨ ᠨᠡᠶᠢᠲᠡᠯᠡᠵᠦ᠂ ᠠᠷᠪᠠᠨ ᠬᠤᠶᠠᠷ ᠠᠶᠢᠮᠠᠭ ᠬᠤᠲᠠ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠥᠳᠡᠯᠦᠯ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠤᠨ ᠬᠢᠨ ᠪᠣᠳᠠᠲᠠᠶ ᠳᠤ ᠰᠠᠭᠤᠷᠢᠯᠠᠨ ᠴᠢᠨᠠᠷ ᠰᠠᠶᠢᠲᠠᠶ | ᠬᠥᠭᠵᠢᠯᠲᠡ ᠶᠢᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠪᠡ᠃ | ᠲᠥᠪ ᠤᠨ ᠷᠠᠳᠢᠣ᠋ ᠰᠦᠯᠵᠢᠶᠡᠨ ᠤ ᠬᠥᠬᠡᠬᠤᠲᠠ ᠶᠢᠨ 2 ᠰᠠᠷ᠎ᠠ ᠶᠢᠨ 2 ᠤ ᠡᠳᠦᠷ ᠤᠨ ᠮᠡᠳᠡᠭᠡ ᠥᠩᠭᠡᠷᠡᠭᠰᠡᠨ ᠨᠢᠭᠡ ᠵᠢᠯ ᠪᠠᠶᠠᠨᠨᠠᠭᠤᠷ ᠬᠤᠲᠠ ᠶᠡᠷᠦ ᠪᠤᠰᠤ ᠶᠢᠨ | ᠨᠢᠭᠡ ᠵᠢᠯ ᠠᠶᠠᠯ ᠠᠪᠠ᠃ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠬᠤᠳᠠ ᠳᠤ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠢᠴᠢᠯᠠᠭᠰᠠᠨ ᠪᠠᠶᠠᠨᠨᠠᠭᠤᠷ ᠤᠨ ᠴᠢᠨᠠᠷ ᠰᠠᠶᠢᠲᠠᠢ | ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠰᠡᠬᠦᠵᠦ᠂ ᠳᠡᠯᠡᠬᠡᠢ ᠳ᠋ᠠᠬᠢᠨ ᠤ ᠬᠠᠷᠠᠴᠠ ᠶᠢ ᠡᠬᠡ ᠤᠯᠤᠰ ᠤᠨ ᠤᠮᠠᠷᠠᠲᠤ ᠶᠢᠨ ᠪᠣᠷᠣᠲᠣᠬᠤᠢ ᠶᠢᠨ ᠡᠬᠡ ᠭᠠᠵᠠᠷ ᠲᠤ | ᠲᠥᠪᠯᠡᠷᠡᠭᠦᠯᠵᠡᠢ᠃ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠂ ᠠᠮᠢ ᠠᠬᠤᠢ ᠰᠠᠶᠢᠵᠢᠷᠠᠵᠤ᠂ ᠮᠠᠯ ᠠᠵᠤ ᠠᠬᠤᠢ ᠲᠠᠷᠢᠶᠠᠯᠠᠩ ᠤᠨ | ᠣᠳᠣᠬᠢᠴᠢᠯᠠᠯᠲᠠ ᠶᠢᠨ ᠬᠥᠭᠵᠢᠯᠲᠡ ᠨᠡᠩ ᠪᠠᠲᠤᠯᠠᠭ᠎ᠠ ᠲᠠᠢ ᠪᠣᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ | ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 1 ᠰᠠᠷ᠎ᠠ ᠶᠢᠨ 30 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠬᠦ ᠳᠤ ᠪᠠᠨ᠂ | ᠲᠠᠷᠢᠶᠠᠯᠠᠩ ᠮᠠᠯ ᠠᠵᠤ ᠠᠬᠤᠶ ᠣᠳᠣᠬᠢᠴᠢᠯᠠᠭᠰᠠᠨ ᠲᠣᠮᠣ ᠠᠵᠤ ᠦᠢᠯᠡᠰ ᠢ ᠴᠣᠭᠴᠠᠯᠠᠬᠤ᠂ ᠠᠵᠤ ᠦᠢᠯᠡᠰ ᠢᠶᠠᠷ ᠣᠷᠣᠨ ᠢᠶᠠᠨ ᠬᠦᠴᠦᠷᠬᠡᠭᠵᠢᠭᠦᠯᠬᠦ ᠬᠠᠷᠠᠯᠲᠠ ᠶᠢ | ᠲᠣᠭᠲᠠᠭᠠᠵᠤ ᠬᠦᠴᠦᠯᠡᠬᠦ ᠬᠡᠷᠡᠭᠲᠡᠶ᠃ ᠲᠤᠮᠤ ᠲᠠᠷᠢᠶᠠᠯᠠᠩ ᠤᠨ ᠦᠵᠡᠯᠲᠡ ᠶᠢ ᠪᠠᠲᠤ ᠪᠤᠢ ᠪᠣᠯᠭᠠᠵᠤ᠂ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ | ᠳᠡᠮᠳᠡᠭᠵᠢᠬᠦᠯᠬᠦ ᠳᠡᠭᠡᠷ᠎ᠡ ᠬᠦᠴᠦ ᠲᠠᠯᠪᠢᠵᠤ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ᠂ ᠤᠯᠤᠰ ᠤᠨ ᠬᠤᠵᠢᠷᠯᠢᠭ | ᠭᠠᠵᠠᠷ ᠢ ᠥᠭᠡᠷᠡᠴᠢᠯᠡᠨ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ | ᠥᠪᠥᠷ ᠮᠣᠩᠭᠤᠯ ᠤᠨ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ᠠᠶᠠᠯᠠᠯ ᠤᠨ ᠣᠩᠭᠤᠴᠠ ᠶᠢᠨ ᠳᠠᠷᠪᠠᠭᠤᠯ ᠨᠢᠭᠡᠨᠲᠡ ᠳᠡᠭᠡᠭᠰᠢᠯᠡᠵᠦ᠂ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠠᠶᠠᠨᠨᠠᠭᠤᠷ ᠪᠠᠰᠠ ᠪᠣᠳᠠᠲᠠᠢ ᠳᠤ | ᠰᠠᠭᠤᠷᠢᠯᠠᠨ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠬᠡᠷᠬᠢᠨ ᠪᠢᠴᠢᠭᠯᠡᠬᠦ ᠪᠤᠢ︖ | ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ 1 ᠰᠠᠷ᠎ᠠ ᠶᠢᠨ 16 ᠤ ᠡᠳᠦᠷ ᠪᠠᠶᠠᠨᠨᠠᠭᠤᠷ | ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠲᠤᠭ᠎ᠠ ᠪᠠᠷᠢᠮᠲᠠ ᠨᠢ ᠬᠥᠮᠦᠰ ᠢ ᠵᠣᠷᠢᠭᠵᠢᠭᠤᠯᠪᠠ᠄ 2023 ᠣᠨ ᠳᠤ᠂ ᠪᠥᠬᠦ | ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 7% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ 11.4% ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 24% ᠣᠷᠴᠢᠮ ᠨᠡᠮᠡᠭᠳᠡᠪᠡ︔ ᠪᠦᠬᠦ᠋ᠢᠯᠡ | ᠤᠰᠤᠯᠠᠯᠲᠠ ᠶᠢᠨ ᠣᠷᠣᠨ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠤᠯᠤᠰ ᠤᠨ ᠲᠤᠷᠰᠢᠯᠲᠠ ᠶᠢᠨ ᠴᠡᠭ | ᠵᠥᠪᠰᠢᠶᠡᠷᠡᠭᠳᠡᠵᠦ᠂ ᠵᠢᠯ ᠤᠨ ᠳᠣᠲᠣᠷ᠎ᠠ 93 ᠲᠦᠮᠡᠨ ᠮᠦ ᠪᠦᠲᠦᠭᠡᠨ ᠪᠠᠶᠢᠭᠤᠯᠪᠠ︔ ᠪᠤᠭᠤᠳᠠᠢ᠂ ᠨᠡᠷᠡᠨ ᠬᠤᠸᠠᠷ ᠤᠨ ᠨᠢᠭᠡᠴᠢ ᠭᠠᠷᠤᠯᠲᠠ ᠪᠥᠬᠦ ᠣᠷᠣᠨ ᠤ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ︔ ᠤᠯᠠᠭᠠᠨᠰᠤᠬᠠᠢ ᠲᠠᠷᠢᠶᠠᠯᠠᠩ ᠤᠨ ᠤᠰᠤ ᠠᠷᠪᠢᠯᠠᠬᠤ ᠬᠡᠯᠪᠡᠷᠢ ᠶᠢᠨ ᠵᠢᠱᠢᠶ᠎ᠡ ᠦᠵᠡᠭᠦᠯᠬᠦ ᠤᠰᠤᠯᠠᠯᠲᠠ ᠶᠢᠨ | ᠣᠷᠣᠨ ᠢᠶᠠᠷ ᠰᠣᠩᠭᠤᠭᠳᠠᠪᠠ᠃ | ︽2024 ᠣᠨ ᠳᠤ᠂ ᠪᠢᠳᠡ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠪᠠᠷᠢᠮᠲᠠᠯᠠᠵᠤ᠂ ᠤᠶᠠᠨ ᠬᠠᠳᠠᠨ ᠴᠢᠨᠠᠷᠲᠠᠢ᠂ ᠲᠡᠷᠢᠭᠦᠨ ᠤ ᠨᠠᠶᠢᠳᠠᠪᠤᠷᠢᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ | ᠬᠠᠳᠤᠨ ᠭᠤᠣᠯ ᠤᠨ ᠰᠠᠪᠠ ᠭᠠᠵᠠᠷ ᠤᠨ ᠠᠵᠤ ᠦᠢᠯᠡᠰ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠬᠤᠰᠢᠭᠤᠴᠢ ᠣᠷᠣᠨ ᠢ ᠲᠦᠷᠭᠡᠳᠬᠡᠨ ᠪᠠᠶᠢᠭᠤᠯᠤᠶ᠎ᠠ︾ | ᠭᠡᠵᠦ ᠬᠡᠯᠡᠪᠡ᠃ | 2024 ᠣᠨ ᠤ ᠥᠪᠥᠷ ᠮᠣᠩᠭᠤᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠲᠥᠪ ᠤᠨ ᠷᠠᠳᠢᠣ᠋ | ᠰᠦᠯᠵᠢᠶ᠎ᠡ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠪᠠᠶᠠᠨᠨᠠᠭᠤᠷ ᠬᠤᠲᠠ ᠨᠢ ᠤᠯᠤᠰ ᠤᠨ ᠴᠢᠬᠤᠯᠠ ︽ᠠᠮᠤ ᠪᠤᠳᠠᠭᠠᠨ ᠤ ᠬᠥᠮᠥᠷᠭᠡ︾ | ᠪᠣᠯᠤᠭᠰᠠᠨ ᠤ ᠬᠤᠪᠢ ᠳᠤ᠂ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢᠶᠠᠷ ᠭᠠᠷᠳᠠᠴᠠ ᠪᠣᠯᠭᠠᠨ᠂ ᠤᠯᠤᠰ ᠤᠨ ᠲᠠᠷᠢᠶᠠᠯᠠᠩ ᠤᠨ ᠥᠨᠳᠥᠷ | ᠪᠦᠲᠦᠮᠵᠢᠲᠡᠶ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠣᠲᠣ ᠦᠶ᠎ᠡ ᠶᠢᠨ ᠤᠰᠤ ᠠᠷᠪᠢᠯᠠᠬᠤ | ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠤ ᠡᠨᠡ ᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ︽ᠬᠠᠲᠤᠨ ᠭᠤᠣᠯ ᠤᠨ ᠪᠠᠶᠠᠨ ᠪᠣᠷᠣᠲᠣᠬᠤᠢ ᠶᠢᠨ ᠣᠷᠣᠨ ᠢ ᠪᠠᠶᠠᠵᠢᠭᠤᠯᠪᠠ︾ ᠪᠣᠷᠣᠲᠣᠬᠤᠶ ᠶᠢᠨ ᠭᠠᠵᠠᠷ ᠣᠷᠣᠨ ᠨᠢ ᠭᠠᠵᠠᠷ ᠤᠨ ᠪᠠᠶᠢᠴᠠ ᠲᠡᠭᠰᠢ | ᠮᠥᠷᠲᠡᠭᠡᠨ ᠠᠶᠠᠨᠳᠠᠭᠠᠨ ᠬᠠᠲᠤᠨ ᠭᠤᠤᠯ ᠤᠨ ᠤᠰᠤᠯᠠᠯᠲᠠ ᠶᠢᠨ ᠠᠰᠢᠭᠯᠠᠮᠵᠢ ᠲᠠᠢ ᠪᠠᠶᠢᠵᠤ᠂ ᠣᠯᠠᠨ ᠦᠶ᠎ᠡ ᠳᠤ ᠴᠥᠮ ᠤᠰᠤ ᠪᠡᠯᠴᠢᠭᠡᠷ ᠢᠶᠠᠷ ᠢᠶᠠᠨ ᠡᠯᠪᠡᠭ᠂ ᠡᠳ᠋ | ᠭᠠᠷᠤᠯᠲᠠ ᠡᠯᠪᠡᠭ ᠪᠠᠶᠢᠳᠠᠭ᠃ ᠡᠨᠡ ᠨᠤᠲᠤᠭ ᠳᠡᠪᠢᠰᠬᠡᠷ ᠪᠣᠯ ᠳᠠᠷᠤᠢ ᠮᠤᠨᠢ ᠠᠭᠤᠯᠠ ᠨᠢᠷᠤᠭᠤ ᠪᠠ ᠬᠥᠪᠴᠢ ᠶᠢᠨ ᠡᠯᠡᠰᠦᠨ ᠤ ᠬᠤᠭᠤᠷᠣᠨᠳᠣᠬᠢ ᠪᠠᠶᠠᠨᠨᠠᠭᠤᠷ ᠤᠨ | ᠲᠠᠯ᠎ᠠ ᠭᠠᠵᠠᠷ ᠪᠣᠯᠤᠨ᠎ᠠ᠃ | ᠣᠶᠢᠷ᠎ᠠ ᠶᠢᠨ ᠵᠢᠯ ᠤᠳ ᠲᠤ᠂ ᠬᠠᠲᠤᠨ ᠭᠤᠤᠯ ᠤᠨ ᠰᠠᠪᠠ ᠭᠠᠵᠠᠷ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠪᠠᠶᠢᠷᠢᠯᠠᠵᠤ ᠪᠠᠶᠢᠭ᠎ᠠ ᠪᠠᠶᠠᠨᠨᠠᠭᠤᠷ | ᠬᠤᠲᠠ ᠳᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠢᠨᠵᠧᠨᠧᠷᠢᠩ ᠢ ᠬᠡᠷᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ︽ᠤᠷᠢᠳ ᠢᠶᠠᠷ ᠬᠢᠬᠦ ᠫᠠᠶᠢᠰᠠ︾ ᠶᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠪᠠ | ᠃ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢ ᠳᠠᠭᠠᠯᠳᠤᠨ᠂ | ᠪᠠᠶᠠᠨᠨᠠᠭᠤᠷ ᠬᠥᠮᠦᠰ ︽ᠠᠮᠲᠠᠲᠤ ᠢᠳᠡᠭᠡᠨ︾ ᠢ ᠠᠮᠲᠠᠯᠠᠵᠤ ᠡᠬᠢᠯᠡᠪᠡ᠃ 2023 ᠣᠨ ᠳᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠨᠡᠶᠢᠲᠡ 22 ᠠᠵᠤ ᠠᠬᠤᠶᠢᠯᠠᠯ᠂ 132 ᠵᠦᠢᠯ ᠤᠨ ᠦᠢᠯᠡᠳᠬᠦᠨ ᠳᠤ ᠡᠷᠬᠡ ᠣᠯᠭᠤᠪᠠ᠃ | ᠣᠳᠣᠬᠠᠨ ᠳᠤ᠂ ᠪᠣᠷᠣᠲᠣᠬᠤᠶ ᠶᠢᠨ ᠪᠤᠭᠤᠳᠠᠶ ᠨᠢᠭᠡᠨᠲᠡ ᠪᠥᠬᠦ ᠤᠯᠤᠰ ᠴᠢᠨᠠᠭᠰᠢᠯᠠᠪᠠᠯ ᠳᠡᠯᠡᠬᠡᠶ ᠶᠢᠨ ᠴᠢᠨᠠᠷ ᠰᠠᠶᠢᠲᠠᠶ ᠪᠣᠭᠤᠳᠠᠶ ᠶᠢᠨ ᠲᠥᠯᠥᠭᠡᠨ ᠤ ᠨᠡᠷ᠎ᠡ | ᠦᠭᠡ ᠪᠣᠯᠵᠣ᠂ ᠪᠣᠷᠣᠲᠣᠬᠤᠶ ᠶᠢᠨ ᠴᠢᠨᠠᠷ ᠰᠠᠶᠢᠲᠠᠶ ᠪᠣᠭᠤᠳᠠᠶ ᠶᠢᠨ ᠦᠢᠯᠡᠳᠪᠦᠷᠢᠯᠡᠭᠰᠡᠨ ᠡᠯ᠎ᠡ ᠲᠥᠷᠥᠯ ᠤᠨ ᠭᠤᠯᠢᠷ ᠤᠨ ᠪᠦᠲᠦᠭᠡᠭᠳᠡᠬᠦᠨ ᠢᠶᠠᠷ ᠤᠯᠤᠰ ᠤᠨ | ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠤᠨ ᠵᠠᠬ᠎ᠠ ᠳᠡᠯᠭᠡᠭᠦᠷ ᠲᠤ ᠪᠣᠷᠣᠯᠠᠭᠤᠯᠵᠤ᠂ ᠬᠥᠮᠦᠰ ᠤᠨ ᠲᠠᠭᠠᠰᠢᠶᠠᠯ ᠢ ᠣᠯᠵᠤ ᠪᠠᠶᠢᠨ᠎ᠠ᠃ ᠶᠠᠰᠤ ᠴᠢᠨᠠᠷ ᠰᠢᠯᠢᠳᠡᠭ | ᠰᠠᠶᠢᠨ᠂ ᠲᠠᠷᠢᠮᠠᠯ ᠤᠨ ᠬᠡᠪᠴᠢᠶ᠎ᠡ ᠶᠡᠭᠡ ᠪᠣᠯᠬᠤᠷ ᠪᠠᠶᠠᠨᠨᠠᠭᠤᠷ ᠨᠢ ᠤᠯᠤᠰ ᠤᠨ ᠴᠢᠬᠤᠯᠠ ᠲᠠᠸᠠᠷ ᠤᠨ ᠠᠮᠤ ᠪᠤᠳᠠᠭᠠᠨ ᠤ ᠰᠠᠭᠤᠷᠢᠨ ᠭᠠᠵᠠᠷ ᠪᠣᠯᠤᠭᠰᠠᠨ ᠪᠥᠭᠡᠳ | ᠪᠦᠬᠦ ᠤᠯᠤᠰ ᠤᠨ ᠴᠣᠷ ᠤᠨ ᠭᠠᠭᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠦᠲᠦᠭᠡᠨ ᠪᠠᠶᠢᠭᠤᠯᠤᠭᠰᠠᠨ ᠬᠡᠪᠴᠢᠶᠡᠵᠢᠭᠰᠡᠨ | ᠴᠢᠨᠠᠷ ᠰᠠᠶᠢᠲᠠᠶ ᠬᠠᠪᠤᠷ ᠤᠨ ᠪᠤᠭᠤᠳᠠᠶ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃ | ᠸᠠᠩ ᡁᠢ ᠫᠢᠩ ᠢᠯᠡᠷᠬᠡᠶᠢᠯᠡᠬᠦ ᠳᠡᠭᠡᠨ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ᠂ ᠵᠠᠬ᠎ᠠ ᠳᠡᠯᠭᠡᠭᠦᠷ ᠤᠨ | ᠬᠥᠲᠥᠯᠦᠨ ᠳᠠᠭᠠᠭᠤᠯᠬᠤ ᠬᠦᠴᠦᠨ ᠪᠠ ᠡᠮᠬᠢᠯᠡᠨ ᠨᠡᠶᠢᠯᠡᠭᠦᠯᠬᠦ ᠳᠠᠶᠢᠴᠢᠯᠠᠬᠤ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠰᠯᠡᠯ ᠤᠨ ᠬᠤᠳᠠᠯᠳᠤᠭᠠᠨ ᠤ ᠬᠡᠲᠦ | ᠳᠡᠯᠭᠡᠭᠦᠷ᠂ ᠪᠥᠬᠦ ᠤᠯᠤᠰ ᠲᠤ ᠪᠣᠷᠣᠯᠠᠭᠤᠯᠭ᠎ᠠ ᠰᠠᠶᠢᠲᠠᠶ ᠪᠣᠯᠭᠠᠨ᠎ᠠ ᠭᠡᠵᠡᠶ᠃ 2024 ᠤᠨ ᠪᠣᠯᠬᠤ ᠳᠤ᠂ ᠪᠠᠶᠠᠨᠨᠠᠭᠤᠷ ᠬᠤᠲᠠ ᠪᠣᠬᠢᠷᠲᠤᠯ ᠥᠬᠡᠶ ᠣᠷᠭᠠᠨᠢᠭ | ᠪᠦᠲᠦᠭᠡᠭᠳᠡᠬᠦᠨ ᠢ 30 ᠠᠴᠠ ᠳᠡᠭᠡᠭᠰᠢ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ | ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠥᠷᠲᠡᠭ ᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ | ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠨᠠᠷᠢᠯᠢᠭ ᠡᠳ᠋ᠰᠢᠭᠦᠯᠬᠦ ᠪᠠ ᠪᠣᠬᠢᠷᠲᠤᠯ ᠥᠬᠡᠶ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠠᠬᠢᠭᠤᠯᠵᠤ᠂ ᠲᠠᠷᠢᠶᠠᠯᠠᠩ ᠤᠨ ᠠᠵᠤ | ᠦᠶᠢᠯᠡᠰᠵᠢᠭᠰᠡᠨ ᠤᠯᠤᠰ ᠤᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠶᠢᠨ | ᠬᠥᠲᠥᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠳᠤᠷᠠᠳᠪᠠ᠃ | ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠢᠷᠡᠭᠡᠳᠦᠶ ᠶᠢᠨ ᠬᠡᠰᠡᠭ ᠬᠤᠭᠤᠴᠠᠭᠠᠨ ᠤ ᠪᠠᠶᠠᠨᠨᠠᠭᠤᠷ ᠬᠤᠲᠠ ᠶᠢᠨ ᠴᠢᠬᠤᠯᠠ ᠠᠵᠢᠯ ᠤᠨ ᠠᠭᠤᠯᠭ᠎ᠠ ᠶᠢᠨ | ᠨᠢᠭᠡ ᠪᠣᠯᠪᠠ᠃ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠦᠷᠦᠯ | ᠲᠡᠮᠳᠡᠭᠵᠢᠭᠰᠡᠨ ᠬᠥᠭᠵᠢᠯᠲᠡ ᠶᠢ ᠪᠠᠷᠢᠮᠲᠠᠯᠠᠵᠤ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠣᠯᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠤᠳᠤ ᠦᠶ᠎ᠡ ᠶᠢᠨ ᠥᠨᠳᠥᠷ ᠪᠦᠲᠦᠮᠵᠢᠲᠡᠢ ᠲᠠᠷᠢᠶᠠᠯᠠᠩ ᠲᠥᠪᠯᠡᠷᠡᠭᠰᠡᠨ ᠣᠷᠣᠨ ᠪᠣᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠣᠷᠣᠨ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ | ᠡᠭᠦᠨ ᠳᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠣᠲᠣ ᠦᠶ᠎ᠡ ᠶᠢᠨ ᠠᠮᠢ | ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠬᠦ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠳᠣᠭᠢᠷᠠᠭᠤᠯᠤᠨ ᠵᠦᠶ ᠵᠣᠬᠢᠰᠲᠠᠶ | ᠠᠰᠢᠭᠯᠠᠬᠤ ᠶᠢ ᠠᠬᠢᠭᠤᠯᠬᠤ ᠵᠡᠷᠭᠡ ᠠᠵᠢᠯ ᠤᠨ ᠠᠭᠤᠯᠭ᠎ᠠ ᠶᠢ ᠪᠣᠳᠠᠲᠠᠶ ᠬᠤᠪᠢᠶᠠᠷᠢᠯᠠᠪᠠ᠃ | ᠤᠰᠤᠨ ᠠᠴᠠ ᠪᠣᠯᠵᠤ ᠪᠠᠶᠠᠨ ᠴᠢᠨᠡᠭᠡᠯᠢᠭ᠂ ︽ᠪᠤᠭᠤᠳᠠᠢ︾ ᠠᠴᠠ ᠪᠤᠯᠵᠤ ᠠᠮᠢᠳᠤᠯᠢᠭ ᠪᠠᠶᠢᠵᠤ᠂ ᠤᠳᠬ᠎ᠠ ᠠᠭᠤᠯᠭ᠎ᠠ ᠪᠠᠷ ᠭᠦᠨ ᠪᠠᠶᠢᠵᠤ᠂ ᠬᠠᠳᠤᠨ | ᠭᠤᠣᠯ ᠠᠴᠠ ᠪᠠᠶᠠᠨᠨᠠᠭᠤᠷ ᠤᠨ ᠲᠠᠯ᠎ᠠ ᠭᠠᠵᠠᠷ ᠲᠤ ᠡᠯᠪᠡᠭ ᠳᠡᠯᠪᠡᠭ ︽ᠪᠣᠷᠣᠳᠣᠬᠤᠢ ᠶᠢᠨ ᠠᠮᠤ ᠪᠤᠳᠠᠭᠠᠨ ᠤ ᠬᠥᠮᠥᠷᠭᠡ︾ ᠣᠯᠭᠤᠵᠤ᠂ ᠪᠠᠶᠠᠨᠨᠠᠭᠤᠷ ᠤᠨ ᠬᠥᠮᠦᠰ | ᠴᠦ ᠠᠵᠢᠯᠴᠢ ᠬᠥᠳᠡᠯᠮᠦᠷᠢᠴᠢ ᠬᠤᠶᠠᠷ ᠭᠠᠷ ᠪᠠ ᠴᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ ᠢᠶᠠᠷ ︽ᠲᠡᠭᠷᠢ ᠶᠢᠨ ᠬᠡᠰᠢᠭᠲᠦ ᠪᠣᠷᠣᠳᠣᠬᠤᠢ︾ ᠲᠦᠷᠦᠯ | ᠲᠡᠮᠳᠡᠭ ᠤᠨ ᠨᠥᠯᠥᠭᠡᠯᠡᠬᠦ ᠬᠦᠴᠦᠨ ᠢᠶᠠᠷ ᠥᠪᠥᠷ ᠮᠣᠩᠭᠤᠯ ᠤᠨ ᠣᠳᠣᠬᠢᠴᠢᠯᠠᠭᠰᠠᠨ ᠲᠤᠮᠤ ᠲᠠᠷᠢᠶᠠᠯᠠᠩ ᠤᠨ ᠲᠦᠪᠰᠢᠨ ᠢ ᠠᠬᠢᠭᠤᠯᠬᠤ ᠪᠣᠯᠤᠨ᠎ᠠ᠃ |