ᠳ᠋ᠧᠩᠺᠸᠤ ᠰᠢᠶᠠᠨ ᠤ ᠬᠢᠨ 2024 ᠣᠨ ᠤ 5 ᠰᠠᠷ᠎ᠠ ᠶᠢᠨ 18 ᠤ ᠤᠯᠠᠨ ᠤᠯᠤᠰ ᠤᠨ ᠮᠦᠽᠧᠢ ᠶᠢᠨ ᠡᠳᠦᠷ ᠵᠢᠴᠢ ︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/5/20
      5 ᠰᠠᠷ᠎ᠠ ᠶᠢᠨ 18 ᠤ ᠡᠳᠦᠷ᠂ ᠳ᠋ᠧᠩᠺᠸᠤ ᠰᠢᠶᠠᠨ ᠤ 2024 ᠣᠨ ᠤ 5 ᠰᠠᠷ᠎ᠠ ᠶᠢᠨ 18 ᠤ ᠤᠯᠠᠨ ᠤᠯᠤᠰ ᠤᠨ ᠮᠦᠽᠧᠢ ᠶᠢᠨ ᠡᠳᠦᠷ ᠵᠢᠴᠢ ︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠡᠬᠢᠯᠡᠯᠲᠡ ᠶᠢᠨ ᠶᠣᠰᠣᠯᠠᠯ ᠬᠠᠳᠤᠨ ᠭᠤᠣᠯ ᠤᠨ ᠰᠠᠨ ᠱᠧᠩ ᠬᠦᠩ ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠳᠤ ᠶᠠᠪᠤᠭᠳᠠᠪᠠ᠃ ᠠᠵᠢᠯᠯᠠᠭ᠎ᠠ ᠨᠢ ᠪᠥᠵᠢᠭ ︽ᠰᠠᠯᠬᠢ ᠶᠢ ᠳᠠᠭᠠᠭᠰᠠᠨ ᠮᠣᠷᠢ︾ ᠳᠤᠮᠳᠠ ᠬᠥᠰᠢᠭᠡ ᠪᠠᠨ ᠰᠡᠬᠦᠵᠦ᠂ ᠮᠣᠷᠢᠨ ᠬᠤᠭᠤᠷ ᠤᠨ ︽ᠰᠠᠯᠬᠢᠨ ᠤ ᠠᠶ᠎ᠠ ᠶᠢ ᠮᠥᠷᠳᠡᠬᠦ ᠡᠳᠦᠷ︾᠂ ᠳᠠᠭᠤᠤ ︽ᠪᠠᠭ᠋ᠠᠷᠠᠯ ᠲᠠᠲᠠᠭᠰᠠᠨ ᠳ᠋ᠧᠩᠺᠸᠦ︾ ᠵᠡᠷᠭᠡ ᠭᠤᠴᠣ ᠰᠠᠶᠢᠬᠠᠨ ᠲᠣᠭᠯᠠᠯᠲᠠ ᠪᠠᠷ ᠲᠤᠬᠠᠢ ᠶᠢᠨ ᠲᠠᠯᠠᠪᠠᠢ ᠳᠤ ᠪᠠᠶᠢᠭ᠎ᠠ ᠤᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠯᠭᠡ ᠵᠢᠴᠢ ᠵᠤᠭᠠᠴᠠᠯ ᠤᠨ ᠮᠡᠳᠡᠯᠭᠡ ᠶᠢ ᠲᠠᠶᠢᠯᠪᠤᠷᠢᠯᠠᠵᠤ᠂ ᠡᠭᠦᠨ ᠤ ᠤᠯᠠᠮ ᠠᠴᠠ ᠪᠦᠬᠦ ᠠᠷᠠᠳ ᠤᠨ ᠵᠤᠭᠠᠴᠠᠯ ᠤᠨ ᠤᠬᠠᠮᠰᠠᠷ ᠢ ᠴᠢᠩᠭᠠᠳᠬᠠᠵᠤ᠂ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠭᠰᠡᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠡᠢ᠃ ᠲᠣᠰ ᠤᠳᠠᠭᠠᠨ ᠤ ᠠᠵᠢᠯᠯᠠᠭ᠎ᠠ ᠨᠢ ᠤᠳᠬ᠎ᠠ ᠤᠷᠠᠯᠢᠭ ᠤᠨ ᠠᠮᠢᠳᠤᠯᠢᠭ ᠬᠡᠯᠪᠡᠷᠢ ᠪᠠᠷ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠵᠢᠴᠢ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠴᠢᠩ ᠦᠨᠡᠨᠴᠢ ᠰᠡᠳᠬᠢᠯᠭᠡ ᠶᠢ ᠭᠦᠢᠴᠡᠳ ᠬᠥᠭᠵᠢᠭᠡᠬᠦ ᠶᠢᠨ ᠬᠠᠮᠲᠤ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠦᠨᠳᠦᠰᠦᠨ ᠱᠠᠲᠤᠨ ᠤ ᠠᠵᠢᠯᠲᠠᠨ ᠵᠢᠴᠢ ᠣᠯᠠᠨ ᠲᠦᠮᠡᠨ ᠳᠤ ᠲᠡᠦᠬᠡ ᠰᠣᠶᠣᠯ ᠤᠨ ᠷᠢᠳᠢ ᠰᠢᠳᠢ ᠶᠢ ᠭᠦᠨᠵᠡᠭᠡᠶ ᠮᠡᠳᠡᠷᠡᠭᠦᠯᠵᠦ᠂ ᠰᠣᠶᠣᠯ ᠤᠨ ᠢᠲᠡᠭᠡᠯ ᠢ ᠨᠡᠮᠡᠭᠳᠡᠭᠦᠯᠪᠡ᠃    
ᠢᠷᠡᠯᠲᠡ᠄ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ