ᠮᠠᠨ ᠤ ᠣᠷᠣᠨ ᠳᠤ ᠤᠯᠤᠰ ᠤᠨ ᠨᠢᠭᠡᠳᠦᠭᠡᠷ ᠳᠡᠰ ᠤᠨ ᠮᠦᠽᠧᠢ ᠪᠠᠰᠠ 6 ᠨᠡᠮᠡᠭᠳᠡᠯ᠎ᠡ
ᠨᠡᠶᠢᠲᠡᠯᠡᠭᠰᠡᠨ ᠴᠠᠭ᠄
2024/5/21
      ᠲᠦᠷᠦᠭᠦᠬᠡᠨ ᠳᠤᠮᠳᠠᠳᠤ ᠤᠯᠤᠰ ᠤᠨ ᠮᠦᠽᠧᠢ ᠶᠢᠨ ᠨᠡᠶᠢᠭᠡᠮᠯᠢᠭ ᠠᠴᠠ ᠲᠠᠪᠤᠳᠤᠭᠠᠷ ᠪᠦᠯᠦᠭ ᠤᠨ ᠪᠦᠭᠦ ᠤᠯᠤᠰ ᠤᠨ ᠨᠢᠭᠡᠳᠦᠭᠡᠷ ᠳᠡᠰ ᠤᠨ ᠮᠦᠽᠧᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠵᠦ᠂ ᠥᠪᠥᠷ ᠮᠣᠩᠭᠤᠯ ᠤᠨ 6 ᠮᠦᠽᠧᠢ ᠰᠣᠩᠭᠤᠭᠳᠠᠵᠠᠢ᠃      ᠲᠤᠰ 6 ᠮᠦᠽᠧᠢ ᠪᠣᠯ ᠭᠦᠭᠡᠬᠤᠲᠠ ᠶᠢᠨ ᠮᠦᠽᠧᠢ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠩᠵᠤᠨ ᠶᠠᠮᠤᠨ ᠤ ᠮᠦᠽᠧᠢ᠂ ᠭᠦᠭᠡᠬᠤᠲᠠ  ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯᠣᠨ ᠬᠠᠭᠤᠴᠢ ᠰᠤᠳᠤᠯᠤᠯ ᠤᠨ ᠲᠥᠪ︶᠂ ᠢᠯᠢ ᠲᠠᠯ᠎ᠠ ᠨᠤᠲᠤᠭ ᠤᠨ ᠰᠠᠭᠠᠯᠢ ᠶᠢᠨ ᠰᠣᠶᠣᠯ ᠤᠨ ᠮᠦᠽᠧᠢ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ᠂ ᠪᠤᠭᠤᠲᠤ ᠶᠢᠨ ᠮᠦᠽᠧᠢ ︵ᠪᠤᠭᠤᠲᠤ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ︶᠂ ᠬᠥᠯᠥᠨ ᠪᠤᠶᠢᠷ ᠤᠨ ᠮᠦᠽᠧᠢ ᠵᠢᠴᠢ ᠠᠯᠠᠱᠠ ᠶᠢᠨ ᠮᠦᠽᠧᠢ ᠪᠣᠯᠣᠨ᠎ᠠ᠃ ᠣᠶᠢᠯᠠᠭᠠᠭᠰᠠᠨ ᠢᠶᠠᠷ᠂ ᠮᠦᠽᠧᠢ ᠶᠢ ᠲᠠᠰ ᠲᠣᠭᠲᠠᠭᠠᠨ ᠦᠨᠡᠯᠡᠨ ᠵᠢᠱᠢᠬᠦ ᠠᠵᠢᠯ ᠢ ᠥᠷᠨᠢᠭᠦᠯᠬᠦ ᠪᠣᠯ ᠮᠦᠽᠧᠢ ᠶᠢ ᠬᠥᠲᠥᠯᠥᠨ ᠵᠢᠯᠤᠭᠤᠳᠴᠤ ᠪᠠᠶᠢᠭᠠᠳ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠬᠤ ᠴᠢᠬᠤᠯᠠ ᠠᠷᠭ᠎ᠠ ᠪᠠᠷᠢᠯ ᠪᠣᠯᠣᠨ᠎ᠠ᠂ ᠮᠥᠨ ᠴᠦ ᠮᠦᠽᠧᠢ ᠶᠢᠨ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ᠂ ᠮᠦᠽᠧᠢ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠴᠢᠬᠤᠯᠠ ᠰᠠᠭᠤᠷᠢ ᠮᠥᠨ᠃ 2008 ᠣᠨ ᠠᠴᠠ ᠨᠠᠭᠠᠰᠢ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠳᠤᠮᠳᠠᠳᠤ ᠤᠯᠤᠰ ᠤᠨ ᠮᠦᠽᠧᠢ ᠶᠢᠨ ᠨᠡᠶᠢᠭᠡᠮᠯᠢᠭ ᠤᠷᠢᠳ ᠬᠤᠵᠢᠳ 4 ᠡᠭᠡᠯᠵᠢ ᠶᠢᠨ ᠮᠦᠽᠧᠢ ᠶᠢ ᠳᠡᠰ ᠲᠣᠭᠲᠠᠭᠠᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠬᠦ ᠪᠠᠷ ᠳᠠᠮᠵᠢᠨ ᠪᠤᠶ ᠪᠣᠯᠤᠭᠰᠠᠨ ᠤᠯᠤᠰ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠮᠦᠽᠧᠢ ᠨᠢ ᠮᠠᠨ ᠤ ᠤᠯᠤᠰ ᠤᠨ ᠮᠦᠽᠧᠢ ᠶᠢᠨ ᠦᠢᠯᠡᠰ ᠤᠨ ᠬᠥᠭᠵᠢᠯᠲᠡ ᠶᠢᠨ ᠠᠬᠢᠴᠠ ᠳᠤ ᠰᠠᠶᠢᠨ ᠰᠠᠶᠢᠬᠠᠨ ᠬᠡᠪ ᠳᠠᠭᠤᠷᠢᠶᠠᠯ ᠪᠠ ᠦᠯᠢᠭᠡᠷ ᠵᠢᠱᠢᠶ᠎ᠡ ᠪᠣᠯᠵᠤ᠂ ᠥᠷᠭᠡᠨ ᠤᠯᠠᠨ ᠤ ᠬᠦᠷᠢᠶᠡᠯᠡᠯ ᠢ ᠣᠯᠵᠠᠢ᠃
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ