ᠬᠦᠳᠡᠯᠮᠦᠷᠢᠴᠢᠳ ᠠᠵᠢᠯ ᠤᠨ ᠪᠠᠶᠢᠷᠢᠨ ᠳᠤ ᠪᠠᠶᠢᠬᠤ ᠬᠤᠭᠤᠴᠠᠭᠠᠨ ᠳᠤ ᠪᠠᠨ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠵᠤ᠂ ᠠᠵᠢᠯ ᠠᠯᠳᠠᠭᠰᠠᠨ ᠤ | ᠳᠠᠷᠠᠭ᠎ᠠ ᠬᠤᠯᠪᠣᠭᠳᠠᠯ ᠪᠦᠬᠦᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ᠃ | | ᠭᠤᠶᠤᠴᠢᠯᠠᠨ ᠠᠪᠬᠤ ᠨᠥᠬᠦᠴᠡᠯ ᠵᠢᠴᠢ ᠪᠠᠷᠢᠮᠵᠢᠶ᠎ᠠ | 1 ᠵᠢᠯ ᠠᠴᠠ ᠳᠡᠭᠡᠭᠰᠢ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠬᠤ | ᠲᠤᠰ ᠬᠥᠮᠥᠨ ᠤ ᠰᠠᠨᠠᠭᠠᠨ ᠠᠴᠠ ᠪᠤᠰᠤ ᠰᠢᠯᠲᠠᠭᠠᠨ ᠢᠶᠠᠷ ᠠᠵᠢᠯ ᠢᠶᠠᠨ ᠲᠠᠰᠤᠯᠳᠠᠭᠤᠯᠤᠭᠰᠠᠨ | ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠳᠠᠭᠠᠳᠬᠠᠯ ᠤᠨ ᠰᠦᠢᠳᠬᠡᠯ ᠲᠤᠰᠢᠶᠠᠭᠠᠳ ᠨᠡᠶᠢᠲᠡ ᠪᠦᠬᠦᠯᠢ 1 ᠵᠢᠯ ᠪᠣᠯᠣᠭᠰᠠᠨ ᠪᠣᠯᠪᠠᠴᠤ 5 ᠵᠢᠯ ᠪᠣᠯᠤᠭ᠎ᠠ | ᠦᠭᠡᠢ ᠪᠣᠯ ᠬᠠᠮᠤᠭ ᠤᠷᠲᠤ ᠳᠤ ᠪᠠᠨ 12 ᠰᠠᠷ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠣᠯᠣᠨ᠎ᠠ︔ ᠰᠦᠢᠳᠬᠡᠯ ᠲᠤᠰᠢᠶᠠᠭᠠᠳ ᠨᠡᠶᠢᠲᠡ ᠪᠦᠬᠦᠯᠢ | 5 ᠵᠢᠯ ᠪᠣᠯᠤᠭᠰᠠᠨ ᠪᠣᠯᠪᠠᠴᠤ 10 ᠵᠢᠯ ᠪᠣᠯᠤᠭ᠎ᠠ ᠦᠭᠡᠢ ᠪᠣᠯ ᠬᠠᠮᠤᠭ ᠤᠷᠲᠤ ᠳᠤ ᠪᠠᠨ 18 ᠰᠠᠷ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ | ᠪᠣᠯᠣᠨ᠎ᠠ︔ ᠨᠡᠶᠢᠲᠡ 10 ᠵᠢᠯ ᠠᠴᠠ ᠳᠡᠭᠡᠭᠰᠢ ᠰᠦᠢᠳᠬᠡᠯ ᠲᠤᠰᠢᠶᠠᠭᠰᠠᠨ ᠪᠣᠯ ᠬᠠᠮᠤᠭ ᠤᠷᠲᠤ ᠳᠤ ᠪᠠᠨ 24 ᠰᠠᠷ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ | ᠠᠪᠴᠤ ᠪᠣᠯᠣᠨ᠎ᠠ᠃ | ᠪᠢ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠥᠩᠭᠡᠷᠡᠵᠡᠢ᠂ ᠬᠤᠶᠢᠰᠢ ᠳᠠᠬᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠥᠯᠥᠭᠡᠯᠡᠬᠦ ᠦᠦ︖ | ᠠᠵᠢᠯ ᠠᠴᠠ ᠪᠠᠨ ᠠᠮᠠᠷᠠᠭᠰᠠᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠣᠳᠣᠬᠤ ᠳᠤ᠂ ᠰᠦᠢᠳᠬᠡᠯ ᠲᠤᠰᠢᠶᠠᠬᠤ ᠰᠠᠭᠤᠷᠢ ᠲᠤᠭ᠎ᠠ᠂ | ᠰᠦᠢᠳᠬᠡᠯ ᠲᠤᠰᠢᠶᠠᠬᠤ ᠬᠠᠷᠢᠴᠠᠯ᠂ ᠰᠦᠢᠳᠬᠡᠯ ᠲᠤᠰᠢᠶᠠᠭᠰᠠᠨ ᠬᠤᠭᠤᠴᠠᠭ᠎ᠠ ᠬᠢᠭᠡᠳ ᠠᠵᠢᠯ ᠠᠴᠠ ᠪᠠᠨ ᠠᠮᠠᠷᠠᠬᠤ ᠠᠴᠠ ᠡᠮᠦᠨᠡᠬᠢ ᠨᠢᠭᠡ ᠵᠢᠯ ᠤᠨ ᠠᠵᠢᠯᠯᠠᠵᠤ | ᠪᠠᠶᠢᠭ᠎ᠠ ᠠᠵᠢᠯᠲᠠᠨ ᠤ ᠰᠠᠷ᠎ᠠ ᠶᠢᠨ ᠳᠤᠮᠳᠠᠴᠢ ᠴᠠᠯᠢᠩ ᠵᠡᠷᠭᠡ ᠬᠦᠴᠦᠨ ᠵᠦᠢᠯ ᠤᠳ ᠲᠠᠢ ᠬᠤᠯᠪᠣᠭᠳᠠᠵᠤ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠨ | ᠡᠰᠡᠬᠦ ᠲᠠᠢ ᠬᠤᠯᠪᠣᠭᠳᠠᠬᠤ ᠦᠭᠡᠢ᠃ | ᠠᠵᠢᠯ ᠠᠯᠳᠠᠭᠰᠠᠳ ᠬᠡᠷᠪᠡ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠲᠠᠰᠤᠯᠳᠠᠭᠤᠯᠬᠤ ᠦᠭᠡᠢ ᠭᠡᠪᠡᠯ ᠬᠤᠪᠢ ᠬᠥᠮᠥᠨ ᠤ ᠬᠢᠷᠢ ᠭᠡᠮ ᠢᠶᠠᠷ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠲᠤᠰᠢᠶᠠᠵᠤ ᠪᠣᠯᠣᠨ᠎ᠠ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ | ᠬᠤᠭᠤᠴᠠᠭᠠᠨ ᠳᠤ ᠪᠠᠨ ᠬᠤᠪᠢ ᠬᠥᠮᠥᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ ᠪᠣᠯᠣᠨ᠎ᠠ᠂ ᠠᠵᠢᠯ ᠠᠯᠳᠠᠭᠰᠠᠨ | ᠳᠠᠭᠠᠳᠬᠠᠯ ᠤᠨ ᠮᠥᠩᠭᠦ ᠶᠢ ᠬᠠᠤᠯᠢ ᠶᠣᠰᠣᠭᠠᠷ ᠠᠪᠬᠤ ᠪᠠᠨ ᠵᠣᠭᠰᠤᠭᠠᠬᠤ ᠬᠡᠷᠡᠭᠲᠡᠢ ᠪᠠᠶᠢᠳᠠᠯ ᠭᠠᠷᠤᠭᠰᠠᠨ ᠦᠭᠡᠢ ᠪᠠᠶᠢᠪᠠᠯ ᠭᠠᠷᠳᠠᠨ ᠭᠦᠢᠴᠡᠳᠬᠡᠬᠦ | ᠪᠠᠶᠢᠭᠤᠯᠤᠮᠵᠢ ᠨᠢ ᠠᠵᠢᠯ ᠠᠯᠳᠠᠭᠰᠠᠨ ᠳᠠᠭᠠᠳᠬᠠᠯ ᠤᠨ ᠣᠯᠭᠤᠮᠵᠢ ᠶᠢ ᠨᠢ ᠵᠣᠭᠰᠣᠭᠠᠵᠤ ᠪᠣᠯᠬᠤ ᠦᠭᠡᠢ᠃ | ᠲᠤᠬᠠᠶᠢᠯᠠᠪᠠᠯ᠂ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠨᠢ ᠠᠵᠢᠯ ᠠᠯᠳᠠᠭᠰᠠᠳ ᠤᠨ ᠬᠤᠪᠢ ᠬᠥᠮᠥᠨ ᠤ ᠬᠢᠷᠢ ᠭᠡᠮ ᠢᠶᠠᠷ ᠨᠠᠰᠤᠵᠢᠯ ᠤᠨ | ᠳᠠᠭᠠᠳᠬᠠᠯ ᠤᠨ ᠰᠦᠢᠳᠬᠡᠯ ᠢ ᠦᠷᠭᠦᠯᠵᠢᠯᠡᠨ ᠲᠤᠰᠢᠶᠠᠬᠤ ᠶᠢ ᠨᠥᠯᠥᠭᠡᠯᠡᠬᠦ ᠦᠭᠡᠢ ᠪᠥᠭᠡᠳ ᠬᠤᠪᠢ ᠬᠥᠮᠥᠨ ᠤ ᠬᠢᠷᠢ ᠭᠡᠮ ᠢᠶᠠᠷ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠠᠴᠠ ᠪᠣᠯᠵᠤ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠣᠯᠭᠤᠬᠤ ᠶᠢ ᠵᠣᠭᠰᠤᠭᠠᠬᠤ ᠦᠭᠡᠢ ᠶᠤᠮ᠃ | ᠲᠡᠭᠡᠪᠡᠯ ᠠᠵᠢᠯ ᠠᠯᠳᠠᠭᠰᠠᠨ ᠬᠤᠭᠤᠴᠠᠭᠠᠨ ᠳᠤ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠲᠠᠰᠤᠯᠳᠠᠭᠤᠯᠬᠤ ᠠᠴᠠ ᠬᠡᠷᠬᠢᠨ ᠵᠠᠶᠢᠯᠠᠰᠬᠢᠬᠤ | ᠪᠤᠢ︖ | ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠠᠵᠢᠯ ᠠᠯᠳᠠᠭᠰᠠᠳ ᠤᠨ ᠳᠠᠭᠠᠳᠬᠠᠯ ᠢ ᠭᠠᠷᠳᠠᠨ ᠭᠦᠢᠴᠡᠳᠬᠡᠬᠦ | ᠪᠠᠶᠢᠭᠤᠯᠤᠮᠵᠢ ᠨᠢ ᠲᠡᠭᠦᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠬᠡᠯ ᠢ ᠣᠷᠣᠯᠠᠨ ᠲᠤᠰᠢᠶᠠᠵᠤ | ᠥᠭᠭᠦᠨ᠎ᠡ᠃ ᠬᠤᠪᠢ ᠬᠥᠮᠥᠨ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠵᠤ᠂ ᠲᠤᠰᠢᠶᠠᠬᠤ ᠪᠠᠨ ᠲᠠᠰᠤᠯᠳᠠᠭᠤᠯᠬᠤ ᠠᠴᠠ ᠵᠠᠶᠢᠯᠠᠰᠬᠢᠵᠤ ᠪᠣᠯᠣᠨ᠎ᠠ᠃ | ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠬᠤᠪᠢ ᠬᠦᠮᠦᠨ ᠤ ᠬᠢᠷᠢ ᠭᠡᠮ ᠢᠶᠠᠷ ᠦᠨᠳᠦᠰᠦᠨ ᠨᠠᠰᠤᠵᠢᠯ ᠤᠨ | ᠳᠠᠭᠠᠳᠬᠠᠯ ᠤᠨ ᠰᠦᠢᠳᠬᠡᠯ ᠲᠤᠰᠢᠶᠠᠬᠤ ᠨᠢ ᠲᠡᠭᠦᠨ ᠤ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠬᠦᠷᠲᠡᠬᠦ ᠶᠢ ᠨᠦᠯᠦᠭᠡᠯᠡᠬᠦ ᠦᠭᠡᠢ ᠶᠤᠮ᠃ | ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠭᠰᠠᠨ ᠪᠣᠯ ᠨᠠᠰᠤᠵᠢᠯ ᠤᠨ ᠳᠠᠭᠠᠳᠬᠠᠯ ᠢ ᠡᠷᠬᠡᠪᠰᠢ | ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠬᠠᠮᠲᠤ ᠰᠢᠯᠵᠢᠭᠦᠯᠬᠦ ᠬᠡᠷᠡᠭᠲᠡᠢ ᠤᠤ︖ | ᠴᠢᠬᠤᠯᠠ ᠦᠭᠡᠢ᠂ ︽ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠮᠤᠵᠢ ᠠᠯᠤᠰᠯᠠᠨ ᠰᠢᠯᠵᠢᠭᠦᠯᠦᠨ ᠦᠷᠭᠦᠯᠵᠢᠯᠡᠭᠦᠯᠬᠦ ᠲᠤᠬᠠᠢ ᠮᠡᠳᠡᠭᠳᠡᠯ︾ ᠳᠤ | ᠂ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠮᠤᠭ | ᠡᠴᠦᠰ ᠲᠤ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠵᠢᠴᠢ ᠪᠤᠰᠤᠳ ᠬᠠᠮᠢᠶ᠎ᠠ ᠪᠦᠬᠦᠢ ᠣᠯᠭᠤᠮᠵᠢ | ᠭᠤᠶᠤᠴᠢᠯᠠᠵᠤ ᠪᠣᠯᠣᠨ᠎ᠠ᠂ ᠪᠠᠰᠠ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠪᠠᠨ ᠪᠤᠴᠠᠵᠤ ᠭᠤᠶᠤᠴᠢᠯᠠᠨ ᠠᠪᠬᠤ ᠶᠢ ᠰᠣᠩᠭᠤᠵᠤ ᠪᠣᠯᠣᠨ᠎ᠠ ᠭᠡᠵᠦ | ᠲᠣᠳᠣᠷᠬᠠᠢ ᠲᠣᠭᠲᠠᠭᠠᠵᠠᠢ᠃ | ᠣᠯᠭᠤᠮᠵᠢ ᠣᠯᠭᠤᠬᠤ ᠬᠤᠭᠤᠴᠠᠭᠠᠨ ᠳᠤ ᠣᠯᠭᠤᠬᠤ ᠭᠠᠵᠠᠷ ᠢ ᠳᠤᠮᠳᠠ ᠠᠴᠠ ᠨᠢ ᠬᠤᠪᠢᠷᠠᠭᠤᠯᠵᠤ ᠪᠣᠯᠬᠤ ᠦᠭᠡᠢ︕ | ᠣᠳᠣᠬᠠᠨ ᠳᠤ᠂ ᠤᠯᠤᠰ ᠠᠴᠠ ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠦᠶ᠎ᠡ ᠳᠤ ᠨᠠᠰᠤᠵᠢᠯ ᠤᠨ ᠳᠠᠭᠠᠳᠬᠠᠯ ᠤᠨ | ᠬᠠᠷᠢᠴᠠᠭ᠎ᠠ ᠶᠢ ᠬᠠᠮᠲᠤ ᠳᠤ ᠨᠢ ᠰᠢᠯᠵᠢᠭᠦᠯᠦᠨ ᠭᠦᠢᠴᠡᠳᠬᠡᠬᠦ ᠲᠠᠯ᠎ᠠ ᠪᠠᠷ ᠨᠢᠭᠡᠳᠦᠯᠲᠡᠢ ᠱᠠᠭᠠᠷᠳᠠᠯᠭ᠎ᠠ ᠳᠤᠷᠠᠳᠤᠭᠰᠠᠨ ᠦᠭᠡᠢ᠂ ᠡᠷᠦᠬᠡ ᠠᠮᠠ ᠶᠢᠨ ᠳᠠᠩᠰᠠ ᠪᠠᠶᠢᠭ᠎ᠠ | ᠭᠠᠵᠠᠷ ᠠᠴᠠ ᠪᠠᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠦᠶ᠎ᠡ ᠳᠤ ᠵᠦᠪᠬᠡᠨ ᠠᠵᠢᠯ ᠠᠯᠳᠠᠭᠰᠠᠳ ᠤᠨ ᠳᠠᠭᠠᠳᠬᠠᠯ ᠤᠨ ᠬᠠᠷᠢᠴᠠᠭ᠎ᠠ ᠶᠢ | ᠰᠢᠯᠵᠢᠭᠦᠯᠦᠨ ᠭᠦᠢᠴᠡᠳᠬᠡᠬᠦ ᠴᠢᠬᠤᠯᠠᠲᠠᠢ᠃ | ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠪᠡᠯ ᠠᠮᠢᠳᠤᠯᠢᠭ ᠢᠶᠠᠷ ᠠᠵᠢᠯ ᠣᠯᠣᠭᠰᠠᠳ ᠤᠨ ᠬᠢᠷᠢ ᠭᠡᠮ ᠢᠶᠠᠷ ᠠᠵᠢᠯᠲᠠᠨ ᠠᠵᠢᠯᠴᠢᠨ ᠤ ᠨᠠᠰᠤᠵᠢᠯ ᠤᠨ | ᠳᠠᠭᠠᠳᠬᠠᠯ ᠳᠤ ᠣᠷᠣᠯᠴᠠᠬᠤ ᠶᠢ ᠨᠦᠯᠦᠭᠡᠯᠡᠨ᠎ᠡ ᠦᠦ︖ | ᠣᠳᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠪᠣᠯ᠂ ᠳᠠᠭᠠᠳᠬᠠᠯ ᠳᠤ ᠣᠷᠣᠯᠴᠠᠭᠰᠠᠳ | ᠠᠵᠢᠯ ᠠᠯᠳᠠᠭᠰᠠᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠭᠰᠠᠳ ᠤᠨ ᠨᠥᠬᠦᠪᠦᠷᠢ ᠮᠥᠩᠭᠦ ᠠᠪᠬᠤ ᠬᠤᠭᠤᠴᠠᠭᠠᠨ ᠳᠤ᠂ ᠠᠮᠢᠳᠤᠯᠢᠭ ᠢᠶᠠᠷ ᠠᠵᠢᠯ | ᠣᠯᠣᠭᠰᠠᠳ ᠤᠨ ᠬᠢᠷᠢ ᠭᠡᠮ ᠢᠶᠠᠷ ᠬᠤᠪᠢ ᠬᠥᠮᠥᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ | ᠲᠤᠰᠢᠶᠠᠵᠤ ᠪᠣᠯᠣᠨ᠎ᠠ᠃ | ᠠᠰᠠᠭᠤᠯᠲᠠ᠄ ᠠᠵᠢᠯ ᠠᠯᠳᠠᠭᠰᠠᠨ ᠤ ᠳᠠᠷᠠᠭ᠎ᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠳᠤ ᠴᠠᠭ ᠤᠨ ᠬᠢᠵᠠᠭᠠᠷ ᠲᠠᠢ ᠦᠦ︖ | ᠬᠠᠷᠢᠭᠤᠯᠲᠠ᠄ ᠠᠪᠬᠤ ᠨᠥᠬᠦᠴᠡᠯ ᠳᠤ ᠨᠡᠶᠢᠴᠡᠪᠡᠯ ᠳᠠᠷᠤᠢ ᠭᠤᠶᠤᠴᠢᠯᠠᠨ ᠠᠪᠴᠤ ᠪᠣᠯᠣᠨ᠎ᠠ᠂ ᠴᠠᠭ ᠤᠨ ᠬᠢᠵᠠᠭᠠᠷ ᠪᠠᠶᠢᠬᠤ ᠦᠭᠡᠢ᠃ | ᠠᠰᠠᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠤᠳᠠᠭ᠎ᠠ ᠪᠦᠷᠢ ᠬᠠᠮᠤᠭ ᠠᠷᠪᠢᠨ ᠳᠤ ᠪᠠᠨ 24 ᠰᠠᠷ᠎ᠠ ᠠᠪᠴᠤ ᠪᠣᠯᠬᠤ ᠶᠤᠮ ᠦᠦ︖ | ᠡᠰᠡᠬᠦᠯ᠎ᠡ ᠨᠠᠰᠤᠨ ᠲᠤᠷᠰᠢᠲᠠ ᠬᠠᠮᠤᠭ ᠠᠷᠪᠢᠨ ᠳᠤ ᠪᠠᠨ 24 ᠰᠠᠷ᠎ᠠ ᠠᠪᠴᠤ ᠪᠣᠯᠬᠤ ᠶᠤᠮ ᠦᠦ︖ | ᠬᠠᠷᠢᠭᠤᠯᠲᠠ᠄ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠤᠳᠠᠭ᠎ᠠ ᠪᠦᠷᠢ ᠬᠠᠮᠤᠭ ᠤᠨ ᠤᠷᠲᠤ ᠳᠤ ᠪᠠᠨ 24 ᠰᠠᠷ᠎ᠠ ᠠᠪᠴᠤ ᠪᠣᠯᠣᠨ᠎ᠠ᠂ ᠳᠠᠬᠢᠵᠤ | ᠠᠵᠢᠯ ᠣᠯᠣᠭᠰᠠᠨ ᠬᠤᠶᠢᠨ᠎ᠠ ᠳᠠᠬᠢᠨᠲᠠ ᠠᠵᠢᠯ ᠠᠯᠳᠠᠭᠰᠠᠨ ᠪᠣᠯ᠂ ᠰᠦᠢᠳᠬᠡᠯ ᠲᠤᠰᠢᠶᠠᠭᠰᠠᠨ ᠴᠠᠭ ᠢ ᠳᠠᠬᠢᠨ ᠰᠢᠨ᠎ᠡ ᠪᠠᠷ ᠪᠣᠳᠣᠨ᠎ᠠ᠂ ᠬᠡᠷᠪᠡ ᠨᠥᠬᠦᠴᠡᠯ ᠳᠤ | ᠨᠡᠶᠢᠴᠡᠪᠡᠯ ᠠᠵᠢᠯ ᠠᠯᠳᠠᠭᠰᠠᠨ ᠳᠠᠭᠠᠳᠬᠠᠯ ᠤᠨ ᠮᠥᠩᠭᠦ ᠶᠢ ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠃ |