︽5·1︾ ᠤ ᠠᠮᠠᠷᠠᠯᠲᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠵᠢᠭᠤᠯᠴᠢᠯᠠᠬᠰᠠᠤᠨ 2.95 ᠳ᠋ᠦᠩᠰᠢᠭᠤᠷ ᠬᠥᠮᠥᠨ ᠤᠳᠠᠭ᠎ᠠ ᠳᠤ ᠭᠦᠷᠪᠡ
ᠨᠡᠶᠢᠲᠡᠯᠡᠭᠰᠡᠨ ᠴᠠᠭ᠄
2024/5/8
      2024 ᠣᠨ ᠤ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠪᠦᠭᠦ ᠤᠯᠤᠰ ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠪᠣᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ 6 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠳ᠋ᠠᠶᠢᠲ᠋ᠠ ᠶᠢᠨ ᠲᠥᠪ ᠤᠨ ᠲᠥᠰᠥᠭᠡᠯᠡᠨ ᠪᠤᠳᠤᠬᠰᠠᠨ ᠢᠶᠠᠷ᠂ ᠪᠦᠭᠦ ᠤᠯᠤᠰ ᠤᠨ ᠤᠯᠤᠰ ᠤᠨ ᠳᠣᠲᠣᠭᠠᠳᠤ ᠳᠤ ᠵᠢᠭᠤᠯᠴᠢᠯᠠᠭᠰᠠᠨ ᠬᠥᠮᠥᠨ ᠤ ᠲᠤᠭ᠎ᠠ ᠨᠡᠶᠢᠲᠡ 2.95 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 7.6% ᠪᠠᠷ ᠨᠡᠮᠡᠭᠳᠡᠨ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 2019 ᠣᠨ ᠤ ᠠᠳᠠᠯᠢ ᠬᠤᠭᠤᠴᠠᠭᠠᠨ ᠤ ᠬᠢ ᠠᠴᠠ 28.2% ᠢᠶᠠᠷ ᠨᠡᠮᠡᠭᠳᠡᠪᠡ; ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠤᠨ ᠵᠢᠭᠤᠯᠴᠢᠯᠠᠭᠰᠠᠨ ᠶᠡᠷᠦᠩᠬᠡᠢ ᠵᠠᠷᠤᠯᠭ᠎ᠠ 1668.9 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠵᠦ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 2019 ᠣᠨ ᠤ ᠠᠳᠠᠯᠢ ᠬᠤᠭᠤᠴᠠᠭᠠᠨ ᠤ  ᠬᠢ ᠠᠴᠠ 13.5% ᠪᠠᠷ ᠨᠡᠮᠡᠭᠳᠡᠪᠡ᠃     ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠡᠯᠪᠡᠭ ᠪᠠᠶᠠᠯᠢᠭ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠪᠦᠲᠦᠭᠡᠭᠳᠡᠬᠦᠨ ᠪᠠ ᠰᠣᠶᠣᠯ ᠤᠨ ᠠᠵᠢᠯᠯᠠᠭ᠎ᠠ ᠥᠷᠨᠢᠭᠦᠯᠵᠦ᠂ ᠵᠢᠭᠤᠯᠴᠢᠯᠠᠬᠰᠠᠳ ᠤᠨ ᠣᠯᠠᠨ ᠡᠰᠢᠵᠢᠯᠲᠡ ᠪᠠ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠬᠠᠩᠭᠠᠪᠠ᠃ ᠪᠦᠭᠦ ᠤᠯᠤᠰ ᠤᠨ ᠡᠯ᠎ᠡ ᠱᠠᠲᠤᠨ ᠤ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠥᠷᠲᠡᠭᠡ ᠶᠢ ᠦᠷᠭᠦᠯᠵᠢᠯᠡᠨ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠠᠮᠠᠷᠠᠯᠲᠠ ᠶᠢᠨ ᠡᠳᠦᠷ ᠤᠨ ᠣᠯᠠᠨ ᠨᠡᠶᠢᠲᠡ ᠶᠢᠨ ᠰᠣᠶᠣᠯ ᠤᠨ ᠦᠢᠯᠡᠳᠬᠦᠨ ᠤ ᠬᠠᠩᠭᠠᠯᠭ᠎ᠠ ᠶᠢᠨ ᠠᠵᠢᠯ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠶᠢᠲᠤᠷ ᠬᠢᠵᠦ᠂ ︽ᠲᠣᠰᠬᠤᠨ ᠤ ᠦᠳᠡᠰᠢᠯᠡᠭᠡ︾᠂ ᠠᠭᠤᠳᠠᠮ ᠲᠠᠯᠠᠪᠠᠶ ᠶᠢᠨ ᠪᠥᠵᠢᠭ᠂ ᠣᠯᠠᠨ ᠲᠦᠮᠡᠨ ᠤ ᠳᠠᠭᠤᠤ ᠵᠡᠷᠭᠡ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠪᠡ᠃ ᠰᠣᠶᠣᠯ ᠪᠠ ᠵᠢᠭᠤᠯᠴᠢᠯᠠᠯ ᠤᠨ ᠶᠠᠮᠤᠨ ︽5·19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠭᠤᠣᠯ ᠰᠡᠳᠦᠪᠲᠦ ᠰᠠᠷ᠎ᠠ ᠶᠢᠨ ᠠᠵᠢᠯᠯᠠᠭ᠎ᠠ ᠪᠠ ︽ᠪᠣᠯᠪᠠᠰᠤᠨ ᠵᠢᠭᠤᠯᠴᠢᠯᠠᠯ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠤᠨ ᠭᠤᠣᠯ ᠰᠡᠳᠦᠪᠲᠦ ᠠᠵᠢᠯᠯᠠᠭ᠎ᠠ ᠶᠢ ᠡᠬᠢᠯᠡᠭᠦᠯᠵᠦ᠂ ︽ᠵᠢᠭᠤᠯᠴᠢᠯᠠᠯ ᠤᠨ ᠳᠤᠮᠳᠠᠳᠤ ᠤᠯᠤᠰ ᠰᠠᠶᠢᠨ ᠰᠠᠶᠢᠬᠠᠨ ᠠᠮᠢᠳᠤᠷᠠᠯ︾ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠶᠢ ᠦᠷᠭᠦᠯᠵᠢᠯᠡᠨ ᠥᠷᠨᠢᠭᠦᠯᠪᠡ᠃     ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠪᠦᠲᠦᠮᠵᠢᠲᠡᠶ ᠪᠠᠳᠠᠷᠠᠭᠤᠯᠵᠤ᠂ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠶᠢ ᠳᠠᠶᠢᠴᠢᠯᠠᠪᠠ᠃ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠪᠦᠭᠦ ᠤᠯᠤᠰ ᠤᠨ ︽5·1︾ ᠤ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠭᠠᠷᠠᠭ ᠤᠨ ᠠᠵᠢᠯᠯᠠᠭ᠎ᠠ ᠶᠢ ᠡᠷᠭᠢᠯᠡᠵᠦ᠂ ᠳᠤᠮᠳᠠᠳᠤ ᠤᠯᠤᠰ ᠤᠨ ᠪᠠᠩᠬᠢ ᠶᠢᠨ ᠬᠤᠯᠪᠤᠭ᠎ᠠ ᠲᠠᠢ ᠬᠠᠮᠲᠤᠷᠠᠨ 2024 ᠣᠨ ᠤ ︽ᠵᠠᠭᠤᠨ ᠬᠤᠲᠠ ᠵᠠᠭᠤᠨ ᠲᠣᠭᠤᠷᠢᠭ︾ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠡᠶᠢᠲᠡᠯᠡᠪᠡ᠃     ᠰᠣᠶᠣᠯ ᠪᠠ ᠵᠢᠭᠤᠯᠴᠢᠯᠠᠯ ᠭᠦᠨᠵᠡᠭᠡᠢ ᠠᠭᠤᠰᠤᠯᠴᠠᠵᠤ᠂ ᠰᠥᠨᠢ ᠶᠢᠨ ᠠᠵᠤ ᠠᠬᠤᠢ ᠠᠮᠢᠵᠢᠷᠠᠯ ᠤᠨ ᠬᠦᠴᠦᠨ ᠢᠶᠠᠷ ᠪᠢᠯᠬᠠᠪᠠ᠃ ᠭᠠᠨᠰᠤ᠂ ᠵᠢᠶᠠᠩᠰᠤ᠂ ᠱᠠᠨᠰᠢ ᠵᠡᠷᠭᠡ ᠭᠠᠵᠠᠷ ᠤᠨ ᠬᠢᠨ ᠲᠣᠬᠯᠠᠯᠲᠠ᠂ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠤᠨ ᠥᠪ᠂ ᠠᠮᠲᠠᠲᠤ ᠢᠳᠡᠭᠡᠨ ᠵᠡᠷᠭᠡ ᠡᠯᠧᠮᠧᠨ᠋ᠲ ᠢ ᠵᠢᠭᠤᠯᠴᠢᠯᠠᠯ ᠲᠠᠢ ᠠᠭᠤᠰᠤᠯᠴᠠᠭᠤᠯᠪᠠ᠃ ᠬᠠᠭᠠᠨ ᠤ ᠣᠷᠳᠣᠨ ᠤ ᠮᠦᠽᠧᠢ᠂ ᠰᠠᠨ ᠰᠢᠩ ᠳ᠋ᠦᠢ ᠶᠢᠨ ᠮᠦᠽᠧᠢ᠂ ᠶᠢᠨ ᠤᠯᠤᠰ ᠤᠨ ᠪᠠᠭᠤᠷᠢ ᠶᠢᠨ ᠮᠦᠽᠧᠢ ᠵᠡᠷᠭᠡ ᠬᠠᠯᠠᠮᠰᠢᠯ ᠮᠦᠽᠧᠢ ᠶᠢᠨ ᠵᠢᠭᠤᠯᠴᠢᠯᠠᠬᠰᠠᠳ ᠤᠨ ᠲᠤᠭ᠎ᠠ ᠦᠷᠭᠦᠯᠵᠢᠯᠡᠨ ᠥᠨᠳᠥᠷ ᠪᠠᠶᠢᠷᠢ ᠪᠠᠨ ᠪᠠᠲᠤᠯᠠᠪᠠ᠃ ᠨᠢᠭᠡᠨᠲᠡ ᠬᠢᠨᠠᠨ ᠬᠡᠮᠵᠢᠯᠲᠡ ᠳᠤ ᠣᠷᠣᠭᠤᠯᠤᠭᠰᠠᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠰᠥᠨᠢ ᠶᠢᠨ ᠠᠶᠠᠨᠴᠢᠳ ᠤᠨ ᠲᠤᠭ᠎ᠠ 7257.58 ᠲᠦᠮᠡᠨ ᠬᠥᠮᠥᠨ ᠤᠳᠠᠭ᠎ᠠ ᠳᠤ ᠬᠦᠷᠴᠦ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ 2023 ᠣᠨ ᠤ ︽5·1︾ ᠤ ᠠᠮᠠᠷᠠᠯᠲᠠ ᠶᠢᠨ ᠬᠤᠭᠤᠴᠠᠭᠠᠨ ᠤ ᠠᠳᠠᠯᠢ ᠬᠤᠭᠤᠴᠠᠭᠠᠨ ᠤ  ᠬᠢ ᠠᠴᠠ 6.9% ᠪᠠᠷ ᠨᠡᠮᠡᠭᠳᠡᠪᠡ᠃     ᠠᠶᠠᠯᠠᠯ ᠤᠨ ᠱᠤᠭᠤᠮ ᠢ ᠰᠡᠷᠭᠦᠭᠡᠬᠦ᠂ ᠬᠢᠯᠢ ᠳᠤ ᠣᠷᠣᠬᠤ ᠳᠤ ᠲᠥᠭᠦᠮ ᠦᠵᠡᠭᠦᠯᠭᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠢᠴᠢ ᠸᠢᠰᠠ ᠶᠢ ᠬᠠᠷᠢᠯᠴᠠᠨ ᠬᠡᠯᠲᠦᠷᠢᠭᠦᠯᠬᠦ ᠤᠯᠤᠰ ᠤᠨ ᠲᠤᠭ᠎ᠠ ᠨᠡᠮᠡᠭᠳᠡᠬᠦ ᠶᠢ ᠳᠠᠭᠠᠯᠳᠤᠨ᠂ ᠬᠢᠯᠢ ᠪᠠᠷ ᠣᠷᠣᠵᠤ ᠭᠠᠷᠬᠤ ᠵᠢᠭᠤᠯᠴᠢᠯᠠᠯ ᠲᠦᠷᠭᠡᠨ ᠰᠡᠷᠭᠦᠪᠡ᠃ ᠰᠣᠶᠣᠯ ᠪᠠ ᠵᠢᠭᠤᠯᠴᠢᠯᠠᠯ ᠤᠨ ᠶᠠᠮᠤᠨ ᠤ ᠳ᠋ᠠᠶᠢᠲ᠋ᠠ ᠶᠢᠨ ᠲᠥᠪ ᠤᠨ ᠠᠶᠠᠨᠴᠢᠳ ᠤᠨ ᠶᠠᠪᠤᠵᠤ ᠰᠠᠭᠤᠬᠤ ᠬᠡᠮᠵᠢᠶ᠎ᠡ ᠶᠢᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠳᠤ ᠬᠠᠷᠠᠭᠤᠯᠤᠭᠰᠠᠨ ᠢᠶᠠᠷ᠂ ︽5·1︾  ᠤ ᠠᠮᠠᠷᠠᠯᠲᠠ ᠶᠢᠨ ᠬᠤᠭᠤᠴᠠᠭᠠᠨ ᠳᠤ ᠬᠢᠯᠢ ᠪᠠᠷ ᠣᠷᠣᠵᠤ ᠭᠠᠷᠬᠤ ᠵᠢᠭᠤᠯᠴᠢᠯᠠᠬᠰᠠᠳ ᠨᠡᠶᠢᠲᠡ 367.2 ᠲᠦᠮᠡᠨ ᠬᠥᠮᠥᠨ ᠤᠳᠠᠭ᠎ᠠ ᠳᠤ ᠬᠦᠷᠴᠡᠢ᠂ ᠡᠭᠦᠨ ᠳᠤ ᠬᠢᠯᠢ ᠪᠠᠷ ᠣᠷᠣᠵᠤ ᠢᠷᠡᠭᠰᠡᠨ ᠵᠢᠭᠤᠯᠴᠢᠯᠠᠬᠰᠠᠳ 177.5 ᠲᠦᠮᠡᠨ ᠬᠥᠮᠥᠨ ᠤᠳᠠᠭ᠎ᠠ ᠳᠤ ᠬᠦᠷᠴᠦ᠂ ᠬᠢᠯᠢ ᠠᠴᠠ ᠭᠠᠷᠤᠭᠰᠠᠨ ᠵᠢᠭᠤᠯᠴᠢᠯᠠᠬᠰᠠᠳ 189.7 ᠲᠦᠮᠡᠨ ᠬᠥᠮᠥᠨ ᠤᠳᠠᠭ᠎ᠠ ᠳᠤ ᠬᠦᠷᠴᠡᠢ᠃                 ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ︶
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ