ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ | ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠨᠡᠶᠢᠲᠡ 105.48 ᠲᠦᠮᠡᠨ ᠠᠶᠠᠨᠴᠢᠨ ︵ᠤᠳᠠᠭ᠎ᠠ︶ ᠵᠥᠭᠡᠭᠡᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ | ᠤ ᠬᠢ ᠠᠴᠠ 5.65% ᠪᠠᠷ ᠨᠡᠮᠡᠭᠳᠡᠪᠡ᠃ ᠡᠭᠦᠨ ᠳᠤ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠪᠣᠯᠣᠨ ᠵᠠᠰᠠᠮᠠᠯ ᠵᠠᠮ ᠤᠨ ᠠᠶᠠᠨᠴᠢᠳ ᠤᠨ | ᠵᠥᠭᠡᠭᠡᠪᠦᠷᠢ ᠶᠢᠨ ᠬᠡᠮᠵᠢᠶ᠎ᠡ ᠲᠤᠰ ᠲᠤᠰ 71.19 ᠲᠦᠮᠡᠨ ᠬᠥᠮᠥᠨ ᠤᠳᠠᠭ᠎ᠠ ᠪᠠ 13.89 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠲᠤᠰ ᠲᠤᠰ 13.17% ᠪᠠ 1.46% ᠪᠠᠷ ᠨᠡᠮᠡᠭᠳᠡᠵᠠᠢ; ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ | ᠵᠥᠭᠡᠭᠡᠪᠦᠷᠢ ᠶᠢᠨ ᠬᠡᠮᠵᠢᠶ᠎ᠡ 20.4 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.24% ᠪᠠᠷ ᠪᠠᠭᠤᠷᠠᠪᠠ᠃ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠪᠦᠭᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ | ᠤᠨ ᠬᠢᠨ ᠠᠶᠠᠨᠴᠢᠳ ᠤᠨ ᠤᠷᠤᠰᠬᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠵᠥᠭᠡᠭᠡᠪᠦᠷᠢ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ | ᠲᠡᠮᠦᠷ ᠵᠠᠮ᠂ ᠵᠠᠰᠠᠮᠠᠯ ᠵᠠᠮ ᠪᠠ ᠠᠷᠠᠳ ᠤᠨ ᠠᠭᠠᠷ ᠤᠨ ᠲᠡᠭᠡᠭᠡᠪᠦᠷᠢ ᠶᠢ ᠪᠦᠲᠦᠮᠵᠢᠲᠡᠶ ᠵᠣᠯᠭᠠᠭᠤᠯᠵᠤ᠂ ᠬᠥᠮᠥᠰ ᠤᠨ ᠶᠠᠪᠤᠵᠤ ᠰᠠᠭᠤᠬᠤ ︽ᠡᠴᠦᠰ ᠤᠨ ᠨᠢᠭᠡ | ᠺᠢᠯᠣᠮᠧᠲᠷ︾ ᠢ ᠰᠠᠭᠠᠳ ᠦᠭᠡᠢ ᠨᠡᠪᠲᠡᠷᠡᠭᠦᠯᠪᠠ; ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠂ ᠴᠠᠭ ᠠᠭᠤᠷ ᠤᠨ ᠰᠠᠯᠠᠭ᠎ᠠ ᠮᠥᠴᠢᠷ ᠵᠢᠴᠢ ᠰᠦᠢᠳᠬᠡᠯ | ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠯᠦᠭᠡ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠥᠳᠡᠯᠦᠩᠭᠦᠢ ᠪᠠᠷ | ᠬᠢᠨᠠᠨ ᠰᠢᠨᠵᠢᠵᠦ᠂ ᠭᠤᠣᠯᠳᠠᠯᠭ᠎ᠠ ᠲᠠᠢ ᠴᠠᠭ ᠬᠤᠭᠤᠴᠠᠭ᠎ᠠ ᠪᠠ ᠭᠤᠣᠯᠳᠠᠯᠭ᠎ᠠ ᠲᠠᠢ ᠵᠠᠮ ᠤᠨ ᠬᠡᠰᠡᠭ ᠢ ᠠᠩᠬᠠᠷᠤᠨ᠂ ᠰᠦᠢᠳᠬᠡᠯ ᠬᠤᠷᠢᠶᠠᠬᠤ ᠥᠷᠲᠡᠭᠡ ᠶᠢ ᠰᠠᠭᠠᠳ | ᠦᠭᠡᠢ ᠨᠡᠪᠲᠡᠷᠡᠭᠦᠯᠬᠦ ᠶᠢ ᠴᠢᠩᠭᠠᠳᠬᠠᠵᠤ᠂ ᠪᠦᠭᠦ ᠣᠷᠣᠨ ᠤ ᠵᠠᠮ ᠤᠨ ᠲᠣᠣᠷ ᠤᠨ ᠶᠡᠷᠦᠩᠬᠡᠢ ᠳᠡᠭᠡᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠠᠢ; ᠦᠶᠡᠷ ᠤᠨ | ᠬᠤᠭᠤᠴᠠᠭᠠᠨ ᠤ ᠠᠵᠢᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠵᠠᠰᠠᠮᠠᠯ ᠵᠠᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠵᠠᠮ ᠲᠡᠭᠡᠭᠡᠪᠦᠷᠢ ᠵᠡᠷᠭᠡ | ᠭᠤᠣᠯᠳᠠᠯᠭ᠎ᠠ ᠲᠠᠢ ᠬᠦᠷᠢᠶᠡᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠨᠡᠶᠢᠲᠡ 2458 ᠬᠥᠮᠥᠨ ᠤᠳᠠᠭ᠎ᠠ ᠶᠢᠨ | ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠵᠦ᠂ 209 ᠠᠵᠤ ᠠᠬᠤᠶᠢᠯᠠᠯ ᠢ ᠪᠠᠶᠢᠴᠠᠭᠠᠨ᠂ 124 ᠭᠡᠮ ᠰᠣᠭᠤᠭ ᠢ ᠴᠡᠭᠴᠡᠯᠡᠨ ᠰᠠᠶᠢᠵᠢᠷᠠᠭᠤᠯᠪᠠ; | ᠵᠢᠷᠭᠢᠶ᠎ᠡ ᠶᠢᠨ ᠣᠯᠠᠨ ᠨᠡᠶᠢᠲᠡ ᠶᠢᠨ ᠲᠠᠪᠴᠠᠩ᠂ ᠰᠢᠭᠤᠳ ᠨᠡᠪᠲᠡᠷᠡᠭᠦᠯᠭᠡ ᠵᠡᠷᠭᠡ ᠠᠷᠭ᠎ᠠ ᠭᠡᠯᠪᠡᠷᠢ ᠪᠠᠷ ᠳᠠᠮᠵᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ | ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠣᠯᠠᠨ ᠨᠡᠶᠢᠲᠡ ᠶᠢᠨ ᠠᠶᠠᠯᠠᠯ ᠵᠢᠭᠤᠯᠴᠢᠯᠠᠯ ᠤᠨ ᠣᠷᠭᠢᠯ ᠬᠤᠭᠤᠴᠠᠭ᠎ᠠ ᠶᠢ | ᠵᠥᠷᠢᠭᠦᠯᠦᠨ ᠭᠠᠳᠠᠭᠰᠢ ᠭᠠᠷᠬᠤ ᠶᠢ ᠬᠥᠲᠥᠯᠥᠨ ᠵᠢᠯᠣᠭᠤᠳᠴᠠᠢ᠃ ᠡᠭᠦᠨ ᠤ ᠬᠠᠮᠲᠤ 12328᠂ 12345 ᠵᠡᠷᠭᠡ ᠦᠢᠯᠡᠴᠢᠯᠡᠭᠡᠨ ᠤ ᠬᠠᠯᠠᠮᠰᠢᠯ ᠤᠲᠠᠰᠤ ᠶᠢᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠨᠡᠶᠢᠲᠡ 523 ᠬᠤᠪᠢ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠰᠡᠨ ᠠᠵᠢᠯ ᠤᠨ ᠬᠠᠭᠤᠳᠠᠰᠤ ᠶᠢ ᠭᠥᠯᠢᠶᠡᠨ | ᠠᠪᠴᠠᠢ᠃ ᠡᠭᠦᠨ ᠳᠤ 277 ᠬᠤᠪᠢ ᠶᠢ ᠨᠢ ᠨᠢᠭᠡᠨᠲᠡ ᠰᠢᠢᠳᠪᠦᠷᠢᠯᠡᠵᠦ ᠳᠠᠭᠤᠰᠬᠠᠨ᠂ 246 ᠬᠤᠪᠢ ᠶᠢ ᠨᠢ ᠶᠠᠭ ᠰᠢᠢᠳᠪᠦᠷᠢᠯᠡᠵᠦ ᠪᠠᠶᠢᠨ᠎ᠠ᠃ |