ᠦᠰᠦᠭ ᠪᠢᠴᠢᠭ ᠢᠶᠠᠷ ᠦᠬᠦᠯᠡᠬᠦᠢ᠄ ︽ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠨᠥᠯᠥᠭᠡᠯᠡᠬᠦ 3 ᠡᠯᠧᠮᠧᠨ᠋ᠲ︾
ᠨᠡᠶᠢᠲᠡᠯᠡᠭᠰᠡᠨ ᠴᠠᠭ᠄
2024/6/25
      ᠠ᠄ ᠶᠠᠭᠤᠨ ᠳᠤ ᠪᠢ ᠠᠳᠠᠯᠢ ᠪᠤᠰᠤ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠬᠦ ᠳᠤ ᠲᠠᠩᠰᠠ ᠲᠠᠶᠢᠯᠬᠤ ᠬᠠᠷᠢᠴᠠᠯ ᠨᠢ ᠵᠦᠷᠢᠶ᠎ᠡ ᠲᠠᠢ ᠪᠠᠶᠢᠳᠠᠭ ᠪᠣᠢ︖      ᠡ᠄ ᠡᠪᠦᠭᠡ᠂ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠠᠷᠢᠴᠠᠯ ᠢ ᠨᠥᠯᠦᠭᠡᠯᠡᠬᠦ ᠳᠤ ᠭᠤᠣᠯᠳᠠᠭᠤ 3 ᠡᠯᠧᠮᠧᠨ᠋ᠲ ᠪᠠᠶᠢᠨ᠎ᠠ ᠰᠢᠦ︕ ᠪᠢ ᠲᠠᠨ ᠳᠤ ᠰᠠᠶᠢᠨ ᠲᠦᠭᠡᠮᠡᠯᠵᠢᠭᠦᠯᠵᠦ ᠥᠭᠭᠦᠶ᠎ᠡ︕      1. ᠳᠠᠭᠠᠳᠬᠠᠯ ᠳᠤ ᠣᠷᠣᠬᠤ ᠳᠠᠭᠠᠳᠬᠠᠯ ᠤᠨ ᠵᠦᠢᠯ      ᠳᠠᠭᠠᠳᠬᠠᠯ ᠳᠤ ᠣᠷᠣᠬᠤ ᠳᠠᠭᠠᠳᠬᠠᠯ ᠤᠨ ᠲᠥᠷᠥᠯ ᠵᠦᠢᠯ ᠤᠨ ᠳᠠᠩᠰᠠ ᠲᠠᠶᠢᠯᠬᠤ ᠬᠠᠷᠢᠴᠠᠯ ᠨᠢ ᠠᠳᠠᠯᠢ ᠪᠤᠰᠤ ᠪᠠᠶᠢᠳᠠᠭ᠃ ᠣᠳᠣᠬᠠᠨ ᠳᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠭᠡᠵᠦ ᠬᠤᠪᠢᠶᠠᠨ᠎ᠠ᠂ ᠡᠨᠡ ᠬᠤᠶᠠᠷ ᠳᠠᠭᠠᠳᠬᠠᠯ ᠤᠨ ᠲᠥᠷᠥᠯ ᠨᠢ ᠳᠠᠭᠠᠳᠬᠠᠯ ᠳᠤ ᠣᠷᠣᠯᠴᠠᠬᠤ ᠪᠠ ᠪᠡᠯᠡ ᠴᠤᠭᠯᠠᠭᠤᠯᠬᠤ ᠲᠠᠯ᠎ᠠ ᠪᠠᠷ ᠮᠠᠰᠢ ᠶᠡᠭᠡ ᠵᠥᠷᠢᠶ᠎ᠡ ᠲᠠᠢ ᠶᠤᠮ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠢ ᠨᠢᠭᠡ ᠰᠠᠷ᠎ᠠ ᠳᠤ ᠨᠢᠭᠡ ᠲᠤᠰᠢᠶᠠᠵᠤ᠂ ᠵᠢᠯ ᠪᠦᠷᠢ ᠳᠤᠮᠳᠠᠴᠢ ᠪᠠᠷ ᠬᠡᠳᠦᠨ ᠮᠢᠩᠭᠠᠨ ᠲᠥᠭᠦᠷᠢᠭ ᠤᠨ ᠰᠦᠢᠳᠬᠡᠯ ᠲᠤᠰᠢᠶᠠᠳᠠᠭ ᠪᠠᠶᠢᠨ᠎ᠠ᠂ ᠬᠠᠷᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠨᠢᠭᠡ ᠵᠢᠯ ᠳᠤ ᠨᠢᠭᠡ ᠲᠤᠰᠢᠶᠠᠵᠤ᠂ ᠵᠢᠯ ᠳᠤᠮᠳᠠᠴᠢ ᠶᠢᠨ ᠰᠦᠢᠳᠬᠡᠯ ᠬᠡᠳᠦᠨ ᠵᠠᠭᠤᠨ ᠲᠥᠭᠦᠷᠢᠭ ᠲᠤᠰᠢᠶᠠᠳᠠᠭ᠂ ᠡᠶᠢᠮᠦ ᠠᠴᠠ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠠᠷᠠᠭᠠᠯᠵᠠᠯ ᠤᠨ ᠲᠠᠯ᠎ᠠ ᠪᠠᠷ ᠵᠥᠷᠢᠶ᠎ᠡ ᠲᠠᠢ ᠪᠠᠶᠢᠳᠠᠭ᠃ ᠠᠳᠠᠯᠢ ᠨᠢᠭᠡᠨ ᠲᠣᠭᠲᠠᠭᠰᠠᠨ ᠴᠢᠭ ᠤᠨ ᠡᠮᠴᠢᠯᠡᠭᠡᠨ ᠤ ᠪᠠᠶᠢᠭᠤᠯᠤᠮᠵᠢ ᠳᠤ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠳᠠᠩᠰᠠᠨ ᠠᠴᠠ ᠲᠠᠶᠢᠯᠬᠤ ᠬᠠᠷᠢᠴᠠᠯ ᠨᠢ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠠᠴᠠ ᠥᠨᠳᠥᠷ ᠪᠠᠶᠢᠳᠠᠭ ᠪᠠᠶᠢᠨ᠎ᠠ᠃            ᠠ᠄ ᠪᠣᠣ ᠳᠡᠭᠦᠦ ᠮᠢᠨᠢ᠂ ᠡᠮᠡᠭᠡ ᠶᠢ ᠬᠠᠪᠰᠤᠷᠤᠨ ᠡᠨᠡ ᠵᠢᠯ ᠤᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠢ ᠲᠤᠰᠢᠶᠠᠵᠤ ᠥᠭᠭᠦᠨ᠎ᠡ ᠦᠦ︖      ᠡ᠄ ᠲᠡᠭᠡᠶ᠎ᠡ᠂  ᠲᠠ ᠭᠠᠷ ᠤᠲᠠᠰᠤ ᠪᠠᠨ ᠨᠠᠳᠠᠳᠤ ᠥᠭᠭᠦᠭᠡᠷᠡᠢ᠃            2. ᠡᠪᠡᠳᠴᠢᠨ ᠦᠵᠡᠭᠦᠯᠬᠦ ᠡᠮᠨᠡᠯᠭᠡ ᠶᠢᠨ ᠬᠤᠷᠢᠶ᠎ᠠ      ᠡᠪᠡᠳᠴᠢᠨ ᠦᠵᠡᠭᠦᠯᠬᠦ ᠡᠮᠨᠡᠯᠭᠡ ᠶᠢᠨ ᠬᠤᠷᠢᠶ᠎ᠠ ᠶᠢᠨ ᠳᠠᠩᠰᠠ ᠲᠠᠶᠢᠯᠬᠤ ᠬᠠᠷᠢᠴᠠᠯ ᠨᠢ ᠠᠳᠠᠯᠢ ᠪᠤᠰᠤ᠃ ᠠᠳᠠᠯᠢ ᠨᠢᠭᠡᠨ ᠪᠡᠶ᠎ᠡ ᠭᠠᠷᠤᠯ ᠪᠦᠬᠦᠢ ᠳᠠᠭᠠᠳᠬᠠᠯ ᠳᠤ ᠣᠷᠣᠯᠴᠠᠭᠴᠢ ᠠᠳᠠᠯᠢ ᠪᠤᠰᠤ ᠵᠡᠷᠭᠡ ᠲᠠᠰ ᠤᠨ  ᠡᠮᠴᠢᠯᠡᠭᠡᠨ ᠤ ᠪᠠᠶᠢᠭᠤᠯᠤᠮᠵᠢ ᠳᠤ ᠪᠤᠶ ᠪᠣᠯᠤᠭᠰᠠᠨ ᠡᠮᠴᠢᠯᠡᠭᠡᠨ ᠤ ᠵᠠᠷᠤᠳᠠᠯ ᠂ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠬᠠᠷᠢᠴᠠᠯ ᠨᠢ ᠵᠥᠷᠢᠶ᠎ᠡ ᠲᠠᠢ ᠪᠠᠶᠢᠳᠠᠭ᠃ ᠡᠩ ᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠬᠤᠶᠠᠳᠤᠭᠠᠷ ᠲᠠᠰ ᠤᠨ ᠡᠮᠴᠢᠯᠡᠭᠡᠨ ᠤ ᠪᠠᠶᠢᠭᠤᠯᠤᠮᠵᠢ᠂ ᠭᠤᠷᠪᠠᠳᠤᠭᠠᠷ ᠲᠠᠰ ᠤᠨ ᠡᠮᠴᠢᠯᠡᠭᠡᠨ ᠤ ᠪᠠᠶᠢᠭᠤᠯᠤᠮᠵᠢ ᠠᠴᠠ ᠥᠨᠳᠥᠷ ᠪᠠᠶᠢᠳᠠᠭ᠃ ᠰᠢᠶᠣᠣ ᠪᠤᠤ ᠠᠳᠡ ᠲᠠ ᠣᠯᠠᠨ ᠳᠤ ᠰᠠᠨᠠᠭᠤᠯᠬᠤ ᠨᠢ᠂ ᠪᠠᠭ᠎ᠠ ᠡᠪᠡᠳᠴᠢᠨ ᠪᠠᠶᠢᠪᠠᠯ ᠨᠡᠢᠭᠡᠮ ᠲᠣᠭᠤᠷᠢᠭ ᠤᠨ ᠡᠮᠨᠡᠯᠭᠡ ᠶᠢᠨ ᠬᠤᠷᠢᠶᠠᠨ ᠳᠤ ᠣᠴᠢᠵᠤ᠂ ᠬᠦᠨᠳᠦ ᠡᠪᠡᠳᠴᠢᠨ  ᠪᠠᠶᠢᠪᠠᠯ ᠬᠤᠶᠠᠳᠤᠭᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠳᠤ ᠣᠴᠢᠬᠤ ᠨᠢ ᠵᠦᠢᠲᠡᠢ᠂ ᠢᠯᠡᠭᠦᠦ ᠳᠠᠩᠰᠠ ᠲᠠᠶᠢᠯᠵᠤ ᠪᠠᠭ᠎ᠠ ᠵᠣᠭᠤᠰ ᠵᠠᠷᠤᠨ᠎ᠠ ᠰᠢᠦ᠂ ᠪᠠᠰᠠ ᠳᠥᠭᠦᠮ ᠲᠦᠷᠭᠡᠨ︕      ᠠ᠄ ︽  ᠪᠠᠭ᠎ᠠ ᠡᠪᠡᠳᠴᠢᠨ ᠢ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶᠠᠨ ᠳᠤ ᠣᠴᠢᠵᠤ ᠦᠵᠡᠭᠦᠯᠵᠦ᠂ ᠶᠡᠭᠡ ᠡᠪᠡᠳᠴᠢᠨ ᠢ ᠬᠤᠶᠠᠳᠤᠭᠠᠷ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠳᠤ ᠣᠴᠢᠵᠤ ᠦᠵᠡᠭᠦᠯᠪᠡᠯ ᠦᠨᠡᠬᠡᠷ ᠠᠷᠪᠢᠨ ᠲᠠᠶᠢᠯᠵᠤ ᠪᠠᠭ᠎ᠠ ᠵᠣᠭᠤᠰ ᠵᠠᠷᠤᠬᠤ ᠶᠤᠮ᠂ ᠪᠠᠰᠠ ᠮᠠᠰᠢ ᠳᠥᠭᠦᠮ︕︾       ᠡ᠄ ᠲᠡᠶᠢᠮᠦ ᠡ︕ ᠮᠢᠨᠤ ᠪᠠᠭ᠎ᠠ ᠬᠢᠮᠤᠷᠠᠭ᠎ᠠ ᠵᠥᠪᠬᠡᠨ ᠨᠡᠢᠭᠡᠮ ᠲᠣᠭᠤᠷᠢᠭ ᠤᠨ ᠡᠮᠨᠡᠯᠭᠡ ᠶᠢᠨ ᠬᠤᠷᠢᠶᠠᠨ ᠳᠤ ᠣᠴᠢᠵᠤ ᠦᠵᠡᠭᠦᠯᠦᠭᠰᠡᠨ ᠶᠤᠮ᠂ ᠳᠠᠩᠰᠠ‌ᠠᠷᠪᠢᠨ ᠲᠠᠶᠢᠯᠤᠭᠰᠠᠨ ᠰᠢᠦ︕      3. ᠳᠠᠭᠠᠳᠬᠠᠯ ᠳᠤ ᠣᠷᠣᠯᠴᠠᠬᠤ ᠭᠠᠵᠠᠷ      ᠳᠠᠭᠠᠳᠬᠠᠯ ᠳᠤ ᠣᠷᠣᠭᠰᠠᠨ ᠭᠠᠵᠠᠷ ᠤᠨ ᠳᠠᠩᠰᠠ ᠲᠠᠶᠢᠯᠬᠤ ᠬᠠᠷᠢᠴᠠᠯ ᠨᠢ ᠠᠳᠠᠯᠢ ᠦᠭᠡᠢ᠃ ᠡᠮᠴᠢᠯᠡᠭᠡ ᠶᠢᠨ ᠳᠠᠭᠠᠳᠬᠠᠯ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠢ ᠬᠡᠷᠡᠭᠵᠢᠭᠦᠯᠵᠦ᠂ ᠡᠯ᠎ᠡ ᠨᠢᠭᠡᠳᠦᠯᠲᠡᠶ ᠲᠥᠯᠥᠪᠯᠡᠬᠦ ᠣᠷᠣᠨ ᠤ ᠠᠵᠤ ᠠᠬᠤᠶ ᠶᠢᠨ ᠬᠢᠷᠢ ᠬᠡᠮᠵᠢᠶ᠎ᠡ ᠪᠠ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠢᠷᠢ ᠬᠡᠮᠵᠢᠶ᠎ᠡ ᠨᠢ ᠠᠳᠠᠯᠢ ᠥᠬᠡᠶ ᠪᠣᠯᠬᠤᠷ ᠡᠯ᠎ᠡ ᠭᠠᠵᠠᠷ ᠤᠨ ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠤᠨ ᠲᠣᠭᠲᠠᠭᠠᠯ ᠨᠢ ᠴᠦ ᠠᠳᠠᠯᠢ ᠥᠬᠡᠶ ᠪᠠᠶᠢᠳᠠᠭ᠃ ᠡᠭᠦᠨ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠰᠠᠳ ᠤᠨ ᠳᠠᠭᠠᠳᠬᠠᠯ ᠳᠤ ᠣᠷᠣᠯᠴᠠᠭᠰᠠᠨ ᠭᠠᠵᠠᠷ ᠲᠤ ᠡᠮᠨᠡᠭᠦᠯᠬᠦ ᠪᠠ ᠣᠨᠳᠣᠤ ᠭᠠᠵᠠᠷ ᠲᠤ ᠡᠮᠨᠡᠭᠦᠯᠬᠦ᠂ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠨᠢ ᠴᠦ ᠠᠳᠠᠯᠢ ᠥᠬᠡᠶ ᠪᠠᠶᠢᠳᠠᠭ᠃ ᠳᠠᠭᠠᠳᠬᠠᠯ ᠳᠤ ᠣᠷᠣᠯᠴᠠᠭᠰᠠᠨ ᠪᠣᠳᠠᠲᠠᠶ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠠᠴᠠ ᠠᠰᠠᠭᠤᠨ ᠯᠠᠪᠯᠠᠵᠤ ᠪᠣᠯᠤᠨ᠎ᠠ᠃      ᠠ᠄ ᠶᠣᠣ᠂ ᠤᠰᠤ ᠬᠥᠷᠥᠰᠥ ᠨᠢ ᠳᠠᠭᠠᠬᠤ ᠦᠭᠡᠢ  ᠪᠣᠯᠣᠭᠰᠠᠨ ᠪᠠᠶᠢᠬ᠎ᠠ ᠁ ᠡᠮᠨᠡᠯᠭᠡ ᠳᠤ ᠣᠴᠢᠶ᠎ᠠ᠃      ᠡ᠄ ᠲᠠ ᠣᠨᠳᠣᠣ ᠭᠠᠵᠠᠷ ᠡᠮᠨᠡᠭᠦᠯᠵᠦ ᠪᠠᠶᠢᠨ᠎ᠠ᠂ ᠳᠠᠩᠰᠠᠨ ᠠᠴᠠ ᠲᠠᠶᠢᠯᠬᠤ ᠬᠠᠷᠢᠴᠠᠯ ᠨᠢ ᠲᠠᠨ ᠤ ᠲᠤᠬᠠᠢ ᠶᠢᠨ ᠭᠠᠵᠠᠷ ᠤᠨ ᠬᠢ ᠲᠠᠢ ᠠᠳᠠᠯᠢ ᠦᠭᠡᠢ ᠪᠠᠶᠢᠵᠤ ᠮᠠᠭᠠᠳ ᠦᠭᠡᠢ ᠰᠢᠦ᠃      ᠠ᠄ ᠵᠠ᠂ ᠣᠶᠢᠯᠭᠠᠯ᠎ᠠ᠃   
ᠢᠷᠡᠯᠲᠡ᠄ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ