ᠰᠢᠶᠠᠨ ᠤ ᠠᠬᠠᠮᠠᠳ ᠺᠠᠳ᠋ᠷ ᠳ᠋ᠧᠩᠺᠸᠤ ᠶᠢᠨ ᠬᠤᠸᠠᠯᠠᠶᠢᠱᠢ ᠭᠤᠸᠠ ᠶᠢᠨ ᠤᠨᠴᠠᠯᠢᠬᠳᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 26 ᠤ ᠡᠳᠦᠷ᠂ ᠰᠢᠶᠠᠨ ᠤ ᠠᠬᠠᠮᠠᠳ ᠺᠠᠳ᠋ᠷᠴᠤᠳ ᠪᠠᠶᠠᠨᠭᠤᠣᠯ ᠪᠠᠯᠭᠠᠰᠤᠨ ᠳᠤ ᠬᠦᠷᠴᠦ ᠳ᠋ᠧᠩᠺᠸᠤ ᠶᠢᠨ ᠬᠤᠸᠠᠯᠠᠶᠢᠱᠢ ᠭᠤᠸᠠ ᠶᠢᠨ ᠤᠨᠴᠠᠯᠢᠬᠳᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠷᠦᠢ᠂ ᠪᠠᠶᠠᠨᠭᠤᠣᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠽᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠠᠬᠠᠮᠠᠳ ᠺᠠᠳ᠋ᠷᠴᠤᠳ ᠳ᠋ᠧᠩᠺᠸᠤ ᠶᠢᠨ ᠬᠤᠸᠠᠯᠠᠶᠢᠱᠢ ᠭᠤᠸᠠ ᠶᠢᠨ ᠤᠨᠴᠠᠯᠢᠬᠳᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠰᠣᠨᠣᠰᠬᠤ ᠠᠷᠭ᠎ᠠ ᠬᠡᠯᠪᠡᠷᠢ ᠪᠠᠷ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠬᠤᠸᠠᠯᠠᠶᠢᠱᠢ ᠭᠤᠸᠠ ᠶᠢᠨ ᠤᠶᠤᠨᠲᠤ ᠬᠦᠯᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠭᠤᠸᠠ ᠶᠢᠨ ᠣᠳᠣᠬᠠᠨ ᠤ ᠲᠠᠷᠢᠵᠤ ᠪᠣᠷᠣᠯᠠᠭᠤᠯᠤᠭᠰᠠᠨ ᠪᠠᠶᠢᠳᠠᠯ ᠵᠢᠴᠢ ᠬᠤᠸᠠᠯᠠᠶᠢᠱᠢ ᠭᠤᠸᠠ ᠶᠢᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠪᠣᠯᠤᠨ ᠬᠤᠸᠠᠯᠠᠶᠢᠱᠢ ᠶᠢᠨ ᠦᠯᠢᠭᠡᠷ ᠢ ᠨᠠᠷᠢᠨ ᠣᠶᠢᠯᠠᠭᠠᠪᠠ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠡᠮᠵᠢᠨ᠂ ᠠᠬᠠᠮᠠᠳ ᠺᠠᠳ᠋ᠷᠴᠤᠳ ᠬᠤᠸᠠᠯᠠᠶᠢᠱᠢ ᠭᠤᠸᠠ ᠶᠢᠨ ᠤᠨᠴᠠᠯᠢᠬᠳᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠬᠤᠸᠠᠯᠠᠶᠢᠱᠢ ᠭᠤᠸᠠ ᠶᠢᠨ ᠠᠵᠤ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃      ᠠᠬᠠᠮᠠᠳ ᠺᠠᠳ᠋ᠷᠴᠤᠳ ᠢᠯᠡᠷᠬᠡᠶᠢᠯᠡᠭᠰᠡᠨ ᠨᠢ᠂ ᠪᠠᠶᠠᠨᠭᠤᠣᠯ ᠪᠠᠯᠭᠠᠰᠤ ᠡᠨᠡ ᠬᠦ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠤᠨᠴᠠᠯᠢᠬᠳᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠨᠡᠩ ᠰᠠᠶᠢᠲᠤᠷ ᠪᠠᠶᠢᠭᠤᠯᠬᠤ ᠪᠠᠷ ᠴᠢᠷᠮᠠᠶᠢᠵᠤ᠂ ᠳ᠋ᠧᠩᠺᠸᠤ ᠰᠢᠶᠠᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠯᠬᠢᠭᠴᠢ ᠪᠣᠯᠬᠤ ᠪᠠᠷ ᠴᠢᠷᠮᠠᠶᠢᠨ᠎ᠠ᠃

1.jpg

   

ᠢᠷᠡᠯᠲᠡ᠄ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ