︽ᠪᠠᠶᠠᠨᠨᠠᠭᠤᠷ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2024/7/22
     2024 ᠣᠨ ᠤ 6 ᠰᠠᠷ᠎ᠠ ᠶᠢᠨ 27 ᠤ ᠡᠳᠦᠷ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠠᠶᠠᠨᠨᠠᠭᠤᠷ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2024 ᠣᠨ ᠤ ᠬᠡᠪᠯᠡᠯ︶︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃     ᠨᠢᠭᠡ᠂ ᠶᠠᠭᠤᠨ ᠳᠤ ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠵᠠᠰᠠᠪᠤᠷᠢ ᠣᠷᠣᠭᠤᠯᠬᠤ ᠬᠡᠷᠡᠭᠲᠡᠶ ᠪᠤᠶ︖     2024 ᠣᠨ ᠳᠤ᠂ ᠠᠮᠢ ᠠᠬᠤᠶ ᠣᠷᠴᠢᠨ ᠲᠣᠭᠤᠷᠢᠨ ᠤ ᠶᠠᠮᠤᠨ ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠵᠢᠯᠣᠭᠤᠳᠬᠤ ᠰᠠᠨᠠᠯ︾᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠳᠠᠷᠤᠮᠠᠯᠯᠠᠨ ᠲᠠᠷᠬᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠦᠷᠢᠮ ᠢ ᠰᠢᠯᠢᠳᠡᠭᠵᠢᠭᠦᠯᠬᠦ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠠᠵᠢᠯ ᠢ ᠵᠢᠷᠤᠮᠵᠢᠭᠤᠯᠬᠤ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠬᠤ ᠵᠡᠷᠭᠡ ᠱᠠᠭᠠᠷᠳᠠᠯᠭ᠎ᠠ ᠶᠢ ᠳᠤᠷᠠᠳᠪᠠ᠃ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠪᠠᠶᠠᠨᠨᠠᠭᠤᠷ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠣᠨ ᠤ ᠬᠡᠪᠯᠡᠯ︶︾ ᠳᠤ ᠳᠠᠬᠢᠨ ᠵᠠᠰᠠᠪᠤᠷᠢ ᠣᠷᠣᠭᠤᠯᠪᠠ᠃     ᠬᠤᠶᠠᠷ᠂ ︽ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠶᠠᠮᠠᠷ ᠶᠠᠮᠠᠷ ᠭᠤᠣᠯ ᠠᠭᠤᠯᠭ᠎ᠠ ᠪᠠᠶᠢᠬᠤ ᠪᠣᠢ︖     ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠨᠠᠢᠮᠠᠨ ᠬᠡᠰᠡᠭ ᠪᠠᠭᠲᠠᠨ᠎ᠠ᠃     ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ ᠪᠣᠯᠣᠨ᠎ᠠ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠪᠡᠯᠡᠳᠬᠡᠯ ᠲᠥᠰᠦᠯ ᠤᠨ ᠰᠢᠰᠲ᠋ᠧᠮ ᠪᠠ ᠠᠵᠢᠯ ᠤᠨ ᠵᠠᠷᠴᠢᠮ ᠢ ᠲᠣᠳᠣᠷᠬᠠᠶᠢᠯᠠᠪᠠ᠃     ᠬᠤᠶᠠᠳᠤᠭᠠᠷ ᠬᠡᠰᠡᠭ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠦᠷᠢᠯᠳᠦᠯ᠃ ᠬᠤᠲᠠ ᠶᠢᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠲᠡᠭᠦᠨ ᠤ ᠠᠯᠪᠠᠨ ᠭᠡᠷ ᠤᠨ ᠪᠦᠷᠢᠯᠳᠦᠭᠦᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠰᠢᠭᠤ ᠰᠢᠶᠠᠨ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠭᠦᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃     ᠭᠤᠷᠪᠠᠳᠤᠭᠠᠷ ᠬᠡᠰᠡᠭ ᠢ ᠤᠷᠢᠳᠴᠢᠯᠠᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠭᠡᠵᠦ ᠬᠤᠪᠢᠶᠠᠨ᠎ᠠ᠃ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠣᠷᠣᠨ ᠬᠤᠪᠢᠶᠠᠨ ᠬᠠᠮᠢᠶᠠᠷᠬᠤ᠂ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠣᠬᠢᠷᠠᠭᠤᠯᠤᠯᠲᠠ ᠬᠢᠬᠦ ᠪᠠ ᠬᠦᠴᠦᠨ ᠥᠬᠡᠶ ᠪᠣᠯᠭᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠬᠢᠨᠠᠨ ᠵᠥᠪᠰᠢᠶᠡᠷᠡᠬᠦ ᠳᠤ ᠬᠠᠮᠢᠶ᠎ᠠ ᠪᠥᠬᠦᠶ ᠲᠣᠭᠲᠠᠭᠠᠯ ᠭᠠᠷᠭᠠᠪᠠ᠃     ᠳᠥᠷᠪᠡᠳᠦᠭᠡᠷ ᠬᠡᠰᠡᠭ ᠢ ᠪᠠᠴᠢᠮ ᠪᠠᠶᠢᠳᠠᠯ ᠢ ᠠᠷᠭᠠᠴᠠᠭᠠᠬᠤ ᠳᠠᠭᠠᠬᠤ ᠭᠡᠵᠦ ᠬᠤᠪᠢᠶᠠᠨ᠎ᠠ᠃ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠲᠠᠰ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠢ ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠶᠢ ᠬᠤᠯᠪᠣᠭᠠᠯᠠᠨ ᠬᠥᠳᠡᠯᠦᠯᠴᠡᠬᠦ᠂ ᠮᠡᠳᠡᠭᠡ ᠵᠠᠩᠭᠢ ᠶᠢ ᠢᠯᠡ ᠪᠣᠯᠭᠠᠬᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠢ ᠵᠣᠭᠰᠣᠭᠠᠬᠤ ᠠᠵᠢᠯ ᠢ ᠲᠣᠳᠣᠷᠬᠠᠶ ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠷᠭ᠎ᠠ ᠬᠡᠮᠵᠢᠶ᠎ᠡ ᠶᠢᠨ ᠲᠤᠬᠠᠶ ᠶᠡᠷᠦᠩᠬᠡᠶ ᠱᠠᠭᠠᠷᠳᠠᠯᠭ᠎ᠠ ᠳᠤᠷᠠᠳᠤᠭᠰᠠᠨ ᠪᠥᠭᠡᠳ ᠲᠠᠰ ᠬᠤᠪᠢᠶᠠᠨ ᠳᠠᠭᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ᠃     ᠲᠠᠪᠤᠳᠤᠭᠠᠷ ᠬᠡᠰᠡᠭ ᠨᠢ ᠳ᠋ᠦᠩᠨᠡᠯᠲᠡ ᠦᠨᠡᠯᠡᠯᠲᠡ ᠪᠣᠯᠣᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠢ ᠡᠬᠢᠯᠡᠭᠦᠯᠵᠦ᠂ ᠬᠡᠷᠡᠭᠵᠢᠭᠦᠯᠵᠦ᠂ ᠵᠣᠭᠰᠣᠭᠠᠭᠠᠳ ᠣᠯᠤᠭᠰᠠᠨ ᠦᠷ᠎ᠡ ᠳ᠋ᠦᠩ ᠳᠤ ᠪᠦᠬᠦ ᠲᠠᠯ᠎ᠠ ᠶᠢᠨ ᠳ᠋ᠦᠩᠨᠡᠯᠲᠡ ᠬᠢᠵᠦ ᠦᠨᠡᠯᠡᠨ ᠵᠢᠱᠢᠯᠲᠡ ᠬᠢᠬᠦ ᠬᠡᠷᠡᠭᠲᠡᠶ᠃     ᠵᠢᠷᠭᠤᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠵᠠᠷᠤᠳᠠᠯ᠂ ᠠᠶᠤᠯᠭᠦᠶ ᠦᠢᠯᠡᠳᠪᠦᠷᠢᠯᠡᠯ᠂ ᠴᠢᠳᠠᠪᠤᠷᠢ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠᠲᠤᠯᠠᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃     ᠳᠣᠯᠣᠳᠤᠭᠠᠷ ᠬᠡᠰᠡᠭ ᠨᠢ ᠬᠢᠨᠠᠯᠲᠠ ᠬᠠᠮᠢᠶᠠᠷᠤᠯᠲᠠ ᠪᠣᠯᠤᠨ᠎ᠠ᠃ ᠣᠯᠠᠨ ᠨᠡᠶᠢᠲᠡ ᠶᠢᠨ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃     ᠨᠠᠢᠮᠠᠳᠤᠭᠠᠷ ᠬᠡᠰᠡᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠃ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠵᠢᠴᠢ ᠬᠡᠷᠡᠭᠵᠢᠭᠦᠯᠬᠦ ᠴᠠᠭ ᠤᠨ ᠲᠤᠬᠠᠶ ᠲᠣᠳᠣᠷᠬᠠᠶᠢᠯᠠᠯᠲᠠ ᠬᠢᠪᠠ᠃     ᠭᠤᠷᠪᠠ᠂ ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠳᠤ ᠨᠡᠮᠡᠯᠲᠡ᠂ ᠥᠭᠡᠷᠡᠴᠢᠯᠡᠯᠲᠡ ᠣᠷᠣᠭᠤᠯᠪᠠ     ︵ᠨᠢᠭᠡ︶ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠶᠢ ᠲᠣᠬᠢᠷᠠᠭᠤᠯᠪᠠ      ᠲᠣᠰ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ᠨᠡᠮᠡᠵᠦ᠂ ᠰᠢᠷ᠎ᠠ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ︾ ᠤᠨ 200 ᠪᠠᠶᠢᠭᠰᠠᠨ ᠠᠴᠠ ᠨᠢ 2 ᠡᠳᠦᠷ ︵ᠤᠷᠢᠳᠴᠢᠯᠠᠨ ᠲᠥᠰᠦᠭᠡᠯᠡᠭᠰᠡᠨ ᠡᠳᠦᠷ AQI︶ ᠤ 150 ᠴᠠᠭ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ᠎ᠡ᠂ ᠲᠡᠷᠡᠴᠢᠯᠡᠨ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠥᠯᠥ ᠬᠥᠷᠬᠦ ᠴᠠᠭ︾ ᠭᠡᠵᠦ ᠲᠣᠬᠢᠷᠠᠭᠤᠯᠪᠠ︔ ᠤᠯᠠᠪᠤᠷ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠭᠰᠡᠨ ᠡᠳᠦᠷ ᠤᠨ AQI ᠡᠳᠦᠷ ᠤᠨ ᠳᠤᠮᠳᠠᠴᠢ ᠬᠡᠮᠵᠢᠭᠳᠡᠯ ᠳᠤ ᠬᠦᠷᠦᠭᠡᠳᠦᠢ ᠪᠠᠶᠢᠶ᠎ᠠ︾ ᠭᠡᠵᠦ ᠲᠣᠬᠢᠷᠠᠭᠤᠯᠪᠠ︔ ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠳᠤ ᠬᠦᠷᠬᠦ︶ 200 ᠬᠡᠪᠴᠢᠶᠡᠨ ᠳᠤ 4 ᠡᠳᠦᠷ ︵96 ᠴᠠᠭ︶ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ᠎ᠡ᠂ ᠡᠰᠡᠬᠦᠯ᠎ᠡ ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠨᠢ 500 ᠪᠣᠯᠪᠠ᠃ ᠡᠭᠦᠨ ᠤ ᠬᠠᠮᠲᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠢ 24 ᠴᠠᠭ ᠤᠨ ᠡᠮᠦᠨ᠎ᠡ ᠨᠡᠶᠢᠲᠡᠯᠡᠵᠦ᠂ 48 ᠴᠠᠭ ᠪᠣᠯᠭᠠᠨ ᠲᠣᠬᠢᠷᠠᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠬᠦ ᠳᠤ ᠭᠦᠢᠴᠡᠳ ᠪᠡᠯᠡᠳᠬᠡᠯ ᠴᠠᠭ ᠬᠠᠩᠭᠠᠵᠤ᠂ ᠬᠦᠨᠳᠦ ᠪᠣᠬᠢᠷᠲᠤᠯ ᠲᠠᠢ ᠶᠠᠪᠤᠴᠠ ᠬᠦᠷᠴᠦ ᠢᠷᠡᠬᠦ ᠠᠴᠠ ᠡᠮᠦᠨ᠎ᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ︵ᠬᠤᠶᠠᠷ︶ ᠣᠷᠣᠨ ᠬᠤᠪᠢᠶᠠᠨ ᠬᠠᠮᠢᠶᠠᠷᠬᠤ ᠣᠷᠣᠨ ᠢ ᠰᠢᠯᠢᠳᠡᠭᠵᠢᠭᠦᠯᠦᠨ ᠲᠣᠬᠢᠷᠠᠭᠤᠯᠪᠠ     ᠬᠦᠨᠳᠦ ᠪᠣᠬᠢᠷᠲᠤᠯ ᠲᠠᠢ ᠴᠠᠭ ᠠᠭᠤᠷ ᠢ ᠣᠨᠣᠪᠴᠢᠲᠠᠶ ᠠᠷᠭᠠᠴᠠᠬᠤ ᠶᠢᠨ ᠲᠥᠯᠥᠭᠡ᠂ 2019 - 2023 ᠣᠨ ᠤ ᠳᠤᠮᠳᠠ ᠳᠡᠰ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠲᠠᠢ ᠴᠠᠭ ᠠᠭᠤᠷ ᠢᠯᠡᠷᠡᠭᠰᠡᠨ ᠤᠳᠠᠭ᠎ᠠ ᠵᠢᠴᠢ ᠨᠡᠯᠢᠶᠡᠳ ᠶᠡᠭᠡ ᠬᠡᠪᠴᠢᠶᠡᠨ ᠤ ᠪᠣᠬᠢᠷᠲᠤᠯ ᠤᠨ ᠶᠠᠪᠤᠴᠠ ᠶᠢᠨ ᠬᠠᠮᠢᠶ᠎ᠠ ᠪᠦᠬᠦᠢ ᠬᠤᠰᠢᠭᠤ ᠰᠢᠶᠠᠨ ᠳᠤ ᠦᠵᠡᠭᠦᠯᠬᠦ ᠨᠥᠯᠥᠭᠡ ᠶᠢᠨ ᠬᠡᠮᠵᠢᠶ᠎ᠡ ᠶᠢ ᠦᠨᠳᠦᠰᠦᠯᠡᠨ᠂ ᠲᠣᠰ ᠤᠳᠠᠭᠠᠨ ᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠭᠰᠠᠨ ᠲᠠᠯ᠎ᠠ ᠪᠠᠷ ᠰᠢᠨ᠎ᠡ ᠪᠠᠷ ᠨᠡᠮᠡᠭᠳᠡᠭᠰᠡᠨ ᠣᠷᠣᠨ ᠪᠦᠰᠡ ᠶᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃     ᠣᠷᠣᠨ ᠪᠦᠰᠡ ᠶᠢᠨ ᠨᠢᠭᠡᠳᠦᠭᠡᠷ᠄ ᠯᠢᠨ ᠾᠧ ᠲᠣᠭᠤᠷᠢᠭ᠂ ᠦᠶᠤᠸᠠᠨ ᠰᠢᠶᠠᠨ᠂ ᠤᠷᠠᠳ ᠤᠨ ᠡᠮᠦᠨᠡᠲᠦ ᠬᠤᠰᠢᠭᠤ᠂ ᠳ᠋ᠧᠩᠺᠸᠤ ᠰᠢᠶᠠᠨ᠃     ᠣᠷᠣᠨ ᠪᠦᠰᠡ ᠶᠢᠨ ᠬᠤᠶᠠᠷ᠄ ᠬᠠᠩᠭᠢᠨ ᠬᠤᠶᠢᠲᠤ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤ᠃     ︵ᠭᠤᠷᠪᠠ︶ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠴᠤᠪᠤᠷᠠᠯ ᠢ ᠲᠡᠭᠦᠯᠳᠡᠷᠵᠢᠭᠦᠯᠪᠡ     ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ︽ᠠᠮᠢ ᠠᠬᠤᠶ ᠣᠷᠴᠢᠨ ᠲᠣᠭᠤᠷᠢᠨ ᠤ ᠶᠠᠮᠤᠨ᠂ ᠳᠤᠮᠳᠠᠳᠤ ᠤᠯᠤᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠶᠡᠷᠦᠩᠬᠡᠶ ᠥᠷᠲᠡᠭᠡ ᠶᠢᠨ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠥᠪ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠥᠯᠢᠶᠡᠨ ᠠᠪᠬᠤ ᠦᠶ᠎ᠡ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠪᠤᠶᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ︶ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠰᠡᠷᠡᠮᠵᠢᠯᠡᠭᠦᠯᠬᠦ ᠰᠠᠨᠠᠭᠤᠯᠤᠮᠵᠢ ᠶᠢᠨ ᠮᠡᠳᠡᠭᠡ ᠵᠠᠩᠭᠢ ᠶᠢ ᠦᠨᠳᠦᠰᠦᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠰᠡᠷᠡᠮᠵᠢᠯᠡᠭᠦᠯᠬᠦ ᠲᠠᠰ ᠪᠠ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠴᠠᠭ ᠢ ᠲᠤᠬᠠᠶ ᠶᠢᠨ ᠭᠠᠵᠠᠷ ᠤᠨ ᠲᠥᠰᠦᠭᠡᠯᠡᠵᠦ ᠤᠷᠢᠳᠴᠢᠯᠠᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠲᠣᠭᠲᠠᠭᠠᠬᠤ ᠥᠬᠡᠶ᠃     ︵ᠲᠦᠷᠪᠡ︶ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠵᠢᠷᠤᠮᠵᠢᠭᠤᠯᠪᠠ     1. ︽ᠣᠽᠣᠨ ︵O3︶ ᠤ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ︾ ᠤᠨ ᠠᠷᠭ᠎ᠠ ᠬᠡᠮᠵᠢᠶ᠎ᠡ ᠠᠪᠬᠤ ᠴᠢᠬᠤᠯᠠᠲᠠᠶ ᠡᠷᠡᠭᠦᠯ ᠮᠡᠨᠳᠦ ᠶᠢᠨ ᠬᠠᠮᠠᠭᠠᠯᠠᠯᠲᠠ᠂ ᠰᠠᠨᠠᠭᠠᠴᠢᠯᠠᠭ᠎ᠠ ᠶᠢᠨ ᠴᠢᠨᠠᠷᠲᠠᠶ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠴᠢ ᠠᠯᠪᠠᠳᠠᠯᠭ᠎ᠠ ᠶᠢᠨ ᠴᠢᠨᠠᠷᠲᠠᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠥᠬᠦᠪᠥᠷᠢᠯᠡᠨ᠎ᠡ᠃     2. ᠵᠦᠷᠢᠶᠡᠴᠢᠯᠡᠭᠰᠡᠨ ᠲᠠᠰ ᠬᠤᠪᠢᠶᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠥᠬᠦᠪᠥᠷᠢᠯᠡᠵᠦ᠂ ︽ᠵᠦᠷᠢᠶᠡᠴᠢᠯᠡᠭᠰᠡᠨ ᠲᠠᠰ ᠬᠤᠪᠢᠶᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠳᠡᠰ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠢᠯᠠᠯ ᠳᠤ ᠪᠣᠯ ᠵᠠᠷᠴᠢᠮ ᠳᠡᠭᠡᠷ᠎ᠡ ᠪᠠᠨ ᠦᠢᠯᠡᠳᠪᠦᠷᠢᠯᠡᠬᠦ ᠶᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠥᠬᠡᠢ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ B ᠳᠡᠰ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠢᠯᠠᠯ ᠳᠤ ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠨᠢ ᠪᠠᠭᠠᠰᠬᠠᠬᠤ ᠬᠡᠷᠡᠭᠲᠡᠢ᠄ ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠨᠢ ᠳᠣᠣᠷ᠎ᠠ ᠠᠵᠤ ᠦᠢᠯᠡᠳᠪᠦᠷᠢ ᠶᠢᠨ ᠠᠵᠤ ᠠᠬᠤᠢᠯᠠᠯ ᠳᠤ ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢ ᠲᠠᠢ ᠠᠵᠤ ᠠᠬᠤᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠭᠠᠷᠪᠠᠯ ᠪᠣᠬᠢᠷᠲᠤᠯ ᠭᠠᠳᠠᠭᠰᠢᠯᠠᠭᠤᠯᠬᠤ ᠠᠷᠭ᠎ᠠ ᠬᠡᠮᠵᠢᠶ᠎ᠡ ᠠᠪᠬᠤ ᠶᠢ ᠨᠢ ᠵᠣᠷᠢᠭᠵᠢᠭᠤᠯᠬᠤ ᠬᠡᠷᠡᠭᠲᠡᠢ᠃     ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ᠪᠠᠶᠠᠨᠨᠠᠭᠤᠷ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ ᠢ ᠳᠠᠷᠤᠮᠠᠯᠯᠠᠨ ᠶᠠᠪᠤᠭᠤᠯᠬᠤ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ