ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ︾ ᠬᠦᠷᠲᠡᠭᠰᠡᠳ ᠢ ᠰᠠᠶᠢᠰᠢᠶᠠᠨ ᠬᠥᠬᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ
ᠨᠡᠶᠢᠲᠡᠯᠡᠭᠰᠡᠨ ᠴᠠᠭ᠄
2024/7/23
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ            ᠥᠪᠥᠷ ᠵᠠᠰᠠᠭ ᠦᠰᠦᠭ ﹇2024﹈ 8 ᠳ᠋ᠤᠭᠠᠷ ᠲᠣᠭᠠᠲᠤ    ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ︾ ᠬᠦᠷᠲᠡᠭᠰᠡᠳ ᠢ    ᠰᠠᠶᠢᠰᠢᠶᠠᠨ ᠬᠥᠬᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ᠤᠷ᠎ᠠ ᠮᠡᠷᠭᠡᠰᠢᠯᠳᠦ ᠴᠢᠳᠠᠪᠤᠷᠢᠲᠠᠨ ᠪᠣᠯ ᠴᠢᠳᠠᠪᠤᠷᠢᠲᠠᠨ ᠤ ᠡᠩᠨᠡᠭᠡ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ ᠤᠯᠤᠰ ᠤᠨ ᠦᠢᠯᠡᠳᠬᠡᠯ᠂ ᠳᠤᠮᠳᠠᠳᠤ ᠤᠯᠤᠰ ᠤᠨ ᠡᠭᠦᠳᠦᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠪᠣᠯᠣᠨ᠎ᠠ᠃ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠢᠭᠡ ᠪᠦᠯᠦᠭ ᠳᠡᠭᠡᠳᠦ ᠤᠷ᠎ᠠ ᠮᠡᠷᠬᠡᠰᠢᠯᠲᠦ ᠴᠢᠳᠠᠪᠤᠷᠢᠲᠠᠨ ᠤ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠬᠥᠳᠡᠯᠮᠦᠷᠢ ᠢᠷᠠᠭᠤ ᠠᠯᠳᠠᠷᠲᠠᠢ᠂ ᠤᠷ᠎ᠠ ᠮᠡᠷᠭᠡᠰᠢᠯ ᠡᠷᠬᠢᠮ ᠨᠠᠨᠳᠢᠨ᠂ ᠡᠭᠦᠳᠦᠯᠲᠡ ᠠᠭᠤᠤ ᠶᠡᠭᠡ ᠬᠡᠮᠡᠭᠰᠡᠨ ᠴᠠᠭ ᠦᠶ᠎ᠡ ᠶᠢᠨ ᠬᠡᠪ ᠰᠤᠷᠲᠠᠯ ᠢ ᠪᠠᠳᠠᠷᠠᠭᠤᠯᠤᠨ᠂ ᠪᠥᠬᠦ ᠣᠷᠣᠨ ᠤ ᠤᠷ᠎ᠠ ᠮᠡᠷᠬᠡᠰᠢᠯᠲᠦ ᠴᠢᠳᠠᠪᠤᠷᠢᠲᠠᠨ ᠤ ᠡᠷᠡᠮᠡᠬᠡᠶᠢᠯᠡᠨ ᠤᠷᠤᠭᠰᠢᠯᠠᠵᠤ᠂ ᠭᠠᠪᠢᠶ᠎ᠠ ᠪᠠᠶᠢᠭᠤᠯᠤᠨ ᠦᠢᠯᠡᠰ ᠴᠣᠭᠴᠠᠯᠠᠬᠤ ᠶᠢ ᠬᠥᠲᠥᠯᠥᠨ ᠵᠢᠯᠤᠭᠤᠳᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ︾ ᠢ ᠲᠣᠬᠢᠷᠠᠭᠤᠯᠵᠤ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠰᠠᠶᠢᠰᠢᠶᠠᠨ ᠬᠥᠬᠢᠭᠦᠯᠬᠦ ᠳᠤ ᠲᠣᠬᠢᠷᠠᠭᠤᠯᠤᠨ ᠬᠡᠷᠡᠭᠯᠡᠬᠦ ᠪᠠᠷ ᠪᠣᠯᠪᠠ᠃ ᠬᠢᠨᠠᠨ ᠦᠨᠡᠯᠡᠵᠦ ᠵᠠᠷᠯᠠᠨ ᠨᠡᠶᠢᠲᠡᠯᠡᠬᠦ ᠵᠡᠷᠭᠡ ᠭᠤᠭᠴᠤᠭ᠎ᠠ ᠪᠠᠷ ᠳᠠᠮᠵᠢᠭᠠᠳ᠂ ᠵᠠᠩ ᠸᠧᠨ ᠪᠢᠨ ᠵᠡᠷᠭᠡ 10 ᠬᠥᠮᠥᠨ ᠢ ᠰᠠᠶᠢᠰᠢᠶᠠᠨ ᠬᠥᠬᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ︾ ᠤᠨ ᠴᠣᠯᠠ ᠣᠯᠭᠤᠬᠤ ᠪᠠᠷ ᠲᠣᠭᠲᠠᠪᠠ᠃    ᠰᠠᠶᠢᠰᠢᠶᠠᠨ ᠬᠥᠬᠢᠭᠦᠯᠦᠭᠳᠡᠭᠰᠡᠨ ᠬᠥᠮᠥᠰ ᠢᠷᠠᠭᠤ ᠠᠯᠳᠠᠷ ᠢᠶᠠᠨ ᠨᠠᠨᠳᠢᠩᠨᠠᠵᠤ᠂ ᠴᠤᠴᠠᠯᠲᠠ ᠦᠭᠡᠢ ᠴᠢᠷᠮᠠᠶᠢᠨ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠵᠣᠷᠢᠭᠲᠠᠢ ᠪᠠᠷ ᠰᠢᠨ᠎ᠡ ᠶᠢ ᠡᠭᠦᠳᠦᠨ᠂ ᠮᠡᠷᠭᠡᠰᠢᠯ ᠤᠯᠠᠮᠵᠢᠯᠠᠨ ᠬᠥᠮᠥᠨ ᠬᠥᠮᠥᠵᠢᠭᠦᠯᠬᠦ ᠳᠤ ᠪᠠᠨ ᠴᠢᠳᠠᠮᠠᠭᠠᠶᠢᠷᠠᠨ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠰᠢᠨ᠎ᠡ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠪᠥᠬᠦ ᠣᠷᠣᠨ ᠤ ᠥᠷᠭᠡᠨ ᠣᠯᠠᠨ ᠬᠥᠳᠡᠯᠮᠦᠷᠢᠴᠢᠳ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ︾ ᠬᠦᠷᠲᠡᠭᠴᠢ ᠪᠠᠷ ᠳᠠᠭᠤᠷᠢᠶᠠᠯ ᠪᠣᠯᠭᠠᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠭᠠᠪᠰᠢᠭᠠᠶᠢᠯᠠᠵᠤ ᠭᠠᠷᠮᠠᠭᠠᠶᠢᠯᠠᠬᠤ ᠶᠢ ᠬᠥᠭᠡᠭᠡᠴᠡᠯᠳᠦᠨ᠂ ᠤᠷ᠎ᠠ ᠮᠡᠷᠭᠡᠰᠢᠯ ᠢᠶᠠᠷ ᠢᠶᠠᠨ ᠴᠢᠳᠠᠪᠤᠷᠢᠵᠢᠵᠤ᠂ ᠤᠷ᠎ᠠ ᠮᠡᠷᠭᠡᠰᠢᠯ ᠢᠶᠠᠷ ᠢᠶᠠᠨ ᠤᠯᠤᠰ ᠲᠤ ᠪᠠᠨ ᠵᠢᠳᠬᠦᠯ ᠭᠠᠷᠭᠠᠬᠤ ᠵᠠᠮ ᠢᠶᠠᠷ ᠵᠠᠮᠨᠠᠭᠤᠯᠬᠤ ᠪᠠᠷ ᠤᠷᠢᠶᠠᠯᠠᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠨ ᠤᠷ᠎ᠠ ᠮᠡᠷᠭᠡᠰᠢᠯᠳᠦ ᠴᠢᠳᠠᠪᠤᠷᠢᠲᠠᠨ᠂ ᠬᠠᠰᠢᠷ ᠭᠠᠷ ᠤᠷᠠᠨ ᠳᠠᠷᠬᠠᠳ ᠪᠠ ᠲᠣᠮᠣ ᠤᠯᠤᠰ ᠤᠨ ᠤᠷᠠᠨ ᠳᠠᠷᠬᠠᠳ ᠢ ᠬᠥᠮᠥᠵᠢᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠷ᠎ᠠ ᠮᠡᠷᠭᠡᠰᠢᠯᠳᠦ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ︕    ᠳᠠᠭᠠᠯᠳᠤᠭᠤᠯᠤᠯ᠄ ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ︾ ᠬᠦᠷᠲᠡᠭᠰᠡᠳ ᠤᠨ ᠨᠡᠷᠡᠰ    2024 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    ᠳᠠᠭᠠᠯᠳᠤᠭᠤᠯᠤᠯ    ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ︾ ᠬᠦᠷᠲᠡᠭᠰᠡᠳ ᠤᠨ ᠨᠡᠷᠡᠰ
QQ图片20240723192918.jpg  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ