ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | | ᠥᠪᠥᠷ ᠵᠠᠰᠠᠭ ᠲᠠᠷᠬᠠᠭᠠᠭᠰᠠᠨ ︹2024︺ 6 ᠳ᠋ᠤᠭᠠᠷ ᠲᠣᠭᠠᠲᠤ | | | | | | ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ | ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠲᠣᠳᠣᠷᠬᠠᠢ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠤᠷᠤᠭᠰᠢᠯᠠᠨ | ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠲᠣᠳᠣᠷᠬᠠᠢ ᠬᠠᠭᠤᠳᠠᠰᠤ︾ ᠶᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠰᠠᠶᠢᠲᠤᠷ ᠠᠳᠬᠤᠰᠤᠭᠠᠢ᠃ ︽ | ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ ᠲᠦᠷᠭᠡᠨ ᠤᠷᠤᠭᠰᠢᠯᠠᠬᠤ ᠲᠣᠭᠲᠠᠭᠤᠨ ᠪᠠᠶᠢᠯᠭᠠᠬᠤ ᠶᠢᠨ ᠳᠠᠭᠠᠤ | ᠰᠢᠯᠢᠳᠡᠭᠵᠢᠨ ᠤᠷᠤᠭᠰᠢᠯᠠᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ | ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ | ᠥᠪᠥᠷ ᠵᠠᠰᠠᠭ ᠲᠠᠷᠬᠠᠭᠠᠭᠰᠠᠨ ︹2023︺ 3 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | 2024 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ | ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ | | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ | ᠪᠠᠶᠢᠯᠭᠠᠬᠤ ᠶᠢᠨ ᠳᠠᠭᠠᠤ ᠤᠷᠤᠭᠰᠢᠯᠠᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠬᠠᠨᠳᠤᠭᠤᠯᠤᠨ | ᠬᠦᠴᠦ ᠪᠠᠨ ᠲᠥᠪᠯᠡᠷᠡᠭᠦᠯᠵᠦ ᠪᠠᠶᠢᠭᠠᠳ ᠰᠠᠶᠢᠲᠤᠷ ᠬᠢᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠦᠷᠦ | ᠲᠠᠷᠬᠠᠭᠠᠭᠰᠠᠨ ︹2023︺ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠦ ᠲᠦᠷᠦ ᠶᠢᠨ ᠪᠣᠳᠣᠯᠭ᠎ᠠ ᠶᠢᠨ | ᠲᠣᠳᠣᠷᠬᠠᠢ ᠬᠠᠭᠤᠳᠠᠰᠤ ᠶᠢ ᠳᠤᠷᠠᠳᠪᠠ᠃ | ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠤᠨ᠎ᠠ | ︵ᠨᠢᠭᠡ︶ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭᠠᠳᠬᠠᠨ᠎ᠠ᠃ | 1. ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠠᠵᠢᠯᠯᠠᠭᠠᠨ ᠢ | ᠬᠡᠷᠡᠭᠵᠢᠭᠦᠯᠵᠦ᠂ ᠠᠮᠤ ᠪᠤᠳᠠᠭ᠎ᠠ ᠢᠳᠡᠰᠢᠨ ᠲᠣᠰᠣ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠂ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ | ᠳᠡᠭᠡᠭᠰᠢᠯᠡᠭᠦᠯᠵᠦ᠂ ᠣᠨᠴᠠᠯᠢᠭᠲᠤ ᠲᠠᠷᠢᠮᠠᠯ ᠤᠨ ᠤᠨᠠᠯᠲᠠ ᠵᠢᠴᠢ ᠦᠷ᠎ᠡ ᠠᠰᠢᠭ ᠢ ᠳᠡᠭᠡᠭᠰᠢᠯᠡᠭᠦᠯᠦᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠢ ᠲᠣᠭᠲᠠᠭᠤᠨ ᠪᠥᠭᠡᠳ ᠠᠮᠤᠷ ᠲᠦᠪᠰᠢᠨ ᠢᠶᠠᠷ ᠬᠠᠩᠭᠠᠬᠤ ᠴᠢᠳᠠᠪᠤᠷᠢ ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ︹ ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | 2. ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 710 ᠲᠦᠮᠡᠨ ᠮᠦ ᠠᠴᠠ ᠳᠡᠭᠡᠭᠰᠢ ᠣᠯᠬᠤ ᠪᠠᠷ ᠢᠳᠡᠪᠬᠢᠯᠡᠨ ᠴᠢᠷᠮᠠᠶᠢᠨ᠎ᠠ᠃ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ | ᠲᠦᠩᠯᠢᠶᠣᠣ ᠬᠤᠲᠠ᠂ ᠤᠯᠠᠭᠠᠨᠬᠠᠳᠠ ᠬᠤᠲᠠ ᠶᠢᠨ ᠬᠢᠨ 2130 ᠲᠦᠮᠡᠨ ᠮᠦ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ | ᠬᠡᠷᠡᠭᠵᠢᠭᠦᠯᠬᠦ ᠶᠢ ᠨᠢ ᠳᠡᠮᠵᠢᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ ︺ | 3. ᠤᠯᠤᠰ ᠤᠨ ᠬᠤᠵᠢᠷᠯᠢᠭ ᠭᠠᠵᠠᠷ ᠵᠡᠷᠭᠡ ᠲᠠᠷᠢᠶᠠᠯᠠᠬᠤ ᠭᠠᠵᠠᠷ ᠤᠨ ᠨᠥᠭᠡᠴᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢ ᠥᠷᠨᠢᠭᠦᠯᠵᠦ᠂ | ᠬᠤᠵᠢᠷᠯᠢᠭ ᠭᠠᠵᠠᠷ ᠢ ᠠᠯᠬᠤᠮ ᠠᠯᠬᠤᠮ ᠢᠶᠠᠷ ᠨᠡᠭᠡᠭᠡᠨ ᠠᠰᠢᠭᠯᠠᠵᠤ᠂ ᠬᠤᠵᠢᠷᠰᠢᠭᠰᠠᠨ ᠲᠠᠷᠢᠶᠠᠯᠠᠬᠤ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠂ | ᠬᠤᠵᠢᠷᠰᠢᠭᠰᠠᠨ ᠲᠠᠷᠢᠶᠠᠯᠠᠬᠤ ᠭᠠᠵᠠᠷ ᠲᠤ ᠤᠰᠤᠨ ᠲᠤᠲᠤᠷᠭ᠎ᠠ᠂ ᠰᠢᠰᠢ ᠵᠡᠷᠭᠡ ᠳᠠᠪᠤᠰᠤᠨ ᠳᠤ ᠳᠠᠭᠠᠭᠠᠮᠠᠭᠠᠢ ᠲᠠᠷᠢᠮᠠᠯ ᠲᠠᠷᠢᠬᠤ ᠶᠢ ᠳᠡᠯᠭᠡᠷᠡᠭᠦᠯᠦᠨ᠎ᠡ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︺ | ︵ᠬᠤᠶᠠᠷ︶ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ | 4. 1.4 ᠳ᠋ᠦᠩᠰᠢᠭᠤᠷ ᠲᠥᠭᠦᠷᠢᠭ ᠲᠣᠬᠢᠷᠠᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ ︺ | 5. ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ | ᠢᠨᠵᠧᠨᠧᠷᠢᠩ ᠢ ᠥᠷᠨᠢᠭᠦᠯᠦᠨ᠎ᠡ᠃ ︽5+N︾ ᠤᠨ ᠶᠡᠷᠦᠩᠬᠡᠢ ᠪᠠᠶᠢᠷᠢᠰᠢᠭᠤᠯᠤᠯᠲᠠ ᠶᠣᠰᠣᠭᠠᠷ᠂ ᠡᠪᠡᠰᠦᠨ ᠤ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ | ᠦᠬᠡᠷ᠂ ᠠᠯᠠᠰᠢᠨ ᠬᠤᠨᠢ᠂ ᠲᠥᠮᠥᠰᠥ ᠵᠡᠷᠭᠡ 5 ᠳᠠᠪᠠᠭᠤᠯᠢᠭᠲᠤ ᠬᠦᠷᠢᠶ᠎ᠡ ᠴᠠᠷᠠᠭ᠎ᠠ ᠪᠠ ᠡᠯᠳᠡᠪ ᠠᠮᠤ᠂ ᠢᠳᠡᠰᠢᠨ ᠨᠣᠭᠤᠭ᠎ᠠ᠂ ᠨᠡᠷᠡᠨ ᠬᠤᠸᠠᠷ᠂ ᠰᠢᠬᠢᠷ ᠯᠤᠤᠪᠠᠩ | ᠵᠡᠷᠭᠡ ᠣᠯᠠᠨ ᠭᠤᠣᠯᠳᠠᠯᠭᠠᠲᠤ ᠬᠦᠷᠢᠶ᠎ᠡ ᠴᠠᠷᠠᠭᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ | ᠢᠨᠵᠧᠨᠧᠷᠢᠩ᠂ ᠴᠢᠬᠤᠯᠠ ᠶᠡᠭᠡ ᠲᠤᠰᠬᠠᠢ ᠵᠦᠢᠯ ᠢᠶᠠᠷ ᠳᠡᠮᠵᠢᠬᠦ ᠶᠢ ᠦᠷᠭᠦᠯᠵᠢᠯᠡᠨ ᠴᠢᠩᠭᠠᠳᠬᠠᠵᠤ᠂ ᠮᠢᠺᠷᠣᠪ᠂ ᠣᠨᠴᠠᠯᠢᠭᠲᠤ ᠮᠠᠯ ᠵᠢᠭᠦᠷᠲᠡᠨ᠂ ᠲᠠᠷᠢᠮᠠᠯ | ᠵᠡᠷᠭᠡ ᠶᠢᠨ ᠦᠷ᠎ᠡ ᠡᠭᠦᠯᠳᠡᠷ ᠤᠨ ᠦᠢᠯᠡᠰ ᠤᠨ ᠬᠦᠷᠢᠶ᠎ᠡ ᠴᠠᠷᠠᠭᠠᠨ ᠳᠠᠬᠢ ᠰᠤᠳᠤᠯᠭᠠᠨ ᠤ ᠴᠢᠭᠯᠡᠯ ᠢ ᠨᠡᠮᠡᠭᠳᠡᠭᠦᠯᠦᠨ᠎ᠡ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︺ | 6. ᠴᠢᠨᠠᠷᠯᠢᠭ ᠰᠠᠶᠢᠨ ᠦᠷ᠎ᠡ ᠡᠭᠦᠯᠳᠡᠷ ᠤᠨ ᠱᠠᠩᠨᠠᠬᠤ ᠲᠣᠭᠲᠠᠴᠠ ᠶᠢ ᠪᠠᠶᠢᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠪᠠᠶᠢᠭ᠎ᠠ | ᠲᠥᠮᠥᠰᠥ ᠶᠢᠨ ᠴᠢᠨᠠᠷ ᠰᠠᠶᠢᠲᠠᠢ ᠰᠢᠨ᠎ᠡ ᠦᠷ᠎ᠡ ᠡᠭᠦᠯᠳᠡᠷ ᠲᠤ᠂ ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 10 ᠲᠦᠮᠡᠨ ᠮᠦ ᠠᠴᠠ ᠳᠡᠭᠡᠭᠰᠢ ᠪᠠᠶᠢᠪᠠᠯ ᠨᠢᠭᠡ ᠯᠡ | ᠤᠳᠠᠭ᠎ᠠ ᠳᠤ 500 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ ; ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 30 ᠲᠦᠮᠡᠨ ᠮᠦ ᠠᠴᠠ ᠳᠡᠭᠡᠭᠰᠢ ᠪᠠᠶᠢᠪᠠᠯ ᠨᠢᠭᠡ | ᠯᠡ ᠤᠳᠠᠭ᠎ᠠ ᠳᠤ 1000 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ᠃ ᠤᠯᠤᠰ ᠤᠨ ᠬᠢᠨᠠᠨ ᠲᠣᠭᠲᠠᠭᠠᠯᠲᠠ ᠪᠠᠷ ᠪᠠᠲᠤᠯᠠᠭᠳᠠᠭᠰᠠᠨ ᠡᠷᠳᠡᠨᠢ ᠰᠢᠰᠢ᠂ ᠰᠢᠷ᠎ᠠ | ᠪᠤᠷᠴᠠᠭ ᠵᠡᠷᠭᠡ ᠡᠭᠦᠯᠳᠡᠷ ᠲᠦᠷᠦᠯ ᠪᠣᠯ ᠵᠦᠢᠯ ᠪᠦᠷᠢ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠱᠠᠩᠨᠠᠨ᠎ᠠ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | ︵ᠭᠤᠷᠪᠠ︶ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ | 7. ᠴᠢᠨᠠᠷ ᠰᠠᠶᠢᠲᠠᠢ ᠰᠦ ᠶᠢᠨ ᠢᠷᠡᠯᠲᠡ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠰᠢᠨ᠎ᠡ ᠪᠠᠷ ᠪᠠᠶᠢᠭᠤᠯᠤᠭᠰᠠᠨ᠂ | ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠰᠠᠭᠠᠯᠢ ᠶᠢᠨ ᠮᠠᠯ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠳᠤ ᠵᠣᠬᠢᠬᠤ ᠨᠡᠮᠡᠭᠦᠷᠢ ᠣᠯᠭᠤᠨ᠎ᠠ᠃ ᠰᠦ | ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠶᠠᠨ ᠳᠠᠶᠠᠭᠠᠷ ᠨᠢ ᠠᠬᠢᠭᠤᠯᠬᠤ ᠲᠥᠷᠥᠯ ᠵᠦᠢᠯ ᠳᠤ ᠰᠣᠩᠭᠤᠭᠳᠠᠭᠰᠠᠨ 100 — 3000 | ᠰᠠᠭᠠᠯᠢ ᠶᠢᠨ ᠮᠠᠯ ᠤᠨ ᠬᠡᠪᠴᠢᠶ᠎ᠡ ᠲᠠᠢ ᠲᠡᠵᠢᠭᠡᠨ ᠦᠷᠡᠵᠢᠭᠦᠯᠬᠦ ᠲᠠᠯᠠᠪᠠᠶ ᠳᠤ ᠮᠠᠯ ᠪᠡᠯᠴᠢᠭᠡᠷ ᠢ ᠢᠵᠢ ᠪᠦᠷᠢᠳᠦᠭᠦᠯᠬᠦ᠂ ᠣᠶᠤᠨᠯᠢᠭ ᠮᠠᠯᠵᠢᠯ ᠤᠨ ᠲᠠᠯᠠᠪᠠᠶ᠂ ᠲᠡᠵᠢᠭᠡᠨ | ᠦᠷᠡᠵᠢᠭᠦᠯᠬᠦ ᠪᠠ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠵᠡᠷᠭᠡ ᠲᠠᠯ᠎ᠠ ᠪᠠᠷ ᠨᠡᠮᠡᠭᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | 8. ᠴᠢᠨᠠᠷ ᠰᠠᠶᠢᠲᠠᠢ ᠡᠭᠦᠯᠳᠡᠷ ᠤᠨ ᠢᠷᠡᠯᠲᠡ ᠪᠤᠶᠢᠵᠢᠭᠤᠯᠬᠤ ᠶᠢ ᠳᠡᠮᠵᠢᠵᠦ᠂ ᠡᠭᠦᠯᠳᠡᠷ ᠪᠤᠶᠢᠵᠢᠭᠤᠯᠬᠤ ᠴᠢᠳᠠᠪᠤᠷᠢ ᠶᠢᠨ ᠦᠨᠡᠯᠡᠯᠲᠡ ᠶᠢᠨ ᠳᠡᠰ ᠨᠢ | ᠰᠠᠶᠢᠨ ᠠᠴᠠ ᠳᠡᠭᠡᠭᠰᠢ ᠳᠤ ᠬᠦᠷᠦᠭᠰᠡᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠰᠠᠭᠤᠷᠢᠯᠠᠬᠤ | ᠴᠢᠨᠠᠷᠲᠠᠢ ᠱᠠᠩᠨᠠᠯ ᠣᠯᠭᠤᠬᠤ ᠶᠢᠨ ᠬᠠᠮᠲᠤ ᠡᠭᠦᠯᠳᠡᠷ ᠤᠨ ᠪᠤᠬ᠎ᠠ ᠶᠢᠨ ᠵᠢᠯ ᠪᠦᠷᠢ ᠶᠢᠨ ᠨᠡᠷᠡᠰ ᠤᠨ ᠵᠢᠭᠰᠠᠭᠠᠯᠲᠠ ᠶᠢᠨ ᠦᠷ᠎ᠡ ᠳ᠋ᠦᠩ ᠢ ᠨᠢ ᠦᠨᠳᠦᠰᠦᠯᠡᠨ᠂ | ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠳᠤ ᠱᠠᠩᠨᠠᠯ ᠣᠯᠭᠤᠨ᠎ᠠ ; ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠰᠠᠭᠠᠯᠢ ᠶᠢᠨ ᠦᠨᠢᠶ᠎ᠡ᠂ | ᠰᠠᠭᠠᠯᠢ ᠶᠢᠨ ᠢᠮᠠᠭᠠᠨ ᠤ ᠭᠤᠣᠯᠯᠠᠭᠴᠢ ᠡᠭᠦᠯᠳᠡᠷ ᠪᠤᠶᠢᠵᠢᠭᠤᠯᠬᠤ ᠲᠠᠯᠠᠪᠠᠶ ᠶᠢ ᠨᠢᠭᠡ ᠯᠡ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠭᠤᠣᠯᠯᠠᠭᠴᠢ ᠡᠭᠦᠯᠳᠡᠷ ᠪᠤᠶᠢᠵᠢᠭᠤᠯᠬᠤ ᠲᠠᠯᠠᠪᠠᠶ ᠶᠢ ᠨᠢᠭᠡ ᠯᠡ ᠤᠳᠠᠭ᠎ᠠ ᠳᠤ 200 ᠲᠦᠮᠡᠨ ᠲᠥᠭᠦᠷᠢᠭ ᠢᠶᠠᠷ ᠱᠠᠩᠨᠠᠨ᠎ᠠ᠃ ᠰᠠᠶᠢᠨ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠬᠦᠪᠦᠷᠡᠯ ᠢ ᠬᠡᠷᠡᠭᠯᠡᠨ᠂ | ᠴᠢᠨᠰᠠᠭ᠎ᠠ ᠶᠢᠨ ᠢᠯᠡᠳᠬᠡᠭᠴᠢ ᠶᠢ ᠨᠢ ᠦᠨᠳᠦᠰᠦᠯᠡᠨ ᠲᠠᠰ ᠬᠤᠪᠢᠶᠠᠨ ᠨᠡᠮᠡᠭᠦᠷᠢ ᠣᠯᠭᠤᠨ᠎ᠠ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠢᠴᠡᠭᠡᠯ | ᠦᠷ᠎ᠡ ᠶᠢ ᠬᠡᠷᠡᠭᠯᠡᠭᠰᠡᠨ ᠪᠠᠶᠢᠪᠠᠯ ᠲᠣᠯᠣᠭᠠᠢ ᠪᠦᠷᠢ ᠳᠤ 120 ᠲᠥᠭᠦᠷᠢᠭ ᠤᠨ ᠨᠡᠮᠡᠭᠦᠷᠢ ᠣᠯᠭᠤᠵᠤ᠂ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ ᠬᠡᠷᠡᠭᠯᠡᠭᠰᠡᠨ | ᠪᠠᠶᠢᠪᠠᠯ ᠲᠣᠯᠣᠭᠠᠢ ᠪᠦᠷᠢ ᠳᠤ 60 ᠲᠥᠭᠦᠷᠢᠭ ᠤᠨ ᠨᠡᠮᠡᠭᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ | ᠵᠠᠰᠠᠭ ᠤᠨ ᠲᠢᠩᠬᠢᠮ ︺ | 9. ᠲᠡᠵᠢᠭᠡᠯ ᠡᠪᠡᠰᠦ ᠬᠤᠷᠢᠶᠠᠨ ᠨᠥᠭᠡᠴᠡᠯᠡᠬᠦ ᠳᠤ ᠨᠡᠮᠡᠭᠦᠷᠢ ᠣᠯᠭᠤᠬᠤ ᠡᠷᠴᠢᠮ ᠢᠶᠠᠨ ᠴᠢᠩᠭᠠᠷᠠᠭᠤᠯᠵᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ | ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠶᠢᠨ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ | ᠣᠶᠢᠷ᠎ᠠ ᠬᠠᠪᠢ ᠪᠠᠷ ᠬᠤᠷᠢᠶᠠᠨ ᠨᠥᠭᠡᠴᠡᠯᠡᠬᠦ ᠳᠤ ᠵᠣᠬᠢᠬᠤ ᠨᠡᠮᠡᠭᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ | ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︺ | 10. ᠤᠯᠤᠰ ᠲᠤ ᠪᠠᠨ ᠦᠢᠯᠡᠳᠪᠦᠷᠢᠯᠡᠭᠰᠡᠨ ᠴᠢᠨᠠᠷ ᠰᠠᠶᠢᠲᠠᠢ ᠴᠠᠷᠭᠠᠰᠤ ᠶᠢᠨ ᠴᠢᠨᠠᠷ ᠢ ᠨᠢ ᠰᠠᠶᠢᠵᠢᠷᠠᠭᠤᠯᠤᠨ ᠤᠨᠠᠯᠲᠠ ᠶᠢ ᠨᠢ ᠨᠡᠮᠡᠭᠳᠡᠭᠦᠯᠬᠦ ᠶᠢ ᠠᠬᠢᠭᠤᠯᠵᠤ᠂ | ᠲᠥᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠳᠠᠷᠢᠭᠰᠠᠨ ᠲᠠᠯᠠᠪᠠᠢ ᠨᠢ 500 ᠮᠦ ᠠᠴᠠ ᠳᠡᠭᠡᠭᠰᠢ ᠳᠤ ᠬᠦᠷᠦᠭᠰᠡᠨ ᠪᠥᠭᠡᠳ ᠲᠡᠵᠢᠭᠡᠨ ᠦᠷᠡᠵᠢᠭᠦᠯᠬᠦ | ᠲᠠᠯᠠᠪᠠᠶ ︵ᠡᠷᠦᠬᠡ︶ ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠲᠠᠷᠢᠮᠠᠯ ᠤᠨ ᠠᠵᠤ ᠠᠬᠤᠶᠢᠯᠠᠯ ︵ᠬᠤᠷᠰᠢᠶ᠎ᠠ᠂ | ᠲᠠᠷᠢᠮᠠᠯ ᠤᠨ ᠡᠷᠦᠬᠡ︶ ᠳᠤ 3 ᠵᠢᠯ ᠬᠤᠪᠢᠶᠠᠨ ᠮᠦ ᠪᠦᠷᠢ ᠨᠡᠶᠢᠲᠡ 1000 ᠲᠥᠭᠦᠷᠢᠭ ᠤᠨ ᠨᠥᠬᠦᠪᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | 11. ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠪᠣᠯᠪᠠᠰᠤᠷᠠᠭᠤᠯᠤᠨ ᠡᠳ᠋ᠰᠢᠭᠦᠯᠬᠦ ᠬᠡᠮᠵᠢᠶ᠎ᠡ ᠪᠠᠨ ᠥᠷᠭᠡᠳᠬᠡᠬᠦ ᠶᠢ ᠨᠢ | ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠭᠦᠯᠬᠦ ᠪᠦᠷᠢ 200 | ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠠᠴᠠ ᠲᠣᠰ ᠲᠣᠰ 50% ᠶᠢ ᠡᠭᠦᠷᠭᠡᠯᠡᠨ᠎ᠡ᠃ ᠰᠦ ᠴᠠᠭᠠᠨ ᠢᠳᠡᠭᠡ | ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠪᠣᠷᠤᠯᠠᠭᠤᠯᠭ᠎ᠠ ᠬᠥᠭᠵᠢᠶᠡᠨ ᠦᠭᠡᠢ ᠤᠯᠠᠷᠢᠯ ᠪᠣᠯᠬᠤ 3 — 5 ᠳ᠋ᠤᠭᠠᠷ ᠰᠠᠷ᠎ᠠ ᠳᠤ ᠲᠤᠭ᠎ᠠ ᠶᠣᠰᠣᠭᠠᠷ | ᠭᠦᠢᠴᠡᠳ ᠰᠦ ᠬᠤᠷᠢᠶᠠᠬᠤ ᠶᠢ ᠨᠢ ᠳᠡᠮᠵᠢᠵᠦ᠂ ᠲᠦᠭᠦᠬᠡᠢ ᠰᠦ ᠶᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢᠨ 10% ᠪᠠᠷ ᠲᠣᠨ | ᠪᠦᠷᠢ ᠳᠤ 1000 ᠲᠥᠭᠦᠷᠢᠭ ᠤᠨ ᠨᠡᠮᠡᠭᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠠᠴᠠ ᠲᠣᠰ ᠲᠣᠰ 50% ᠶᠢ ᠡᠭᠦᠷᠭᠡᠯᠡᠨ᠎ᠡ᠃ | ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ | ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︺ | 12. ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠭ ᠭᠦᠨ ᠡᠳ᠋ᠰᠢᠭᠦᠯᠭᠡ ᠬᠥᠭᠵᠢᠭᠦᠯᠬᠦ ᠶᠢ ᠨᠢ ᠳᠡᠮᠵᠢᠵᠦ᠂ ᠬᠤᠯᠢᠴᠠ | ᠦᠭᠡᠢ ᠪᠢᠰᠢᠯᠠᠭ᠂ ᠰᠢᠷᠠᠰᠤ᠂ ᠰᠦᠨ ᠲᠡᠮᠦᠷᠲᠤ ᠤᠭᠤᠷᠠᠭ ᠵᠡᠷᠭᠡ ᠰᠦ ᠴᠠᠭᠠᠨ ᠢᠳᠡᠭᠡ ᠪᠠᠨ ᠨᠠᠷᠢᠯᠢᠭ ᠭᠦᠨ ᠪᠣᠯᠪᠠᠰᠤᠷᠠᠭᠤᠯᠤᠨ ᠡᠳ᠋ᠰᠢᠭᠦᠯᠬᠦ ᠲᠥᠷᠥᠯ ᠵᠦᠢᠯ ᠢ | ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ | ᠲᠣᠭᠠᠨ ᠤ 10% ᠪᠠᠷ ᠬᠠᠮᠤᠭ ᠤᠨ ᠥᠨᠳᠥᠷ ᠲᠤ ᠪᠠᠨ 5000 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠃ ᠰᠦ ᠴᠠᠭᠠᠨ ᠢᠳᠡᠭᠡ ᠪᠣᠯᠪᠠᠰᠤᠷᠠᠭᠤᠯᠤᠨ | ᠡᠳ᠋ᠰᠢᠭᠦᠯᠬᠦ ᠠᠵᠤ ᠠᠬᠤᠶᠢᠯᠠᠯ ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠪᠣᠯᠪᠠᠰᠤᠷᠠᠭᠤᠯᠤᠨ ᠡᠳ᠋ᠰᠢᠭᠦᠯᠦᠭᠰᠡᠨ ᠪᠣᠯ ᠳᠡᠭᠡᠷ᠎ᠡ ᠨᠢᠭᠡ ᠵᠢᠯ ᠤᠨ ᠲᠦᠭᠦᠬᠡᠢ ᠰᠦ | ᠬᠡᠷᠡᠭᠯᠡᠨ ᠪᠣᠯᠪᠠᠰᠤᠷᠠᠭᠤᠯᠤᠨ ᠡᠳ᠋ᠰᠢᠭᠦᠯᠦᠭᠰᠡᠨ ᠬᠤᠯᠢᠴᠠ ᠦᠭᠡᠢ ᠪᠢᠰᠢᠯᠠᠭ ᠤᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠭᠦᠯᠬᠦ ᠪᠦᠷᠢ 2000 | ᠲᠥᠭᠦᠷᠢᠭ ᠤᠨ ᠨᠡᠮᠡᠭᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃ | 13. ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭ ᠲᠠᠢ ᠠᠵᠤ ᠦᠢᠯᠡᠰ ᠤᠨ | ᠪᠦᠯᠦᠭᠵᠢᠯ ᠢ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ ᠮᠢᠩᠭᠠᠨ ᠳ᠋ᠦᠩᠰᠢᠭᠤᠷ ᠤᠨ ᠲᠠᠰ ᠤᠨ ᠰᠦ ᠶᠢᠨ ᠦᠢᠯᠡᠰ᠂ ᠡᠷᠳᠡᠨᠢ ᠰᠢᠰᠢ ᠶᠢᠨ ᠲᠠᠯ᠎ᠠ ᠪᠠᠷ ᠬᠢ 2 ᠠᠵᠤ | ᠦᠢᠯᠡᠰ ᠤᠨ ᠪᠦᠯᠦᠭᠵᠢᠯ ᠵᠢᠴᠢ ᠵᠠᠭᠤᠨ ᠳ᠋ᠦᠩᠰᠢᠭᠤᠷ ᠤᠨ ᠲᠠᠰ ᠤᠨ ᠠᠯᠠᠰᠢᠨ ᠦᠬᠡᠷ᠂ ᠠᠯᠠᠰᠢᠨ ᠬᠤᠨᠢ᠂ ᠨᠡᠷᠡᠨ ᠬᠤᠸᠠᠷ᠂ ᠢᠮᠠᠭᠠᠨ ᠨᠤᠯᠤᠭᠤᠤᠷ᠂ ᠲᠥᠮᠥᠰᠥ᠂ | ᠡᠯᠳᠡᠪ ᠠᠮᠤ ᠡᠯᠳᠡᠪ ᠪᠤᠷᠴᠠᠭ᠂ ᠪᠤᠭᠤᠳᠠᠢ᠂ ᠢᠳᠡᠰᠢᠨ ᠨᠣᠭᠤᠭ᠎ᠠ᠂ ᠲᠡᠵᠢᠭᠡᠯ ᠡᠪᠡᠰᠦ ᠪᠣᠷᠳᠤᠭ᠎ᠠ ᠪᠠ ᠰᠢᠷ᠎ᠠ ᠪᠤᠷᠴᠠᠭ ᠤᠨ ᠲᠠᠯ᠎ᠠ ᠪᠠᠷ ᠬᠢ 10 ᠠᠵᠤ ᠦᠢᠯᠡᠰ ᠤᠨ | ᠪᠦᠯᠦᠭᠵᠢᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︺ | 14. ᠠᠮᠤ ᠪᠤᠳᠠᠭ᠎ᠠ ᠢᠳᠡᠰᠢᠨ ᠲᠣᠰᠣ᠂ ᠮᠢᠬᠠᠨ ᠤ ᠵᠦᠢᠯ ᠤᠨ ᠦᠢᠯᠡᠳᠪᠦᠷᠢᠯᠡᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭ᠎ᠠ ᠢᠳᠡᠰᠢᠨ ᠲᠣᠰᠣ᠂ | ᠠᠯᠠᠰᠢᠨ ᠦᠬᠡᠷ᠂ ᠠᠯᠠᠰᠢᠨ ᠬᠤᠨᠢ᠂ ᠠᠮᠢᠳᠤ ᠭᠠᠭ᠋ᠠᠢ ᠶᠢᠨ ᠭᠠᠷᠭᠠᠯᠲᠠ ᠶᠡᠬᠡᠲᠡᠢ ᠰᠢᠶᠠᠨ ᠢ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠭᠠᠷᠭᠠᠯᠲᠠ | ᠶᠡᠬᠡᠲᠡᠢ ᠰᠢᠶᠠᠨ ᠤ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠦᠢᠯᠡᠳᠪᠦᠷᠢᠯᠡᠯ ᠤᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠲᠡᠮᠵᠢᠵᠤ᠂ ᠲᠣᠮᠣ ᠬᠡᠯᠪᠡᠷᠢ ᠶᠢᠨ | ᠨᠢᠲᠤᠯᠭᠠᠨ ᠤ ᠲᠦᠷᠦᠯ ᠵᠦᠢᠯ ᠢ ᠲᠤᠬᠠᠢ ᠶᠢᠨ ᠭᠠᠵᠠᠷ ᠲᠤ ᠨᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠮᠠᠯ ᠤᠨ ᠠᠰᠢᠭ | ᠰᠢᠮ᠎ᠡ ᠵᠢᠭᠦᠷᠲᠡᠨ ᠤ ᠭᠠᠷᠤᠯᠲᠠ ᠪᠦᠲᠦᠭᠡᠭᠳᠡᠬᠦᠨ ᠢ ᠨᠠᠷᠢᠯᠢᠭ ᠬᠤᠪᠢᠶᠠᠷᠢᠯᠠᠨ ᠰᠠᠯᠭᠠᠬᠤ᠂ ᠬᠦᠢᠲᠡᠨ ᠬᠡᠯᠬᠢᠶ᠎ᠡ ᠪᠠᠷ ᠪᠣᠯᠪᠠᠰᠤᠷᠠᠭᠤᠯᠤᠨ ᠡᠳ᠋ᠰᠢᠭᠦᠯᠬᠦ ᠵᠢᠴᠢ | ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠳᠦᠬᠦᠷᠵᠢᠭᠦᠯᠦᠨ ᠪᠠᠶᠢᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ︺ | 15. ᠠᠷᠠᠰᠤ ᠰᠢᠷᠢ᠂ ᠬᠤᠨᠢᠨ ᠨᠣᠣᠰᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠠᠵᠤ ᠦᠢᠯᠡᠰ ᠤᠨ ᠪᠦᠯᠦᠭᠵᠢᠯ᠂ | ᠠᠵᠤ ᠦᠢᠯᠡᠰ ᠤᠨ ᠬᠦᠴᠦᠷᠬᠡᠭ ᠪᠠᠯᠭᠠᠰᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠳᠤ ᠪᠣᠯ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠪᠠᠷ ᠵᠣᠬᠢᠬᠤ ᠨᠡᠮᠡᠭᠦᠷᠢ ᠣᠯᠭᠤᠨ᠎ᠠ᠃ ︹ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ | ︺ | 16. ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠭᠠᠷᠴᠠᠭ ᠪᠠᠶᠢᠭᠤᠯᠬᠤ ᠶᠢ ᠳᠡᠮᠵᠢᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠤᠨ ᠪᠣᠬᠢᠷᠲᠤᠯ ᠦᠭᠡᠢ ᠢᠳᠡᠭᠡᠨ᠂ ᠣᠷᠭᠠᠨᠢᠭ ᠪᠦᠲᠦᠭᠡᠭᠳᠡᠬᠦᠨ ᠤ | ᠭᠡᠷᠡᠴᠢᠯᠡᠯᠲᠡ ᠬᠢᠯᠭᠡᠬᠦ ᠪᠠᠷ ᠭᠤᠶᠤᠴᠢᠯᠠᠬᠤ ᠶᠢ ᠨᠢ ᠵᠣᠷᠢᠭᠵᠢᠭᠤᠯᠤᠨ᠎ᠠ᠃ ᠭᠠᠵᠠᠷ ᠵᠦᠢ ᠶᠢᠨ ᠪᠡᠯᠭᠡ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠥᠪᠥᠷ | ᠮᠣᠩᠭᠤᠯ︾ ᠲᠡᠮᠳᠡᠭᠲᠦ ᠶᠢᠨ ᠭᠡᠷᠡᠴᠢᠯᠡᠯᠲᠡ ᠶᠢ ᠠᠬᠢᠭᠤᠯᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠪᠥᠭᠡᠳ ᠣᠷᠭᠠᠨᠢᠭ ᠨᠠᠷᠠᠲᠤ ᠲᠡᠮᠳᠡᠭ ᠢ ᠴᠣᠭᠴᠠᠯᠠᠨ᠎ᠠ᠃ | ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︺ | 17. ᠡᠮ ᠤᠨ ᠮᠠᠲ᠋ᠧᠷᠢᠶᠠᠯ ᠢ ᠬᠡᠪᠴᠢᠶᠡᠵᠢᠭᠦᠯᠦᠨ ᠳᠠᠷᠢᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ | ᠮᠠᠲ᠋ᠧᠷᠢᠶᠠᠯ᠂ ᠳᠠᠭᠤᠷᠢᠶᠠᠮᠠᠯ ᠬᠡᠭᠡᠷ᠎ᠡ ᠶᠢᠨ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠩᠬᠢᠨᠢ | ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠂ ᠳᠠᠭᠤᠷᠢᠶᠠᠮᠠᠯ ᠬᠡᠭᠡᠷ᠎ᠡ ᠶᠢᠨ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢᠶᠠᠷ | ᠦᠨᠡᠮᠰᠢᠭᠳᠡᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ᠃ ᠬᠠᠮᠢᠶ᠎ᠠ ᠪᠦᠬᠦᠢ ᠲᠥᠷᠥᠯ ᠵᠦᠢᠯ ᠤᠨ | ᠪᠡᠯᠡ ᠮᠥᠩᠭᠦ ᠶᠢ 300 ᠲᠦᠮᠡᠨ ᠲᠥᠭᠦᠷᠢᠭ ᠠᠴᠠ ᠳᠡᠭᠡᠭᠰᠢ ᠨᠢᠭᠡᠳᠦᠯᠲᠡᠢ ᠲᠥᠯᠥᠪᠯᠡᠵᠦ᠂ ᠳᠠᠪᠠᠭᠤᠯᠢᠭ ᠬᠤᠰᠢᠭᠤ ᠰᠢᠶᠠᠨ ︵ᠬᠤᠲᠠ᠂ ᠲᠣᠭᠤᠷᠢᠭ︶ ᠢ | ᠰᠣᠩᠭᠤᠵᠤ ᠬᠢᠲᠠᠳ ᠡᠮ ᠤᠨ ᠮᠠᠲ᠋ᠧᠷᠢᠶᠠᠯ ᠤᠨ ᠥᠨᠳᠥᠷ ᠭᠠᠷᠤᠯᠲᠠ ᠲᠠᠢ ᠥᠨᠳᠥᠷ ᠦᠷ᠎ᠡ ᠠᠰᠢᠭ ᠲᠠᠢ ᠲᠠᠷᠢᠮᠠᠯ ᠤᠨ ᠵᠢᠱᠢᠶ᠎ᠡ ᠦᠵᠡᠭᠦᠯᠬᠦ ᠣᠷᠣᠨ ᠪᠠ ᠬᠢᠲᠠᠳ | ᠡᠮ ᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠢ | ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ︺ | ᠬᠤᠶᠠᠷ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠤᠨ᠎ᠠ | ︵ᠨᠢᠭᠡ︶ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ | 18. 5 ᠳ᠋ᠦᠩᠰᠢᠭᠤᠷ ᠲᠥᠭᠦᠷᠢᠭ ᠵᠢᠴᠢ ᠡᠭᠦᠨ ᠠᠴᠠ ᠢᠯᠡᠭᠦᠦ ᠪᠡᠯᠡ ᠣᠷᠣᠭᠤᠯᠤᠭᠰᠠᠨ ᠪᠥᠭᠡᠳ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ | ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ︾ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ 30% ᠪᠠᠷ ᠨᠢᠭᠡ ᠯᠡ ᠤᠳᠠᠭ᠎ᠠ ᠶᠢᠨ ᠴᠢᠨᠠᠷᠲᠠᠢ ᠳᠠᠮ ᠬᠦᠦ | ᠥᠭᠬᠦ ᠪᠠᠷ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠤ ᠪᠠᠨ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ | ᠣᠯᠭᠤᠨ᠎ᠠ᠃ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ ᠰᠢᠨ᠎ᠡ ᠪᠠᠷ ᠦᠨᠡᠮᠰᠢᠨ ᠲᠣᠭᠲᠠᠭᠠᠭᠰᠠᠨ ᠤᠯᠤᠰ ᠤᠨ ᠲᠡᠷᠢᠭᠦᠨ ᠤ ᠦᠢᠯᠡᠳᠬᠦ | ᠦᠢᠯᠡᠰ ᠤᠨ ᠪᠦᠯᠦᠭᠵᠢᠯ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠲᠣᠰ ᠲᠣᠰ ᠨᠢᠭᠡ ᠯᠡ | ᠤᠳᠠᠭ᠎ᠠ ᠳᠤ 1000 ᠲᠦᠮᠡᠨ ᠲᠥᠭᠦᠷᠢᠭ᠂ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 19. 2000 ᠲᠦᠮᠡᠨ ᠲᠥᠭᠦᠷᠢᠭ ᠵᠢᠴᠢ ᠡᠭᠦᠨ ᠠᠴᠠ ᠢᠯᠡᠭᠦᠦ ᠪᠡᠯᠡ ᠣᠷᠣᠭᠤᠯᠤᠭᠰᠠᠨ ᠪᠥᠭᠡᠳ ᠨᠢᠭᠡᠨᠲᠡ ᠠᠵᠢᠯ ᠳᠠᠭᠤᠰᠤᠭᠰᠠᠨ ᠦᠢᠯᠡᠳᠬᠦ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ᠂ ᠲᠤᠬᠠᠢ ᠶᠢᠨ ᠵᠢᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠶᠢᠨ ᠪᠡᠯᠡ | ᠣᠷᠣᠭᠤᠯᠤᠯᠲᠠ ᠶᠢᠨ 20% ᠪᠠᠷ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ | ᠦᠭᠡᠢ ᠪᠠᠷ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 20. ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ ᠵᠢᠯ ᠤᠨ ᠡᠨᠧᠷᠭᠢ ᠠᠷᠪᠢᠯᠠᠬᠤ ᠬᠡᠮᠵᠢᠶ᠎ᠡ ᠨᠢ 2000 ᠲᠣᠨ | ᠪᠠᠷᠢᠮᠵᠢᠶᠠᠲᠤ ᠨᠡᠭᠦᠷᠡᠰᠦ ᠠᠴᠠ ᠳᠡᠭᠡᠭᠰᠢᠬᠢ ︵2000 ᠲᠣᠨ ᠪᠠᠷᠢᠮᠵᠢᠶᠠᠲᠤ ᠨᠡᠭᠦᠷᠡᠰᠦ ᠪᠠᠭᠲᠠᠨ᠎ᠠ︶ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ | ᠲᠥᠷᠥᠯ ᠵᠦᠢᠯ ︵ᠪᠣᠭᠤᠵᠢᠯᠠᠭᠰᠠᠨ ᠲᠥᠷᠥᠯ ᠵᠦᠢᠯ ᠪᠠᠭᠲᠠᠨ᠎ᠠ︶ ᠳᠤ 1 ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠦᠷᠢ 200 ᠲᠥᠭᠦᠷᠢᠭ ᠤᠨ ᠱᠠᠩᠨᠠᠯ | ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ | ᠲᠣᠮᠣ ᠳ᠋ᠠᠶᠢᠲ᠋ᠠ ᠶᠢᠨ ᠲᠥᠪ ᠤᠨ ᠴᠠᠬᠢᠯᠭᠠᠨ ᠡᠭᠦᠰᠬᠡᠭᠴᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ︵PUE ᠬᠡᠮᠵᠢᠭᠳᠡᠯ︶ ᠶᠢ ᠠᠩᠬ᠎ᠠ ᠤᠳᠠᠭ᠎ᠠ 1.3 ᠪᠣᠯᠲᠠᠯ᠎ᠠ | ᠪᠠᠭᠤᠷᠠᠭᠤᠯᠤᠭᠰᠠᠨ ᠪᠠᠶᠢᠪᠠᠯ᠂ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠲᠣᠭᠠᠨ ᠤ 10% ᠪᠠᠷ ᠱᠠᠩᠨᠠᠨ ᠨᠥᠬᠦᠪᠦᠷᠢᠯᠡᠵᠦ᠂ ᠲᠠᠩ | ᠭᠠᠭᠴᠠ ᠲᠥᠷᠥᠯ ᠵᠦᠢᠯ ᠢ ᠪᠣᠯ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ︔ ᠵᠢᠯ ᠤᠨ ᠤᠰᠤ ᠠᠷᠪᠢᠯᠠᠬᠤ | ᠬᠡᠮᠵᠢᠶ᠎ᠡ ᠨᠢ 5 ᠲᠦᠮᠡᠨ ᠲᠣᠨ ᠠᠴᠠ ᠳᠡᠭᠡᠭᠰᠢᠬᠢ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ︵ᠪᠣᠭᠤᠵᠢᠯᠠᠭᠰᠠᠨ ᠲᠥᠷᠥᠯ ᠵᠦᠢᠯ | ᠪᠠᠭᠲᠠᠨ᠎ᠠ︶ ᠳᠤ 1 ᠲᠣᠨ ᠤᠰᠤ ᠠᠷᠪᠢᠯᠠᠬᠤ ᠪᠦᠷᠢ 10 ᠲᠥᠭᠦᠷᠢᠭ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠣᠯᠭᠤᠬᠤ ᠨᠥᠬᠦᠪᠦᠷᠢ ᠶᠢ | 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 21. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠬᠡᠮᠵᠢᠶ᠎ᠡ ᠨᠢ ᠵᠢᠯ ᠳᠤ 1 ᠲᠦᠮᠡᠨ ᠲᠣᠨ ᠠᠴᠠ | ᠳᠡᠭᠡᠭᠰᠢ ᠪᠠᠶᠢᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠬᠡᠷᠡᠭᠯᠡᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠳᠠᠬᠢᠯᠲᠠ ᠡᠬᠢ | ᠪᠠᠶᠠᠯᠢᠭ ᠢ ᠳᠡᠭᠡᠳᠦ ᠦᠵᠦᠭᠦᠷᠵᠢᠭᠦᠯᠬᠦ᠂ ᠪᠣᠬᠢᠷᠲᠤᠯ ᠦᠭᠡᠢ ᠪᠣᠯᠭᠠᠬᠤ᠂ ᠤᠷᠴᠢᠯᠵᠢᠭᠤᠯᠤᠨ ᠠᠰᠢᠭᠯᠠᠬᠤ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠳᠤ᠂ 1 | ᠲᠣᠨ ᠶᠡᠷᠦᠩᠬᠡᠶᠢᠯᠡᠨ ᠠᠰᠢᠭᠯᠠᠬᠤ ᠪᠦᠷᠢ 10 ᠲᠥᠭᠦᠷᠢᠭ ᠤᠨ ᠨᠥᠬᠦᠪᠦᠷᠢ ᠣᠯᠭᠤᠨ᠎ᠠ︔ ᠳᠠᠬᠢᠯᠲᠠ ᠡᠬᠢ ᠪᠠᠶᠠᠯᠢᠭ ᠤᠨ ᠳᠣᠲᠣᠷᠠᠬᠢ ᠬᠠᠶᠠᠭᠳᠠᠮᠠᠯ ᠰᠦᠯᠢᠶᠥᠦ᠂ | ᠬᠠᠶᠠᠭᠳᠠᠮᠠᠯ ᠴᠠᠭᠠᠰᠤ ᠶᠢ ᠡᠭᠡᠭᠦᠯᠦᠨ ᠬᠤᠷᠢᠶᠠᠵᠤ ᠡᠳ᠋ᠰᠢᠭᠦᠯᠦᠨ ᠠᠰᠢᠭᠯᠠᠭᠰᠠᠨ ᠬᠡᠮᠵᠢᠶ᠎ᠡ ᠨᠢ ᠵᠢᠯ ᠳᠤ 1 ᠮᠢᠩᠭᠠᠨ ᠲᠣᠨ ᠠᠴᠠ ᠳᠡᠭᠡᠭᠰᠢᠬᠢ ᠲᠥᠷᠥᠯ ᠵᠦᠢᠯ ᠳᠤ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠣᠭᠠᠨ ᠤ 10% ᠪᠠᠷ ᠨᠥᠬᠦᠪᠦᠷᠢ ᠥᠭᠴᠦ᠂ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢ 500 | ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 22. ᠤᠯᠤᠰ ᠤᠨ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ᠂ | ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ᠂ ᠤᠰᠤᠨ ᠤ | ᠠᠰᠢᠭᠯᠠᠮᠵᠢ ᠶᠢᠨ ᠳᠠᠭᠠᠭᠤᠯᠤᠭᠴᠢ ᠬᠡᠮᠡᠨ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠳ ᠲᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ | ᠣᠯᠭᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ | ᠬᠠᠩᠭᠠᠯᠭ᠎ᠠ ᠶᠢᠨ ᠬᠡᠯᠬᠢᠶ᠎ᠡ᠂ ᠤᠰᠤ ᠠᠷᠪᠢᠯᠠᠭᠰᠠᠨ ᠬᠡᠪ ᠳᠠᠭᠤᠷᠢᠶᠠᠯ ᠬᠡᠮᠡᠨ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠳ ᠢ ᠨᠢᠭᠡ ᠯᠡ ᠤᠳᠠᠭ᠎ᠠ ᠶᠢᠨ ᠴᠢᠨᠠᠷᠲᠠᠢ | 50 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 23. ᠦᠢᠯᠡᠳᠬᠦ ᠦᠢᠯᠡᠰ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠦᠢᠯᠡᠳᠬᠦ | ᠦᠢᠯᠡᠰ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ | ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ | ᠬᠤᠲᠠ ᠶᠢᠨ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 24. ᠣᠯᠠᠨ ᠤᠯᠤᠰ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠭᠤᠣᠯᠯᠠᠨ ᠲᠣᠭᠲᠠᠭᠠᠭᠰᠠᠨ ᠠᠵᠤ ᠠᠬᠤᠶᠢᠯᠠᠯ ᠳᠤ ᠪᠣᠯ ᠪᠠᠷᠢᠮᠵᠢᠶ᠎ᠠ ᠨᠢᠭᠡᠪᠦᠷᠢ ᠲᠣᠰ | ᠲᠣᠰ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠣᠯᠠᠨ ᠤᠯᠤᠰ᠂ ᠤᠯᠤᠰ ︵ᠠᠵᠢᠯ ᠲᠥᠷᠥᠯ︶ | ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠭᠰᠠᠨ ᠠᠵᠤ ᠠᠬᠤᠶᠢᠯᠠᠯ ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ 20 ᠲᠦᠮᠡᠨ ᠲᠥᠭᠦᠷᠢᠭ᠂ 10 ᠲᠦᠮᠡᠨ | ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠪᠠᠷᠢᠮᠵᠢᠶ᠎ᠠ ᠲᠣᠭᠲᠠᠭᠠᠬᠤ ᠳᠤ ᠳᠠᠩ ᠭᠠᠭᠴᠠ ᠠᠵᠤ ᠠᠬᠤᠶᠢᠯᠠᠯ ᠭᠤᠣᠯᠯᠠᠭᠰᠠᠨ ᠪᠤᠶᠤ | ᠣᠷᠤᠯᠴᠠᠭᠰᠠᠨ ᠪᠠᠶᠢᠪᠠᠯ ᠵᠢᠯ ᠪᠦᠷᠢ ᠶᠢᠨ ᠱᠠᠩᠨᠠᠯ ᠤᠨ ᠪᠡᠯᠡ ᠮᠥᠩᠭᠦ ᠶᠢ 50 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 25. 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠤᠳᠤᠯᠤᠨ ᠨᠡᠭᠡᠭᠡᠬᠦ ᠪᠤᠶᠤ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠤᠯᠤᠰ ᠤᠨ ᠵᠥᠪᠰᠢᠶᠡᠷᠡᠭᠰᠡᠨ ᠪᠢᠴᠢᠭ ᠤᠨ ᠳ᠋ᠤᠭᠠᠷ ᠢ ᠣᠯᠣᠭᠰᠠᠨ 1 ᠳ᠋ᠦ᠋ᠭᠡᠷ ᠲᠥᠷᠥᠯ ᠤᠨ ᠪᠤᠶᠤ 2 ᠳ᠋ᠤᠭᠠᠷ ᠲᠥᠷᠥᠯ ᠤᠨ ᠬᠢᠮᠢ ᠶᠢᠨ ᠡᠮ᠂ ᠠᠮᠢᠳᠤ | ᠪᠣᠳᠠᠰ ᠤᠨ ᠪᠦᠲᠦᠭᠡᠭᠳᠡᠬᠦᠨ᠂ ᠬᠢᠲᠠᠳ ︵ᠮᠣᠩᠭᠤᠯ︶ ᠡᠮ ᠤᠨ ᠰᠢᠨ᠎ᠡ ᠶᠢ ᠡᠭᠦᠳᠦᠭᠰᠡᠨ ᠡᠮ᠂ ᠰᠠᠶᠢᠵᠢᠷᠠᠭᠤᠯᠤᠭᠰᠠᠨ ᠮᠠᠶ᠋ᠢᠭ ᠤᠨ ᠰᠢᠨ᠎ᠡ ᠡᠮ᠂ ᠡᠷᠲᠡᠨ ᠤ | ᠰᠣᠩᠭᠤᠳᠠᠭ ᠨᠠᠷᠠᠲᠤ ᠵᠣᠷ ᠤᠨ ᠬᠢᠲᠠᠳ ᠡᠮ ᠤᠨ ᠬᠤᠯᠢᠮᠠᠭ ᠵᠣᠷ ᠤᠨ ᠨᠠᠶᠢᠷᠠᠯᠭ᠎ᠠ᠂ ᠥᠪᠡᠷᠲᠡᠭᠡᠨ ᠵᠠᠰᠠᠬᠤ ᠣᠷᠣᠨ ᠤ ᠬᠤᠭᠤᠰᠤᠨ ᠢ ᠨᠥᠬᠦᠪᠦᠷᠢᠯᠡᠭᠰᠡᠨ | ᠭᠤᠷᠪᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠪᠠ ᠰᠢᠨ᠎ᠡ ᠶᠢ ᠡᠭᠦᠳᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠣᠨᠴᠠᠭᠠᠶ ᠬᠢᠨᠠᠨ ᠪᠠᠶᠢᠴᠠᠭᠠᠬᠤ ᠲᠠᠰ | ᠳᠠᠷᠠᠭᠠᠯᠠᠯ ᠳᠤ ᠣᠷᠣᠭᠰᠠᠨ ᠪᠥᠭᠡᠳ ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠠᠩᠬ᠎ᠠ ᠤᠳᠠᠭ᠎ᠠ ᠳᠠᠩᠰᠠᠯᠠᠭᠤᠯᠤᠭᠰᠠᠨ ᠦᠨᠡᠮᠯᠡᠯ ᠣᠯᠣᠭᠰᠠᠨ | ᠦᠢᠯᠡᠳᠬᠦᠨ ︵ᠬᠤᠶᠠᠳᠤᠭᠠᠷ ᠲᠥᠷᠥᠯ ᠤᠨ ᠪᠡᠶ᠎ᠡ ᠶᠢᠨ ᠭᠠᠳᠠᠨᠠᠬᠢ ᠣᠨᠣᠰᠢᠯᠠᠯ ᠤᠨ ᠤᠷᠪᠠᠯᠵᠢ ᠵᠢᠴᠢ ᠲᠣᠨᠤᠭ ᠲᠥᠬᠦᠭᠡᠷᠦᠮᠵᠢ ᠶᠢᠨ ᠰᠡᠯᠪᠢᠭ ᠲᠣᠨᠤᠭ ᠪᠠᠭᠲᠠᠬᠤ | ᠦᠭᠡᠢ︶᠂ ᠨᠢᠭᠡᠳᠦᠭᠡᠷ᠂ ᠬᠤᠶᠠᠳᠤᠭᠠᠷ ᠲᠦᠷᠦᠯ ᠤᠨ ︽ᠮᠠᠯ ᠤᠨ ᠰᠢᠨ᠎ᠡ ᠡᠮ ᠤᠨ ᠳᠠᠩᠰᠠᠯᠠᠭᠤᠯᠤᠭᠰᠠᠨ ᠦᠨᠡᠮᠯᠡᠯ︾ ᠣᠯᠣᠭᠰᠠᠨ ᠰᠢᠨ᠎ᠡ ᠶᠢ ᠡᠭᠦᠳᠦᠭᠰᠡᠨ ᠮᠠᠯ ᠤᠨ | ᠡᠮ᠂ ᠭᠡᠬᠦ ᠮᠥᠷᠲᠡᠭᠡᠨ ᠠᠵᠤ ᠦᠢᠯᠡᠰᠵᠢᠯᠲᠡ ᠶᠢ ᠪᠡᠶᠡᠯᠡᠭᠦᠯᠦᠭᠰᠡᠨ ᠲᠦᠷᠦᠯ ᠵᠦᠢᠯ ᠳᠤ ᠲᠥᠬᠦᠭᠡᠷᠦᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 20% ᠶᠢᠨ | ᠪᠡᠯᠡ ᠮᠥᠩᠭᠦᠨ ᠤ ᠨᠥᠬᠦᠪᠦᠷᠢ ᠶᠢ ᠨᠢᠭᠡ ᠯᠡ ᠤᠳᠠᠭ᠎ᠠ ᠳᠤ ᠣᠯᠭᠤᠵᠤ᠂ ᠬᠠᠮᠤᠭ ᠤᠨ ᠢᠯᠡᠭᠦᠦ ᠳᠤ ᠪᠠᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ᠰᠢᠨ᠎ᠡ ᠬᠢᠮᠢ ᠶᠢᠨ ᠡᠮ ᠤᠨ ᠵᠦᠢᠯ ᠤᠨ ᠳᠠᠩᠰᠠᠯᠠᠯᠲᠠ ᠶᠢᠨ ᠲᠥᠷᠥᠯ ᠠᠩᠭᠢᠯᠠᠯ ᠢᠶᠠᠷ ᠳᠠᠩᠰᠠᠯᠠᠭᠤᠯᠬᠤ ᠪᠠᠷ ᠭᠤᠶᠤᠴᠢᠯᠠᠭᠠᠳ ᠵᠥᠪᠰᠢᠶᠡᠷᠡᠯ ᠣᠯᠣᠭᠰᠠᠨ ᠪᠤᠶᠤ | ᠳᠠᠭᠤᠷᠢᠶᠠᠮᠠᠯ ᠡᠮ ᠤᠨ ᠨᠢᠭᠡᠳᠦᠯᠲᠦ ᠴᠢᠨᠠᠷ ᠤᠨ ᠦᠨᠡᠯᠡᠯᠲᠡ ᠪᠠᠷ ᠪᠠᠲᠤᠯᠠᠭᠳᠠᠭᠰᠠᠨ ᠡᠮ ᠤᠨ ᠵᠦᠢᠯ ᠳᠤ ᠱᠠᠩᠨᠠᠯ ᠨᠥᠬᠦᠪᠦᠷᠢ ᠣᠯᠭᠤᠨ᠎ᠠ᠂ ᠵᠠᠷᠴᠢᠮ ᠳᠡᠭᠡᠷ᠎ᠡ ᠪᠠᠨ | ᠲᠠᠩ ᠭᠠᠭᠴᠠ ᠵᠦᠢᠯ ᠤᠨ ᠱᠠᠩᠨᠠᠯ ᠨᠥᠬᠦᠪᠦᠷᠢ ᠶᠢᠨ ᠶᠡᠷᠦᠩᠬᠡᠢ ᠲᠤᠭ᠎ᠠ ᠶᠢ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︹ ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ︺ | 26. ᠡᠮᠲᠦ ᠪᠣᠳᠠᠰ ᠤᠨ ᠡᠮᠴᠢᠯᠡᠭᠡᠨ ᠤ ᠰᠤᠳᠤᠯᠭᠠᠨ ᠢ ᠵᠣᠷᠢᠭᠵᠢᠭᠤᠯᠵᠤ᠂ ᠡᠮᠴᠢᠯᠡᠭᠡᠨ ᠤ ᠲᠤᠷᠰᠢᠯᠲᠠ ᠬᠢᠬᠦ ᠪᠠᠷ ᠭᠤᠶᠤᠴᠢᠯᠠᠨ ᠡᠷᠬᠢᠯᠡᠭᠰᠡᠳ I᠂ II᠂ III | ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠶᠢᠨ ᠰᠤᠳᠤᠯᠭᠠᠨ ᠢ ᠥᠷᠨᠢᠭᠦᠯᠬᠦ ᠶᠢᠨ ᠬᠠᠮᠲᠤ ᠦᠷ᠎ᠡ ᠪᠦᠲᠦᠭᠡᠯ ᠢ ᠤᠯᠠᠷᠢᠭᠤᠯᠬᠤ ᠪᠠᠷ ᠠᠮᠠᠯᠠᠭᠰᠠᠨ ᠪᠠᠶᠢᠪᠠᠯ᠂ ᠲᠣᠰ | ᠲᠣᠰ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ | ᠡᠮᠴᠢᠯᠡᠭᠡᠨ ᠤ ᠪᠠᠶᠢᠭᠤᠯᠤᠮᠵᠢ ᠠᠴᠠ ᠥᠪᠡᠷᠲᠡᠭᠡᠨ ᠵᠠᠰᠠᠬᠤ ᠣᠷᠣᠨ ᠤ ᠡᠮᠲᠦ ᠪᠣᠳᠠᠰ ᠤᠨ ᠡᠮᠴᠢᠯᠡᠭᠡᠨ ᠤ ᠲᠤᠷᠰᠢᠯᠲᠠ ᠬᠢᠬᠦ ᠪᠠᠷ ᠭᠤᠶᠤᠴᠢᠯᠠᠨ ᠡᠷᠬᠢᠯᠡᠭᠰᠡᠳ ᠤᠨ | ᠡᠮᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠢ ᠨᠢ ᠳᠠᠭᠠᠭᠠᠨ ᠠᠪᠴᠤ ᠵᠠᠯᠭᠠᠭᠤᠯᠤᠭᠰᠠᠨ ᠪᠠᠶᠢᠪᠠᠯ᠂ ᠲᠤᠰ ᠲᠥᠷᠥᠯ ᠵᠦᠢᠯ ᠤᠨ ᠲᠤᠰ ᠪᠠᠶᠢᠭᠤᠯᠤᠮᠵᠢ ᠯᠤᠭ᠎ᠠ | ᠡᠭᠦᠰᠦᠭᠰᠡᠨ ᠡᠮᠲᠦ ᠪᠣᠳᠠᠰ ᠤᠨ ᠡᠮᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠤᠨ ᠵᠠᠷᠤᠳᠠᠯ ᠤᠨ 5% ᠪᠠᠷ ᠡᠮᠴᠢᠯᠡᠭᠡᠨ ᠤ ᠪᠠᠶᠢᠭᠤᠯᠤᠮᠵᠢ ᠳᠤ ᠱᠠᠩᠨᠠᠯ | ᠨᠥᠬᠦᠪᠦᠷᠢ ᠣᠯᠭᠤᠵᠤ᠂ ᠳᠠᠩ ᠭᠠᠭᠴᠠ ᠪᠠᠶᠢᠭᠤᠯᠤᠮᠵᠢ ᠳᠤ ᠵᠢᠯ ᠪᠦᠷᠢ ᠬᠠᠮᠤᠭ ᠤᠨ ᠢᠯᠡᠭᠦᠦ ᠳᠤ ᠪᠠᠨ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | 27. ᠠᠮᠢᠳᠤ ᠪᠣᠳᠠᠰ ᠤᠨ ᠡᠮ ᠡᠮᠨᠡᠯᠭᠡ ᠶᠢᠨ ᠰᠤᠳᠤᠯᠤᠨ ᠨᠡᠭᠡᠭᠡᠬᠦ ᠰᠢᠨ᠎ᠡ ᠶᠢ ᠡᠭᠦᠳᠬᠦ ᠪᠠ ᠨᠡᠪᠴᠢᠭᠦᠯᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ᠃ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠢ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠪᠠᠷ ᠬᠥᠲᠥᠯᠥᠨ ᠵᠢᠯᠤᠭᠤᠳᠴᠤ᠂ ᠠᠵᠤ | ᠠᠬᠤᠶᠢᠯᠠᠯ ᠤᠨ ᠳᠡᠭᠡᠷ᠎ᠡ ᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠵᠢᠴᠢ ᠨᠡᠮᠡᠭᠳᠡᠯ ᠨᠡᠮᠡᠭᠳᠡᠴᠡ ᠪᠠᠷ ᠱᠠᠩᠨᠠᠯ ᠨᠥᠬᠦᠪᠦᠷᠢ ᠣᠯᠭᠤᠵᠤ᠂ ᠳᠠᠩ | ᠭᠠᠭᠴᠠ ᠠᠵᠤ ᠠᠬᠤᠶᠢᠯᠠᠯ ᠢ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ᠃ ᠠᠮᠢᠳᠤ ᠪᠣᠳᠠᠰ ᠤᠨ ᠡᠮ | ᠡᠮᠨᠡᠯᠭᠡ ᠶᠢᠨ ᠨᠡᠪᠴᠢᠭᠦᠯᠬᠦ ᠲᠠᠯ᠎ᠠ ᠪᠠᠷ ᠪᠣᠯᠪᠠᠰᠤᠷᠠᠩᠭᠤᠢ ᠪᠣᠯᠤᠭᠰᠠᠨ ᠲᠠᠪᠴᠠᠩ ᠢ ᠥᠪᠡᠷᠲᠡᠭᠡᠨ ᠵᠠᠰᠠᠬᠤ ᠣᠷᠣᠨ ᠳᠤ ᠣᠷᠣᠭᠤᠯᠤᠨ ᠰᠠᠭᠤᠷᠢᠰᠢᠭᠤᠯᠬᠤ ᠶᠢ | ᠵᠣᠷᠢᠭᠵᠢᠭᠤᠯᠵᠤ᠂ ᠠᠩᠬ᠎ᠠ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠠ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠪᠦᠷᠢᠨ ᠲᠡᠭᠦᠯᠳᠡᠷ ᠪᠦᠬᠦᠢ ᠠᠵᠢᠯᠯᠠᠬᠤ᠂ | ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠳᠡᠩᠰᠡᠯᠡᠵᠦ ᠮᠡᠳᠡᠭᠦᠯᠦᠨ ᠵᠥᠪᠰᠢᠶᠡᠷᠡᠭᠦᠯᠬᠦ ᠦᠢᠯᠡᠴᠢᠯᠡᠭᠡ ᠬᠠᠩᠭᠠᠵᠤ᠂ ᠨᠠᠩ ᠣᠯᠠᠨ ᠤᠤᠭᠠᠯ ᠪᠦᠲᠦᠭᠡᠯᠴᠢ ᠦᠷ᠎ᠡ | ᠪᠦᠲᠦᠭᠡᠯ ᠪᠠ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠳᠤ ᠤᠯᠠᠷᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠮᠠᠭᠠᠳᠯᠠᠭᠳᠠᠨ ᠲᠣᠭᠲᠠᠭᠠᠭᠳᠠᠭᠰᠠᠨ | ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠨᠡᠪᠴᠢᠭᠦᠯᠬᠦ ᠲᠠᠪᠴᠠᠩ ᠳᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ | ᠪᠤᠶᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠰᠠᠭᠤᠷᠢᠰᠢᠭᠤᠯᠬᠤ ᠪᠦᠷᠢ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠱᠠᠩᠨᠠᠨ ᠨᠥᠬᠦᠪᠦᠷᠢᠯᠡᠵᠦ᠂ ᠲᠠᠩ | ᠭᠠᠭᠴᠠ ᠲᠠᠪᠴᠠᠩ ᠢ ᠵᠢᠯ ᠪᠦᠷᠢ ᠬᠠᠮᠤᠭ ᠤᠨ ᠢᠯᠡᠭᠦᠦ ᠳᠤ ᠪᠠᠨ 200 ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠢᠩᠬᠢᠮ︶ | 28. 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠤᠯᠤᠰ ᠤᠨ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ | ᠢᠳᠡᠭᠡᠨ ᠪᠠ ᠡᠷᠡᠭᠦᠯᠵᠢᠯ ᠢᠳᠡᠭᠡᠨ ᠢᠶᠠᠷ ᠳᠠᠩᠰᠠᠯᠠᠭᠤᠯᠤᠭᠰᠠᠨ ᠪᠥᠭᠡᠳ ᠦᠢᠯᠡᠳᠪᠦᠷᠢᠯᠡᠬᠦ ᠵᠥᠪᠰᠢᠶᠡᠷᠡᠯ ᠣᠯᠣᠭᠰᠠᠨ ᠠᠵᠤ ᠠᠬᠤᠶᠢᠯᠠᠯ ᠳᠤ᠂ ᠪᠦᠲᠦᠭᠡᠭᠳᠡᠬᠦᠨ | ᠨᠢᠭᠡᠪᠦᠷᠢ ᠳᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ 2022 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠰᠡᠭᠦᠯᠡᠷ ᠣᠨᠴᠠᠭᠠᠢ ᠵᠠᠰᠠᠯ ᠴᠢᠮᠡᠭᠯᠡᠯ ᠤᠨ ᠡᠳ᠋ ᠤᠨ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠪᠥᠭᠡᠳ ᠦᠢᠯᠡᠳᠪᠦᠷᠢᠯᠡᠬᠦ ᠵᠥᠪᠰᠢᠶᠡᠷᠡᠯ ᠣᠯᠣᠭᠰᠠᠨ | ᠠᠵᠤ ᠠᠬᠤᠶᠢᠯᠠᠯ ᠳᠤ ᠲᠥᠷᠥᠯ ᠵᠦᠢᠯ ᠨᠢᠭᠡᠪᠦᠷᠢ ᠳᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠳᠠᠩ ᠭᠠᠭᠴᠠ | ᠠᠵᠤ ᠠᠬᠤᠶᠢᠯᠠᠯ ᠳᠤ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠢᠩᠬᠢᠮ︶ | ︵ᠬᠤᠶᠠᠷ︶ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ | 29. ᠨᠡᠭᠦᠷᠡᠰᠦᠨ ᠤ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ ᠴᠢᠯᠦᠭᠡᠯᠡᠨ ᠳᠡᠭᠡᠭᠰᠢᠯᠡᠭᠦᠯᠬᠦ ᠶᠢ ᠳᠡᠮᠵᠢᠵᠦ᠂ ᠴᠠᠬᠢᠯᠭᠠᠨ ᠭᠠᠷᠭᠠᠵᠤ ᠢᠯᠴᠢ | ᠬᠠᠩᠭᠠᠬᠤ ᠳᠤ ᠨᠡᠭᠦᠷᠡᠰᠦ ᠬᠡᠷᠡᠭᠯᠡᠬᠦ ᠤᠷᠲᠤᠪᠲᠤᠷ ᠪᠠ ᠣᠷᠳᠣ ᠬᠤᠭᠤᠴᠠᠭᠠᠨ ᠤ ᠭᠡᠷ᠎ᠡ ᠪᠠᠨ ᠭᠦᠢᠴᠡᠳᠬᠡᠨ ᠪᠡᠶᠡᠯᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠴᠠᠬᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠦᠴᠦᠨ ᠢᠶᠠᠨ | ᠳᠡᠭᠡᠭᠰᠢᠯᠡᠭᠦᠯᠬᠦ ᠶᠢ ᠳᠡᠮᠵᠢᠨ᠎ᠡ᠃ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠬᠢᠭᠡᠳ ᠨᠡᠭᠦᠷᠡᠰᠦᠨ ᠤ ᠠᠵᠤ ᠠᠬᠤᠶᠢᠯᠠᠯ ᠤᠨ | ᠬᠠᠩᠭᠠᠯᠭ᠎ᠠ ᠬᠡᠷᠡᠭᠴᠡᠭᠡ ᠪᠠᠨ ᠵᠣᠯᠭᠠᠭᠤᠯᠬᠤ ᠠᠵᠢᠯ ᠢ ᠢᠳᠡᠪᠬᠢᠲᠡᠢ ᠪᠠᠷ ᠥᠷᠨᠢᠭᠦᠯᠵᠦ᠂ ᠤᠷᠲᠤ ᠬᠤᠭᠤᠴᠠᠭ᠎ᠠ ᠪᠠᠷ ᠨᠡᠭᠦᠷᠡᠰᠦ ᠬᠤᠳᠠᠯᠳᠤᠨ ᠠᠪᠬᠤ ᠪᠠ | ᠪᠣᠷᠣᠯᠠᠭᠤᠯᠬᠤ ᠭᠡᠷ᠎ᠡ ᠲᠣᠭᠲᠠᠬᠤ ᠶᠢ ᠨᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ | ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ︶ | 30. ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠴᠠᠬᠢᠯᠭᠠᠨ ᠡᠭᠦᠰᠬᠡᠭᠴᠢ ᠵᠢᠴᠢ ᠳᠦᠬᠦᠷᠵᠢᠭᠦᠯᠦᠨ ᠬᠦᠷᠭᠡᠬᠦ ᠢᠨᠵᠧᠨᠧᠷᠢᠩ ᠢ ᠪᠠᠶᠢᠭᠤᠯᠵᠤ | ᠳᠠᠭᠤᠰᠬᠠᠮᠠᠭᠴᠠ ᠲᠣᠣᠷ ᠲᠤ ᠨᠡᠶᠢᠯᠡᠭᠦᠯᠬᠦ ᠶᠢ ᠳᠡᠮᠵᠢᠵᠦ᠂ ᠬᠠᠮᠢᠶ᠎ᠠ ᠪᠦᠬᠦᠢ ᠲᠥᠯᠦᠪᠵᠢᠭᠦᠯᠭᠡ ᠳᠤ ᠣᠷᠣᠭᠤᠯᠤᠭᠰᠠᠨ ᠰᠢᠨ᠎ᠡ ᠡᠨᠧᠷᠭᠢ ᠶᠢᠨ ᠳᠦᠬᠦᠷᠵᠢᠭᠦᠯᠦᠨ | ᠬᠦᠷᠭᠡᠬᠦ ᠢᠨᠵᠧᠨᠧᠷᠢᠩ ᠤᠨ ᠲᠥᠷᠥᠯ ᠵᠦᠢᠯ ᠳᠤ ᠰᠠᠭᠠᠳ ᠦᠭᠡᠢ ᠬᠢᠨᠠᠨ ᠵᠥᠪᠰᠢᠶᠡᠷᠡᠬᠦ ᠵᠠᠮ ᠨᠡᠭᠡᠭᠡᠵᠦ ᠥᠭᠬᠦ ᠬᠡᠷᠡᠭᠲᠡᠢ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ | ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︺ | 31. ᠰᠢᠨ᠎ᠡ ᠪᠠᠷ ᠨᠡᠮᠡᠭᠳᠡᠭᠰᠡᠨ ᠴᠠᠬᠢᠯᠭᠠᠨ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠰᠢᠨ᠎ᠡ | ᠡᠨᠧᠷᠭᠢ ᠶᠢᠨ ᠬᠡᠪᠴᠢᠶᠡᠵᠢᠯ ᠢ ᠨᠡᠮᠡᠭᠳᠡᠭᠦᠯᠦᠨ ᠲᠣᠬᠢᠷᠠᠭᠤᠯᠬᠤ ᠶᠢ ᠨᠢ ᠳᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠯᠡᠰᠢᠨ ᠨᠡᠭᠦᠷᠡᠰᠦᠨ ᠤ | ᠥᠪᠡᠰᠦᠪᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢ ᠳᠠᠬᠢᠯᠲᠠ ᠡᠨᠧᠷᠭᠢ ᠪᠠᠷ ᠣᠷᠣᠯᠠᠭᠤᠯᠬᠤ ᠶᠢ ᠨᠢ ᠳᠡᠮᠵᠢᠵᠦ᠂ ᠲᠦᠯᠡᠰᠢᠨ ᠨᠡᠭᠦᠷᠡᠰᠦᠨ ᠤ ᠮᠠᠰᠢᠨ | ᠪᠦᠯᠦᠭ ᠤᠨ ᠤᠶᠠᠨ ᠬᠠᠳᠠᠨ ᠴᠢᠨᠠᠷ ᠢ ᠥᠭᠡᠷᠡᠴᠢᠯᠡᠨ ᠰᠢᠨᠡᠳᠬᠡᠬᠦ ᠶᠢ ᠵᠣᠷᠢᠭᠵᠢᠭᠤᠯᠵᠤ᠂ ᠨᠥᠭᠡᠴᠡ ᠡᠨᠧᠷᠬᠢ ᠪᠤᠶᠤ ᠴᠠᠭ ᠬᠤᠪᠢᠶᠠᠷᠢ ᠶᠢ ᠲᠣᠬᠢᠷᠠᠭᠤᠯᠬᠤ | ᠴᠢᠳᠠᠪᠤᠷᠢ ᠶᠢ ᠥᠪᠡᠷ ᠢᠶᠠᠨ ᠪᠠᠶᠢᠭᠤᠯᠬᠤ᠂ ᠬᠤᠳᠠᠯᠳᠤᠨ ᠠᠪᠴᠤ ᠪᠠᠶᠢᠭᠠᠳ ᠰᠢᠨ᠎ᠡ ᠡᠨᠧᠷᠭᠢ ᠶᠢᠨ ᠲᠥᠷᠥᠯ ᠵᠦᠢᠯ ᠢ ᠳᠦᠬᠦᠷᠵᠢᠭᠦᠯᠦᠨ ᠲᠣᠬᠢᠷᠠᠭᠤᠯᠬᠤ ᠶᠢ ᠨᠢ | ᠵᠣᠷᠢᠭᠵᠢᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ | ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ︺ | 32. ᠰᠢᠨ᠎ᠡ ᠪᠠᠷ ᠨᠡᠮᠡᠭᠳᠡᠭᠰᠡᠨ ᠲᠣᠮᠣ ᠬᠡᠯᠪᠡᠷᠢ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠪᠣᠬᠢᠷᠳᠤᠯ ᠦᠭᠡᠢ ᠴᠠᠬᠢᠯᠭᠠᠨ ᠤ ᠬᠡᠷᠡᠭᠯᠡᠯᠲᠡ ᠶᠢᠨ ᠬᠡᠷᠡᠭᠵᠢᠭᠦᠯᠬᠦ | ᠨᠠᠷᠢᠨ ᠳᠦᠷᠢᠮ ᠢ ᠲᠣᠭᠲᠠᠭᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠪᠠᠶᠢᠭ᠎ᠠ᠂ ᠤᠯᠤᠰ ᠵᠢᠴᠢ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠨᠢ 50 ᠳ᠋ᠦᠩᠰᠢᠭᠤᠷ ᠺᠢᠯᠣᠸᠠᠲ ᠴᠠᠭ ᠠᠴᠠ ᠳᠤᠲᠠᠭᠤ ᠦᠭᠡᠢ ᠲᠥᠷᠥᠯ | ᠵᠦᠢᠯ ᠳᠤ ︽ᠨᠢᠭᠡ ᠨᠢᠭᠡ ᠤᠴᠢᠷ ᠢᠶᠠᠷ ᠵᠥᠪᠯᠡᠬᠦ︾ ᠵᠠᠷᠴᠢᠮ ᠶᠣᠰᠣᠭᠠᠷ᠂ ᠥᠨᠳᠥᠷ ᠬᠠᠷᠢᠴᠠᠯᠳᠤ ᠪᠣᠬᠢᠷᠳᠤᠯ ᠦᠭᠡᠢ ᠴᠠᠬᠢᠯᠭᠠᠨ ᠤ ᠬᠠᠩᠭᠠᠯᠭ᠎ᠠ ᠶᠢ ᠰᠢᠢᠳᠪᠦᠷᠢᠯᠡᠬᠦ | ᠲᠥᠰᠥᠯ ᠢ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ︶ | 33. ᠵᠢᠱᠢᠶ᠎ᠡ ᠦᠵᠡᠭᠦᠯᠬᠦ ᠬᠡᠪᠴᠢᠶᠡᠨ ᠳᠤ ᠣᠷᠣᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ | ᠴᠣᠭᠴᠠᠵᠢᠭᠤᠯᠤᠭᠰᠠᠨ ᠲᠥᠷᠥᠯ ᠵᠦᠢᠯ ᠳᠤ᠂ ᠤᠰᠤᠲᠥ᠋ᠷᠥᠭᠴᠢ ᠦᠢᠯᠡᠳᠬᠦ ᠳᠤ ᠬᠡᠷᠡᠭᠰᠡᠬᠦ ᠴᠠᠬᠢᠯᠭᠠᠨ ᠤ ᠬᠡᠮᠵᠢᠶ᠎ᠡ ᠪᠠᠷ ᠰᠢᠨ᠎ᠡ ᠡᠨᠧᠷᠭᠢ ᠶᠢᠨ ᠬᠡᠪᠴᠢᠶᠡᠵᠢᠯ ᠢ ᠵᠦᠢ | ᠵᠣᠬᠢᠰᠲᠠᠢ ᠲᠣᠬᠢᠷᠠᠭᠤᠯᠤᠨ᠎ᠠ᠃ ᠤᠰᠤᠲᠥ᠋ᠷᠥᠭᠴᠢ ᠰᠢᠲᠠᠭᠠᠯᠭ᠎ᠠ ᠶᠢᠨ ᠳ᠋ᠢᠶᠠᠨ ᡂᠢ ᠶᠢᠨ ᠮᠠᠰᠢᠨ ᠲᠡᠷᠭᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠣᠮᠧᠷᠲᠤ | ᠫᠠᠶᠢᠰᠠ ᠲᠠᠷᠬᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ︶ | 34. ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠤᠨ ᠭᠦᠨᠵᠡᠭᠡᠢ | ᠵᠠᠰᠠᠯᠲᠠ ᠶᠢ ᠠᠬᠢᠭᠤᠯᠤᠨ᠎ᠠ᠃ ︽ᠬᠠᠩᠭᠠᠯᠭ᠎ᠠ ᠪᠠᠷ ᠥᠭᠡᠷᠡᠴᠢᠯᠡᠯᠲᠡ ᠶᠢ ᠲᠣᠭᠲᠠᠭᠠᠬᠤ᠂ ᠭᠠᠴᠠᠭ᠎ᠠ ᠲᠣᠰᠬᠤᠨ ᠠᠶᠢᠯ ᠡᠷᠥᠭᠡ ᠳᠤ ᠬᠦᠷᠲᠡᠯ᠎ᠡ ᠨᠤᠲᠠᠯᠠᠨ | ᠲᠣᠭᠲᠠᠭᠠᠬᠤ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠥᠭᠡᠷᠡᠴᠢᠯᠡᠬᠦ︾ ᠵᠠᠷᠴᠢᠮ ᠶᠣᠰᠣᠭᠠᠷ᠂ ᠪᠥᠬᠦ ᠣᠷᠣᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ | ᠬᠠᠷᠢᠴᠠᠭᠠᠨ ᠡᠷᠥᠭᠡ ᠶᠢ ᠨᠢᠭᠡᠳᠦᠯᠲᠡᠢ ᠲᠥᠯᠥᠪᠵᠢᠭᠦᠯᠵᠦ᠂ ᠪᠦᠯᠦᠭ ᠬᠤᠪᠢᠶᠠᠨ ᠵᠠᠯᠭᠠᠵᠤ ᠣᠷᠣᠭᠤᠯᠬᠤ ᠬᠡᠷᠡᠭᠲᠡᠢ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ | ᠺᠣᠮᠫᠠᠨᠢ ︺ | 35. ᠤᠯᠤᠰ ᠤᠨ III ᠠᠴᠠ ᠳᠣᠷᠣᠭᠰᠢᠬᠢ ᠲᠦᠯᠡᠰᠢᠨ ᠲᠣᠰᠣᠨ ᠤ ᠬᠠᠭᠤᠴᠢᠨ ᠮᠠᠰᠢᠨ ᠲᠡᠷᠭᠡ ᠶᠢ ᠡᠮᠬᠢ ᠵᠢᠷᠤᠮ ᠲᠠᠢ ᠪᠠᠷ ᠰᠢᠭᠰᠢᠭᠳᠡᠭᠦᠯᠵᠦ᠂ ᠮᠠᠰᠢᠨ ᠲᠡᠷᠭᠡ | ᠰᠢᠨ᠎ᠡ ᠪᠠᠷ ᠨᠡᠮᠡᠵᠦ ᠠᠪᠬᠤ ᠪᠠ ᠰᠢᠨᠡᠳᠬᠡᠬᠦ ᠳᠤ ᠰᠢᠨ᠎ᠡ ᠡᠨᠧᠷᠭᠢ ᠶᠢᠨ ᠬᠦᠨᠳᠦ ᠮᠠᠶ᠋ᠢᠭ ᠤᠨ ᠠᠴᠢᠶᠠᠨ ᠮᠠᠰᠢᠨ ᠢ ᠬᠡᠷᠡᠭᠯᠡᠬᠦ ᠶᠢ ᠬᠥᠲᠥᠯᠥᠨ ᠵᠢᠯᠤᠭᠤᠳᠴᠤ | ᠳᠡᠯᠭᠡᠷᠡᠭᠦᠯᠦᠨ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡ ᠶᠢ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠳᠤ ᠰᠢᠨ᠎ᠡ ᠡᠨᠧᠷᠭᠢ ᠶᠢᠨ ᠮᠠᠰᠢᠨ | ᠲᠡᠷᠭᠡ ᠶᠢᠨ ᠡᠵᠡᠯᠡᠬᠦ ᠬᠠᠷᠢᠴᠠᠯ ᠢ 85% ᠠᠴᠠ ᠳᠤᠲᠠᠭᠤ ᠪᠠᠶᠢᠯᠭᠠᠬᠤ ᠦᠭᠡᠢ᠂ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ | 1600 ᠠᠴᠠ ᠳᠣᠣᠷ᠎ᠠ ᠪᠠᠶᠢᠯᠭᠠᠬᠤ ᠦᠭᠡᠢ᠃ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ | ᠲᠦᠷᠢᠶᠡᠰᠦᠨ ᠮᠠᠰᠢᠨ ᠲᠡᠷᠭᠡ ᠶᠢ ᠬᠤᠳᠠᠯᠳᠤᠨ ᠠᠪᠤᠪᠠᠯ ᠨᠡᠮᠡᠭᠦᠷᠢ ᠣᠯᠭᠤᠨ᠎ᠠ᠃ ᠡᠭᠦᠨ ᠳᠤ᠂ ᠴᠠᠬᠢᠯᠭᠠᠨ ᠴᠡᠨᠡᠭᠯᠡᠬᠦ ᠲᠡᠷᠭᠡ ᠪᠦᠷᠢ ᠳᠤ 4 ᠲᠦᠮᠡᠨ ᠲᠥᠭᠦᠷᠢᠭ ᠤᠨ | ᠨᠡᠮᠡᠭᠦᠷᠢ ᠥᠭᠴᠦ᠂ ᠴᠠᠬᠢᠯᠭᠠᠨ ᠲᠡᠷᠭᠡ ᠰᠣᠯᠢᠬᠤ ᠳᠤ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ᠬᠠᠤᠯᠢ ᠬᠡᠷᠡᠭᠵᠢᠭᠦᠯᠵᠦ | ᠵᠢᠵᠢᠭᠦᠷᠯᠡᠨ ᠠᠵᠢᠯᠯᠠᠬᠤ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ ᠮᠡᠷᠭᠡᠵᠢᠯ ᠳᠤ ᠬᠡᠷᠡᠭᠯᠡᠬᠦ ᠲᠡᠷᠭᠡ ᠪᠠᠭᠲᠠᠬᠤ ᠦᠭᠡᠢ︶ ᠶᠢᠨ ᠳᠣᠲᠣᠷ᠎ᠠ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ 50% ᠳᠤ ᠬᠦᠷᠦᠭᠦᠯᠵᠦ᠂ ᠠᠶᠢᠮᠠᠭ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠰᠢᠨ᠎ᠡ ᠪᠠᠷ ᠨᠡᠮᠡᠭᠳᠡᠭᠦᠯᠬᠦ ᠪᠠ | ᠰᠢᠨᠡᠳᠬᠡᠬᠦ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ | ᠮᠡᠷᠭᠡᠵᠢᠯ ᠳᠤ ᠬᠡᠷᠡᠭᠯᠡᠬᠦ ᠲᠡᠷᠭᠡ ᠪᠠᠭᠲᠠᠬᠤ ᠦᠭᠡᠢ︶ ᠶᠢᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ ᠳᠤᠮᠳᠠᠴᠢ ᠪᠠᠷ 30% ᠳᠤ | ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 36. ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠪᠠᠷ | ᠪᠠᠶᠢᠭᠤᠯᠬᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠳᠤ ᠳᠦᠬᠦᠷᠵᠢᠭᠦᠯᠦᠨ ᠪᠦᠲᠦᠭᠡᠨ ᠪᠠᠶᠢᠭᠤᠯᠬᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠡᠷᠭᠡᠨ | ᠵᠣᠭᠰᠣᠭᠠᠯ ᠤᠨ ᠡᠵᠡᠯᠡᠬᠦ ᠬᠠᠷᠢᠴᠠᠯ ᠢ ᠶᠡᠷᠦᠩᠬᠡᠢ ᠲᠡᠷᠭᠡᠨ ᠵᠣᠭᠰᠣᠭᠠᠯ ᠤᠨ 10% ᠠᠴᠠ ᠳᠡᠭᠡᠭᠰᠢ ᠳᠤ ᠬᠦᠷᠦᠭᠦᠯᠦᠨ᠎ᠡ᠃ ᠰᠢᠨ᠎ᠡ ᠪᠠᠷ ᠪᠠᠶᠢᠭᠤᠯᠬᠤ ᠰᠠᠭᠤᠭᠠᠯᠢ | ᠲᠣᠭᠤᠷᠢᠭ ᠲᠤ ᠲᠥᠬᠦᠷᠵᠢᠭᠦᠯᠦᠭᠰᠡᠨ ᠮᠠᠰᠢᠨᠲᠤ ᠲᠡᠷᠭᠡᠨ ᠵᠣᠭᠰᠣᠭᠠᠯ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢ 100% ᠪᠠᠷ ᠪᠦᠲᠦᠭᠡᠨ ᠪᠠᠶᠢᠭᠤᠯᠬᠤ ᠪᠤᠶᠤ ᠪᠦᠲᠦᠭᠡᠨ ᠪᠠᠶᠢᠭᠤᠯᠵᠤ ᠤᠭᠰᠠᠷᠠᠬᠤ ᠨᠥᠬᠦᠴᠡᠯ ᠢ ᠤᠷᠢᠳᠴᠢᠯᠠᠨ ᠪᠦᠷᠢᠳᠦᠭᠦᠯᠵᠦ᠂ ᠭᠤᠣᠯ | ᠴᠣᠭᠴᠠᠲᠤ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠵᠤ᠂ ᠰᠢᠯᠭᠠᠨ ᠬᠤᠷᠢᠶᠠᠵᠤ ᠠᠪᠤᠨ᠎ᠠ᠃ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ᠂ ᠨᠥᠬᠦᠴᠡᠯ ᠪᠦᠷᠢᠳᠦᠭᠦᠯᠦᠭᠰᠡᠨ ᠰᠠᠭᠤᠭᠠᠯᠢ ᠲᠣᠭᠤᠷᠢᠭ ᠲᠤ ᠴᠠᠬᠢᠯᠭᠠᠨ ᠴᠡᠨᠡᠭᠯᠡᠬᠦ ᠱᠣᠩ ᠪᠠᠶᠢᠭᠤᠯᠤᠨ᠎ᠠ᠃ ᠲᠤᠰᠠᠭᠠᠷ | ᠭᠠᠵᠠᠷ ᠡᠵᠡᠯᠡᠭᠰᠡᠨ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠳ᠋ᠢᠶᠠᠨ ᡂᠢ ᠰᠣᠯᠢᠬᠤ ᠦᠷᠳᠡᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠨᠠᠷᠢᠨ ᠲᠥᠯᠦᠪᠵᠢᠭᠦᠯᠭᠡ ᠳᠤ ᠣᠷᠣᠭᠤᠯᠤᠨ᠎ᠠ᠃ ᠡᠯ᠎ᠡ ᠲᠦᠷᠦᠯ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠤᠯᠤᠰ ᠤᠨ ᠴᠠᠬᠢᠯᠭᠠᠨ ᠴᠡᠨᠡᠭᠯᠡᠬᠦ | ᠲᠥᠬᠦᠭᠡᠷᠦᠮᠵᠢ ᠶᠢᠨ ᠬᠢᠨᠠᠨ ᠰᠢᠨᠵᠢᠬᠦ ᠲᠠᠪᠴᠠᠩ ᠳᠤ ᠨᠢᠭᠡᠳᠦᠯᠲᠡᠢ ᠵᠠᠯᠭᠠᠵᠤ ᠣᠷᠣᠭᠤᠯᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ | ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ | ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ︶ | 37. ᠨᠥᠬᠦᠴᠡᠯ ᠪᠦᠷᠢᠳᠦᠭᠦᠯᠦᠭᠰᠡᠨ ᠳᠡᠰᠲᠦ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠠᠬᠢ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠥᠨᠳᠦᠷᠯᠢᠭ ᠬᠦᠢᠲᠡᠨ ᠡᠷᠭᠦᠭᠳᠡᠴᠡ ᠥᠨᠳᠥᠷ ᠭᠠᠵᠠᠷ ᠠᠴᠠ ᠪᠤᠰᠤᠳ ᠣᠷᠣᠨ ᠪᠦᠰᠡ ᠶᠢᠨ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠪᠠ ᠨᠥᠬᠦᠴᠡᠯ ᠪᠦᠷᠢᠳᠦᠭᠦᠯᠦᠭᠰᠡᠨ ᠤᠯᠤᠰ ᠮᠤᠵᠢ ᠶᠢᠨ ᠡᠩ ᠤᠨ ᠭᠤᠣᠯ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ | ᠦᠨᠳᠦᠰᠦᠨ ᠦᠢᠯᠡᠴᠢᠯᠡᠭᠡ ᠬᠠᠩᠭᠠᠵᠤ ᠳᠡᠶᠢᠯᠬᠦ ᠶᠢ ᠴᠢᠷᠮᠠᠶᠢᠨ ᠪᠡᠶᠡᠯᠡᠭᠦᠯᠦᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ | ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ︺ | ︵ᠭᠤᠷᠪᠠ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠡᠮᠵᠢᠨ᠎ᠡ᠃ | 38. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠱᠠᠩᠨᠠᠯ ᠨᠥᠬᠦᠪᠦᠷᠢ | ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠶᠢ | ᠲᠣᠬᠢᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ︶ | 39. ᠴᠢᠨᠠᠷ ᠰᠠᠶᠢᠲᠠᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠣᠨ ᠢᠶᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠰᠢᠯᠭᠠᠨ ᠬᠢᠨᠠᠵᠤ ᠦᠨᠡᠯᠡᠨ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠨᠢ ᠰᠢᠯᠭᠠᠨ ᠬᠢᠨᠠᠵᠤ ᠦᠨᠡᠯᠡᠭᠡᠳ ᠡᠮᠦᠨ᠎ᠡ 3 ᠨᠡᠷᠡᠰ ᠲᠤ ᠣᠷᠣᠭᠰᠠᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠮᠦ | ᠪᠦᠷᠢ ᠶᠢᠨ ᠳᠤᠮᠳᠠᠴᠢ ᠦᠷ᠎ᠡ ᠠᠰᠢᠭ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ᠂ ᠲᠡᠷᠢᠭᠦᠯᠡᠨ ᠪᠠᠶᠢᠷᠢ ᠳᠠᠪᠰᠢᠬᠤ ᠪᠠᠷ ᠴᠢᠷᠮᠠᠶᠢᠬᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠳᠤ ᠰᠢᠨ᠎ᠡ ᠶᠢ ᠡᠭᠦᠳᠬᠦ ᠵᠡᠷᠭᠡ ᠲᠠᠩ ᠭᠠᠭᠴᠠ ᠵᠦᠢᠯ ᠤᠨ ᠭᠦᠢᠴᠡᠳᠬᠡᠯ ᠲᠤᠭ᠎ᠠ ᠶᠢ ᠨᠢ ᠰᠢᠯᠭᠠᠨ ᠬᠢᠨᠠᠵᠤ ᠦᠨᠡᠯᠡᠭᠡᠳ ᠡᠮᠦᠨ᠎ᠡ 3 ᠨᠡᠷᠡᠰ ᠲᠤ | ᠣᠷᠣᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ | ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠬᠠᠮᠤᠭ ᠤᠨ | ᠢᠯᠡᠭᠦᠦ ᠳᠤ ᠪᠠᠨ 2000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ︔ ᠪᠥᠬᠦ ᠤᠯᠤᠰ ᠲᠤ ᠡᠮᠦᠨ᠎ᠡ 60 ᠨᠡᠷᠡᠰ ᠲᠤ | ᠵᠢᠭᠰᠠᠭᠠᠭᠳᠠᠭᠰᠠᠨ᠂ ᠣᠨ ᠤ ᠨᠡᠷᠡᠰ ᠤᠨ ᠵᠢᠭᠰᠠᠭᠠᠯᠲᠠ ᠳᠤ 5 ᠨᠡᠷᠡᠰ ᠠᠴᠠ ᠢᠯᠡᠭᠦᠦ ᠳᠡᠭᠡᠭᠰᠢᠯᠡᠭᠰᠡᠨ ᠵᠢᠴᠢ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ | ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠯᠡ ᠤᠳᠠᠭ᠎ᠠ ᠳᠤ 1000 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 40. ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠤᠶᠢᠵᠢᠭᠤᠯᠵᠤ᠂ ᠰᠢᠨ᠎ᠡ ᠪᠠᠷ | ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠲᠤ ᠲᠣᠰ ᠲᠣᠰ 500 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠳᠥᠷᠪᠡ︶ ᠠᠵᠤ ᠦᠢᠯᠡᠰ ᠪᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠨ᠎ᠡ᠃ | 41. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ 7 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ᠂ | ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠣᠣᠷ᠎ᠠ | ᠨᠡᠭᠦᠷᠡᠰᠦᠲᠥ᠋ᠷᠥᠭᠴᠢᠲᠦ ᠡᠨᠧᠷᠭᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ ᠦᠷ᠎ᠡ ᠡᠭᠦᠯᠳᠡᠷ ᠤᠨ | ᠦᠢᠯᠡᠰ ᠵᠢᠴᠢ ᠬᠤᠰᠢᠭᠤᠷᠠᠯ ᠮᠡᠷᠭᠡᠵᠢᠯ ᠤᠨ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ | ᠲᠣᠬᠢᠷᠠᠭᠤᠯᠤᠨ ᠪᠠᠶᠢᠷᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢ 1.2 ᠳ᠋ᠦᠩᠰᠢᠭᠤᠷ | ᠲᠥᠭᠦᠷᠢᠭ ᠲᠣᠬᠢᠷᠠᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠲᠡᠮᠵᠢᠨ᠎ᠡ᠃ ᠨᠢᠭᠡᠨᠲᠡ ᠴᠢᠷᠮᠠᠶᠢᠨ ᠣᠯᠣᠭᠰᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡᠨ ᠤ ᠲᠦᠷᠦᠯ ᠵᠦᠢᠯ ᠳᠤ ᠱᠠᠭᠠᠷᠳᠠᠯᠭ᠎ᠠ ᠶᠣᠰᠣᠭᠠᠷ ᠲᠥᠬᠦᠷ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ | ᠃ ᠣᠷᠳᠣᠰ ᠤᠨ ᠲᠤᠷᠰᠢᠯᠲᠠ ᠶᠢᠨ ᠲᠠᠰᠤᠭ ᠪᠠ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠦ | ᠰᠠᠭᠠᠯᠢ ᠶᠢᠨ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ ᠳ᠋ᠦᠩᠰᠢᠭᠤᠷ ᠲᠥᠭᠦᠷᠢᠭ ᠤᠨ ᠵᠠᠷᠤᠳᠠᠯ ᠤᠨ ᠳᠡᠮᠵᠢᠯᠭᠡ | ᠦᠵᠡᠭᠦᠯᠵᠦ᠂ ᠰᠠᠭᠤᠷᠢ ᠰᠤᠳᠤᠯᠭᠠᠨ ᠥᠷᠨᠢᠭᠦᠯᠬᠦ᠂ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠪᠠ ᠴᠢᠳᠠᠪᠤᠷᠢᠲᠠᠨ ᠢ ᠲᠠᠲᠠᠨ ᠣᠷᠣᠭᠤᠯᠵᠤ ᠬᠥᠮᠥᠵᠢᠭᠦᠯᠬᠦ᠂ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠳᠤ | ᠬᠡᠷᠡᠭᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ | ᠲᠢᠩᠬᠢᠮ︶ | 42. ᠵᠥᠪᠰᠢᠶᠡᠷᠡᠯ ᠣᠯᠣᠭᠰᠠᠨ ᠤᠯᠤᠰ ᠤᠨ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ 5 ᠵᠢᠯ ᠳᠠᠷᠠᠭᠠᠯᠠᠨ ᠵᠢᠯ ᠪᠦᠷᠢ 1000 | ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ | ᠣᠷᠣᠨ ᠤ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ | ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ | ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠲᠤ ᠨᠢᠭᠡ ᠯᠡ ᠤᠳᠠᠭ᠎ᠠ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ | ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ | ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ | ᠤᠯᠤᠰ ᠤᠨ ︽ᠶᠠᠰᠤ ᠴᠢᠨᠠᠷ ᠤᠨ ᠬᠡᠪ ᠳᠠᠭᠤᠷᠢᠶᠠᠯ︾ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ | ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 43. ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠬᠠᠷᠢᠶ᠎ᠠ ᠪᠦᠬᠦᠢ ᠨᠠᠷᠢᠨ ᠬᠤᠪᠢᠶᠠᠭᠰᠠᠨ ᠠᠵᠢᠯ ᠲᠥᠷᠥᠯ ᠳᠤ ᠪᠠᠨ | ᠭᠦᠨᠵᠡᠭᠡᠶᠢᠷᠡᠨ ᠪᠦᠲᠦᠭᠡᠭᠳᠡᠬᠦᠨ ᠢ ︽ᠭᠦᠨᠵᠡᠭᠡᠢ ᠠᠭᠤᠳᠠᠯᠵᠤ ᠨᠠᠷᠢᠯᠢᠭ ᠰᠤᠳᠤᠯᠬᠤ︾ ᠶᠢ ᠨᠢ ᠬᠥᠲᠥᠯᠥᠨ ᠵᠢᠯᠤᠭᠤᠳᠬᠤ ᠪᠠ ᠠᠬᠢᠭᠤᠯᠵᠤ᠂ ᠨᠠᠷᠢᠨ ᠬᠤᠪᠢᠶᠠᠭᠰᠠᠨ | ᠠᠵᠢᠯ ᠲᠥᠷᠥᠯ ᠤᠨ ᠪᠦᠲᠦᠭᠡᠭᠳᠡᠬᠦᠨ ᠳᠤ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠨᠠᠷᠠᠲᠤ ᠲᠡᠮᠳᠡᠭᠲᠦ ᠶᠢ ᠪᠤᠶᠢᠵᠢᠭᠤᠯᠬᠤ ᠳᠤ ᠠᠩᠬᠠᠷᠤᠯ ᠢᠶᠠᠨ | ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠲᠠᠩ ᠭᠠᠭᠴᠠ ᠵᠦᠢᠯ ᠳᠤ ᠮᠠᠩᠯᠠᠶᠢᠯᠠᠭᠰᠠᠨ ᠢᠶᠠᠷ ᠮᠠᠭᠠᠳᠯᠠᠭᠳᠠᠨ | ᠲᠣᠭᠲᠠᠭᠠᠭᠳᠠᠭᠰᠠᠨ ᠠᠵᠤ ᠠᠬᠤᠶᠢᠯᠠᠯ ᠢ 100 ᠲᠦᠮᠡᠨ ᠲᠥᠭᠦᠷᠢᠭ ᠢᠶᠠᠷ ᠱᠠᠩᠨᠠᠵᠤ᠂ ᠤᠯᠤᠰ ᠤᠨ ᠲᠠᠰ ᠤᠨ ᠦᠢᠯᠡᠳᠬᠦ ᠦᠢᠯᠡᠰ ᠤᠨ ᠲᠠᠩ ᠭᠠᠭᠴᠠ ᠵᠦᠢᠯ ᠳᠤ | ᠮᠠᠩᠯᠠᠶᠢᠯᠠᠭᠰᠠᠨ ᠢᠶᠠᠷ ᠮᠠᠭᠠᠳᠯᠠᠭᠳᠠᠨ ᠲᠣᠭᠲᠠᠭᠠᠭᠳᠠᠭᠰᠠᠨ ᠠᠵᠤ ᠠᠬᠤᠶᠢᠯᠠᠯ ᠢ 200 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 44. ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠲᠡᠮᠦᠷᠯᠢᠭ ᠬᠠᠶᠢᠯᠤᠭᠤᠯᠬᠤ ᠴᠠᠬᠢᠯᠭᠠᠨ ᠵᠤᠤᠬ᠎ᠠ ᠶᠢᠨ ᠨᠡᠭᠦᠷᠡᠰᠦᠨ ᠬᠡᠢ ᠪᠠᠷ ᠬᠢᠮᠢ ᠶᠢᠨ ᠠᠵᠤ | ᠦᠢᠯᠡᠳᠪᠦᠷᠢ ᠶᠢᠨ ᠦᠢᠯᠡᠳᠬᠦᠨ ᠦᠢᠯᠡᠳᠬᠦ ᠶᠢ ᠳᠡᠮᠵᠢᠵᠦ᠂ ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠬᠤ᠂ ᠠᠰᠢᠭᠯᠠᠬᠤ᠂ ᠪᠢᠲᠡᠭᠦᠮᠵᠢᠯᠡᠨ ᠬᠠᠳᠠᠭᠠᠯᠠᠬᠤ | ᠲᠠᠯ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠳᠡᠮᠵᠢᠨ᠎ᠡ᠃ ᠲᠡᠮᠦᠷᠯᠢᠭ ᠬᠠᠶᠢᠯᠤᠭᠤᠯᠬᠤ ᠴᠠᠬᠢᠯᠭᠠᠨ ᠵᠤᠤᠬ᠎ᠠ ᠶᠢᠨ ᠨᠡᠭᠦᠷᠡᠰᠦᠨ ᠬᠡᠢ ᠳᠠᠬᠢ ᠠᠰᠢᠭᠲᠤ ᠬᠡᠢ | ᠪᠡᠶᠡᠲᠦ ᠶᠢᠨ ᠪᠦᠷᠢᠯᠳᠦᠭᠦᠨ ᠢ ᠵᠦᠢ ᠵᠣᠬᠢᠰᠲᠠᠢ ᠠᠰᠢᠭᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠯᠦ ᠭᠠᠳᠠᠭᠰᠢᠯᠠᠭᠤᠯᠬᠤ ᠳᠤ ᠬᠦᠷᠦᠭᠰᠡᠨ ᠵᠡᠷᠭᠡ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠠᠵᠤ ᠦᠢᠯᠡᠰᠵᠢᠭᠦᠯᠬᠦ ᠲᠥᠷᠥᠯ ᠵᠦᠢᠯ ᠳᠤ᠂ ᠪᠣᠷᠤᠯᠠᠭᠤᠯᠭ᠎ᠠ ᠶᠢᠨ ᠣᠷᠣᠯᠭ᠎ᠠ ᠲᠠᠢ ᠪᠣᠯᠤᠭᠰᠠᠨ ᠵᠢᠯ ᠠᠴᠠ ᠡᠬᠢᠯᠡᠨ᠂ 5 | ᠵᠢᠯ ᠤᠨ ᠳᠣᠲᠣᠷ᠎ᠠ ᠪᠣᠷᠤᠯᠠᠭᠤᠯᠭ᠎ᠠ ᠶᠢᠨ ᠣᠷᠣᠯᠭ᠎ᠠ ᠶᠢᠨ 5% ᠪᠠᠷ ᠱᠠᠩᠨᠠᠯ ᠨᠥᠬᠦᠪᠦᠷᠢ ᠣᠯᠭᠤᠵᠤ᠂ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ | ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 45. ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠭᠤᠯᠬᠤ᠂ ᠥᠷᠢᠰᠦᠯᠳᠦᠭᠦᠯᠦᠨ ᠰᠢᠯᠭᠠᠷᠠᠭᠤᠯᠬᠤ ᠳᠦᠷᠢᠮ ᠵᠡᠷᠭᠡ ᠠᠷᠭ᠎ᠠ ᠮᠠᠶ᠋ᠢᠭ ᠢ ᠠᠪᠴᠤ᠂ ᠲᠡᠮᠦᠷ ᠤᠨ | ᠬᠠᠶᠢᠯᠤᠰᠢ ᠶᠢᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠲᠠᠢ ᠬᠤᠯᠪᠤᠭᠠᠯᠠᠨ | ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠳᠡᠮᠵᠢᠨ᠎ᠡ᠃ ᠤᠰᠤᠲᠥ᠋ᠷᠥᠭᠴᠢ ᠪᠠᠷ ᠲᠡᠮᠦᠷᠯᠢᠭ ᠪᠣᠯᠪᠠᠰᠤᠷᠠᠭᠤᠯᠬᠤ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢᠶᠠᠷ ᠠᠷᠭᠤᠨ ᠬᠡᠢ ᠶᠢ ᠣᠷᠣᠯᠠᠭᠤᠯᠤᠨ ᠲᠡᠮᠦᠷᠯᠢᠭ ᠪᠣᠯᠪᠠᠰᠤᠷᠠᠭᠤᠯᠬᠤ᠂ ᠲᠣᠭᠲᠠᠮᠠᠯ ᠭᠦᠶᠦᠳᠡᠯᠲᠦ ᠵᠤᠤᠬ᠎ᠠ ᠵᠡᠷᠭᠡ ᠰᠢᠨ᠎ᠡ ᠮᠡᠷᠭᠡᠵᠢᠯ᠂ ᠰᠢᠨ᠎ᠡ ᠲᠤᠨᠤᠭ | ᠲᠥᠬᠦᠭᠡᠷᠦᠮᠵᠢ ᠶᠢ ᠬᠡᠷᠡᠭᠯᠡᠭᠰᠡᠨ ᠲᠡᠮᠦᠷ ᠤᠨ ᠬᠠᠶᠢᠯᠤᠰᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠳᠤ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ | ᠦᠭᠡᠢ ᠪᠠᠶᠢᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 46. ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠭᠠᠷᠴᠠᠭ︾ ᠢ | ᠳᠡᠮᠵᠢᠬᠦ ᠲᠥᠯᠥᠪᠯᠡᠭᠡ ᠳᠤ ᠣᠷᠣᠭᠤᠯᠤᠨ᠎ᠠ᠃ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠳᠡᠮᠵᠢᠵᠦ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠮᠡᠷᠭᠡᠵᠢᠯ ᠢ ᠠᠵᠤ ᠦᠢᠯᠡᠰᠵᠢᠭᠦᠯᠦᠨ ᠬᠡᠷᠡᠭᠯᠡᠬᠦ ᠶᠢᠨ ᠵᠢᠯᠤᠭᠤᠳᠬᠤ ᠭᠠᠷᠴᠠᠭ︾ ᠲᠤ ᠵᠢᠭᠰᠠᠭᠠᠨ | ᠣᠷᠣᠭᠤᠯᠤᠭᠰᠠᠨ ᠴᠢᠬᠤᠯᠠ ᠶᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠳᠤ ᠤᠯᠠᠷᠢᠭᠤᠯᠤᠨ ᠬᠡᠷᠡᠭᠯᠡᠬᠦ ᠶᠢ | ᠪᠡᠶᠡᠯᠡᠭᠦᠯᠦᠭᠰᠡᠨ ᠲᠥᠷᠥᠯ ᠵᠦᠢᠯ ᠳᠤ᠂ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠣᠭᠠᠨ ᠤ 20% ᠪᠠᠷ ᠨᠢᠭᠡ ᠯᠡ ᠤᠳᠠᠭ᠎ᠠ ᠶᠢᠨ ᠴᠢᠨᠠᠷᠲᠠᠢ | ᠱᠠᠩᠨᠠᠯ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 47. ᠥᠪᠡᠷᠲᠡᠭᠡᠨ ᠵᠠᠰᠠᠬᠤ ᠣᠷᠣᠨ ᠠᠴᠠ ᠮᠠᠭᠠᠳᠯᠠᠨ ᠲᠣᠭᠲᠠᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ | ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠪᠠ ︽ᠵᠢᠵᠢᠭ ᠠᠪᠤᠷᠭᠤ︾ ᠠᠵᠤ ᠠᠬᠤᠶᠢᠯᠠᠯ ᠳᠤ ᠲᠣᠰ ᠲᠣᠰ 20 | ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 48. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠲᠣᠭᠲᠠᠴᠠ ᠶᠢ ᠪᠠᠶᠢᠭᠤᠯᠵᠤ᠂ ᠠᠩᠬ᠎ᠠ ᠤᠳᠠᠭ᠎ᠠ | ᠮᠠᠭᠠᠳᠯᠠᠭᠳᠠᠨ ᠲᠣᠭᠲᠠᠭᠠᠭᠳᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠤᠨ ᠰᠤᠳᠤᠯᠤᠨ | ᠨᠡᠭᠡᠭᠡᠬᠦ ᠵᠠᠷᠤᠳᠠᠯ ᠤᠨ ᠱᠠᠩᠨᠠᠯ ᠣᠯᠭᠤᠵᠤ᠂ ᠠᠩᠬ᠎ᠠ ᠤᠳᠠᠭ᠎ᠠ ᠮᠠᠭᠠᠳᠯᠠᠭᠳᠠᠨ ᠲᠣᠭᠲᠠᠭᠠᠭᠳᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠳᠤ 300 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠤᠨ ᠳᠡᠮᠵᠢᠯᠭᠡ | ᠣᠯᠭᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ ᠬᠡᠷᠡᠭᠵᠢᠭᠦᠯᠵᠦ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠮᠡᠷᠭᠡᠵᠢᠯ ᠤᠨ | ᠵᠠᠭᠤᠴᠢᠯᠠᠭᠴᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ | ᠣᠨᠣᠴᠠᠲᠠᠢ ᠦᠢᠯᠡᠴᠢᠯᠡᠭᠡ ᠬᠠᠩᠭᠠᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 49. ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠪᠠ ᠦᠢᠯᠡᠳᠬᠦ ᠦᠢᠯᠡᠰ ᠤᠨ ᠳᠠᠩ ᠭᠠᠭᠴᠠ ᠵᠦᠢᠯ ᠳᠤ | ᠰᠢᠯᠭᠠᠷᠠᠭᠰᠠᠨ ᠮᠠᠩᠯᠠᠢ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢ ᠨᠢ ᠳᠡᠮᠵᠢᠵᠦ᠂ | ᠮᠡᠷᠭᠡᠵᠢᠯ ᠳᠤ ᠰᠢᠨ᠎ᠡ ᠶᠢ ᠡᠭᠦᠳᠬᠦ᠂ ᠲᠤᠰᠬᠠᠢ ᠠᠰᠢᠭ ᠤᠨ ᠡᠭᠦᠳᠦᠯᠲᠡ᠂ ᠦᠷ᠎ᠡ ᠪᠦᠲᠦᠭᠡᠯ ᠢ ᠤᠯᠠᠷᠢᠭᠤᠯᠬᠤ᠂ ᠮᠡᠷᠭᠡᠵᠢᠯ ᠳᠡᠯᠭᠡᠷᠡᠭᠦᠯᠬᠦ᠂ ᠪᠠᠷᠢᠮᠵᠢᠶ᠎ᠠ ᠲᠣᠭᠲᠠᠭᠠᠬᠤ | ᠵᠡᠷᠭᠡ ᠲᠠᠯ᠎ᠠ ᠪᠠᠷ ᠣᠯᠣᠭᠰᠠᠨ ᠠᠵᠢᠯ ᠤᠨ ᠠᠮᠵᠢᠯᠲᠠ ᠪᠦᠲᠦᠮᠵᠢ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠡᠳᠡᠨ ᠤ ᠮᠡᠷᠭᠡᠵᠢᠯ ᠤᠨ ᠴᠣᠯᠠ ᠭᠤᠶᠤᠴᠢᠯᠠᠨ | ᠮᠡᠳᠡᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶ | 50. ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ ᠰᠢᠨ᠎ᠡ ᠪᠠᠷ ᠮᠠᠭᠠᠳᠯᠠᠭᠳᠠᠨ | ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠪᠠ | ᠤᠯᠤᠰ ᠤᠨ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠳᠤ ᠲᠣᠰ ᠲᠣᠰ 300 ᠲᠦᠮᠡᠨ ᠲᠥᠭᠦᠷᠢᠭ᠂ | 500 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠭᠤᠷᠪᠠ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠨᠢ ᠠᠬᠢᠭᠤᠯᠤᠨ᠎ᠠ | ︵ᠨᠢᠭᠡ︶ ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠪᠤᠶᠢᠵᠢᠭᠤᠯᠤᠨ᠎ᠠ᠃ | 51. ᠮᠡᠷᠭᠡᠵᠢᠯ ᠤᠨ ᠵᠠᠭᠤᠴᠢᠯᠠᠬᠤ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠰᠢᠨ᠎ᠡ ᠪᠠᠷ | ᠵᠥᠪᠰᠢᠶᠡᠷᠡᠭᠳᠡᠭᠰᠡᠨ ᠤ ᠳᠠᠷᠠᠭᠠᠬᠢ ᠤᠯᠤᠰ ᠤᠨ ᠲᠠᠰ ᠤᠨ ᠮᠡᠷᠭᠡᠵᠢᠯ ᠤᠨ ᠰᠢᠯᠵᠢᠯᠲᠡ ᠶᠢᠨ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ ᠲᠤ ᠨᠢᠭᠡ ᠯᠡ | ᠤᠳᠠᠭ᠎ᠠ ᠳᠤ 100 ᠲᠦᠮᠡᠨ ᠲᠥᠭᠦᠷᠢᠭ ᠤᠨ ᠳᠠᠷᠠᠭᠠᠬᠢ ᠨᠥᠬᠦᠪᠦᠷᠢ ᠶᠢᠨ ᠳᠡᠮᠵᠢᠯᠭᠡ ᠣᠯᠭᠤᠵᠤ᠂ ᠮᠡᠷᠭᠡᠵᠢᠯ ᠤᠨ ᠵᠠᠭᠤᠴᠢᠯᠠᠭᠴᠢ ︵ᠳᠠᠭᠠᠭᠠᠮᠠᠯ︶ ᠶᠢᠨ ᠣᠨ ᠤ | ᠳᠣᠲᠣᠷᠠᠬᠢ ᠮᠡᠷᠭᠡᠵᠢᠯ ᠤᠨ ᠰᠢᠯᠵᠢᠯᠲᠡ ᠤᠯᠠᠷᠢᠭᠤᠯᠤᠯᠲᠠ ᠶᠢ ᠠᠬᠢᠭᠤᠯᠤᠨ ᠠᠷᠠᠯᠵᠢᠶᠠᠯᠠᠭᠰᠠᠨ ᠵᠣᠭᠤᠰᠤᠨ ᠲᠤᠭ᠎ᠠ ᠨᠢ ᠨᠡᠶᠢᠲᠡ 100 ᠲᠦᠮᠡᠨ ᠲᠥᠭᠦᠷᠢᠭ ᠢ | ᠳᠠᠪᠠᠭᠰᠠᠨ ᠪᠠᠶᠢᠪᠠᠯ᠂ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠪᠣᠳᠠᠲᠠᠢ ᠠᠷᠠᠯᠵᠢᠶᠠᠯᠠᠭᠰᠠᠨ ᠲᠣᠭᠠᠨ ᠤ 2% ᠢᠶᠠᠷ ᠬᠠᠮᠤᠭ ᠤᠨ ᠢᠯᠡᠭᠦᠦ ᠳᠤ ᠪᠠᠨ 20 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ︶ | 52. ᠠᠩᠬᠠᠨ ᠤ ᠬᠡᠪᠯᠡᠯ ᠤᠨ ᠳ᠋ᠤᠭᠠᠷ ᠤᠨ ᠰᠣᠹᠲ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠣᠯᠬᠤ ᠪᠤᠶᠤ ᠦᠨᠡᠮᠯᠡᠯ ᠭᠠᠷᠳᠠᠬᠤ ᠪᠠᠷ ᠲᠣᠭᠲᠠᠭᠰᠠᠨ | ᠬᠤᠭᠤᠴᠠᠭᠠᠨ ᠳᠤ ᠭᠤᠶᠤᠴᠢᠯᠠᠬᠤ ᠬᠦᠷᠲᠡᠯᠡᠬᠢ ᠪᠣᠳᠠᠲᠠᠢ ᠪᠣᠷᠣᠯᠠᠭᠤᠯᠤᠭᠰᠠᠨ ᠶᠡᠷᠦᠩᠬᠡᠢ ᠲᠣᠭᠠᠨ ᠤ 20% ᠪᠠᠷ ᠨᠥᠬᠦᠪᠦᠷᠢ ᠣᠯᠭᠤᠵᠤ᠂ ᠭᠠᠭᠴᠠ ᠠᠵᠤ | ᠠᠬᠤᠶᠢᠯᠠᠯ ᠤᠨ ᠨᠥᠬᠦᠪᠦᠷᠢ ᠮᠥᠩᠭᠦ ᠶᠢᠨ ᠲᠤᠭ᠎ᠠ ᠶᠢ ᠬᠠᠮᠤᠭ ᠤᠨ ᠢᠯᠡᠭᠦᠦ ᠳᠤ ᠪᠠᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠠᠵᠤ | ᠠᠬᠤᠶᠢᠯᠠᠯ ᠤᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠠᠵᠤ ᠦᠢᠯᠡᠳᠪᠦᠷᠢ ᠶᠢᠨ ᠰᠣᠹᠲ ︵ᠠᠵᠤ ᠦᠢᠯᠡᠳᠪᠦᠷᠢ ᠶᠢᠨ APP︶ ᠳᠤ ᠲᠣᠰ ᠦᠢᠯᠡᠳᠬᠦᠨ ᠢ | ᠰᠤᠳᠤᠯᠤᠨ ᠨᠡᠭᠡᠭᠡᠬᠦ ᠳᠤ ᠪᠣᠳᠠᠲᠠᠢ ᠣᠷᠣᠭᠤᠯᠤᠭᠰᠠᠨ ᠵᠣᠭᠤᠰᠤᠨ ᠲᠤᠭ᠎ᠠ ᠶᠢᠨ 20% ᠪᠠᠷ ᠨᠥᠬᠦᠪᠦᠷᠢ ᠣᠯᠭᠤᠵᠤ᠂ ᠭᠠᠭᠴᠠ ᠠᠵᠤ ᠠᠬᠤᠶᠢᠯᠠᠯ ᠳᠤ ᠬᠠᠮᠤᠭ ᠤᠨ | ᠢᠯᠡᠭᠦᠦ ᠳᠤ ᠪᠠᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | 53. ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ ᠪᠠᠶᠢᠭᠠᠳ ᠡᠯ᠎ᠡ ᠠᠶᠢᠮᠠᠭ ᠬᠤᠲᠠ ᠶᠢᠨ ᠬᠢᠨ ᠤ ︽ᠵᠢᠵᠢᠭ ᠪᠥᠭᠡᠳ ᠭᠤᠶᠢᠳᠠ ᠰᠠᠶᠢᠬᠠᠨ︾ | ᠰᠦᠯᠵᠢᠶᠡᠨ ᠤ ᠨᠠᠷᠠᠲᠤ ᠲᠡᠮᠳᠡᠭ ᠪᠤᠶᠢᠵᠢᠭᠤᠯᠬᠤ ᠶᠢ ᠨᠢ ᠳᠡᠮᠵᠢᠵᠦ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠠᠮᠲᠤ ᠪᠠᠷ ᠭᠥᠷᠳᠡᠬᠦ ᠡᠭᠦᠯᠡᠨ ᠬᠥᠮᠥᠷᠭᠡ ᠶᠢ | ᠬᠥᠭᠵᠢᠭᠦᠯᠦᠨ᠂ ᠳᠠᠪᠠᠭᠤᠯᠢᠭ ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ ᠡᠯᠧᠺᠳ᠋ᠷᠣᠨᠴᠢᠯᠠᠨ ᠥᠭᠡᠷᠡᠴᠢᠯᠡᠨ ᠰᠢᠨᠡᠳᠬᠡᠬᠦ ᠠᠵᠢᠯ ᠢ ᠥᠷᠨᠢᠭᠦᠯᠵᠦ᠂ | ᠰᠦᠯᠵᠢᠶᠡᠨ ᠳᠡᠭᠡᠷᠡᠬᠢ ᠭᠤᠣᠯ ᠰᠡᠳᠦᠪᠲᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠥᠪᠯᠡᠷᠡᠭᠰᠡᠨ | ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | ︵ᠬᠤᠶᠠᠷ︶ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ | 54. ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠶᠢᠨ ᠴᠡᠭ ᠤᠨ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠨ᠂ | ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠦᠬᠠᠢ ᠬᠤᠲᠠ᠂ ᠡᠷᠢᠶᠡᠨ | ᠬᠤᠲᠠ ᠶᠢᠨ ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠥᠷᠨᠢᠭᠦᠯᠬᠦ ᠶᠢ ᠨᠢ ᠦᠷᠭᠦᠯᠵᠢᠯᠡᠨ ᠳᠡᠮᠵᠢᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 55. ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠪᠠᠷᠠᠭᠠᠨ ᠤ ᠲᠡᠭᠡᠭᠡᠪᠦᠷᠢ ᠰᠢᠤᠳᠠᠨ ᠤ ᠲᠦᠷᠭᠡᠨ ᠬᠦᠷᠭᠡᠯᠲᠡ ᠶᠢᠨ ᠠᠭᠤᠰᠤᠯᠴᠠᠨ | ᠬᠥᠭᠵᠢᠬᠦ ᠶᠢ ᠵᠣᠷᠢᠭᠵᠢᠭᠤᠯᠵᠤ᠂ ᠤᠯᠤᠰ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ | ᠰᠢᠶᠠᠨ ᠳᠤ 300 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠨᠥᠬᠦᠪᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠲᠠ | ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠳᠤ 200 ᠲᠦᠮᠡᠨ ᠲᠥᠭᠦᠷᠢᠭ ᠤᠨ ᠪᠡᠯᠡ | ᠣᠷᠣᠭᠤᠯᠤᠯᠲᠠ ᠶᠢᠨ ᠨᠥᠬᠦᠪᠦᠷᠢ ᠣᠯᠭᠤᠵᠤ᠂ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠡᠭᠦᠷᠭᠡᠯᠡᠭᠰᠡᠨ ᠬᠤᠰᠢᠭᠤ ᠰᠢᠶᠠᠨ | ︵ᠬᠤᠲᠠ᠂ ᠲᠣᠭᠤᠷᠢᠭ︶ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠡᠮᠡᠭᠦᠷᠢ 20 ᠲᠦᠮᠡᠨ ᠲᠥᠭᠦᠷᠢᠭ ᠣᠯᠭᠤᠵᠤ᠂ | ᠡᠵᠡᠩᠨᠡᠯᠲᠡ ᠳᠤ ᠣᠷᠣᠭᠤᠯᠤᠭᠰᠠᠨ ᠰᠤᠮᠤ ᠰᠢᠶᠠᠩ ᠪᠠᠯᠭᠠᠰᠤ ᠶᠢᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠡᠮᠡᠭᠦᠷᠢ 3 ᠲᠦᠮᠡᠨ | ᠲᠥᠭᠦᠷᠢᠭ ᠣᠯᠭᠤᠵᠤ᠂ ᠲᠠᠷᠢᠶᠠᠴᠢᠨ ᠮᠠᠯᠴᠢᠳ ᠤᠨ ᠶᠠᠪᠤᠵᠤ ᠰᠠᠭᠤᠬᠤ ᠬᠡᠷᠡᠭᠯᠡᠭᠡᠨ ᠤ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ | ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | 56. ᠰᠢᠨ᠎ᠡ ᠪᠠᠷ ᠨᠡᠷᠡᠶᠢᠳᠦᠭᠰᠡᠨ ᠪᠥᠬᠦ ᠤᠯᠤᠰ ᠤᠨ ︽ᠬᠥᠳᠡᠭᠡ ᠲᠣᠰᠬᠤᠨ ᠤ ᠳᠥᠷᠪᠡᠨ ᠰᠠᠶᠢᠲᠠᠢ ᠵᠠᠮ︾ ᠤᠨ ᠵᠢᠱᠢᠶ᠎ᠡ ᠦᠵᠡᠭᠦᠯᠬᠦ ᠰᠢᠶᠠᠨ ᠳᠤ ᠨᠢᠭᠡ ᠯᠡ | ᠤᠳᠠᠭ᠎ᠠ ᠳᠤ 1000 ᠲᠦᠮᠡᠨ ᠲᠥᠭᠦᠷᠢᠭ ᠤᠨ ᠤᠷᠮᠠᠰᠢᠭᠤᠯᠬᠤ ᠪᠡᠯᠡ ᠮᠥᠩᠭᠦ ᠣᠯᠭᠤᠨ᠎ᠠ︔ ᠰᠢᠨ᠎ᠡ ᠪᠠᠷ ᠨᠡᠷᠡᠶᠢᠳᠦᠭᠰᠡᠨ ᠥᠪᠡᠷᠲᠡᠭᠡᠨ ᠵᠠᠰᠠᠬᠤ ᠣᠷᠣᠨ ᠤ | ᠲᠠᠰ ᠤᠨ ︽ᠬᠥᠳᠡᠭᠡ ᠲᠣᠰᠬᠤᠨ ᠤ ᠳᠥᠷᠪᠡᠨ ᠰᠠᠶᠢᠲᠠᠢ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ ᠨᠢᠭᠡ ᠯᠡ ᠤᠳᠠᠭ᠎ᠠ ᠳᠤ 500 ᠲᠦᠮᠡᠨ | ᠲᠥᠭᠦᠷᠢᠭ ᠤᠨ ᠤᠷᠮᠠᠰᠢᠭᠤᠯᠬᠤ ᠪᠡᠯᠡ ᠮᠥᠩᠭᠦ ᠣᠯᠭᠤᠨ᠎ᠠ᠃ ᠤᠷᠮᠠᠰᠢᠭᠤᠯᠬᠤ ᠪᠡᠯᠡ ᠮᠥᠩᠭᠦ ᠶᠢ ᠭᠤᠣᠯᠳᠠᠭᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠯᠲᠠ ᠳᠤ ᠬᠡᠷᠡᠭᠯᠡᠨ᠎ᠡ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ︺ | 57. ᠨᠡᠮᠡᠭᠦᠷᠢ ᠥᠭᠭᠦᠭᠰᠡᠨ ᠤ ᠳᠠᠷᠠᠭ᠎ᠠ ᠣᠷᠣᠨ ᠪᠦᠰᠡ ᠶᠢᠨ ᠳᠣᠲᠣᠷᠠᠬᠢ ᠲᠤᠬᠠᠶᠢᠯᠠᠭᠰᠠᠨ ᠠᠵᠢᠯ ᠤᠨ ᠣᠯᠵᠤ ᠠᠯᠳᠠᠬᠤ ᠶᠢ ᠶᠡᠷᠦᠩᠬᠡᠢ ᠳᠤ ᠪᠠᠨ | ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ ᠳᠠᠭᠠᠭᠠᠵᠤ ᠦᠷᠭᠦᠯᠵᠢᠯᠡᠨ ᠡᠵᠡᠩᠨᠡᠵᠦ ᠪᠣᠯᠬᠤᠶᠢᠴᠠ ᠵᠡᠷᠭᠡ ᠵᠠᠷᠴᠢᠮ ᠶᠣᠰᠣᠭᠠᠷ᠂ ᠲᠣᠰᠬᠤᠨ ᠳᠤ ᠲᠦᠷᠭᠡᠨ | ᠬᠦᠷᠭᠡᠯᠲᠡ ᠶᠢᠨ ᠬᠦᠷᠭᠡᠭᠰᠡᠨ ᠰᠢᠤᠳᠠᠨ ᠵᠦᠢᠯ ᠤᠨ ᠬᠡᠮᠵᠢᠶ᠎ᠡ᠂ ᠭᠠᠭᠴᠠ ᠵᠦᠢᠯ ᠤᠨ ᠥᠪᠡᠷ ᠤᠨ ᠥᠷᠲᠡᠭ᠂ ᠬᠦᠷᠭᠡᠬᠦ ᠵᠠᠢ ᠪᠠ ᠦᠢᠯᠡᠴᠢᠯᠡᠬᠦ ᠣᠷᠣᠨ ᠪᠦᠰᠡ | ᠵᠡᠷᠭᠡ ᠪᠠᠷ ᠦᠨᠳᠦᠰᠦᠯᠡᠯ ᠪᠣᠯᠭᠠᠵᠤ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠪᠣᠳᠠᠲᠠᠢ ᠬᠠᠩᠭᠠᠭᠰᠠᠨ | ᠦᠢᠯᠡᠴᠢᠯᠡᠭᠡ ᠳᠤ᠂ ᠰᠢᠤᠳᠠᠨ ᠵᠦᠢᠯ ᠪᠦᠷᠢ ᠳᠤ 0.3 ᠲᠥᠭᠦᠷᠢᠭ ᠠᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭᠠᠷ᠂ ᠡᠯ᠎ᠡ ᠠᠶᠢᠮᠠᠭ ᠬᠤᠲᠠ ᠠᠴᠠ | ᠵᠦᠷᠢᠶᠡᠵᠢᠬᠦᠯᠦᠭᠰᠡᠨ ᠬᠤᠵᠢᠭᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 58. ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠨᠡᠯᠢᠶᠡᠳ ᠪᠠᠭᠤᠷᠠᠢ᠂ ᠰᠤᠮᠤ ᠰᠢᠶᠠᠩ ᠪᠠᠯᠭᠠᠰᠤ ᠠᠴᠠ ᠨᠡᠯᠢᠶᠡᠳ ᠬᠤᠯᠠ ᠵᠠᠶᠢᠳᠠᠭᠤ ᠪᠥᠭᠡᠳ ᠪᠤᠶᠢᠲᠠ ᠪᠥᠭᠯᠡᠭᠦᠦ᠂ ︽ | ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠳᠤ ᠨᠡᠯᠢᠶᠡᠳ ᠬᠦᠴᠢᠷᠲᠡᠢ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠲᠣᠰᠬᠤᠨ ᠪᠠ ᠢᠯᠡᠭᠡᠨ | ᠶᠠᠪᠤᠭᠤᠯᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠪᠣᠯᠪᠠᠴᠤ ᠦᠢᠯᠡᠴᠢᠯᠡᠭᠡᠨ ᠤ ᠴᠡᠭ ᠲᠣᠬᠢᠷᠠᠭᠤᠯᠤᠭᠠᠳᠤᠢ ᠪᠠᠶᠢᠭᠤᠯᠤᠯᠲᠤ ᠲᠣᠰᠬᠤᠨ ᠳᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ | ᠬᠠᠮᠢᠶᠠᠷᠬᠤ ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠣᠰᠬᠤᠨ ᠤ ᠳᠡᠰ ᠤᠨ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠣᠬᠢᠷᠠᠭᠤᠯᠵᠤ᠂ ᠨᠥᠬᠦᠪᠦᠷᠢ ᠥᠭᠬᠦ ᠪᠠᠷᠢᠮᠵᠢᠶ᠎ᠠ ᠨᠢ ᠰᠠᠷ᠎ᠠ ᠪᠦᠷᠢ 500 | ᠲᠥᠭᠦᠷᠢᠭ ᠪᠠᠶᠢᠵᠤ᠂ 2025 ᠣᠨ ᠪᠣᠯᠲᠠᠯ᠎ᠠ ᠨᠥᠬᠦᠪᠦᠷᠢᠯᠡᠨ᠎ᠡ᠃ ︹ ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ︺ | 59. ᠤᠯᠤᠰ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠳᠤ ᠵᠢᠭᠰᠠᠭᠠᠭᠳᠠᠭᠰᠠᠨ ᠪᠥᠭᠡᠳ ᠰᠢᠯᠭᠠᠨ | ᠬᠤᠷᠢᠶᠠᠵᠤ ᠠᠪᠬᠤ ᠳᠤ ᠬᠢᠷᠢ ᠲᠡᠩᠴᠡᠭᠰᠡᠨ ᠲᠥᠷᠥᠯ ᠵᠦᠢᠯ ᠪᠦᠷᠢ ᠳᠤ 1000 ᠲᠦᠮᠡᠨ ᠲᠥᠭᠦᠷᠢᠭ ᠤᠨ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 60. ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠦᠷᠭᠡᠨ ᠤ ᠵᠠᠰᠠᠮᠠᠯ ᠵᠠᠮ ᠤᠨ ETC ᠢᠶᠠᠷ ᠥᠩᠭᠡᠷᠡᠬᠦ ᠠᠶᠠᠨᠴᠢᠳ ᠤᠨ ᠪᠠ ᠪᠠᠷᠠᠭᠠᠨ ᠤ ᠲᠡᠷᠭᠡ ᠳᠤ | ᠦᠷᠭᠦᠯᠵᠢᠯᠡᠨ 5% ᠶᠢᠨ ᠵᠠᠮ ᠤᠨ ᠰᠦᠢᠳᠬᠡᠯ ᠤᠨ ᠬᠢᠮᠳᠠᠷᠠᠯ ᠤᠨ ᠬᠠᠷᠠᠭᠠᠯᠵᠠᠯ ᠦᠵᠡᠭᠦᠯᠬᠦ ᠪᠥᠭᠡᠳ ᠣᠷᠳᠣ ᠬᠤᠭᠤᠴᠠᠭ᠎ᠠ ᠪᠠᠷ ᠬᠡᠷᠡᠭᠵᠢᠭᠦᠯᠦᠨ᠎ᠡ᠃ ᠲᠦᠷᠭᠡᠨ ᠤ | ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠤᠷᠰᠢᠯᠲᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠭᠡᠨ ᠤ ᠵᠠᠰᠠᠮᠠᠯ ᠵᠠᠮ ᠤᠨ ᠥᠷᠢ ᠲᠥᠯᠥᠬᠦ | ᠴᠢᠳᠠᠪᠤᠷᠢ ᠶᠢ ᠨᠢ ᠪᠠᠭᠤᠷᠠᠭᠤᠯᠬᠤ ᠦᠭᠡᠢ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠣᠨᠴᠠᠯᠢᠭ ᠲᠤ ᠨᠢ ᠲᠣᠬᠢᠷᠠᠭᠰᠠᠨ ᠵᠦᠷᠢᠶᠡᠴᠢᠯᠡᠭᠰᠡᠨ ᠰᠦᠢᠳᠬᠡᠯ | ᠬᠤᠷᠢᠶᠠᠬᠤ ᠵᠠᠭᠪᠤᠷ ᠪᠠ ᠲᠥᠬᠦᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠲᠦᠷᠭᠡᠨ ᠤ ᠵᠠᠰᠠᠮᠠᠯ ᠵᠠᠮ ᠢᠶᠠᠷ ᠶᠠᠪᠤᠵᠤ | ᠰᠠᠭᠤᠬᠤ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠨᠢ ᠪᠠᠭᠤᠷᠠᠭᠤᠯᠵᠤ ᠦᠷ᠎ᠡ ᠠᠰᠢᠭ ᠢ ᠨᠢ | ᠨᠡᠮᠡᠭᠳᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ︵ᠭᠤᠷᠪᠠ︶ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ᠎ᠠ᠃ | 61. ᠠᠶᠢᠮᠠᠭ ᠬᠤᠲᠠ ᠶᠢᠨ ᠬᠢᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢᠨ ᠲᠤᠯᠭᠠᠨ ᠬᠡᠷᠡᠭᠯᠡᠬᠦ ᠲᠡᠮᠳᠡᠭᠲᠦ ᠣᠯᠭᠤᠬᠤ ᠶᠢ ᠨᠢ | ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 62. ᠵᠢᠭᠤᠯᠴᠢᠯᠠᠯ ᠤᠨ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ ᠪᠠᠶᠢᠭᠠᠳ ᠵᠢᠭᠤᠯᠴᠢᠯᠠᠯ ᠰᠡᠯᠡᠭᠦᠴᠡᠯ ᠤᠨ ᠬᠤᠲᠠ᠂ ᠭᠤᠣᠯᠳᠠᠯᠭ᠎ᠠ ᠲᠠᠢ | ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ︽ᠳᠥᠷᠪᠡᠨ ᠭᠠᠵᠠᠷ︾ ᠤᠨ ᠭᠤᠣᠯᠳᠠᠯᠭ᠎ᠠ ᠲᠠᠢ ᠲᠥᠷᠥᠯ ᠵᠦᠢᠯ᠂ ᠬᠥᠳᠡᠭᠡ ᠲᠣᠰᠬᠤᠨ ᠤ | ᠵᠢᠭᠤᠯᠴᠢᠯᠠᠯ᠂ ᠭᠤᠣᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠳᠤ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 63. ᠰᠣᠶᠣᠯ ᠤᠨ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠤᠰᠬᠠᠢ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ︽ | ᠲᠠᠯ᠎ᠠ ᠨᠤᠲᠤᠭ ᠲᠠᠢ ᠪᠠᠨ ᠪᠢ ᠪᠣᠯᠵᠤᠭ᠎ᠠ ᠲᠠᠢ︾ ᠰᠣᠶᠣᠯ ᠤᠨ ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ᠂ ᠰᠣᠶᠣᠯ ᠤᠨ ᠵᠢᠭᠤᠯᠴᠢᠯᠠᠯ ᠤᠨ | ᠲᠠᠸᠠᠷ ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ ᠤᠨ ᠲᠠᠯᠠᠪᠠᠶ ᠳᠠᠬᠢ ᠤᠷᠠᠨ ᠲᠣᠭᠯᠠᠯᠲᠠ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ | ᠵᠦᠢᠯ ᠢ ᠳᠡᠮᠵᠢᠵᠦ᠂ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 64. ᠵᠢᠭᠤᠯᠴᠢᠨ ᠳᠤ ᠦᠢᠯᠡᠴᠢᠯᠡᠬᠦ ᠭᠠᠵᠠᠷ ᠨᠢ ᠣᠷᠣᠨ ᠤ ᠭᠠᠳᠠᠨᠠᠬᠢ ᠵᠤᠭᠠᠴᠠᠭᠰᠠᠳ ᠢ ᠲᠠᠲᠠᠵᠤ ᠠᠪᠴᠢᠷᠠᠪᠠᠯ ᠬᠥᠬᠢᠭᠦᠯᠦᠨ ᠱᠠᠩᠨᠠᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 65. ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠡᠭᠦᠳᠦᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ | ᠡᠷᠭᠢᠯᠳᠦᠭᠦᠯᠦᠨ ᠠᠰᠢᠭᠯᠠᠬᠤ ᠲᠣᠭᠲᠠᠯᠴᠠᠭ᠎ᠠ ᠶᠢ ᠪᠦᠷᠢᠨᠰᠢᠭᠦᠯᠦᠨ᠂ ᠮᠠᠭᠠᠳᠯᠠᠭᠳᠠᠨ ᠲᠣᠭᠲᠠᠭᠠᠭᠳᠠᠭᠰᠠᠨ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠲᠤ ᠪᠡᠯᠡ | ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 66. ᠰᠢᠶᠠᠨ ᠤ ᠬᠡᠪᠴᠢᠶᠡᠨ ᠳᠠᠬᠢ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠰᠢᠶᠠᠨ ᠤ | ᠬᠡᠪᠴᠢᠶᠡᠨ ᠳᠠᠬᠢ ᠬᠤᠳᠠᠯᠳᠤᠭᠠᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ | ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠢᠶᠠᠨ ᠤ | ᠬᠡᠪᠴᠢᠶᠡᠨ ᠤ ᠬᠡᠷᠡᠭᠯᠡᠭᠡᠨ ᠤ ᠠᠷᠭ᠎ᠠ ᠵᠠᠮ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠪᠣᠷᠣᠯᠠᠭᠤᠯᠤᠭᠳᠠᠨ ᠮᠡᠳᠡᠷᠡᠭᠳᠡᠬᠦ ᠬᠥᠳᠡᠯᠭᠡᠭᠴᠢ ᠬᠦᠴᠦᠨ ᠢ ᠨᠡᠮᠡᠭᠳᠡᠭᠦᠯᠦᠨ᠂ ᠠᠮᠢᠳᠤᠷᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ | ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 67. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠬᠢᠯᠢ | ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢ ᠳᠡᠮᠵᠢᠨ᠎ᠡ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ | ᠬᠦᠴᠦᠨ ᠨᠡᠮᠡᠷᠢᠯᠡᠬᠦ ᠪᠠ ᠠᠵᠤ ᠦᠢᠯᠡᠰ ᠤᠨ ᠲᠣᠭᠠᠵᠢᠭᠤᠯᠤᠭᠰᠠᠨ ᠬᠥᠭᠵᠢᠯᠲᠡ ᠶᠢ ᠠᠬᠢᠭᠤᠯᠬᠤ ᠲᠠᠯ᠎ᠠ ᠳᠤ ᠦᠵᠡᠭᠦᠯᠬᠦ ᠬᠢᠯᠢ ᠠᠯᠤᠰᠯᠠᠭᠰᠠᠨ ᠡᠯᠧᠺᠳ᠋ᠷᠣᠨ | ᠬᠤᠳᠠᠯᠳᠤᠭ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠭᠠᠳᠠᠭᠠᠳᠤ ᠠᠷᠠᠯᠵᠢᠶ᠎ᠠ ᠶᠢᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 68. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ ᠬᠡᠷᠡᠭᠯᠡᠵᠦ᠂ ᠰᠢᠶᠠᠨ ᠤ ᠬᠡᠪᠴᠢᠶᠡᠨ ᠠᠴᠠ ᠭᠠᠳᠠᠨᠠᠬᠢ | ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ ᠮᠠᠭᠠᠳᠯᠠᠭᠳᠠᠨ | ᠲᠣᠭᠲᠠᠭᠠᠭᠳᠠᠭᠰᠠᠨ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ | ᠭᠠᠵᠠᠷ ᠣᠷᠣᠨ ᠳᠤ ᠳᠡᠮᠵᠢᠯᠭᠡ ᠦᠵᠡᠭᠦᠯᠵᠦ᠂ ᠵᠠᠯᠭᠠᠭ᠎ᠠ ᠪᠠᠷ ᠰᠢᠯᠢᠳᠡᠭ ᠢ ᠨᠢ ᠰᠣᠩᠭᠤᠬᠤ ᠪᠠᠷ ᠳᠠᠮᠵᠢᠭᠤᠯᠤᠨ ᠨᠢᠭᠡ ᠪᠦᠯᠦᠭ ᠭᠠᠳᠠᠭᠠᠳᠤ ᠠᠵᠤ ᠠᠬᠤᠢ | ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ ᠳᠡᠮᠵᠢᠨ ᠲᠡᠳᠬᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 69. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ ᠬᠡᠷᠡᠭᠯᠡᠵᠦ᠂ ᠭᠠᠳᠠᠭᠠᠳᠤ ᠬᠥᠮᠥᠷᠭᠡ ᠪᠤᠶᠢᠵᠢᠭᠤᠯᠬᠤ | ᠠᠵᠢᠯ ᠢ ᠥᠷᠨᠢᠭᠦᠯᠬᠦ ᠪᠠ ᠪᠠᠬᠢᠵᠢᠭᠦᠯᠵᠦ᠂ ᠬᠤᠶᠠᠷ ᠵᠢᠯ ᠪᠤᠶᠢᠵᠢᠭᠤᠯᠤᠨ᠂ ᠨᠢᠭᠡ ᠵᠢᠯ ᠲᠡᠳᠬᠦᠬᠦ ᠪᠠᠷ ᠳᠡᠮᠵᠢᠨ᠂ ᠭᠤᠣᠯᠳᠠᠭᠤ RCEP ᠤᠨ ᠪᠦᠷᠢᠯᠳᠦᠭᠦᠨ | ᠤᠯᠤᠰ᠂ ︽ᠨᠢᠭᠡ ᠪᠦᠰᠡ ᠨᠢᠭᠡ ᠵᠠᠮ︾ ᠳᠠᠭᠠᠤ ᠶᠢᠨ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ ᠳᠤ ᠨᠢᠭᠡ ᠪᠦᠯᠦᠭ ᠣᠯᠠᠨ ᠨᠡᠶᠢᠲᠡ ᠶᠢᠨ ᠭᠠᠳᠠᠭᠠᠳᠤ | ᠬᠥᠮᠥᠷᠭᠡ ᠶᠢ ᠪᠦᠲᠦᠭᠡᠨ ᠪᠠᠶᠢᠭᠤᠯᠤᠨ᠎ᠠ᠃ ᠬᠢᠯᠢ ᠶᠢᠨ ᠪᠣᠭᠤᠮᠲᠠ ᠶᠢᠨ ᠠᠵᠢᠯᠯᠠᠭᠠᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ᠂ ᠵᠠᠮ ᠬᠠᠷᠢᠯᠴᠠᠭᠠᠨ ᠤ ᠪᠠᠭᠠᠵᠢ 3 ᠵᠦᠢᠯ ᠤᠨ ᠠᠵᠢᠯᠯᠠᠭᠠᠨ ᠤ ᠭᠦᠢᠴᠡᠳᠬᠡᠯ | ᠲᠤᠭ᠎ᠠ ᠳᠤ ᠵᠦᠢ ᠵᠣᠬᠢᠰᠲᠠᠢ ᠬᠤᠪᠢ ᠶᠢᠨ ᠵᠢᠩ ᠤᠨ ᠬᠠᠷᠢᠴᠠᠯ ᠢᠶᠠᠷ ᠨᠡᠮᠡᠭᠦᠷᠢ ᠣᠯᠭᠤᠨ ᠳᠡᠮᠵᠢᠯᠭᠡ ᠦᠵᠡᠭᠦᠯᠵᠦ᠂ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | ︵ᠳᠥᠷᠪᠡ︶ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | 70. 50 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠡᠯᠡ ᠮᠥᠩᠭᠦ ᠶᠢ ᠲᠣᠬᠢᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ᠂ ᠬᠥᠮᠥᠨ ᠠᠮᠠ ᠶᠢᠨ ᠨᠠᠰᠤᠵᠢᠯᠲᠠ ᠪᠠ ᠰᠠᠭᠠᠲᠠᠭᠤᠯᠤᠨ ᠬᠥᠮᠥᠵᠢᠭᠦᠯᠬᠦ ᠠᠰᠠᠭᠤᠳᠠᠯ ᠢ ᠠᠷᠭᠠᠴᠠᠭᠠᠬᠤ᠂ | ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠵᠢᠴᠢ ᠨᠡᠶᠢᠭᠡᠮ ᠤᠨ ᠦᠢᠯᠡᠴᠢᠯᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠴᠢᠬᠤᠯᠠ ᠶᠡᠭᠡ ᠣᠯᠠᠨ | ᠨᠡᠶᠢᠲᠡ ᠶᠢᠨ ᠦᠢᠯᠡᠴᠢᠯᠡᠭᠡᠨ ᠤ ᠢᠨᠵᠧᠨᠧᠷᠢᠩ ᠤᠨ ᠪᠠᠶᠢᠭᠤᠯᠤᠯᠲᠠ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠡᠶ᠎ᠡ ᠶᠢᠨ ᠲᠠᠮᠢᠷ ᠤᠨ ᠲᠣᠪᠴᠢᠶ᠎ᠠ︶ | 71. ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠲᠠ ᠪᠠ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠲᠤᠰᠬᠠᠢ | ᠠᠵᠢᠯᠯᠠᠭᠠᠨ ᠢ ᠥᠷᠨᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ | ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠨᠢ ᠳᠡᠮᠵᠢᠵᠦ᠂ ᠤᠯᠤᠰ ᠤᠨ ᠲᠦᠭᠡᠮᠡᠯ | ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠲᠠ ᠪᠠ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠲᠤᠰᠬᠠᠢ ᠠᠵᠢᠯᠯᠠᠭᠠᠨ ᠳᠤ | ᠵᠢᠭᠰᠠᠭᠠᠭᠳᠠᠭᠰᠠᠨ ᠲᠥᠷᠥᠯ ᠵᠦᠢᠯ ᠳᠠᠬᠢ᠂ ᠭᠡᠷ ᠲᠤ ᠪᠠᠨ ᠰᠠᠭᠤᠵᠤ ᠠᠰᠠᠷᠠᠭᠤᠯᠬᠤ ᠨᠡᠶᠢᠭᠡᠮ ᠲᠣᠭᠤᠷᠢᠭ ᠤᠨ ᠬᠡᠯᠪᠡᠷᠢ ᠪᠠ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠭᠰᠠᠨ ᠬᠡᠯᠪᠡᠷᠢ ᠶᠢᠨ ᠪᠣᠯ ᠣᠷᠣ ᠪᠦᠷᠢ ᠳᠤ 2 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ ᠵᠢᠭᠤᠯᠴᠢᠯᠠᠨ ᠰᠠᠭᠤᠬᠤ ᠬᠡᠯᠪᠡᠷᠢ ᠶᠢᠨ ᠪᠣᠯ ᠣᠷᠣ | ᠪᠦᠷᠢ ᠳᠤ 1 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 72. ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ ᠲᠤᠰᠬᠠᠢ ᠵᠦᠢᠯ ᠤᠨ ᠢᠨᠵᠧᠨᠧᠷᠢᠩ ᠢ ᠥᠷᠨᠢᠭᠦᠯᠵᠦ᠂ ᠠᠯᠪᠠᠨ ᠠᠴᠠ | ᠡᠷᠭᠢᠯᠡᠭᠰᠡᠨ ᠪᠠᠶᠢᠭᠤᠯᠤᠮᠵᠢ ᠪᠠ ᠨᠡᠶᠢᠭᠡᠮ ᠤᠨ ᠬᠦᠴᠦᠨ ᠤ ᠬᠢ ᠨᠡᠶᠢᠭᠡᠮ ᠲᠣᠭᠤᠷᠢᠭ᠂ ᠬᠡᠦᠬᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ | ᠵᠡᠷᠭᠡ ᠳᠤ ᠲᠦᠰᠢᠭᠯᠡᠨ ᠰᠢᠭᠢᠳᠬᠡᠯ ᠮᠠᠶ᠋ᠢᠭ ᠤᠨ᠂ ᠲᠠᠷᠬᠠᠯᠲᠠᠲᠤ ᠮᠠᠶ᠋ᠢᠭ ᠤᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠰᠠᠭᠠᠲᠠᠭᠤᠯᠤᠨ ᠬᠥᠮᠥᠵᠢᠭᠦᠯᠬᠦ | ᠦᠢᠯᠡᠴᠢᠯᠡᠭᠡᠨ ᠤ ᠪᠡᠯᠡᠳᠬᠡᠮᠵᠢ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ ᠡᠳᠦᠷ ᠢᠶᠠᠷ ᠨᠠᠶᠢᠳᠠᠨ ᠰᠠᠭᠠᠲᠠᠭᠤᠯᠬᠤ᠂ ᠴᠠᠭ ᠢᠶᠠᠷ ᠨᠠᠶᠢᠳᠠᠨ ᠰᠠᠭᠠᠲᠠᠭᠤᠯᠬᠤ ᠵᠡᠷᠭᠡ | ᠲᠦᠭᠡᠮᠡᠯ ᠬᠠᠷᠭᠠᠯᠵᠠᠯᠳᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡ ᠬᠠᠩᠭᠠᠨ᠎ᠠ᠃ ᠤᠯᠤᠰ ᠤᠨ ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ | ᠲᠤᠰᠬᠠᠢ ᠵᠦᠢᠯ ᠳᠤ ᠵᠢᠭᠰᠠᠭᠠᠭᠳᠠᠭᠰᠠᠨ ᠲᠥᠷᠥᠯ ᠵᠦᠢᠯ ᠳᠤ᠂ ᠰᠠᠭᠠᠲᠠᠭᠤᠯᠤᠨ ᠬᠥᠮᠥᠵᠢᠭᠦᠯᠬᠦ ᠣᠷᠣᠨ ᠲᠤᠭ᠎ᠠ ᠨᠢᠭᠡᠪᠦᠷᠢ ᠳᠤ ᠲᠦᠮᠡᠨ ᠲᠥᠭᠦᠷᠢᠭ ᠤᠨ | ᠪᠠᠷᠢᠮᠵᠢᠶ᠎ᠠ ᠪᠠᠷ ᠪᠡᠯᠡ ᠮᠥᠩᠭᠦ ᠶᠢᠨ ᠨᠥᠬᠦᠪᠦᠷᠢ ᠣᠯᠭᠤᠨ᠎ᠠ︔ ᠤᠯᠤᠰ ᠤᠨ ᠨᠡᠶᠢᠳᠡᠮ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠣᠷᠣᠭᠤᠯᠤᠭᠰᠠᠨ ᠭᠠᠵᠠᠷ ᠣᠷᠣᠨ ᠳᠤ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢᠨ ᠨᠥᠬᠦᠪᠦᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ | ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 73. ᠭᠡᠷ ᠠᠬᠤᠢ ᠪᠠᠷ ᠬᠥᠳᠡᠭᠡ ᠲᠤᠰᠬᠤᠨ ᠢ ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠭᠡᠷ ᠠᠬᠤᠢ ᠬᠥᠳᠡᠯᠮᠦᠷᠢ ᠦᠢᠯᠡᠴᠢᠯᠡᠭᠡ ᠶᠢ | ᠵᠣᠯᠭᠠᠭᠤᠯᠬᠤ ᠶᠢ ᠦᠷᠭᠦᠯᠵᠢᠯᠡᠨ ᠥᠷᠨᠢᠭᠦᠯᠵᠦ᠂ ᠭᠡᠷ ᠠᠬᠤᠢ ᠶᠢᠨ ᠠᠵᠤ ᠠᠬᠤᠶᠢᠯᠠᠯ ᠤᠨ ᠲᠤᠰᠠᠭᠠᠷ ᠡᠵᠡᠩᠨᠡᠬᠦ᠂ ᠰᠢᠭᠢᠳᠬᠡᠬᠦ᠂ ᠬᠠᠮᠲᠤᠷᠠᠯᠴᠠᠬᠤ᠂ ᠰᠦᠯᠵᠢᠶᠡᠨ | ᠳᠡᠭᠡᠷ᠎ᠡ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠲᠣᠭᠤᠷᠢᠭ ᠲᠤ ᠣᠷᠣᠵᠤ ᠰᠠᠭᠤᠬᠤ ᠶᠢ ᠵᠣᠷᠢᠭᠵᠢᠭᠤᠯᠤᠨ ᠳᠡᠮᠵᠢᠨ᠎ᠡ᠃ ᠭᠡᠷ ᠠᠬᠤᠢ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠲᠡᠭᠡᠮᠵᠢ ᠲᠠᠢ ᠪᠠᠶᠢᠬᠤ ᠶᠢ ᠨᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠭᠡᠷ ᠠᠬᠤᠢ ᠶᠢᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠤᠬᠠᠭᠤᠯᠤᠨ | ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠡᠷ ᠠᠬᠤᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 74. ᠲᠤᠬᠠᠢ ᠶᠢᠨ ᠵᠢᠯ ᠳᠤ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ᠂ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ | ᠱᠠᠩᠨᠠᠯ ᠢ ᠰᠢᠨ᠎ᠡ ᠪᠠᠷ ᠣᠯᠣᠭᠰᠠᠨ ᠨᠢᠭᠡᠴᠢ ᠶᠢ ᠲᠣᠰ ᠲᠣᠰ 500 ᠲᠦᠮᠡᠨ ᠲᠥᠭᠦᠷᠢᠭ᠂ 200 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠰᠢᠨ᠎ᠡ ᠪᠠᠷ ᠣᠯᠣᠭᠰᠠᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ 100 | ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠣᠯᠭᠤᠵᠤ᠂ ᠳᠤᠮᠳᠠᠳᠤ ᠶᠢᠨ ᠬᠠᠭᠤᠴᠢᠨ ᠨᠠᠷᠠᠲᠤ ᠠᠵᠤ ᠠᠬᠤᠶᠢᠯᠠᠯ᠂ ᠥᠪᠥᠷ ᠮᠣᠩᠭᠤᠯ ᠤᠨ ᠬᠠᠭᠤᠴᠢᠨ | ᠨᠠᠷᠠᠲᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ | ᠳᠥᠷᠪᠡ᠂ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ | ︵ᠨᠢᠭᠡ︶ ᠭᠠᠵᠠᠷ ᠰᠢᠷᠣᠢ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | 75. ᠤᠯᠤᠰ ᠢᠶᠠᠷ ᠵᠥᠪᠰᠢᠶᠡᠷᠡᠭᠦᠯᠦᠭᠡᠳ ᠡᠬᠢᠯᠡᠨ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ ᠤ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ | ᠲᠣᠭᠲᠠᠭᠠᠭᠰᠠᠨ ᠦᠷ᠎ᠡ ᠪᠦᠲᠦᠭᠡᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢ ᠵᠢᠩᠬᠢᠨᠢ ᠪᠠᠷ ᠵᠥᠪᠰᠢᠶᠡᠷᠡᠬᠦ ᠠᠴᠠ ᠡᠮᠦᠨᠡᠬᠢ ᠰᠢᠯᠵᠢᠯᠲᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠠᠴᠠ ᠨᠢᠭᠡᠨᠲᠡ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ ᠪᠠᠲᠤᠯᠠᠭᠰᠠᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠳᠠᠩᠰᠠ ᠡᠪᠬᠡᠮᠡᠯ | ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ ᠦᠨᠳᠦᠰᠦᠯᠡᠯ ᠪᠣᠯᠭᠠᠵᠤ ᠪᠣᠯᠣᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠨᠢ ᠵᠥᠪᠰᠢᠶᠡᠷᠡᠭᠳᠡᠭᠰᠡᠨ ᠤ ᠳᠠᠷᠠᠭ᠎ᠠ᠂ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠤᠰᠤᠨ ᠠᠰᠢᠭᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ︶ | 76. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠳᠤ ᠨᠡᠶᠢᠴᠡᠭᠦᠯᠦᠭᠰᠡᠨ ᠤᠷᠢᠲᠠᠯ ᠳᠣᠣᠷ᠎ᠠ᠂ ᠰᠠᠯᠬᠢᠨ ᠬᠦᠴᠦᠨ ᠤ | ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠳᠤ ᠠᠰᠢᠭᠯᠠᠭᠠᠳᠤᠢ ᠭᠠᠵᠠᠷ ᠰᠢᠷᠣᠢ ᠶᠢ ᠬᠡᠷᠡᠭᠯᠡᠬᠦ ᠶᠢ ᠨᠢ ᠳᠡᠮᠵᠢᠵᠦ᠂ ᠭᠤᠪᠢ᠂ ᠡᠯᠡᠰᠦᠨ ᠴᠥᠯ ᠵᠡᠷᠭᠡ | ᠠᠰᠢᠭᠯᠠᠭᠠᠳᠤᠢ ᠭᠠᠵᠠᠷ ᠰᠢᠷᠣᠢ ᠶᠢ ᠬᠡᠷᠡᠭᠯᠡᠬᠦ ᠳᠤ᠂ ᠭᠠᠵᠠᠷ ᠰᠢᠷᠣᠢ ᠶᠢ ᠡᠵᠡᠯᠡᠨ ᠳᠠᠷᠤᠬᠤ ᠦᠭᠡᠢ᠂ ᠭᠠᠵᠠᠷ ᠤᠨ ᠭᠠᠳᠠᠷᠭᠤ ᠶᠢᠨ ᠬᠡᠯᠪᠡᠷᠢ ᠪᠠᠶᠢᠳᠠᠯ ᠢ ᠨᠢ | ᠬᠤᠪᠢᠷᠠᠭᠤᠯᠬᠤ ᠦᠭᠡᠢ ᠪᠠᠶᠢᠪᠠᠯ᠂ ᠤᠤᠯ ᠭᠠᠵᠠᠷ ᠤᠨ ᠲᠥᠷᠥᠯ ᠢᠶᠠᠷ ᠮᠠᠭᠠᠳᠯᠠᠨ ᠲᠣᠭᠲᠠᠭᠠᠨ᠎ᠠ᠃ ᠲᠥᠷᠥᠯ ᠵᠦᠢᠯ ᠤᠨ ᠥᠨᠢᠳᠡ ᠶᠢᠨ ᠴᠢᠨᠠᠷᠲᠠᠢ ᠪᠠᠷᠢᠯᠭ᠎ᠠ ᠳᠤ | ᠬᠡᠷᠡᠭᠯᠡᠬᠦ ᠭᠠᠵᠠᠷ ᠤᠨ ᠬᠡᠰᠡᠭ ᠲᠤ ᠪᠣᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ | ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ | ᠬᠦᠴᠦᠨ ᠤ ᠺᠣᠮᠫᠠᠨᠢ︶ | 77. ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠳᠤ ᠵᠠᠳᠠᠭᠠᠢ ᠠᠭᠤᠷᠬᠠᠢ ᠶᠢᠨ ᠰᠢᠷᠣᠢ ᠴᠢᠯᠠᠭᠤ ᠣᠪᠣᠭᠠᠯᠠᠬᠤ ᠲᠠᠯᠠᠪᠠᠶ᠂ | ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠤ ᠭᠠᠵᠠᠷ ᠰᠢᠷᠣᠢ ᠶᠢ ᠠᠰᠢᠭᠯᠠᠬᠤ ᠶᠢ ᠨᠢ ᠵᠣᠷᠢᠭᠵᠢᠭᠤᠯᠤᠨ᠎ᠠ᠃ ᠨᠡᠭᠦᠷᠡᠰᠦ ᠮᠠᠯᠲᠠᠭᠰᠠᠨ ᠠᠴᠠ | ᠪᠣᠯᠵᠤ ᠳᠣᠷᠣᠭᠰᠢ ᠰᠠᠭᠤᠭᠠᠳ ᠰᠡᠷᠭᠦᠭᠡᠬᠦ ᠶᠢᠨ ᠠᠷᠭ᠎ᠠ ᠦᠭᠡᠢ ᠪᠣᠯᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠪᠣᠯ ᠬᠤᠪᠢᠷᠠᠭᠤᠯᠬᠤ ᠪᠠᠶᠢᠴᠠᠭᠠᠯᠲᠠ ᠶᠢᠨ | ᠮᠡᠷᠭᠡᠵᠢᠯ ᠤᠨ ᠳᠦᠷᠢᠮ ᠤᠨ ᠪᠠᠷᠢᠮᠵᠢᠶ᠎ᠠ ᠶᠢ ᠦᠨᠳᠦᠰᠦᠯᠡᠨ᠂ ᠬᠤᠪᠢᠷᠠᠭᠤᠯᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠣᠳᠣᠬᠢ ᠪᠠᠶᠢᠳᠠᠯ ᠤᠨ ᠪᠠᠶᠢᠴᠠᠭᠠᠯᠲᠠ ᠶᠢ ᠨᠢ | ᠦᠨᠳᠦᠰᠦᠯᠡᠨ᠂ ᠤᠯᠤᠰ ᠲᠤ ᠮᠡᠳᠡᠭᠦᠯᠦᠨ ᠬᠤᠪᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ︶ | ︵ᠬᠤᠶᠠᠷ︶ ᠤᠰᠤᠨ ᠤ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | 78. ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ 2024 ᠣᠨ ᠳᠤ ᠬᠠᠲᠤᠨ ᠭᠤᠣᠯ ᠳᠠᠭᠠᠤ ᠶᠢᠨ ᠠᠶᠢᠮᠠᠭ ᠬᠤᠲᠠ ᠳᠤ ᠠᠵᠤ ᠦᠢᠯᠡᠳᠪᠦᠷᠢ ᠶᠢᠨ ᠤᠰᠤ ᠬᠡᠷᠡᠭᠯᠡᠬᠦ ᠭᠦᠢᠴᠡᠳᠬᠡᠯ | ᠲᠤᠭ᠎ᠠ ᠶᠢ 5000 ᠲᠦᠮᠡᠨ ᠪᠣᠰᠤᠭ᠎ᠠ ᠳᠥᠷᠪᠡᠯᠵᠢᠨ ᠮᠧᠳ᠋ᠷ ᠰᠢᠢᠳᠪᠦᠷᠢᠯᠡᠵᠦ ᠥᠭᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ | ︵ᠭᠤᠷᠪᠠ︶ ᠡᠨᠧᠷᠬᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠵᠦᠢ ᠵᠣᠬᠢᠰᠲᠠᠢ ᠨᠢᠭᠡᠳᠦᠯᠲᠡᠢ ᠲᠥᠯᠥᠪᠯᠡᠨ᠎ᠡ᠃ | 79. ᠰᠢᠨ᠎ᠡ ᠪᠠᠷ ᠨᠡᠮᠡᠭᠳᠡᠭᠰᠡᠨ ᠲᠦᠭᠦᠬᠡᠢ ᠡᠳ᠋ ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠣᠭᠳᠠᠯ ᠤᠨ | ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠡᠵᠡᠮᠳᠡᠯ ᠳᠤ ᠣᠷᠣᠭᠤᠯᠬᠤ ᠦᠭᠡᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠴᠢᠯᠠᠭᠤᠵᠢᠮᠠᠯ ᠤᠨ ᠡᠨᠧᠷᠭᠢ ᠪᠠ ᠳᠠᠬᠢᠯᠲᠠ ᠡᠨᠧᠷᠭᠢ᠂ ᠲᠦᠯᠡᠰᠢ ᠶᠢᠨ ᠬᠥᠳᠡᠯᠭᠡᠭᠴᠢ ᠬᠦᠴᠦᠨ ᠳᠤ ᠬᠡᠷᠡᠭᠯᠡᠬᠦ ᠡᠨᠧᠷᠭᠢ ᠪᠠ ᠲᠦᠭᠦᠬᠡᠢ ᠮᠠᠲ᠋ᠧᠷᠢᠶᠠᠯ ᠳᠤ ᠬᠡᠷᠡᠭᠯᠡᠬᠦ | ᠡᠨᠧᠷᠭᠢ ᠳᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠵᠦᠷᠢᠶᠡᠴᠢᠯᠡᠭᠰᠡᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢᠨ ᠨᠥᠯᠥᠭᠡ ᠶᠢ ᠦᠨᠡᠯᠡᠨ ᠵᠢᠱᠢᠬᠦ ᠳᠤᠮᠳᠠ᠂ ᠲᠦᠷᠦᠯ ᠵᠦᠢᠯ ᠤᠨ ᠲᠦᠭᠦᠬᠡᠢ ᠡᠳ᠋ ᠲᠤ ᠬᠡᠷᠡᠭᠯᠡᠬᠦ ᠡᠨᠧᠷᠭᠢ ᠪᠠ ᠳᠠᠬᠢᠯᠲᠠ | ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠬᠠᠷᠭᠤᠭᠤᠯᠤᠨ ᠬᠠᠰᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ︶ | 80. ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠡᠪ ᠳᠠᠭᠤᠷᠢᠶᠠᠯ ᠤᠨ | ᠬᠡᠮᠵᠢᠭᠳᠡᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠤᠳᠤᠷᠢᠳᠤᠮᠵᠢ ᠶᠢ ᠲᠣᠪᠤᠶᠢᠯᠭᠠᠨ᠂ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠪᠠᠷ ᠪᠠᠭ᠎ᠠ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠵᠤ᠂ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠪᠠᠷ ᠶᠡᠭᠡ ᠲᠥᠷᠥᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠵᠤ᠂ ᠡᠨᠧᠷᠭᠢ ᠶᠢᠨ ᠬᠤᠷᠣᠭᠳᠠᠯ ᠤᠨ ᠬᠦᠴᠦᠨ ᠵᠦᠢᠯ ᠢ | ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠨᠡᠮᠡᠯᠲᠡ ᠥᠷᠲᠡᠭ ᠢᠶᠠᠷ ᠥᠨᠳᠥᠷ ᠪᠠᠶᠢᠭ᠎ᠠ ᠲᠦᠷᠦᠯ ᠵᠦᠢᠯ ᠲᠡᠶᠢᠰᠢ | ᠳᠦᠬᠦᠷᠵᠢᠭᠦᠯᠦᠨ ᠲᠣᠬᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 81. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢ ᠠᠰ ᠲᠤ ᠨᠢ ᠵᠢᠭᠰᠠᠭᠠᠬᠤ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠡᠨᠧᠷᠭᠢ ᠶᠢᠨ ᠲᠣᠪᠴᠢᠶ᠎ᠠ︶ | 82. ᠪᠥᠬᠦ ᠣᠷᠣᠨ ᠤ ᠬᠤᠲᠠ ᠪᠠᠯᠭᠠᠰᠤ ᠶᠢᠨ ᠶᠡᠷᠦᠩᠬᠡᠢ ᠲᠥᠯᠦᠪᠵᠢᠭᠦᠯᠭᠡ ᠶᠢᠨ ᠣᠷᠣᠨ ᠳᠠᠬᠢ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠦᠭᠡᠢ | ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ 2024 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 25% ᠳᠤ ᠬᠦᠷᠦᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | ︵ᠳᠥᠷᠪᠡ︶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 83. ᠲᠤᠬᠠᠢ ᠶᠢᠨ ᠵᠢᠯ ᠳᠤ ᠵᠢᠵᠢᠭ ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ | ᠤ ᠭᠤᠣᠯ ᠴᠣᠭᠴᠠ ᠶᠢ ᠳᠡᠮᠵᠢᠵᠦ ᠪᠠᠶᠢᠭᠠᠳ ᠪᠡᠯᠡ ᠲᠣᠬᠢᠷᠠᠭᠤᠯᠭ᠎ᠠ ᠶᠢᠨ ᠪᠠᠲᠤᠯᠠᠨ ᠳᠠᠭᠠᠭᠠᠯᠲᠠ ︵ᠳᠠᠬᠢᠨ ᠪᠠᠲᠤᠯᠠᠨ ᠳᠠᠭᠠᠭᠠᠯᠲᠠ︶ ᠨᠢ ᠲᠣᠭᠲᠠᠭᠠᠭᠰᠠᠨ | ᠨᠥᠬᠦᠴᠡᠯ ᠳᠤ ᠬᠦᠷᠦᠭᠰᠡᠨ ᠪᠡᠯᠡ ᠲᠣᠬᠢᠷᠠᠭᠤᠯᠭ᠎ᠠ ᠶᠢᠨ ᠪᠠᠲᠤᠯᠠᠨ ᠳᠠᠭᠠᠭᠠᠯᠲᠠ ᠶᠢᠨ ᠺᠣᠮᠫᠠᠨᠢ ᠳᠤ᠂ ᠲᠤᠬᠠᠢ ᠶᠢᠨ ᠵᠢᠯ ᠳᠠᠬᠢ ᠵᠢᠵᠢᠭ ᠪᠢᠴᠢᠯ ᠠᠵᠤ ᠠᠬᠤᠶᠢᠯᠠᠯ ᠪᠠ | ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠭᠤᠣᠯ ᠴᠣᠭᠴᠠ ᠶᠢᠨ ᠪᠠᠲᠤᠯᠠᠨ ᠳᠠᠭᠠᠭᠠᠯᠲᠠ ︵ᠳᠠᠬᠢᠨ ᠪᠠᠲᠤᠯᠠᠨ | ᠳᠠᠭᠠᠭᠠᠯᠲᠠ︶ ᠶᠢᠨ ᠰᠢᠨ᠎ᠡ ᠪᠠᠷ ᠨᠡᠮᠡᠭᠳᠡᠭᠰᠡᠨ ᠬᠠᠷᠢᠭᠤᠴᠠᠯᠭᠠᠲᠤ ᠵᠣᠭᠤᠰᠤᠨ ᠲᠤᠭ᠎ᠠ ᠶᠢᠨ 1% ᠪᠠᠷ ᠲᠦᠭᠰᠢᠭᠦᠷᠢ ᠶᠢᠨ ᠨᠥᠬᠦᠪᠦᠷᠢ ᠥᠭᠴᠦ᠂ ᠭᠠᠭᠴᠠ | ᠡᠷᠦᠬᠡ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠤᠬᠠᠢ ᠶᠢᠨ ᠵᠢᠯ ᠳᠤ ᠬᠤᠷᠢᠶᠠᠭᠰᠠᠨ ᠵᠢᠵᠢᠭ ᠪᠢᠴᠢᠯ ᠠᠵᠤ | ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠭᠤᠣᠯ ᠴᠣᠭᠴᠠ ᠶᠢᠨ ᠪᠠᠲᠤᠯᠠᠨ ᠳᠠᠭᠠᠭᠠᠯᠲᠠ ︵ | ᠳᠠᠬᠢᠨ ᠪᠠᠲᠤᠯᠠᠨ ᠳᠠᠭᠠᠭᠠᠯᠲᠠ︶ ᠶᠢᠨ ᠰᠢᠨ᠎ᠡ ᠪᠠᠷ ᠨᠡᠮᠡᠭᠳᠡᠭᠰᠡᠨ ᠵᠠᠷᠤᠳᠠᠯ ᠤᠨ ᠨᠣᠷᠮ᠎ᠠ ᠨᠢ 1% ︵ᠪᠠᠭᠲᠠᠨ᠎ᠠ︶ ᠠᠴᠠ ᠳᠣᠷᠣᠭᠰᠢ ᠪᠠᠶᠢᠪᠠᠯ᠂ ᠲᠤᠬᠠᠢ ᠶᠢᠨ | ᠵᠢᠯ ᠤᠨ ᠪᠠᠲᠤᠯᠠᠨ ᠳᠠᠭᠠᠭᠠᠯᠲᠠ ᠶᠢᠨ ᠵᠠᠷᠤᠳᠠᠯ ᠤᠨ ᠣᠷᠣᠯᠭ᠎ᠠ ︵ᠭᠠᠶᠢᠯᠢ ᠶᠢᠨ ᠮᠥᠩᠭᠦ ᠪᠠᠭᠲᠠᠬᠤ ᠦᠭᠡᠢ︶ ᠶᠢᠨ 10% ᠪᠠᠷ ᠪᠠᠲᠤᠯᠠᠨ ᠳᠠᠭᠠᠭᠠᠯᠲᠠ ᠶᠢᠨ | ᠵᠠᠷᠤᠳᠠᠯ ᠤᠨ ᠨᠥᠬᠦᠪᠦᠷᠢ ᠣᠯᠭᠤᠨ᠎ᠠ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ︺ | 84. ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ ᠲᠣᠬᠢᠷᠠᠭᠤᠯᠭ᠎ᠠ ᠶᠢ ᠳᠡᠮᠵᠢᠵᠦ᠂ ᠪᠡᠯᠡ ᠲᠣᠬᠢᠷᠠᠭᠤᠯᠬᠤ ᠥᠪᠡᠷ ᠤᠨ | ᠥᠷᠲᠡᠭ ᠢ ᠬᠠᠮᠤᠭ ᠤᠨ ᠥᠨᠳᠥᠷ ᠲᠤ ᠪᠠᠨ 8% ᠠᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭᠠᠷ᠂ ᠭᠤᠣᠯᠳᠠᠭᠤ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ | ᠳᠠᠷᠢᠵᠤ ᠲᠡᠵᠢᠭᠡᠬᠦ ᠲᠣᠮᠣ ᠡᠷᠦᠬᠡ᠂ ᠲᠠᠷᠢᠶᠠᠴᠢᠨ ᠮᠠᠯᠴᠢᠨ ᠤ ᠬᠤᠷᠰᠢᠶ᠎ᠠ ᠵᠡᠷᠭᠡ ᠵᠣᠬᠢᠬᠤ ᠬᠡᠪᠴᠢᠶᠡᠲᠦ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ | 10 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠤᠨ ᠪᠠᠲᠤᠯᠠᠨ ᠳᠠᠭᠠᠭᠠᠯᠲᠠᠲᠤ ᠵᠢᠭᠡᠯᠡᠯᠭᠡ ᠶᠢ ᠬᠠᠩᠭᠠᠨ᠎ᠠ᠃ ︹ ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ | ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︺ | 85. ᠲᠠᠷᠢᠶᠠᠯᠠᠩ ᠤᠨ ᠳᠠᠭᠠᠳᠬᠠᠯ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠮᠤ ᠪᠤᠳᠠᠭᠠᠨ ᠤ ᠤᠨᠠᠯᠲᠠ ᠥᠨᠳᠥᠷ ᠰᠢᠶᠠᠨ ᠳᠤ ᠠᠮᠤ ᠪᠤᠳᠠᠭᠠᠨ ᠤ | ᠭᠤᠷᠪᠠᠨ ᠶᠡᠭᠡ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠤᠶᠤ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠬᠡᠷᠡᠭᠵᠢᠭᠦᠯᠵᠦ᠂ ᠲᠥᠪ ᠪᠠ | ᠥᠪᠡᠷᠲᠡᠭᠡᠨ ᠵᠠᠰᠠᠬᠤ ᠣᠷᠣᠨ ᠠᠴᠠ ᠲᠣᠰ ᠲᠣᠰ 45% ᠪᠠ 30% ᠶᠢᠨ ᠳᠠᠭᠠᠳᠬᠠᠯ ᠤᠨ ᠵᠠᠷᠤᠳᠠᠯ ᠤᠨ ᠨᠡᠮᠡᠭᠦᠷᠢ ᠶᠢ ᠡᠭᠦᠷᠭᠡᠯᠡᠨ᠎ᠡ᠃ ᠨᠤᠲᠤᠭ ᠪᠡᠯᠴᠢᠭᠡᠷ ᠤᠨ | ᠳᠠᠭᠠᠳᠬᠠᠯ ᠤᠨ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠳᠬᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ | ᠃ ︹ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 86. ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠠᠮᠤ ᠪᠤᠳᠠᠭᠠᠨ ᠤ ᠠᠵᠤ ᠠᠬᠤᠶᠢᠯᠠᠯ ᠤᠨ ᠠᠮᠤ ᠪᠤᠳᠠᠭ᠎ᠠ ᠵᠠᠬ᠎ᠠ | ᠳᠡᠯᠭᠡᠭᠦᠷᠴᠢᠯᠡᠨ ᠬᠤᠳᠠᠯᠳᠤᠨ ᠠᠪᠬᠤ ᠳᠤ ᠨᠠᠩ ᠶᠡᠭᠡ ᠬᠡᠪᠴᠢᠶᠡᠨ ᠤ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠶᠢ ᠨᠢ ᠳᠡᠮᠵᠢᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ︶ | 87. 2024 ᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠬᠥᠲᠥᠯᠥᠨ ᠵᠢᠯᠤᠭᠤᠳᠬᠤ ᠰᠠᠭᠤᠷᠢ | ᠮᠥᠩᠭᠦ ᠶᠢ 2 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠠᠵᠤ ᠦᠢᠯᠡᠰ ᠤᠨ ᠬᠡᠯᠬᠢᠶᠡᠨ ᠤ ᠴᠢᠬᠤᠯᠠ ᠶᠡᠭᠡ | ᠲᠥᠷᠥᠯ ᠵᠦᠢᠯ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠡᠮᠵᠢᠨ᠎ᠡ᠃ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠰᠠᠭᠤᠷᠢ ᠮᠥᠩᠭᠦ ᠶᠢ ᠳᠠᠭᠠᠭᠠᠨ ᠲᠤᠰᠢᠶᠠᠵᠤ ᠪᠣᠳᠠᠲᠠᠶᠢᠵᠢᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠴᠢᠬᠤᠯᠠ ᠶᠡᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠮᠵᠢᠨ᠎ᠠ᠃ ᠨᠢᠭᠡᠨᠲᠡ ᠪᠠᠶᠢᠭ᠎ᠠ ᠠᠵᠤ ᠦᠢᠯᠡᠰ ᠢ ᠬᠦᠴᠦᠷᠬᠡᠭᠵᠢᠭᠦᠯᠬᠦ᠂ ᠰᠢᠨ᠎ᠡ ᠪᠠᠷ ᠪᠣᠶ | ᠪᠣᠯᠬᠤ ᠠᠵᠤ ᠦᠢᠯᠡᠰ ᠢ ᠨᠡᠪᠴᠢᠭᠦᠯᠬᠦ᠂ ᠢᠷᠡᠭᠡᠳᠦᠢ ᠶᠢᠨ ᠠᠵᠤ ᠦᠢᠯᠡᠰ ᠢ ᠡᠵᠡᠮᠰᠢᠬᠦ ᠳᠤ ᠦᠵᠡᠭᠦᠯᠬᠦ ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠦᠢᠯᠡᠳᠦᠯ ᠢ ᠪᠠᠳᠠᠷᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶ | 88. ᠤᠷᠤᠰᠤᠩᠭᠤᠢ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ ᠢ ᠲᠠᠶᠢᠯᠬᠤ ᠬᠥᠭᠵᠢᠯᠲᠡ ᠶᠢᠨ ᠰᠠᠭᠤᠷᠢ | ᠮᠥᠩᠭᠦᠨ ᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠲᠠᠶᠢᠯᠬᠤ ᠡᠷᠴᠢᠮ ᠢᠶᠠᠨ ᠴᠢᠩᠭᠠᠷᠠᠭᠤᠯᠵᠤ᠂ ᠠᠵᠤ | ᠠᠬᠤᠶᠢᠯᠠᠯ ᠤᠨ ᠤᠷᠤᠰᠤᠩᠭᠤᠢ ᠴᠢᠨᠠᠷᠲᠠᠢ ᠲᠦᠭᠰᠢᠭᠦᠷᠢ ᠪᠠ ᠪᠠᠲᠤᠯᠠᠭ᠎ᠠ ᠲᠠᠢ ᠵᠣᠭᠤᠰ ᠰᠣᠯᠢᠵᠤ ᠥᠭᠬᠦ᠂ ᠢᠲᠡᠭᠡᠮᠵᠢ ᠶᠢᠨ ᠥᠷᠢ ᠥᠭᠴᠡᠭᠡ ᠶᠢᠨ ᠵᠣᠭᠤᠰ ᠰᠣᠯᠢᠵᠤ | ᠥᠭᠬᠦ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠠᠯᠭᠤᠷᠯᠠᠨ ᠨᠠᠮᠳᠠᠭᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ︶ | 89. ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠬᠤᠣᠰ ᠴᠢᠭᠯᠡᠯ ᠤᠨ ᠬᠡᠯᠪᠡᠯᠵᠡᠯ ᠢ ᠪᠦᠲᠦᠮᠵᠢᠲᠡᠶ ᠪᠠᠷ ᠠᠷᠭᠠᠴᠠᠭᠠᠵᠤ᠂ ᠭᠤᠪᠢᠭᠤᠯᠭ᠎ᠠ ᠶᠢᠨ | ᠨᠤᠷᠮ᠎ᠠ ᠶᠢᠨ ᠲᠦᠭᠰᠢᠭᠦᠷᠢ ᠠᠴᠠ ᠵᠠᠶᠢᠯᠠᠬᠤ ᠲᠦᠷᠦ ᠶᠢᠨ ᠪᠣᠳᠣᠯᠭ᠎ᠠ ᠵᠢᠴᠢ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠨᠡᠷᠡᠳᠭᠦᠨ ᠢ | ᠳᠡᠯᠭᠡᠷᠡᠭᠦᠯᠬᠦ ᠶᠢ ᠨᠢ ᠲᠡᠮᠵᠢᠵᠤ᠂ ᠪᠠᠩᠬᠢ ᠶᠢᠨ ᠵᠠᠷᠤᠳᠠᠯ ᠰᠦᠢᠳᠬᠡᠯ ᠢ ᠪᠠᠭᠤᠷᠠᠭᠤᠯᠬᠤ ᠪᠠᠷ ᠠᠰᠢᠭ ᠣᠯᠭᠤᠬᠤ ᠶᠢ ᠵᠣᠷᠢᠭᠵᠢᠭᠤᠯᠵᠤ᠂ ᠭᠠᠳᠠᠭᠠᠳᠤ ᠲᠠᠢ | ᠬᠤᠯᠪᠣᠭᠳᠠᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠦᠭᠰᠢᠭᠦᠷᠢ ᠶᠢᠨ ᠰᠠᠭᠠᠷᠮᠠᠭ ᠴᠢᠨᠠᠷ ᠤᠨ ᠤᠬᠠᠮᠰᠠᠷ ᠢ ᠪᠣᠢ ᠪᠣᠯᠭᠠᠵᠤ᠂ ᠠᠵᠤ | ᠠᠬᠤᠶᠢᠯᠠᠯ ᠤᠨ ᠭᠤᠪᠢᠭᠤᠯᠭ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠬᠢᠭᠡᠳ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠵᠢᠭ ᠪᠢᠴᠢᠯ ᠠᠵᠤ | ᠠᠬᠤᠶᠢᠯᠠᠯ ᠤᠨ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠠᠴᠠ ᠵᠠᠶᠢᠯᠠᠬᠤ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠲᠤᠯᠠᠨ ᠳᠠᠭᠠᠭᠠᠯᠲᠠ ᠶᠢᠨ ᠲᠣᠭᠲᠠᠴᠠ ᠶᠢ | ᠠᠬᠢᠭᠤᠯᠤᠨ ᠪᠣᠳᠠᠲᠠᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ | ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 90. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠬᠢᠬᠦ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ | ᠵᠣᠷᠢᠭᠵᠢᠭᠤᠯᠵᠤ᠂ ᠬᠠᠷᠢᠶ᠎ᠠ ᠣᠷᠣᠨ ᠳᠠᠬᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠵᠢᠭᠡᠯᠡᠯᠭᠡ ᠶᠢᠨ | ᠵᠠᠬ᠎ᠠ ᠳᠡᠯᠭᠡᠭᠦᠷ ᠤᠨ ᠮᠡᠳᠡᠭᠡᠯᠡᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢ ᠳᠣᠲᠣᠭᠠᠳᠤ ᠶᠢᠨ ᠪᠡᠯᠡ ᠮᠥᠩᠭᠦ ᠪᠠᠨ ᠰᠢᠯᠵᠢᠭᠦᠯᠦᠨ ᠦᠨ᠎ᠡ | ᠲᠣᠭᠲᠠᠭᠠᠬᠤ ︵FTP︶ ᠳᠤ ᠰᠢᠭᠢᠳᠬᠡᠨ ᠣᠷᠣᠭᠤᠯᠬᠤ ᠶᠢ ᠨᠢ ᠳᠡᠮᠵᠢᠵᠦ᠂ ᠵᠢᠭᠡᠯᠡᠯᠭᠡ ᠲᠠᠯᠪᠢᠬᠤ ᠪᠠᠶᠢᠭᠤᠯᠤᠮᠵᠢ ᠶᠢᠨ ᠵᠢᠭᠡᠯᠡᠯᠭᠡ ᠶᠢᠨ ᠣᠨ ᠤ ᠬᠦᠦ ᠮᠥᠩᠭᠦᠨ ᠤ | ᠨᠣᠷᠮ᠎ᠠ ᠶᠢ ᠱᠠᠭᠠᠷᠳᠠᠯᠭ᠎ᠠ ᠶᠣᠰᠣᠭᠠᠷ ᠲᠣᠳᠣᠷᠬᠠᠢ ᠢᠯᠡᠷᠬᠡᠶᠢᠯᠡᠬᠦ ᠳᠤ ᠦᠷᠭᠦᠯᠵᠢᠯᠡᠨ ᠬᠢᠨᠠᠯᠲᠠ ᠲᠠᠯᠪᠢᠨ᠎ᠠ᠃ ︵ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 91. ᠨᠠᠩ ᠣᠯᠠᠨ ᠴᠢᠨᠠᠷ ᠰᠠᠶᠢᠲᠠᠢ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ | ᠵᠣᠷᠢᠭᠵᠢᠭᠤᠯᠤᠨ᠎ᠠ᠃ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠬᠠᠪᠰᠤᠷᠤᠨ | ᠵᠢᠯᠤᠭᠤᠳᠴᠤ ᠳᠠᠩᠰᠠᠯᠠᠭᠤᠯᠬᠤ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠱᠠᠩᠬᠠᠢ᠂ | ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ | ᠲᠤᠰᠢᠶᠠᠭᠰᠠᠨ ᠪᠥᠭᠡᠳ ᠬᠦᠯᠢᠶᠡᠨ ᠠᠪᠴᠤ ᠰᠢᠢᠳᠪᠦᠷᠢᠯᠡᠭᠰᠡᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠱᠠᠩᠬᠠᠢ᠂ | ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠩᠬ᠎ᠠ ᠲᠠᠷᠬᠠᠭᠠᠵᠤ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠠᠵᠤ | ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠬᠢᠯᠢ ᠶᠢᠨ ᠭᠠᠳᠠᠨ᠎ᠠ ︵ᠰᠢᠶᠠᠩᠭᠠᠩ᠂ ᠨᠢᠦ᠋ ᠶᠣᠷᠺ᠂ ᠨᠠᠰᠳᠠᠺ ᠤᠨ ᠦᠨᠡᠲᠦ | ᠲᠡᠮᠳᠡᠭᠲᠦ ᠶᠢᠨ ᠠᠷᠠᠯᠵᠢᠶᠠᠨ ᠤ ᠭᠠᠵᠠᠷ︶ ᠵᠠᠬ᠎ᠠ ᠳᠤ ᠭᠠᠷᠤᠭᠰᠠᠨ ᠠᠵᠤ ᠠᠬᠤᠶᠢᠯᠠᠯ ᠢ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠢᠶᠠᠷ ᠱᠠᠩᠨᠠᠵᠤ | ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠲᠠᠪᠤ︶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠥᠷᠳᠡᠭᠰᠡᠨ ᠬᠤᠪᠢ ᠬᠥᠮᠥᠨ᠂ ᠵᠣᠬᠢᠶᠠᠨ ᠪᠠᠶᠢᠭᠤᠯᠤᠯᠲᠠ ᠳᠤ ᠥᠪᠡᠷᠲᠡᠭᠡᠨ ᠵᠠᠰᠠᠬᠤ | ᠣᠷᠣᠨ ᠠᠴᠠ ᠤᠯᠤᠰ ᠤᠨ ᠱᠠᠩᠨᠠᠯ ᠤᠨ ᠮᠥᠩᠭᠦ ᠶᠢᠨ ᠲᠣᠭᠠᠨ ᠤ 5 ᠳᠠᠬᠢᠨ ᠢᠶᠠᠷ ᠱᠠᠩᠨᠠᠯ ᠤᠨ ᠮᠥᠩᠭᠦ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ | ᠳᠡᠮᠵᠢᠯᠭᠡ ᠣᠯᠭᠤᠨ᠎ᠠ᠂ ᠡᠭᠦᠨ ᠳᠤ 60% ᠶᠢ ᠨᠢ ᠱᠠᠩᠨᠠᠯ ᠣᠯᠣᠭᠰᠠᠨ ᠲᠥᠷᠥᠯ ᠵᠦᠢᠯ ᠤᠨ ᠭᠤᠣᠯ ᠪᠡᠶᠡᠯᠡᠭᠦᠯᠦᠭᠴᠢ ᠶᠢ ᠱᠠᠩᠨᠠᠬᠤ ᠳᠤ ᠬᠡᠷᠡᠭᠯᠡᠵᠦ᠂ | 40% ᠶᠢ ᠨᠢ ᠲᠥᠷᠥᠯ ᠵᠦᠢᠯ ᠢ ᠪᠡᠶᠡᠯᠡᠭᠦᠯᠦᠭᠰᠡᠨ ᠨᠢᠭᠡᠴᠢ ᠶᠢᠨ ᠡᠵᠡ ᠮᠡᠳᠡᠵᠦ ᠰᠣᠩᠭᠤᠭᠰᠠᠨ ᠰᠡᠳᠦᠪ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠳᠤ | ᠬᠡᠷᠡᠭᠯᠡᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ᠂ ᠬᠤᠭᠤᠴᠠᠭᠠᠲᠤ ᠡᠷᠬᠡ ᠪᠠ ᠠᠰᠢᠭ | ᠬᠤᠪᠢᠶᠠᠷᠢᠯᠠᠯᠲᠠ ᠶᠢᠨ ᠤᠷᠮᠠᠰᠢᠭᠤᠯᠤᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠤᠯᠤᠰ ᠤᠨ ᠲᠣᠭᠲᠠᠭᠠᠯ ᠶᠣᠰᠣᠭᠠᠷ ᠲᠥᠷᠥᠯ ᠵᠦᠢᠯ ᠤᠨ ᠠᠰᠢᠭ ᠣᠷᠣᠯᠭ᠎ᠠ | ᠬᠤᠪᠢᠶᠠᠬᠤ᠂ ᠠᠵᠢᠯ ᠤᠨ ᠪᠠᠶᠢᠷᠢ ᠶᠢᠨ ᠠᠰᠢᠭ ᠣᠷᠣᠯᠭ᠎ᠠ ᠬᠤᠪᠢᠶᠠᠬᠤ ᠵᠡᠷᠭᠡ ᠤᠷᠲᠤᠪᠲᠤᠷ ᠪᠠ ᠣᠷᠳᠣ ᠬᠤᠭᠤᠴᠠᠭᠠᠨ ᠤ ᠤᠷᠮᠠᠰᠢᠭᠤᠯᠤᠯ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠰᠢᠭ ᠣᠷᠣᠯᠭ᠎ᠠ ᠶᠢ ᠬᠡᠷᠡᠭᠵᠢᠭᠦᠯᠦᠭᠰᠡᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ | ᠪᠣᠯ ᠣᠯᠭᠤᠭᠰᠠᠨ ᠤᠷᠮᠠᠰᠢᠭᠤᠯᠤᠯ ᠤᠨ ᠣᠷᠣᠯᠭ᠎ᠠ ᠶᠢ ᠪᠣᠳᠠᠲᠠᠢ ᠪᠠᠷ ᠴᠠᠯᠢᠩ ᠤᠨ ᠶᠡᠷᠦᠩᠬᠡᠢ ᠲᠣᠭᠠᠨ ᠳᠤ ᠪᠤᠳᠤᠵᠤ ᠣᠷᠣᠭᠤᠯᠤᠨ᠎ᠠ᠂ ᠴᠠᠯᠢᠩ ᠤᠨ ᠶᠡᠷᠦᠩᠬᠡᠢ | ᠲᠣᠭᠠᠨ ᠤ ᠲᠥᠰᠥᠪ ᠤᠨ ᠰᠠᠭᠤᠷᠢ ᠲᠤᠭ᠎ᠠ ᠪᠣᠯᠭᠠᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠵᠥᠪᠯᠡᠯ︶ | 93. ᠴᠢᠳᠠᠪᠤᠷᠢᠲᠠᠨ ᠤ ᠡᠷᠦᠬᠡ ᠠᠮᠠ ᠣᠷᠣᠬᠤ ᠪᠠ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ | ᠴᠢᠳᠠᠪᠤᠷᠢᠲᠠᠨ ᠤ ᠡᠷᠦᠬᠡ ᠠᠮᠠ ᠣᠷᠣᠬᠤ ᠳᠤ ᠰᠠᠭᠠᠳ ᠦᠭᠡᠢ ᠨᠡᠪᠲᠡᠷᠡᠬᠦ ᠵᠠᠮ ᠵᠢᠴᠢ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠲᠣᠭᠲᠠᠴᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠨᠥᠬᠦᠴᠡᠯ ᠳᠤ ᠨᠡᠶᠢᠴᠡᠭᠡᠳ ᠥᠪᠥᠷ ᠮᠣᠩᠭᠤᠯ ᠳᠤ ᠢᠷᠡᠵᠦ ᠠᠵᠢᠯ ᠣᠯᠣᠭᠰᠠᠨ ᠳᠡᠭᠡᠳᠦ ᠲᠠᠰ ᠳᠠᠪᠬᠤᠷᠭ᠎ᠠ ᠶᠢᠨ ᠣᠷᠣᠭᠤᠯᠤᠨ | ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠦᠬᠡᠳ ᠢ ᠨᠢ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠣᠶᠢᠷ᠎ᠠ ᠬᠠᠪᠢ ᠳᠤ ᠨᠢ ᠳᠦᠭᠦᠮ ᠢ ᠨᠢ ᠪᠣᠳᠣᠯᠬᠢᠯᠠᠨ ᠲᠣᠬᠢᠷᠠᠭᠤᠯᠵᠤ ᠰᠤᠷᠭᠠᠭᠤᠯᠢ ᠳᠤ | ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 94. ᠠᠶᠢᠮᠠᠭ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠶᠢ ᠨᠢ ᠳᠡᠮᠵᠢᠵᠦ᠂ ᠨᠥᠬᠦᠴᠡᠯ ᠳᠤ | ᠨᠡᠶᠢᠴᠡᠬᠦ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ | ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ᠂ ᠣᠷᠣᠯᠭ᠎ᠠ ᠪᠠᠭᠠᠲᠠᠢ ᠪᠥᠭᠡᠳ ᠣᠷᠣᠨ ᠰᠠᠭᠤᠴᠠ ᠶᠢᠨ ᠲᠠᠯ᠎ᠠ ᠪᠠᠷ | ᠬᠦᠴᠢᠷᠳᠡᠯᠲᠡᠢ ᠭᠡᠷ ᠪᠦᠯᠢ ᠶᠢ ᠭᠤᠶᠤᠴᠢᠯᠠᠯ ᠢᠶᠠᠷ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠡᠯ᠎ᠡ ᠭᠠᠵᠠᠷ | ᠣᠷᠣᠨ ᠨᠢ ᠲᠤᠬᠠᠢ ᠶᠢᠨ ᠭᠠᠵᠠᠷ ᠤᠨ ᠢᠶᠠᠨ ᠴᠢᠳᠠᠪᠤᠷᠢᠲᠠᠨ ᠣᠷᠣᠭᠤᠯᠵᠤ ᠠᠪᠴᠢᠷᠠᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠠᠳᠠᠯᠢ ᠪᠤᠰᠤ ᠲᠡᠰ | ᠳᠠᠪᠬᠤᠷᠭ᠎ᠠ ᠶᠢᠨ ᠴᠢᠳᠠᠪᠤᠷᠢᠲᠠᠨ ᠳᠤ ᠴᠢᠭᠯᠡᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠣᠳᠠᠲᠠᠢ ᠪᠠᠲᠤᠯᠠᠭ᠎ᠠ ᠶᠢᠨ ᠬᠡᠪᠴᠢᠶ᠎ᠡ᠂ ᠪᠠᠲᠤᠯᠠᠭ᠎ᠠ ᠶᠢᠨ | ᠪᠠᠷᠢᠮᠵᠢᠶ᠎ᠠ ᠪᠣᠯᠣᠨ ᠪᠠᠲᠤᠯᠠᠭ᠎ᠠ ᠶᠢᠨ ᠠᠷᠭ᠎ᠠ ᠬᠡᠯᠪᠡᠷᠢ ᠶᠢ ᠲᠣᠭᠲᠠᠭᠠᠵᠤ ᠪᠣᠯᠣᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠪᠴᠢᠯᠡᠨ | ᠠᠬᠢᠭᠤᠯᠵᠤ᠂ 2024 ᠣᠨ ᠳᠤ ᠬᠤᠳᠠ ᠪᠠᠯᠭᠠᠰᠤᠨ ᠤ 1185 ᠬᠠᠭᠤᠴᠢᠨ ᠰᠠᠭᠤᠭᠠᠯᠢ ᠲᠣᠭᠤᠷᠢᠭ᠂ 19.55 ᠲᠦᠮᠡᠨ ᠡᠷᠤᠭᠡ ᠶᠢ ᠥᠭᠡᠷᠡᠴᠢᠯᠡᠨ | ᠰᠢᠨᠡᠳᠬᠡᠬᠦ ᠪᠠᠷ ᠲᠥᠯᠥᠪᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠦᠷᠭᠦᠯᠵᠢᠯᠡᠨ | ᠬᠡᠷᠡᠭᠵᠢᠭᠦᠯᠵᠦ᠂ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠣᠯᠣᠨ ᠣᠷᠣᠰᠢᠨ ᠰᠠᠭᠤᠬᠤ ᠣᠷᠴᠢᠨ | ᠨᠥᠬᠦᠴᠡᠯ ᠢ ᠨᠢ ᠪᠦᠲᠦᠮᠵᠢᠲᠡᠶ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 95. ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠰᠢᠨ᠎ᠡ ᠬᠡᠯᠪᠡᠷᠢ ᠶᠢᠨ | ᠰᠤᠳᠤᠯᠤᠨ ᠨᠡᠭᠡᠭᠡᠬᠦ ᠪᠠᠶᠢᠭᠤᠯᠤᠮᠵᠢ ᠪᠣᠯ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠲᠤᠰᠬᠠᠢ ᠣᠷᠣᠨ ᠲᠤᠭ᠎ᠠ ᠪᠠᠷ ᠪᠠᠲᠤᠯᠠᠭ᠎ᠠ ᠬᠠᠩᠭᠠᠵᠤ ᠪᠣᠯᠣᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ︶ | 96. ︽ᠲᠣᠮᠣ ᠤᠯᠤᠰ ᠤᠨ ᠤᠷᠠᠨ ᠳᠠᠷᠬᠠᠨ︾᠂ ︽ᠤᠮᠠᠷᠠᠲᠤ ᠬᠢᠯᠢ ᠶᠢᠨ ᠤᠷᠠᠨ ᠳᠠᠷᠬᠠᠨ︾ ᠢ ᠲᠣᠰ ᠲᠣᠰ 20 ᠲᠦᠮᠡᠨ ᠲᠥᠭᠦᠷᠢᠭ᠂ 10 ᠲᠦᠮᠡᠨ | ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠬᠥᠬᠢᠭᠦᠯᠦᠨ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ︶ | ᠲᠠᠪᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | ︵ᠨᠢᠭᠡ︶ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | 97. ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠦᠭᠡᠢ ᠲᠠᠩᠰᠠᠨ ᠳᠠᠬᠢ ᠵᠣᠭᠤᠰ ᠢ ᠪᠦᠬᠦᠨ ᠢ | ᠲᠥᠯᠥᠵᠦ ᠳᠠᠭᠤᠰᠬᠠᠨ᠂ ᠥᠷᠢᠲᠦᠭᠰᠡᠨ ᠵᠣᠭᠤᠰ ᠢ ᠬᠥᠳᠡᠯᠦᠩᠭᠦᠢ ᠪᠠᠷ ᠲᠡᠭ ᠪᠣᠯᠭᠠᠬᠤ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 98. 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠣᠨ ᠤ ᠭᠠᠶᠢᠯᠢ | ᠲᠤᠰᠢᠶᠠᠪᠠᠯ ᠵᠣᠬᠢᠬᠤ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ︵100 ᠲᠦᠮᠡᠨ ᠲᠥᠭᠦᠷᠢᠭ ᠪᠠᠭᠲᠠᠨ᠎ᠠ︶ ᠠᠴᠠ ᠳᠣᠣᠷ᠎ᠠ ᠪᠠᠶᠢᠭ᠎ᠠ ᠵᠢᠵᠢᠭ | ᠬᠡᠯᠪᠡᠷᠢ ᠶᠢᠨ ᠪᠠᠭ᠎ᠠ ᠣᠯᠵᠠᠲᠤ ᠠᠵᠤ ᠠᠬᠤᠶᠢᠯᠠᠯ ᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠶᠠᠨ ᠡᠳ᠋ᠯᠡᠬᠦ ᠬᠡᠰᠡᠭ ᠢ | ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 3 ᠲᠦᠮᠡᠨ ᠲᠥᠭᠦᠷᠢᠭ ︵ᠤᠯᠠᠷᠢᠯ ᠢᠶᠠᠷ ᠪᠣᠯ 9 ᠲᠦᠮᠡᠨ ᠲᠥᠭᠦᠷᠢᠭ︶ | ᠠᠴᠠ ᠳᠠᠪᠠᠭᠰᠠᠨ ᠦᠭᠡᠢ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ | ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠬᠦ ᠠᠵᠢᠯᠯᠠᠭᠠᠨ ᠤ ᠲᠡᠷᠭᠡ᠂ ᠬᠦᠷᠳᠦᠲᠦ ᠲᠤᠰᠬᠠᠢ ᠬᠡᠷᠡᠭᠯᠡᠬᠦ | ᠮᠠᠰᠢᠨ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ | ᠣᠩᠭᠤᠴᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ 50% ᠪᠠᠷ ᠲᠠᠲᠠᠪᠤᠷᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | 99. ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢᠨ ᠨᠡᠪᠲᠡᠷᠡᠬᠦ ᠳᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ᠂ ᠬᠦᠢᠲᠡᠨ ᠢᠶᠠᠷ ᠰᠢᠨ᠎ᠡ ᠰᠣᠷᠭᠤᠭ ᠪᠠᠶᠢᠯᠭᠠᠨ ᠬᠠᠳᠠᠭᠠᠯᠠᠬᠤ | ᠪᠦᠲᠦᠭᠡᠭᠳᠡᠬᠦᠨ᠂ ᠰᠢᠤᠳᠠᠨ ᠢᠶᠠᠷ ᠭᠤᠪᠢᠭᠤᠯᠤᠨ ᠢᠯᠡᠭᠡᠬᠦ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠡᠳ᠋ ᠪᠠᠷᠠᠭ᠎ᠠ ᠶᠢ ᠲᠡᠭᠡᠭᠡᠪᠦᠷᠢᠯᠡᠬᠦ ᠰᠢᠨ᠎ᠡ ᠡᠨᠧᠷᠭᠢ | ᠪᠠ ᠴᠡᠪᠡᠷ ᠡᠨᠧᠷᠭᠢ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠳᠤ ᠤᠷᠢᠳ ᠢᠶᠠᠷ ᠥᠩᠭᠡᠷᠡᠵᠦ ᠨᠡᠪᠲᠡᠷᠡᠬᠦ ᠡᠷᠬᠡ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | 100. ᠠᠵᠤ ᠠᠬᠤᠶᠢᠯᠠᠯ ᠲᠠᠢ ᠬᠤᠯᠪᠣᠭᠳᠠᠭᠰᠠᠨ ᠰᠦᠢᠳᠬᠡᠯ ᠬᠤᠷᠢᠶᠠᠬᠤ ᠲᠤᠰᠬᠠᠢ ᠵᠦᠢᠯ ᠤᠨ ᠵᠠᠰᠠᠯᠲᠠ ᠶᠢ ᠥᠷᠨᠢᠭᠦᠯᠦᠨ᠎ᠡ᠃ ᠲᠥᠷᠥ ᠶᠢᠨ ᠪᠠᠶᠢᠭᠤᠯᠭ᠎ᠠ | ᠵᠢᠴᠢ ᠬᠠᠷᠢᠶ᠎ᠠ ᠨᠢᠭᠡᠴᠢ ᠳᠤ ᠰᠦᠢᠳᠬᠡᠯ ᠬᠤᠷᠢᠶᠠᠬᠤ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠯᠧᠺᠳ᠋ᠷᠣᠨ ᠵᠠᠰᠠᠭ ᠤᠨ ᠶᠠᠪᠤᠳᠠᠯ ᠤᠨ | ᠲᠠᠪᠴᠠᠩ ᠤᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠪᠤᠶᠤ ᠵᠠᠷᠤᠳᠠᠯ ᠰᠦᠢᠳᠬᠡᠯ ᠢ ᠳᠤᠬᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ | ᠦᠶ᠋ᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠠᠰᠠᠨ᠎ᠠ᠃ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠵᠠᠷᠤᠳᠠᠯ ᠢ ᠳᠤᠷ᠎ᠠ ᠪᠠᠷ ᠢᠶᠠᠨ ᠬᠤᠷᠢᠶᠠᠬᠤ ᠶᠢ ᠪᠠᠶᠢᠴᠠᠭᠠᠬᠤ | ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠬᠠᠩᠭᠠᠬᠤ ᠢᠨᠵᠧᠨᠧᠷᠢᠩ ᠤᠨ ᠤᠭᠰᠠᠷᠠᠬᠤ᠂ ᠠᠷᠠᠴᠢᠯᠠᠨ ᠬᠠᠮᠠᠭᠠᠯᠠᠵᠤ ᠰᠡᠯᠪᠢᠨ | ᠵᠠᠰᠠᠬᠤ ᠬᠦᠷᠢᠶᠡᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠪᠤᠶᠤ | ᠵᠠᠰᠠᠭ ᠤᠨ ᠣᠷᠳᠣᠨ ᠤ ᠵᠢᠯᠤᠭᠤᠳᠬᠤ ᠦᠨ᠎ᠡ ᠬᠠᠩᠰᠢ ᠶᠢ ᠬᠡᠷᠡᠭᠵᠢᠭᠦᠯᠬᠦ ᠦᠭᠡᠢ᠂ ᠵᠦᠢ ᠵᠣᠬᠢᠰ ᠦᠭᠡᠢ ᠰᠦᠢᠳᠬᠡᠯ ᠬᠤᠷᠢᠶᠠᠭᠰᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠣᠬᠢᠷᠠᠭᠤᠯᠬᠤ ᠭᠤᠭᠴᠤᠭ᠎ᠠ ᠪᠠ | ᠲᠣᠭᠠᠴᠠᠭ᠎ᠠ ᠬᠢᠬᠦ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠡᠯᠡᠯᠭᠡ ᠶᠢ ᠳᠠᠭᠠᠯᠳᠤᠭᠤᠯᠤᠨ ᠠᠯᠪᠠᠳᠠᠯᠭ᠎ᠠ ᠪᠠᠷ ᠰᠦᠢᠳᠬᠡᠯ ᠬᠤᠷᠢᠶᠠᠬᠤ᠂ ᠵᠠᠪᠰᠠᠷ ᠤᠨ | ᠲᠤᠬᠠᠶᠢᠯᠠᠭᠰᠠᠨ ᠠᠵᠢᠯ ᠳᠤ ᠵᠥᠪᠬᠡᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠬᠦ ᠦᠭᠡᠢ᠂ ᠲᠣᠭᠠᠴᠠᠭ᠎ᠠ ᠬᠢᠬᠦ ᠭᠠᠷᠳᠠᠮ ᠤᠨ ᠰᠦᠢᠳᠬᠡᠯ ᠢ ᠬᠠᠰᠤᠵᠤ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠯᠦ ᠨᠠᠶᠢᠳᠠᠪᠤᠷᠢᠵᠢᠭᠤᠯᠬᠤ ᠵᠡᠷᠭᠡ ᠦᠶ᠋ᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | 101. ᠨᠥᠬᠦᠴᠡᠯ ᠪᠦᠷᠢᠯᠳᠦᠭᠦᠯᠦᠭᠰᠡᠨ ᠬᠢᠯᠢ ᠶᠢᠨ ᠪᠣᠭᠤᠮᠲᠠ ᠨᠢ ᠪᠣᠭᠤᠮᠲᠠ ᠶᠢᠨ ᠬᠢᠨᠠᠨ ᠬᠠᠮᠢᠶᠠᠷᠴᠤ ᠪᠦᠬᠦᠢ ᠠᠵᠢᠯ ᠤᠨ ᠲᠠᠯᠠᠪᠤᠷ ᠲᠤ ᠬᠦᠷᠦᠭᠰᠡᠨ | ᠮᠥᠷᠲᠡᠭᠡᠨ ᠬᠠᠮᠢᠶ᠎ᠠ ᠪᠦᠬᠦᠢ ᠮᠡᠳᠡᠭᠡ ᠵᠠᠩᠭᠢ ᠪᠠᠨ ᠪᠦᠷᠢᠨ ᠪᠦᠲᠦᠨ ᠲᠤᠰᠢᠶᠠᠭᠰᠠᠨ RCEP ᠤᠨ ᠤᠤᠯ ᠤᠨ ᠦᠢᠯᠡᠳᠪᠦᠷᠢᠯᠡᠭᠰᠡᠨ ᠠᠮᠠᠷᠬᠠᠨ ᠢᠯᠵᠢᠷᠡᠬᠦ ᠪᠠᠷᠠᠭ᠎ᠠ | ᠪᠠ ᠲᠦᠷᠭᠡᠨ ᠬᠦᠷᠭᠡᠬᠦ ᠵᠦᠢᠯ ᠳᠤ᠂ ᠴᠢᠬᠤᠯᠠ ᠪᠦᠬᠦᠢ ᠨᠥᠬᠦᠴᠡᠯ ᠢ ᠬᠠᠩᠭᠠᠭᠰᠠᠨ ᠪᠠᠶᠢᠳᠠᠯ ᠳᠣᠣᠷ᠎ᠠ 6 ᠴᠠᠭ ᠤᠨ ᠳᠣᠲᠣᠷ᠎ᠠ ᠶᠠᠪᠤᠭᠤᠯᠬᠤ ᠲᠥᠬᠦᠮ ᠦᠵᠡᠭᠦᠯᠬᠦ | ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠢ᠄ ᠬᠥᠬᠡᠬᠤᠲᠠ ᠪᠣᠭᠤᠮᠲᠠ︶ | 102. ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠭᠠᠯᠲᠤ ᠲᠡᠷᠭᠡ ᠶᠢ ᠨᠡᠮᠡᠭᠳᠡᠭᠦᠯᠬᠦ ᠲᠥᠯᠥᠪᠯᠡᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠠᠶᠠᠯᠠᠬᠤ ᠵᠠᠮ ᠱᠤᠭᠤᠮ ᠢ ᠨᠢ ᠨᠡᠮᠡᠭᠳᠡᠭᠦᠯᠦᠨ᠎ᠡ᠃ | ᠬᠢᠯᠢ ᠶᠢᠨ ᠪᠣᠭᠤᠮᠲᠠ ᠪᠠᠷ ᠥᠩᠭᠡᠷᠡᠬᠦ᠂ ᠲᠡᠮᠦᠷ ᠵᠠᠮ ᠢᠶᠠᠷ ᠠᠵᠢᠯᠯᠠᠬᠤ ᠵᠡᠷᠭᠡ ᠲᠠᠯ᠎ᠠ ᠪᠠᠷ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠮᠵᠢᠯᠴᠠᠬᠤ ᠲᠣᠭᠲᠠᠴᠠ ᠶᠢ | ᠪᠠᠶᠢᠭᠤᠯᠤᠨ᠎ᠠ᠃ ︽ᠳᠠᠷᠤᠢ ᠳᠤ ᠨᠢ ᠪᠠᠭᠤᠯᠭᠠᠬᠤ ᠳᠠᠷᠤᠢ ᠳᠤ ᠨᠢ ᠠᠴᠢᠶᠠᠯᠠᠬᠤ︾ ᠲᠡᠭᠡᠭᠡᠪᠦᠷᠢ ᠶᠢᠨ ᠵᠠᠭᠪᠤᠷ ᠢ ᠳᠡᠮᠵᠢᠵᠦ᠂ ︽ᠲᠡᠮᠦᠷ ᠵᠠᠮ ᠢ ᠲᠦᠷᠭᠡᠨ | ᠨᠡᠪᠲᠡᠷᠡᠭᠦᠯᠬᠦ︾ ᠬᠡᠷᠡᠭᠯᠡᠭᠡᠨ ᠢ ᠳᠡᠯᠭᠡᠷᠡᠭᠦᠯᠦᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ | ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ | ᠪᠣᠭᠤᠮᠲᠠ᠂ ᠮᠠᠨᠵᠤᠤᠷ ᠪᠣᠭᠤᠮᠲᠠ︶ | 103. ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 — 2025︶︾ ᠶᠢ ᠭᠦᠨᠵᠡᠭᠡᠢ ᠬᠡᠷᠡᠭᠵᠢᠭᠦᠯᠦᠨ᠎ᠡ᠃ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠤᠨ | ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ᠂ ᠠᠵᠢᠯ ᠵᠦᠢᠯᠡᠰ ᠢ ᠨᠡᠶᠢᠳᠡᠮ ᠭᠦᠢᠴᠡᠳᠬᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ | ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠯᠡ ᠤᠳᠠᠭ᠎ᠠ ᠳᠤ ᠭᠦᠢᠴᠡᠳᠬᠡᠬᠦ︾᠂ ︽ᠮᠤᠵᠢ ᠠᠯᠤᠰᠯᠠᠨ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠯᠧᠺᠳ᠋ᠷᠣᠨ ᠡᠵᠡᠩᠨᠡᠯᠲᠡ ᠶᠢᠨ ᠦᠨᠡᠮᠯᠡᠯ ᠪᠠ ᠡᠯᠧᠺᠳ᠋ᠷᠣᠨ ᠲᠠᠮᠠᠭ᠎ᠠ ᠶᠢᠨ ᠬᠡᠷᠡᠭᠯᠡᠯᠲᠡ ᠶᠢ ᠳᠡᠯᠭᠡᠷᠡᠭᠦᠯᠵᠦ᠂ ᠠᠵᠤ | ᠠᠬᠤᠶᠢᠯᠠᠯ ᠤᠨ ᠨᠡᠷ᠎ᠡ ᠲᠦᠷᠦ ᠶᠢ ᠢᠯᠭᠠᠨ ᠲᠠᠨᠢᠵᠤ ᠭᠡᠷᠡᠴᠢᠯᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 104. ᠭᠤᠣᠯᠳᠠᠯᠭ᠎ᠠ ᠲᠠᠢ ᠲᠥᠷᠥᠯ ᠵᠦᠢᠯ ᠤᠨ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠨ ᠪᠠᠶᠢᠭᠤᠯᠬᠤ ᠠᠵᠤ ᠠᠬᠤᠶᠢᠯᠠᠯ ᠳᠤ ᠲᠦᠢᠯ ᠤᠨ ᠣᠨᠣᠴᠠᠲᠠᠢ ᠪᠠᠷ ᠣᠷᠣᠯᠠᠨ | ᠭᠦᠢᠴᠡᠳᠬᠡᠬᠦ᠂ ᠬᠠᠯᠠᠭᠤᠮᠰᠤᠭ ᠳᠣᠲᠣᠨᠣ ᠪᠠᠷ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ︾ ᠪᠠᠷ ᠠᠴᠢᠶᠠᠯᠠᠪᠤᠷᠢ ᠪᠣᠯᠭᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠳᠤ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠠᠩᠭᠠᠵᠤ᠂ ︽ᠬᠦᠷᠢᠶᠡᠯᠡᠩ | ᠲᠣᠭᠤᠷᠢᠭ ᠤᠨ ᠠᠵᠢᠯ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ︾ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ︶ | 105. ᠬᠡᠮᠵᠢᠯᠲᠡ᠂ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠵᠦ ᠮᠡᠳᠡᠷᠡᠬᠦ ᠵᠡᠷᠭᠡ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠤᠷᠠᠮᠠᠯ ᠦᠢᠯᠡᠴᠢᠯᠡᠭᠡᠨ ᠤ ᠰᠠᠭᠤᠷᠢᠨ | ᠭᠠᠵᠠᠷ ᠢ ᠴᠣᠭᠴᠠᠯᠠᠨ ᠪᠠᠶᠢᠭᠤᠯᠵᠤ᠂ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡᠨ ᠢ ︽ᠬᠦᠷᠢᠶᠡᠯᠡᠩ ᠲᠣᠭᠤᠷᠢᠭ ᠲᠤ ᠣᠷᠣᠭᠤᠯᠬᠤ︾᠂ ︽ᠠᠵᠤ | ᠠᠬᠤᠶᠢᠯᠠᠯ ᠳᠤ ᠣᠷᠣᠭᠤᠯᠬᠤ︾ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 106. ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ | ᠬᠡᠰᠡᠭᠯᠡᠯ ᠤᠨ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠠᠵᠢᠯᠯᠠᠭ᠎ᠠ ᠳᠤ ᠣᠷᠣᠯᠴᠠᠬᠤ ᠶᠢ ᠭᠠᠳᠠᠭᠤᠷᠴᠢᠯᠠᠬᠤ᠂ ᠬᠠᠷᠰᠢᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠯᠭᠠᠷᠠᠭᠤᠯᠤᠨ | ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠦᠨ | ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠪᠥᠬᠦ ᠤᠯᠤᠰ ᠤᠨ ᠨᠢᠭᠡᠳᠦᠯᠲᠡᠢ | ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 107. ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠲᠤᠰᠬᠠᠯ ᠴᠢᠩᠭ᠎ᠠ | ᠂ ᠠᠵᠤ ᠦᠢᠯᠡᠰ ᠤᠨ ᠬᠥᠭᠵᠢᠯᠲᠡ ᠳᠤ ᠬᠥᠨᠥᠭᠡᠯ ᠲᠠᠢ ᠦᠶ᠋ᠯᠡ ᠠᠵᠢᠯᠯᠠᠭ᠎ᠠ ᠳᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 108. ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠲᠤᠰᠬᠠᠢ ᠠᠵᠢᠯᠯᠠᠭᠠᠨ ᠢ ᠬᠡᠷᠡᠭᠵᠢᠭᠦᠯᠦᠨ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠠᠯᠠᠭ᠎ᠠ ᠮᠥᠴᠢᠷ ᠤᠨ ᠬᠤᠯᠪᠤᠭᠠᠯᠠᠨ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠂ ᠠᠵᠢᠯ | ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠭᠤᠷᠪᠠ︶ ᠣᠷᠣᠨ ᠨᠤᠲᠤᠭ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | 109. ᠡᠯ᠎ᠡ ᠭᠠᠵᠠᠷ ᠣᠷᠣᠨ ᠤ ᠰᠲ᠋ᠣᠺ ᠤᠨ ᠡᠷᠬᠡ ᠶᠢᠨ ᠬᠤᠪᠢᠶᠠᠷᠢᠯᠠᠯᠲᠠ᠂ ᠭᠠᠶᠢᠯᠢ ᠲᠠᠲᠠᠪᠤᠷᠢ ᠶᠢᠨ ᠬᠤᠪᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠴᠢᠬᠤᠯᠠ ᠶᠡᠭᠡ ᠲᠥᠷᠥᠯ ᠵᠦᠢᠯ ᠢ ᠬᠠᠮᠲᠤᠷᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠨᠢ ᠵᠣᠷᠢᠭᠵᠢᠭᠤᠯᠵᠤ᠂ ︽ᠣᠭᠤᠷᠴᠤᠭ ᠭᠠᠵᠠᠷ ᠤᠨ ᠠᠵᠤ ᠠᠬᠤᠢ︾ ᠶᠢ | ᠬᠥᠭᠵᠢᠭᠦᠯᠦᠨ᠂ ᠬᠤᠳᠠᠯᠳᠤᠨ ᠠᠪᠬᠤ ᠬᠡᠪᠴᠢᠶ᠎ᠡ ᠶᠣᠰᠣᠭᠠᠷ᠂ ᠦᠢᠯᠡᠳᠬᠦᠨ ᠤ ᠥᠷᠲᠡᠭ᠂ ᠪᠡᠯᠡ ᠣᠷᠣᠭᠤᠯᠤᠯᠲᠠ᠂ ᠭᠠᠶᠢᠯᠢ ᠲᠠᠲᠠᠪᠤᠷᠢ ᠵᠡᠷᠭᠡ ᠠᠵᠤ ᠠᠬᠤᠢ ᠶᠢᠨ | ᠭᠦᠢᠴᠡᠳᠬᠡᠯ ᠲᠤᠭ᠎ᠠ ᠶᠣᠰᠣᠭᠠᠷ ᠦᠢᠯᠡᠳᠪᠦᠷᠢᠯᠡᠵᠦ ᠪᠣᠷᠣᠯᠠᠭᠤᠯᠤᠭᠰᠠᠨ ᠬᠤᠶᠠᠷ ᠭᠠᠵᠠᠷ ᠲᠤ ᠬᠤᠪᠢᠳᠠᠨ ᠲᠣᠭᠠᠴᠠᠭ᠎ᠠ ᠬᠢᠬᠦ ᠶᠢ ᠳᠡᠮᠵᠢᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ︶ | 110. ᠡᠯ᠎ᠡ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠨᠢ ᠦᠨᠡᠯᠡᠨ ᠵᠢᠱᠢᠬᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠵᠢᠴᠢ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠰᠥᠪ ᠤᠨ ᠪᠡᠯᠡ ᠮᠥᠩᠭᠦ ᠶᠢ ᠲᠣᠬᠢᠷᠠᠭᠤᠯᠬᠤ ᠳᠤ ᠪᠠᠨ | ᠨᠡᠷᠡᠰ ᠤᠨ ᠵᠢᠭᠰᠠᠭᠠᠯᠲᠠ ᠳᠤ ᠡᠮᠦᠨ᠎ᠡ ᠪᠠᠶᠢᠷᠢᠯᠠᠭᠰᠠᠨ ᠠᠶᠢᠮᠠᠭ ᠬᠤᠲᠠ ᠲᠡᠶᠢᠰᠢ ᠬᠡᠯᠪᠠᠶᠢᠨᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ | |