ᠦᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠪᠢᠴᠢᠭ ᠮᠠᠲ᠋ᠧᠷᠢᠶᠠᠯ | ᠥᠪᠣᠷ ᠵᠠᠰᠠᠭ ᠲᠠᠷᠬᠠᠭᠠᠭᠰᠠᠨ ﹇2024﹈ 1 ᠳ᠋ᠦ᠋ᠭᠡᠷ ᠲᠤᠭᠠᠲᠦ | | 2024 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠳᠣᠷᠣᠭᠰᠢ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠶ᠋ᠯᠡᠰ ᠤᠨ ᠨᠢᠭᠡᠴᠢ ᠳᠤ᠄ | ᠡᠳᠦᠭᠡ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠤᠳᠠᠭᠠᠨ ᠤ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ ᠳᠣᠷᠣᠭᠰᠢ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠲᠦᠭᠡᠢ᠃ | 2024 ᠣᠨ ᠤ 2 ᠳ᠋ᠤᠭᠠᠷ ᠰᠠᠷ᠎ᠠ ᠶᠢᠨ 8 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ | | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠵᠢᠯ ᠪᠣᠯᠣᠨ᠎ᠠ᠂ ᠮᠥᠨ ᠴᠦ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ ᠶᠢ ᠠᠬᠢᠭᠤᠯᠬᠤ ᠴᠢᠬᠤᠯᠠ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | 2024 ᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ | ᠰᠠᠨᠠᠭ᠎ᠠ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠰᠡᠳᠬᠢᠯ ᠢᠶᠠᠨ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ | ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ | ᠦᠭᠡᠢ ᠪᠢᠴᠢᠭᠯᠡᠨ᠎ᠡ᠃ | 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ | ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ | ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ | ᠥᠰᠦᠯᠲᠡ ᠶᠢ 3% ᠣᠷᠴᠢᠮ ᠪᠠᠶᠢᠯᠭᠠᠨ᠎ᠠ︔ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 1.6% | ᠣᠷᠴᠢᠮ ᠪᠠᠭᠤᠷᠠᠭᠤᠯᠤᠨ᠎ᠠ᠃ | ᠨᠢᠭᠡ᠂ ᠲᠥᠷᠥ ᠶᠢᠨ ᠪᠣᠳᠣᠯᠭ᠎ᠠ ᠶᠢᠨ ᠬᠦᠴᠦᠯᠡᠴᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ | ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠲᠥᠷᠥ ᠶᠢᠨ ᠪᠣᠳᠣᠯᠭ᠎ᠠ ᠶᠢ ᠤᠬᠠᠭᠠᠯᠠᠨ ᠲᠥᠯᠥᠪᠯᠡᠵᠦ | ᠨᠦᠬᠡᠴᠡᠯᠡᠬᠦ ᠪᠠᠨ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠪᠣᠯᠭᠠᠨ ᠢ ᠪᠣᠳᠠᠲᠠᠢ ᠢᠨᠵᠧᠨᠧᠷᠢᠩ ᠤᠨ ᠲᠥᠷᠥᠯ ᠵᠦᠢᠯ ᠪᠣᠯᠭᠠᠨ ᠨᠠᠷᠢᠯᠢᠭᠵᠢᠭᠤᠯᠵᠤ᠂ | ᠲᠥᠷᠥ ᠶᠢᠨ ᠪᠣᠳᠣᠯᠭ᠎ᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠲᠦᠷᠭᠡᠳᠬᠡᠵᠦ᠂ ᠵᠢᠱᠢᠯᠲᠡ᠂ ᠥᠰᠦᠯᠲᠡ᠂ ᠠᠵᠢᠯ | ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ | ︵ᠨᠢᠭᠡ︶ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠪᠠᠬᠢᠵᠢᠭᠦᠯᠦᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠥᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ | ᠨᠠᠷᠢᠯᠢᠭᠵᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠪᠣᠯᠬᠤ ᠠᠵᠢᠯ ᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠯᠦᠭᠡ ᠤᠶᠠᠯᠳᠤᠭᠤᠯᠤᠨ᠂ ᠴᠠᠭ ᠤᠨ ᠬᠦᠰᠦᠨᠦᠭᠲᠦ᠂ | ᠠᠵᠢᠯ ᠤᠨ ᠱᠤᠭᠤᠮ ᠤᠨ ᠵᠢᠷᠤᠭ᠂ ᠲᠥᠷᠥᠯ ᠵᠦᠢᠯ ᠤᠨ ᠬᠠᠭᠤᠳᠠᠰᠤ ᠶᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠲᠠᠪᠤᠨ ᠶᠡᠭᠡ ᠡᠭᠦᠷᠭᠡ ᠶᠢᠨ ᠲᠠᠯ᠎ᠠ ᠳᠠᠬᠢ 2024 ᠣᠨ ᠤ ᠠᠵᠢᠯ ᠤᠨ | ᠡᠭᠦᠷᠭᠡ ᠶᠢᠨ ᠲᠣᠳᠣᠷᠬᠠᠢ ᠬᠠᠭᠤᠳᠠᠰᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠭᠦᠷᠭᠡ ᠪᠠᠨ ᠪᠡᠶᠡᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ | ᠴᠢᠨᠠᠷ ᠢᠶᠠᠨ ᠳᠡᠭᠡᠭᠰᠢᠯᠡᠭᠦᠯᠬᠦ᠂ ᠳᠣᠲᠣᠭᠠᠳᠤ ᠬᠡᠷᠡᠭᠴᠡᠭᠡ ᠪᠠᠨ ᠥᠷᠭᠡᠳᠭᠡᠬᠦ᠂ ᠥᠪᠡᠷ ᠤᠨ ᠥᠷᠳᠡᠭ ᠢᠶᠠᠨ ᠪᠠᠭᠤᠷᠠᠭᠤᠯᠬᠤ ᠵᠡᠷᠭᠡ ᠬᠦᠷᠢᠶᠡᠨ ᠳᠠᠬᠢ ᠲᠥᠷᠥ ᠶᠢᠨ | ᠪᠣᠳᠣᠯᠭ᠎ᠠ ᠶᠢᠨ ᠠᠷᠭ᠎ᠠ ᠠᠪᠴᠠᠯ ᠤᠨ ᠬᠥᠮᠥᠷᠭᠡ ᠶᠢ ᠦᠷᠭᠦᠯᠵᠢᠯᠡᠨ ᠪᠠᠶᠠᠯᠢᠭᠵᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠤᠷᠢᠳ ᠢᠶᠠᠷ | ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ ᠴᠢᠬᠤᠯᠠ ᠶᠡᠭᠡ ᠠᠰᠠᠭᠤᠳᠠᠯ ᠤᠨ ᠪᠠᠷᠠᠯᠠᠯᠲᠤ ᠰᠤᠳᠤᠯᠤᠯ ᠢᠶᠠᠨ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃ | ︵ᠬᠤᠶᠠᠷ︶ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠣᠨᠣᠴᠠᠲᠠᠢ ᠪᠠᠷ ᠨᠠᠶᠢᠳᠠᠪᠤᠷᠢᠵᠢᠭᠤᠯᠤᠨ᠎ᠠ᠃ ᠬᠤᠷᠸ᠎ᠠ ᠲᠥᠷᠥ ᠶᠢᠨ | ᠪᠣᠳᠣᠯᠭ᠎ᠠ ᠶᠢᠨ ᠰᠥᠷᠭᠡᠦ ᠦᠶᠡᠯᠡᠯ ᠪᠠ ᠦᠶᠡᠯᠡᠯ ᠠᠯᠤᠰᠯᠠᠭᠰᠠᠨ ᠲᠣᠬᠢᠷᠠᠭᠤᠯᠭ᠎ᠠ ᠶᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ | ᠬᠠᠮᠵᠢᠯᠴᠠᠭ᠎ᠠ ᠶᠢ ᠴᠢᠩᠭᠠᠳᠬᠠᠨ᠎ᠠ᠃ ᠲᠥᠪ ᠤᠨ ᠪᠡᠯᠡ ᠮᠥᠩᠭᠦ ᠶᠢ ᠴᠢᠷᠮᠠᠶᠢᠨ ᠠᠰᠢᠭᠯᠠᠬᠤ ᠦᠷ᠎ᠡ ᠪᠦᠲᠦᠮᠵᠢ ᠪᠠᠨ ᠪᠠᠬᠢᠵᠢᠭᠦᠯᠦᠨ ᠳᠡᠭᠡᠭᠰᠢᠯᠡᠭᠦᠯᠵᠦ᠂ ᠲᠥᠪ ᠤᠨ | ᠰᠢᠯᠵᠢᠭᠦᠯᠦᠨ ᠥᠭᠬᠦ᠂ ᠲᠥᠰᠥᠪ ᠤᠨ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠭᠦᠢᠴᠡᠳ ᠰᠠᠶᠢᠲᠤᠷ ᠠᠰᠢᠭᠯᠠᠨ᠎ᠠ᠃ ᠠᠷᠪᠢᠴᠢ ᠭᠠᠮᠲᠠᠢ | ᠠᠮᠢᠳᠤᠷᠠᠬᠤ ᠶᠢ ᠪᠠᠷᠢᠮᠲᠠᠯᠠᠵᠤ᠂ ᠭᠤᠣᠯᠳᠠᠯᠭᠠᠲᠤ ᠪᠤᠰᠤ᠂ ᠵᠠᠶᠢᠯᠠᠰᠢ ᠦᠭᠡᠢ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠨ᠂ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ᠂ ᠡᠬᠢ ᠪᠠᠶᠠᠯᠢᠭ᠂ ᠪᠡᠯᠡ ᠮᠥᠩᠭᠦ ᠶᠢ ᠬᠤᠶᠠᠷ ᠶᠡᠭᠡ ᠶᠠᠪᠤᠳᠠᠯ ᠲᠡᠶᠢᠰᠢ ᠬᠠᠨᠳᠤᠭᠤᠯᠤᠨ ᠬᠦᠴᠦᠨ ᠢᠶᠠᠨ ᠲᠥᠪᠯᠡᠷᠡᠭᠦᠯᠬᠦ ᠶᠢ ᠬᠦᠴᠦᠯᠡᠨ ᠠᠬᠢᠭᠤᠯᠤᠨ᠎ᠠ᠃ | ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ | ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠨ᠎ᠠ᠃ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ ᠶᠢ ᠠᠵᠤ | ᠠᠬᠤᠢ ᠶᠢᠨ ᠥᠰᠦᠯᠲᠡ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠬᠤ ᠶᠢ ᠪᠠᠲᠤᠯᠠᠵᠤ᠂ ᠨᠡᠶᠢᠭᠡᠮ ᠤᠨ ᠶᠡᠷᠦᠩᠬᠡᠢ ᠪᠡᠯᠡ | ᠲᠣᠬᠢᠷᠠᠭᠤᠯᠬᠤ ᠥᠪᠡᠷ ᠤᠨ ᠥᠷᠳᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠠᠬᠢᠭᠤᠯᠤᠨ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ | ᠰᠢᠨ᠎ᠡ ᠡᠭᠦᠳᠦᠯᠲᠡ ᠶᠢ ᠢᠳᠡᠪᠬᠢᠲᠡᠢ ᠠᠬᠢᠭᠤᠯᠤᠨ᠎ᠠ᠃ | ︵ᠭᠤᠷᠪᠠ︶ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠠᠵᠢᠯ | ᠣᠯᠭᠤᠯᠲᠠ ᠶᠢᠨ ᠪᠠᠭᠲᠠᠭᠠᠮᠵᠢ ᠶᠢ ᠨᠢ ᠥᠷᠭᠡᠳᠬᠡᠵᠦ ᠶᠠᠰᠤ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠳᠠᠷᠤᠭᠠᠰᠤ ᠶᠢ ᠨᠢ | ᠬᠥᠩᠭᠡᠷᠡᠭᠦᠯᠦᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠬᠤ ᠶᠢ ᠥᠷᠭᠡᠳᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠣᠨᠣᠴᠠᠲᠠᠢ ᠮᠥᠷᠲᠡᠭᠡᠨ ᠪᠦᠲᠦᠮᠵᠢᠲᠡᠢ ᠬᠡᠷᠡᠭᠵᠢᠭᠦᠯᠵᠦ᠂ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠡ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠥᠷᠥ ᠶᠢᠨ ᠪᠣᠳᠣᠯᠭ᠎ᠠ ᠶᠢᠨ | ᠴᠢᠨᠠᠷᠲᠠᠢ ᠠᠵᠢᠯ ᠤᠨ ᠪᠠᠶᠢᠷᠢ ᠶᠢᠨ ᠬᠠᠩᠭᠠᠯᠲᠠ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠠᠵᠢᠯ ᠣᠯᠭᠤᠬᠤ ᠵᠠᠮ ᠮᠥᠷ ᠪᠠ ᠠᠵᠢᠯ ᠤᠨ ᠪᠠᠶᠢᠷᠢ ᠶᠢ ᠢᠳᠡᠪᠬᠢᠲᠡᠢ | ᠥᠷᠭᠡᠳᠬᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠭᠠᠳᠠᠭᠰᠢ ᠰᠢᠯᠵᠢᠨ ᠠᠵᠢᠯ ᠣᠯᠬᠤ᠂ ᠣᠶᠢᠷ᠎ᠠ ᠬᠠᠪᠢ ᠪᠠᠷ ᠲᠤᠬᠠᠢ ᠶᠢᠨ | ᠭᠠᠵᠠᠷ ᠲᠤ ᠪᠠᠨ ᠠᠵᠢᠯ ᠣᠯᠬᠤ ᠪᠠ ᠠᠮᠢᠳᠤᠯᠢᠭ ᠢᠶᠠᠷ ᠠᠵᠢᠯ ᠣᠯᠬᠤ ᠶᠢ ᠣᠯᠠᠨ ᠵᠠᠮ ᠮᠥᠷ ᠢᠶᠠᠷ ᠠᠬᠢᠭᠤᠯᠤᠨ᠎ᠠ᠃ ᠠᠵᠢᠯ ᠠᠯᠳᠠᠭᠰᠠᠳ᠂ ᠠᠵᠢᠯ ᠣᠯᠬᠤ ᠳᠤ | ᠬᠦᠴᠢᠷᠳᠡᠯᠲᠡᠢ ᠬᠥᠮᠥᠰ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠶᠢᠨ ᠪᠦᠷᠢᠯᠳᠦᠭᠦᠨ᠂ ᠵᠡᠮᠳᠡᠭᠴᠦᠳ ᠵᠡᠷᠭᠡ ᠬᠦᠴᠢᠷᠳᠡᠯᠲᠡᠢ ᠣᠯᠠᠨ ᠲᠦᠮᠡᠨ ᠢ | ᠰᠠᠭᠤᠷᠢ ᠠᠴᠠ ᠨᠢ ᠪᠠᠲᠤᠯᠠᠨ ᠬᠠᠪᠰᠤᠷᠤᠨ ᠲᠡᠳᠬᠦᠬᠦ ᠠᠵᠢᠯ ᠢ ᠣᠨᠣᠴᠠᠲᠠᠢ ᠰᠠᠶᠢᠲᠤᠷ ᠬᠢᠨ᠎ᠡ᠃ ︽ᠤᠷ᠎ᠠ ᠮᠡᠷᠭᠡᠰᠢᠯ ᠤᠨ ᠥᠪᠥᠷ ᠮᠣᠩᠭᠤᠯ ᠤᠨ ᠠᠵᠢᠯᠯᠠᠭᠠᠨ︾ ᠢ | ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠰᠠᠷ᠎ᠠ᠂ ︽ᠵᠠᠭᠤᠨ ᠡᠳᠦᠷ ᠮᠢᠩᠭᠠᠨ ᠲᠦᠮᠡᠨ | ᠠᠵᠢᠯ ᠤᠨ ᠪᠠᠶᠢᠷᠢ ᠬᠠᠩᠭᠠᠬᠤ︾ ᠠᠵᠢᠯᠲᠠᠨ ᠡᠯᠰᠡᠬᠦ ᠲᠤᠰᠬᠠᠢ ᠠᠵᠢᠯᠯᠠᠭᠠᠨ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ | ᠬᠤᠶᠠᠷ᠂ ᠠᠵᠤ ᠦᠢᠯᠡᠰ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭᠠᠨ ᠤ ᠪᠠᠶᠢᠭᠤᠯᠤᠯᠲᠠ ᠶᠢ | ᠬᠥᠲᠥᠯᠥᠨ ᠳᠠᠭᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠰᠠᠶᠢᠵᠢᠷᠠᠭᠤᠯᠵᠤ ᠳᠡᠭᠡᠭᠰᠢᠯᠡᠭᠦᠯᠦᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠤᠨ ᠪᠤᠶᠢᠵᠢᠭᠤᠯᠵᠤ᠂ ᠢᠷᠡᠭᠡᠳᠦᠢ ᠶᠢᠨ ᠠᠵᠤ ᠦᠢᠯᠡᠰ ᠢ | ᠪᠠᠷᠠᠯᠠᠬᠢᠯᠠᠯᠲᠤ ᠴᠢᠨᠠᠷᠲᠠᠢ ᠪᠠᠷ ᠬᠥᠭᠵᠢᠭᠦᠯᠦᠨ᠂ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠤᠨ᠎ᠠ᠃ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ 2.0 ᠬᠡᠪᠯᠡᠯ ᠢ ᠴᠣᠭᠴᠠᠯᠠᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠠᠵᠢᠯ ᠤᠨ ᠲᠥᠰᠥᠯ ᠢ ᠨᠡᠶᠢᠲᠡᠯᠡᠨ | ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠢ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠭᠤᠷᠪᠠᠨ ᠶᠡᠭᠡ ᠵᠢᠱᠢᠶ᠎ᠡ ᠦᠵᠡᠭᠦᠯᠬᠦ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠷ᠎ᠡ | ᠪᠦᠲᠦᠭᠡᠯ ᠢ ᠤᠯᠠᠷᠢᠭᠤᠯᠤᠨ ᠬᠤᠪᠢᠷᠠᠭᠤᠯᠵᠤ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠪᠣᠷ ᠰᠢᠷᠣᠢ᠂ ᠡᠪᠡᠰᠦᠨ ᠤ ᠦᠢᠯᠡᠰ ᠤᠨ ᠥᠨᠳᠥᠷ | ᠴᠢᠳᠠᠮᠵᠢ ᠶᠢᠨ ᠳᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠨ᠂ ᠬᠤᠸᠠᠢ ᠷᠧᠦ ᠶᠢᠨ ᠲᠤᠷᠰᠢᠯᠲᠠ ᠶᠢᠨ | ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ ᠢ ᠴᠣᠬᠤᠯᠠᠪᠤᠷᠢᠯᠠᠨ ᠵᠥᠪᠰᠢᠶᠡᠷᠡᠭᠦᠯᠬᠦ᠂ ᠮᠤᠵᠢ ᠶᠠᠮᠤᠨ ᠤ ᠬᠠᠮᠲᠤᠷᠠᠨ ᠪᠠᠶᠢᠭᠤᠯᠤᠭᠰᠠᠨ ᠲᠠᠯ᠎ᠠ ᠨᠤᠲᠤᠭ ᠤᠨ | ᠭᠡᠷ ᠤᠨ ᠲᠡᠵᠢᠭᠡᠪᠦᠷᠢ ᠶᠢᠨ ᠦᠷᠡᠵᠢᠯ ᠢ ᠡᠵᠡᠮᠰᠢᠨ ᠲᠣᠬᠢᠷᠠᠭᠤᠯᠬᠤ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ ᠢ | ᠪᠥᠬᠦ ᠤᠯᠤᠰ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠴᠤᠪᠤᠷᠠᠯ ᠳᠤ ᠣᠷᠣᠭᠤᠯᠬᠤ ᠪᠠᠷ ᠴᠢᠷᠮᠠᠶᠢᠨ᠎ᠠ᠃ ᠪᠡᠭᠡᠵᠢᠩ ᠥᠪᠥᠷ ᠮᠣᠩᠭᠤᠯ ᠤᠨ | ᠬᠠᠮᠲᠤᠷᠠᠯᠴᠠᠭᠠᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ | ᠬᠠᠮᠲᠤᠷᠠᠨ ᠪᠠᠶᠢᠭᠤᠯᠬᠤ ᠰᠢᠨ᠎ᠡ ᠡᠭᠦᠳᠦᠯᠲᠡ ᠶᠢᠨ ᠲᠠᠪᠴᠠᠩ ᠢ 20 ᠰᠢᠨ᠎ᠡ ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠬᠥᠲᠥᠴᠢ ᠠᠵᠤ ᠠᠬᠤᠶᠢᠯᠠᠯ ᠠᠴᠠ ᠲᠦᠷᠦᠭᠦᠯᠡᠨ ᠰᠢᠨ᠎ᠡ ᠶᠢ | ᠡᠭᠦᠳᠬᠦ ᠬᠤᠯᠪᠣᠭᠠᠲᠤ ᠴᠣᠭᠴᠠ ᠶᠢ 50 ᠠᠴᠠ ᠳᠡᠭᠡᠭᠰᠢ ᠪᠠᠶᠢᠭᠤᠯᠬᠤ ᠶᠢ ᠵᠣᠷᠢᠭᠵᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2000᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 3000 ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ | ᠲᠣᠭᠲᠠᠴᠠ ᠶᠢ ᠪᠦᠷᠢᠨᠰᠢᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠰᠥᠯ ᠢ ᠲᠣᠭᠲᠠᠭᠠᠵᠤ᠂ ᠨᠡᠭᠦᠷᠡᠰᠦᠲᠥ᠋ᠷᠥᠭᠴᠢ ᠪᠠᠭᠠᠲᠠᠢ | ᠡᠨᠧᠷᠭᠢ ᠶᠢᠨ ᠰᠤᠷᠪᠤᠯᠵᠢ ᠵᠡᠷᠭᠡ ᠬᠦᠷᠢᠶᠡᠨ ᠤ ᠲᠣᠭᠤᠷᠢᠨ ᠳᠤ᠂ ᠰᠢᠨ᠎ᠡ ᠬᠡᠯᠪᠡᠷᠢ ᠶᠢᠨ ᠨᠦᠬᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠥᠨᠳᠥᠷ ᠴᠢᠳᠠᠮᠵᠢᠲᠤ | ᠨᠡᠶᠢᠯᠡᠮᠡᠯ ᠮᠠᠲ᠋ᠧᠷᠢᠶᠠᠯ ᠵᠡᠷᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠦ᠋ᠢᠯᠠᠭᠰᠠᠨ ᠲᠤᠰᠬᠠᠢ ᠮᠡᠷᠭᠡᠵᠢᠯᠲᠡᠨ᠂ ᠰᠢᠨ᠎ᠡ ᠶᠢ ᠡᠭᠦᠳᠬᠦ ᠪᠦᠯᠬᠦᠮ ᠢ | ᠢᠳᠡᠪᠬᠢᠲᠡᠢ ᠣᠷᠣᠭᠤᠯᠤᠨ ᠠᠪᠴᠢᠷᠠᠵᠤ ᠰᠤᠳᠤᠯᠤᠨ ᠨᠡᠭᠡᠭᠡᠬᠦ ᠶᠢ ᠥᠷᠨᠢᠭᠦᠯᠦᠨ᠂ ᠮᠡᠷᠭᠡᠵᠢᠯ ᠤᠨ ᠪᠣᠭᠤᠮᠲᠠ ᠰᠢᠪᠲᠤᠯᠬᠤ᠂ ᠠᠵᠤ ᠦᠢᠯᠡᠰ ᠢ ᠪᠤᠶᠢᠵᠢᠭᠤᠯᠬᠤ᠂ | ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠠᠬᠢᠭᠤᠯᠬᠤ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽1+7︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠬᠡᠷᠡᠭᠵᠢᠭᠦᠯᠦᠨ᠎ᠡ᠃ | ᠣᠯᠠᠨ ᠡᠰᠢᠵᠢᠭᠦᠯᠦᠨ ᠬᠥᠭᠵᠢᠭᠦᠯᠬᠦ ᠣᠯᠠᠨ ᠲᠦᠢᠯ ᠢᠶᠠᠷ ᠲᠤᠯᠭᠠᠭᠤᠷᠢᠯᠠᠬᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠶᠢᠨ | ᠬᠡᠷᠡᠭᠵᠢᠭᠦᠯᠬᠦ ᠲᠥᠰᠥᠯ ᠢ ᠨᠡᠶᠢᠲᠡᠯᠡᠨ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ | ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠵᠤ᠂ | ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠨ ᠰᠢᠨᠡᠳᠭᠡᠵᠦ ᠳᠡᠰ ᠳᠡᠪᠰᠢᠭᠦᠯᠬᠦ ᠢᠨᠵᠧᠨᠧᠷᠢᠩ ᠪᠠ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠢ ᠬᠡᠷᠡᠭᠵᠢᠭᠦᠯᠦᠨ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ | 4000 ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ ᠳᠡᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ | ᠦᠢᠯᠡᠰ ᠤᠨ ᠪᠦᠯᠦᠭᠵᠢᠯ ᠢ 1᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ | ᠪᠦᠯᠦᠭᠵᠢᠯ ᠢ 10 ᠪᠤᠶᠢᠵᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 300᠂ ︽ᠲᠤᠰᠬᠠᠶᠢᠵᠢᠭᠰᠠᠨ ᠰᠣᠳᠣᠨ | ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 60 ᠪᠤᠶᠢᠵᠢᠭᠤᠯᠤᠨ᠎ᠠ᠃ ᠲᠣᠭᠠᠵᠢᠯᠲᠤ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠠᠵᠤ | ᠦᠢᠯᠡᠰ ᠤᠨ ᠲᠣᠭᠠᠵᠢᠭᠤᠯᠤᠯᠲᠠ ᠪᠠ ᠲᠣᠭᠠᠵᠢᠯᠲᠠ ᠶᠢᠨ ᠠᠵᠤ ᠦᠢᠯᠡᠰᠵᠢᠯᠲᠡ ᠶᠢ ᠲᠦᠷᠭᠡᠳᠬᠡᠵᠦ᠂ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ | 60 ᠲᠦᠮᠡ ᠰᠢᠨ᠎ᠡ ᠪᠠᠷ ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠠᠵᠢᠭᠤᠯᠤᠭᠰᠠᠨ | ᠨᠣᠷᠮ᠎ᠠ ᠶᠢ 50% ᠳᠤ ᠬᠦᠷᠦᠭᠦᠯᠵᠦ᠂ ᠵᠠᠩᠭᠢᠯᠠᠭ᠎ᠠ ᠶᠢᠨ ᠠᠵᠢᠯ ᠤᠨ ᠴᠤᠪᠤᠷᠠᠯ ᠤᠨ ᠲᠣᠭᠠᠵᠢᠭᠤᠯᠤᠨ ᠡᠵᠡᠮᠰᠢᠬᠦ ᠨᠣᠷᠮ᠎ᠠ ᠶᠢ 61% ᠳᠤ ᠬᠦᠷᠦᠭᠦᠯᠦᠨ᠎ᠡ᠃ ᠠᠵᠤ | ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠠᠵᠢᠯᠯᠠᠭᠠᠨ ᠤ ᠲᠥᠰᠥᠯ ᠢ ᠨᠡᠶᠢᠲᠡᠯᠡᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠨ ᠰᠢᠨᠡᠳᠭᠡᠬᠦ ᠲᠥᠷᠥᠯ ᠵᠦᠢᠯ ᠢ 70 ᠬᠡᠷᠡᠭᠵᠢᠭᠦᠯᠦᠨ᠂ ᠵᠢᠯ ᠤᠨ ᠳᠣᠲᠣᠷ᠎ᠠ ᠡᠨᠧᠷᠭᠢ ᠠᠷᠪᠢᠯᠠᠭᠰᠠᠨ ᠬᠡᠮᠵᠢᠶ᠎ᠡ ᠶᠢ 50 ᠲᠦᠮᠡᠨ ᠲᠣᠨ ᠪᠠᠷᠢᠮᠵᠢᠶᠠᠲᠤ | ᠨᠡᠭᠦᠷᠡᠰᠦ᠂ ᠤᠰᠤ ᠠᠷᠪᠢᠯᠠᠭᠰᠠᠨ ᠬᠡᠮᠵᠢᠶ᠎ᠡ ᠶᠢ 700 ᠲᠦᠮᠡᠨ ᠲᠣᠨ ᠪᠡᠶᠡᠯᠡᠭᠦᠯᠵᠦ᠂ ᠪᠣᠯᠣᠳ ᠲᠡᠮᠦᠷ ᠤᠨ ᠬᠤᠴᠣᠷᠤᠩᠭᠤᠢ ᠬᠢᠵᠠᠭᠠᠷᠲᠠᠢ ᠦᠢᠯᠡᠳᠪᠦᠷᠢᠯᠡᠯ ᠤᠨ | ᠴᠢᠳᠠᠪᠤᠷᠢ ᠶᠢ 510 ᠲᠦᠮᠡᠨ ᠲᠣᠨ ᠪᠤᠴᠠᠭᠠᠨ ᠭᠠᠷᠭᠠᠵᠤ᠂ ᠪᠣᠬᠢᠷᠲᠤᠯ ᠦᠭᠡᠢ ᠦᠢᠯᠡᠳᠪᠦᠷᠢ ᠶᠢ 20᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ 4 | ᠡᠭᠦᠳᠦᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ | ︵ᠭᠤᠷᠪᠠ︶ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠬᠦ | ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ ᠪᠠᠷᠢᠯᠭ᠎ᠠ᠂ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠶᠡᠷᠦᠩᠬᠡᠶᠢᠯᠡᠭᠰᠡᠨ ᠪᠠᠷᠠᠭ᠎ᠠ ᠲᠡᠭᠡᠭᠡᠪᠦᠷᠢᠯᠡᠬᠦ | ᠬᠦᠢᠰᠦ ᠪᠦᠬᠦᠢ ᠬᠡᠯᠬᠢᠶ᠎ᠡ ᠶᠢ ᠨᠥᠬᠦᠪᠦᠷᠢᠯᠡᠬᠦ ᠴᠢᠩᠳᠠᠯᠠᠬᠤ ᠬᠤᠲᠠ ᠪᠠ ᠣᠳᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ | ᠪᠦᠬᠦᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠬᠡᠯᠪᠡᠷᠢ ᠪᠦᠬᠦᠢ ᠬᠤᠯᠪᠣᠭᠠᠯᠠᠨ ᠲᠡᠭᠡᠭᠡᠪᠦᠷᠢᠯᠡᠵᠦ ᠵᠢᠱᠢᠶ᠎ᠡ ᠦᠵᠡᠭᠦᠯᠬᠦ ᠢᠨᠵᠧᠨᠧᠷᠢᠩ ᠢ | ᠠᠬᠢᠭᠤᠯᠤᠨ᠂ ︽ᠠᠶᠠᠨᠴᠢᠳ ᠤᠨ ᠲᠡᠭᠡᠭᠡᠪᠦᠷᠢ ᠪᠠᠷᠠᠭᠠᠨ ᠤ ᠭᠦᠢᠯᠭᠡᠭᠡ ᠰᠢᠤᠳᠠᠨ ᠤ ᠲᠦᠷᠭᠡᠨ ᠢᠯᠡᠭᠡᠯᠲᠡ︾ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠲᠣᠰᠬᠤᠨ ᠤ ᠱᠠᠲᠤᠨ ᠤ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠪᠠᠷᠢᠮᠵᠢᠶᠠᠵᠢᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 5000 | ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠵᠢᠯᠲᠤ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠠᠵᠤ ᠠᠬᠤᠶᠢᠯᠠᠯ ᠤᠨ ᠪᠥᠬᠦ ᠦᠶᠡᠯᠡᠯ ᠤᠨ ᠬᠤᠭᠤᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠢ | ᠬᠡᠷᠡᠭᠵᠢᠭᠦᠯᠦᠨ᠂ ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠣᠯᠠᠨ | ᠡᠰᠢᠵᠢᠭᠦᠯᠦᠭᠰᠡᠨ ᠪᠡᠯᠡ ᠲᠣᠬᠢᠷᠠᠭᠤᠯᠤᠯᠲᠠ ᠥᠷᠨᠢᠭᠦᠯᠬᠦ ᠶᠢ ᠠᠬᠢᠭᠤᠯᠤᠨ᠎ᠠ᠃ ᠯᠤᠤ ᠨᠢᠦ ᠸᠠᠨ ᠬᠠᠳᠤᠨ ᠭᠤᠣᠯ ᠤᠨ ᠶᠡᠭᠡ ᠬᠠᠪᠴᠢᠯ᠂ ᠤᠯᠠᠭᠠᠢ ᠶᠢᠨ ᠶᠢᠰᠦᠨ | ᠤᠭᠠᠯᠵᠠ ᠵᠡᠷᠭᠡ ᠦᠵᠡᠮᠵᠢ ᠶᠢᠨ ᠣᠷᠣᠨ ᠤ ᠤᠯᠤᠰ ᠤᠨ 5A ᠳᠡᠰ ᠤᠨ ᠵᠢᠭᠤᠯᠴᠢᠯᠠᠯ ᠤᠨ ᠣᠷᠣᠨ ᠤ ᠪᠠᠷᠢᠮᠵᠢᠶ᠎ᠠ ᠶᠣᠰᠣᠭᠠᠷ ᠴᠢᠨᠠᠷ ᠢᠶᠠᠨ ᠳᠡᠭᠡᠭᠰᠢᠯᠡᠭᠦᠯᠵᠦ ᠳᠡᠰ | ᠳᠡᠪᠰᠢᠭᠦᠯᠬᠦ ᠶᠢ ᠨᠢ ᠳᠡᠮᠵᠢᠨ᠂ ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ︽ᠬᠥᠷ ᠬᠥᠭᠵᠢᠶᠡᠨᠲᠡᠢ ᠬᠥᠭᠵᠢᠭᠦᠯᠬᠦ ᠲᠥᠯᠥᠪᠯᠡᠭᠡ︾ ᠶᠢ ᠬᠡᠷᠡᠭᠵᠢᠭᠦᠯᠦᠨ᠂ | ᠵᠢᠭᠤᠯᠴᠢᠯᠠᠭᠴᠢᠳ ᠢ ᠬᠦᠯᠢᠶᠡᠨ ᠵᠣᠴᠢᠯᠠᠬᠤ ᠬᠡᠮᠵᠢᠶ᠎ᠡ ᠶᠢ 2.5 ᠳ᠋ᠦᠩᠰᠢᠭᠤᠷ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠵᠠᠶᠢᠯᠠᠰᠢ ᠦᠭᠡᠢ | ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠡᠯᠡᠨ | ᠪᠠᠶᠢᠰᠢᠩ ᠪᠣᠷᠣᠯᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠂ ᠴᠢᠨᠠᠷᠯᠢᠭ ᠰᠠᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ | ᠪᠠᠶᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ ᠪᠠᠷᠢᠯᠭ᠎ᠠ ᠶᠢᠨ | ᠦᠢᠯᠡᠰ ᠤᠨ ᠦᠢᠯᠡᠳᠪᠦᠷᠢᠯᠡᠯ ᠤᠨ ᠥᠷᠳᠡᠭ ᠢ 1650 ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠬᠦ ᠪᠠᠷ ᠴᠢᠷᠮᠠᠶᠢᠨ᠎ᠠ᠃ ᠭᠡᠷ ᠠᠬᠤᠢ ᠶᠢᠨ | ᠦᠢᠯᠡᠴᠢᠯᠡᠭᠡᠨ ᠤ ᠨᠢᠭᠡ ᠪᠦᠯᠦᠭ ᠨᠡᠷᠡᠲᠦ ᠲᠡᠮᠳᠡᠭ ᠢ ᠪᠤᠶᠢᠵᠢᠭᠤᠯᠤᠨ᠎ᠠ᠃ | ᠭᠤᠷᠪᠠ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠭᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠷᠡᠭᠯᠡᠭᠡ ᠪᠠ ᠪᠡᠯᠡ ᠣᠷᠤᠭᠤᠯᠤᠯᠲᠠ ᠬᠠᠷᠢᠯᠴᠠᠨ | ᠠᠬᠢᠭᠤᠯᠤᠯᠴᠠᠭᠰᠠᠨ ᠰᠠᠶᠢᠨ ᠣᠷᠴᠢᠯ ᠢ ᠲᠦᠷᠭᠡᠳᠬᠡᠨ ᠪᠣᠢ ᠪᠣᠯᠭᠠᠨ᠎ᠠ | ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ | ᠲᠥᠯᠥᠪᠯᠡᠨ᠂ ᠳᠠᠯᠳᠠ ᠬᠡᠷᠡᠭᠯᠡᠭᠡ ᠶᠢ ᠬᠥᠭᠵᠢᠭᠡᠨ᠂ ᠦᠷ᠎ᠡ ᠠᠰᠢᠭ ᠲᠠᠢ ᠪᠡᠯᠡ ᠣᠷᠤᠭᠤᠯᠤᠯᠲᠠ ᠶᠢ ᠥᠷᠭᠡᠳᠭᠡᠨ᠂ ᠠᠵᠤ ᠠᠬᠤᠢ ᠶᠢᠨ ᠬᠥᠭᠵᠢᠯᠲᠡ ᠶᠢᠨ | ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃ | ︵ᠨᠢᠭᠡ︶ ᠪᠡᠯᠡ ᠣᠷᠤᠭᠤᠯᠤᠯᠲᠠ ᠶᠢᠨ ᠬᠡᠮᠵᠢᠶ᠎ᠡ ᠴᠢᠨᠠᠷ ᠤᠨ ᠵᠡᠷᠭᠡ ᠪᠠᠷ ᠳᠡᠭᠡᠭᠰᠢᠯᠡᠬᠦ ᠶᠢ ᠯᠠᠪᠳᠠᠭᠤᠨ ᠠᠬᠢᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠭᠤᠷᠪᠠᠨ ᠱᠠᠲᠤ ᠪᠠᠷ ᠢᠶᠠᠨ ᠤᠳᠤᠷᠢᠳᠤᠨ ᠳᠠᠭᠠᠭᠠᠴᠢᠯᠠᠨ | ᠬᠠᠷᠢᠯᠴᠠᠬᠤ᠂ ᠴᠢᠬᠤᠯᠠ ᠶᠡᠭᠡ ᠲᠥᠷᠥᠯ ᠵᠦᠢᠯ ᠤᠨ ᠲᠢᠩᠬᠢᠮ ᠬᠠᠮᠲᠤᠷᠠᠭᠰᠠᠨ ᠬᠤᠷᠠᠯ᠂ ᠡᠮᠦᠨᠡᠬᠢ ᠬᠤᠭᠤᠴᠠᠭᠠᠨ ᠤ ᠭᠠᠷᠳᠠᠮ ᠢ ᠭᠤᠷᠪᠠᠨ ᠱᠠᠲᠤᠨ ᠤ ᠰᠠᠯᠠᠭ᠎ᠠ | ᠮᠥᠴᠢᠷ ᠳᠠᠭᠠᠭᠠᠴᠢᠯᠠᠨ ᠬᠠᠷᠢᠯᠴᠠᠬᠤ ᠵᠡᠷᠭᠡ ᠲᠣᠭᠲᠠᠴᠠ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ | ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠭᠠᠵᠠᠷ ᠰᠢᠷᠣᠢ᠂ ᠡᠨᠧᠷᠭᠢ ᠶᠢᠨ ᠬᠤᠷᠣᠭᠳᠠᠯ᠂ | ᠪᠡᠯᠡ ᠮᠥᠩᠭᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠵᠡᠷᠭᠡ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠪᠥᠬᠦ ᠵᠢᠯ ᠤᠨ | ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ᠃ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠵᠠᠰᠠᠭ ᠤᠨ | ᠣᠷᠳᠣᠨ ᠤ ᠪᠡᠯᠡ ᠣᠷᠤᠭᠤᠯᠤᠯᠲᠠ ᠶᠢᠨ ᠳᠠᠶᠢᠴᠢᠯᠠᠵᠤ ᠥᠷᠪᠢᠰᠭᠡᠬᠦ ᠨᠥᠯᠥᠭᠡᠯᠡᠯ ᠢ ᠨᠢ ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠬᠦᠷᠢᠶᠡᠨ ᠤ | ᠲᠣᠭᠲᠠᠮᠠᠯ ᠬᠥᠷᠥᠩᠭᠡ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵REITs︶ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ | ︵ᠬᠤᠶᠠᠷ︶ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠭᠡᠵᠦ ᠴᠢᠨᠠᠷ ᠢ ᠨᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠬᠡᠷᠡᠭᠯᠡᠭᠡ ᠶᠢ | ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠳ᠋ᠷᠣᠨ | ᠦᠢᠯᠡᠳᠭᠦᠨ ᠵᠡᠷᠭᠡ ᠥᠷᠭᠡᠨ ᠬᠡᠷᠡᠭᠴᠡᠭᠡᠨ ᠤ ᠬᠡᠷᠡᠭᠯᠡᠭᠡ ᠶᠢ ᠬᠥᠭᠵᠢᠭᠦᠯᠵᠦ᠂ ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠶᠠᠪᠠᠭᠠᠨ ᠵᠡᠭᠡᠯᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠳᠡᠰ ᠳᠡᠪᠰᠢᠭᠦᠯᠦᠨ | ᠥᠭᠡᠷᠡᠴᠢᠯᠡᠨ ᠰᠠᠶᠢᠵᠢᠷᠠᠭᠤᠯᠬᠤ ᠪᠠᠷ ᠬᠥᠲᠥᠯᠥᠨ ᠵᠢᠯᠣᠭᠤᠳᠴᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ᠲᠣᠭᠲᠠᠯᠴᠠᠭᠠᠨ ᠤ ᠪᠠᠶᠢᠭᠤᠯᠤᠯᠲᠠ ᠶᠢᠨ | ᠠᠵᠢᠯᠯᠠᠭᠠᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠠᠮᠠᠷᠠᠯᠲᠠ ᠪᠠ ᠪᠠᠶᠠᠷ ᠳᠤᠷᠠᠰᠬᠠᠯ ᠤᠨ ᠡᠳᠦᠷ ᠵᠡᠷᠭᠡ ᠬᠡᠷᠡᠭᠯᠡᠭᠡ ᠶᠢᠨ ᠬᠠᠯᠠᠮᠰᠢᠯ ᠴᠡᠭ ᠢ ᠨᠢᠭᠲᠠ | ᠠᠳᠬᠤᠵᠤ᠂ ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠲᠥᠷᠥᠯ ᠤᠨ ᠣᠯᠠᠨ ᠶᠠᠩᠵᠤ ᠬᠡᠯᠪᠡᠷᠢ | ᠪᠦᠬᠦᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠨ᠂ ᠡᠯᠧᠺᠳ᠋ᠷᠣᠨ ᠬᠤᠳᠠᠯᠳᠤᠭᠠᠠᠨ ᠤ | ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠣᠶᠤᠨᠯᠢᠭ ᠭᠡᠷ ᠥᠷᠥᠭᠡ᠂ ᠰᠣᠶᠣᠯ ᠵᠤᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠰᠢᠨ᠎ᠡ ᠬᠡᠷᠡᠭᠯᠡᠭᠡ ᠶᠢᠨ | ᠥᠰᠦᠯᠲᠡ ᠶᠢᠨ ᠴᠡᠭ ᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ᠂ ᠲᠣᠣᠷ ᠰᠦᠯᠵᠢᠶᠡᠨ ᠤ ᠬᠡᠷᠡᠭᠯᠡᠭᠡ᠂ ᠲᠣᠭᠠᠵᠢᠯᠲᠤ ᠬᠡᠷᠡᠭᠯᠡᠭᠡ᠂ ᠪᠣᠬᠢᠷᠲᠤᠯ ᠦᠭᠡᠢ | ᠬᠡᠷᠡᠭᠯᠡᠭᠡ᠂ ᠡᠷᠡᠭᠦᠯ ᠬᠡᠷᠡᠭᠯᠡᠭᠡ ᠶᠢᠨ ᠳᠠᠯᠳᠠ ᠬᠦᠴᠦᠨ ᠢ ᠰᠡᠷᠭᠦᠭᠡᠨ᠎ᠡ᠃ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠠᠭᠤᠴᠢᠨ ᠬᠡᠷᠡᠭᠯᠡᠭᠡ ᠶᠢᠨ | ᠵᠦᠢᠯ ᠢ ᠰᠢᠨ᠎ᠡ ᠪᠠᠷ ᠰᠣᠯᠢᠬᠤ ᠶᠢ ᠠᠬᠢᠭᠤᠯᠤᠨ᠎ᠠ᠃ | ︵ᠭᠤᠷᠪᠠ︶ ᠴᠢᠬᠤᠯᠠ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ G5511 ᠲᠦᠩᠯᠢᠶᠣᠣ ᠳᠠᠬᠢ ᠬᠡᠰᠡᠭ᠂ G0616 | ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠪᠠ ᠨᠢᠰᠦᠯᠲᠡ ᠶᠢᠨ | ᠲᠣᠭᠤᠷᠢᠭ ᠵᠡᠷᠭᠡ ᠲᠥᠷᠥᠯ ᠵᠦᠢᠯ ᠢ ᠪᠠᠶᠢᠭᠤᠯᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ︵ᠪᠠᠶᠠᠨᠬᠤᠲᠠ ᠠᠴᠠ ᠢᠷᠭᠠᠢ ᠬᠦᠷᠬᠦ ᠰᠠᠯᠪᠤᠷᠢ | ᠱᠤᠭᠤᠮ ᠢ ᠪᠠᠭᠲᠠᠭᠠᠨ᠎ᠠ︶᠂ G1816 ᠦᠬᠠᠢ — ᠱᠢ ᠽᠦᠢ ᠱᠠᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠮᠤᠬᠤᠷ ᠵᠠᠮ ᠢ | ᠬᠦᠴᠦᠯᠡᠨ ᠨᠡᠪᠲᠡᠷᠡᠭᠦᠯᠵᠦ᠂ ᠪᠣᠭᠤᠮᠢ ᠬᠦᠯᠢᠶᠡᠰᠦᠯᠡᠯ ᠪᠣᠯᠬᠤ ᠵᠠᠮ ᠢ ᠳᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠵᠤ᠂ ᠲᠦᠷᠭᠡᠨ ᠤ ᠵᠠᠰᠠᠮᠠᠯ ᠵᠠᠮ ᠤᠨ ᠵᠡᠭᠦᠨ | ᠪᠠᠷᠠᠭᠤᠨ ᠤ ᠶᠡᠭᠡ ᠨᠡᠪᠲᠡᠷᠡᠯ ᠵᠠᠮ ᠤᠨ ᠪᠥᠬᠦ ᠱᠤᠭᠤᠮ ᠢᠶᠠᠷ ᠨᠡᠪᠲᠡᠷᠡᠬᠦ ᠶᠢ ᠪᠡᠶᠡᠯᠡᠭᠦᠯᠦᠨ᠂ ᠵᠢᠨᠢᠩ ᠠᠴᠠ ᠳ᠋ᠠᠲ᠋ᠦ᠋ᠩ ᠠᠴᠠ ᠶᠤᠸᠠᠨᠫᠢᠩ ᠬᠦᠷᠬᠦ ᠲᠦᠷᠭᠡᠨ ᠤ ᠲᠡᠮᠦᠷ | ᠵᠠᠮ ᠢ ᠪᠠᠶᠢᠭᠤᠯᠵᠤ ᠲᠡᠷᠭᠡ ᠨᠡᠪᠲᠡᠷᠡᠭᠦᠯᠦᠨ᠂ ᠣᠷᠳᠣᠰ ᠠᠴᠠ ᠢᠥᠢ ᠯᠢᠨ ᠠᠴᠠ ᠶᠠᠨ ᠠᠨ ᠬᠦᠷᠬᠦ ᠲᠦᠷᠭᠡᠨ ᠤ ᠲᠡᠮᠦᠷ ᠵᠠᠮ ᠤᠨ ᠵᠢᠯ ᠤᠨ ᠳᠣᠲᠣᠷ᠎ᠠ ᠪᠠᠷᠢᠯᠭ᠎ᠠ | ᠡᠬᠢᠯᠡᠭᠦᠯᠦᠨ ᠪᠦᠲᠦᠭᠡᠨ ᠪᠠᠶᠢᠭᠤᠯᠬᠤ ᠨᠦᠭᠦᠴᠡᠯ ᠢ ᠪᠦᠷᠢᠯᠳᠦᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠳ᠋ᠷ ᠪᠠᠷᠢᠯᠭ᠎ᠠ | ᠡᠬᠢᠯᠡᠭᠦᠯᠦᠨ ᠪᠦᠲᠦᠭᠡᠨ ᠪᠠᠶᠢᠭᠤᠯᠬᠤ᠂ 4400 ᠺᠢᠯᠣᠮᠧᠳ᠋ᠷ ᠢ ᠪᠠᠶᠢᠭᠤᠯᠵᠤ ᠳᠠᠭᠤᠰᠬᠠᠬᠤ ᠪᠠᠷ ᠬᠦᠴᠦᠯᠡᠨ ᠴᠢᠷᠮᠠᠶᠢᠨ᠎ᠠ᠃ | ᠳᠥᠷᠪᠡ᠂ ᠬᠥᠭᠵᠢᠯᠲᠡ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠂ ᠤᠯᠤᠰ ᠤᠨ ᠥᠮᠴᠢᠯᠡᠯᠲᠦ | ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ | ᠴᠣᠭᠴᠠ ᠶᠢᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ | ︵ᠨᠢᠭᠡ︶ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠣᠨ︾ ᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠶᠡᠷᠦᠩᠬᠡᠢ | ᠲᠥᠰᠥᠯ ᠢ ᠨᠡᠶᠢᠲᠡᠯᠡᠨ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠤᠨ ᠬᠠᠥᠯᠢ | ᠲᠣᠭᠲᠠᠭᠠᠬᠤ ᠠᠵᠢᠯ ᠢ ᠠᠬᠢᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠨᠢᠭᠡ ᠪᠦᠯᠦᠭ ᠲᠣᠪᠤᠶᠢᠮ᠎ᠠ ᠠᠰᠠᠭᠤᠳᠠᠯ ᠢ ᠲᠦᠷᠭᠡᠳᠬᠡᠨ | ᠰᠢᠢᠳᠪᠦᠷᠢᠯᠡᠵᠦ᠂ ᠦᠨᠡᠨᠴᠢ ᠢᠲᠡᠭᠡᠮᠵᠢ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠬᠦᠴᠢᠷ ᠠᠰᠠᠭᠤᠳᠠᠯ ᠲᠦᠭᠵᠢᠷᠡᠯ ᠠᠰᠠᠭᠤᠳᠠᠯ ᠢ ᠰᠢᠢᠳᠪᠦᠷᠢᠯᠡᠨ᠂ ᠬᠥᠮᠥᠨ | ᠪᠣᠯᠭᠠᠨ᠂ ᠶᠠᠪᠤᠳᠠᠯ ᠪᠣᠯᠭᠠᠨ᠂ ᠴᠠᠭ ᠪᠣᠯᠭᠠᠨ᠂ ᠭᠠᠵᠠᠷ ᠪᠣᠯᠭᠠᠨ ᠳᠤ ᠦᠨᠡᠨᠴᠢ ᠢᠲᠡᠭᠡᠮᠵᠢᠲᠡᠢ ᠪᠠᠶᠢᠬᠤ ᠳᠤ ᠠᠰᠢᠭᠲᠠᠢ ᠤᠷᠮᠠᠰᠢᠭᠤᠯᠤᠨ ᠬᠢᠵᠠᠭᠠᠷᠯᠠᠬᠤ | ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ ᠪᠠ ᠬᠠᠤᠯᠢ | ᠴᠠᠭᠠᠵᠠ ᠶᠢᠨ ᠨᠡᠶᠢᠲᠡ ᠳᠤ ᠢᠲᠡᠭᠡᠭᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠥᠷ ᠮᠣᠩᠭᠤᠯᠴᠤᠳ ᠤᠨ ᠦᠨᠡᠨᠴᠢ ᠢᠲᠡᠭᠡᠮᠵᠢ ᠶᠢ ᠡᠷᠬᠢᠮᠯᠡᠨ᠂ | ᠢᠲᠡᠭᠡᠮᠵᠢ ᠲᠠᠢ ᠪᠠᠶᠢᠬᠤ ᠳᠦᠷᠢ ᠲᠥᠷᠬᠦ ᠶᠢ ᠪᠣᠢ ᠪᠣᠯᠭᠠᠨ᠂ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ | ᠨᠦᠭᠦᠴᠡᠯ ᠪᠣᠢ ᠪᠣᠯᠭᠠᠨ᠎ᠠ᠃ | ︵ᠬᠤᠶᠠᠷ︶ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ︽ᠬᠤᠶᠠᠷ ᠣᠭᠲᠣ ᠭᠤᠶᠢᠪᠢᠰᠢ ᠦᠭᠡᠢ︾ ᠶᠢ ᠡᠷᠡᠰ | ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ | ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ 4.0 ᠬᠡᠪᠯᠡᠯ ᠤᠨ ᠲᠥᠰᠥᠯ ᠢ | ᠲᠣᠭᠲᠠᠭᠠᠨ ᠨᠡᠶᠢᠲᠡᠯᠡᠵᠦ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠬᠦᠴᠦᠯᠡᠨ | ᠴᠡᠭᠴᠡᠯᠡᠨ ᠵᠠᠰᠠᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ | ᠵᠦᠢᠯᠡᠰ ᠤᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠪᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠎ᠠ᠃ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠠᠶᠢᠯᠢ ᠶᠢ ᠬᠥᠩᠭᠡᠯᠡᠵᠦ | ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠬᠥᠭᠵᠢᠯᠲᠡ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ ᠡᠵᠡᠩᠨᠡᠯᠲᠡ ᠶᠢᠨ ᠭᠤᠣᠯ | ᠴᠣᠭᠴᠠ ᠶᠢ 30 ᠲᠦᠮᠡᠨ ᠡᠷᠦᠬᠡ ᠠᠴᠠ ᠳᠡᠭᠡᠭᠰᠢ ᠰᠢᠨ᠎ᠡ ᠪᠠᠷ ᠪᠤᠶᠢᠵᠢᠭᠤᠯᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ | ᠪᠣᠯᠭᠠᠬᠤ︾ ᠶᠢ 400 ᠡᠷᠦᠬᠡ ᠠᠴᠠ ᠳᠡᠭᠡᠭᠰᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠨ᠎ᠠ᠃ | ︵ᠭᠤᠷᠪᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠪᠦᠰᠡᠯᠡᠯᠲᠡ ᠰᠢᠪᠲᠤᠯᠬᠤ︾ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ︽ | ᠥᠪᠥᠷ ᠮᠣᠩᠭᠤᠯ ᠨᠡᠷᠡᠮᠵᠢᠲᠦ︾ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠩᠨᠡᠭᠡ ᠶᠢ ᠲᠦᠷᠭᠡᠳᠬᠡᠨ ᠪᠠᠶᠢᠭᠤᠯᠵᠤ᠂ ᠭᠠᠵᠠᠷ ᠰᠢᠨᠵᠢᠯᠡᠭᠡ ᠠᠭᠤᠷᠬᠠᠢ᠂ | ᠨᠡᠭᠦᠷᠡᠰᠦ ᠬᠠᠶᠢᠬᠤ᠂ ᠥᠩᠭᠡᠲᠦ ᠲᠡᠮᠦᠷᠯᠢᠭ 3 ᠠᠵᠤ ᠠᠬᠤᠶᠢᠯᠠᠯ ᠳᠤ ᠥᠭᠡᠷᠡᠴᠢᠯᠡᠯᠲᠡ ᠬᠢᠵᠦ ᠳᠠᠬᠢᠨᠲᠠ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠂ ᠳᠤᠮᠳᠠᠳᠤ ᠤᠯᠤᠰ ᠤᠨ | ᠣᠨᠴᠠᠯᠢᠭ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠳᠣ ᠦᠶ᠎ᠡ ᠶᠢᠨ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠭᠤᠷᠪᠠᠨ ᠵᠦᠢᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠠᠯᠳᠠᠪᠤᠷᠢ ᠶᠢᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠠᠵᠤ | ᠠᠬᠤᠶᠢᠯᠠᠯ ᠤᠨ ᠴᠢᠨᠠᠷ ᠢᠶᠠᠨ ᠳᠡᠭᠡᠭᠰᠢᠯᠡᠭᠦᠯᠵᠦ ᠬᠥᠷᠥᠩᠭᠡ ᠪᠠᠨ ᠨᠡᠮᠡᠭᠳᠡᠭᠦᠯᠦᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠭᠡ ᠪᠠᠷ ᠠᠬᠢᠭᠤᠯᠤᠨ᠎ᠠ᠃ ᠠᠵᠤ | ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠪᠣᠭᠤᠮᠲᠠ ᠰᠢᠪᠲᠤᠯᠬᠤ ᠶᠢ ᠴᠢᠩᠭᠠᠷᠠᠭᠤᠯᠬᠤ ᠶᠢ ᠨᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠦᠢᠯᠡᠳᠪᠦᠷᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠢᠨ ᠪᠦᠷᠬᠦᠭᠦᠯᠬᠦ ᠶᠢ | ᠪᠡᠶᠡᠯᠡᠭᠦᠯᠦᠨ᠎ᠡ᠃ | ᠲᠠᠪᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠤᠭᠰᠠᠨ | ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ | ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠯᠤᠭ᠎ᠠ ᠨᠡᠶᠢᠯᠡᠭᠦᠯᠦᠨ ᠨᠢᠭᠡ ᠴᠣᠭᠴᠠ ᠪᠣᠯᠭᠠᠬᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠰᠠᠶᠢᠲᠤᠷ ᠪᠡᠶᠡᠯᠡᠭᠦᠯᠵᠦ᠂ ᠠᠮᠢ ᠠᠬᠤᠢ ᠶᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠣᠯᠠᠨ | ᠲᠠᠯ᠎ᠠ ᠪᠠᠷ ᠠᠰᠢᠭ ᠬᠦᠷᠲᠡᠬᠦ ᠶᠢ ᠴᠢᠷᠮᠠᠶᠢᠨ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ | ᠪᠠᠬᠢ ᠴᠣᠭᠴᠠᠯᠠᠨ᠎ᠠ᠃ | ︵ᠨᠢᠭᠡ︶ ︽ᠤᠮᠠᠷᠠᠲᠤ ᠶᠢᠨ ᠭᠤᠷᠪᠠᠨ ᠣᠷᠣᠨ︾ ᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠰᠠᠶᠢᠲᠤᠷ ᠪᠡᠶᠡᠯᠡᠭᠦᠯᠦᠨ᠎ᠡ᠃ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠭᠠᠨ ᠬᠤᠭᠤᠴᠠᠭᠠᠨ ᠤ ᠲᠥᠯᠥᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ᠬᠠᠳᠤᠨ ᠭᠤᠣᠯ ᠤᠨ ︽ᠶᠡᠭᠡ ᠲᠣᠬᠤᠢ︾ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ | ᠶᠡᠷᠦᠩᠬᠡᠶᠢᠯᠡᠭᠰᠡᠨ ᠵᠠᠰᠠᠯᠲᠠ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ᠂ ᠲᠡᠭᠷᠢ — ᠪᠠᠳᠠᠢ ᠶᠢᠨ | ᠵᠢᠷᠠᠨ ᠤ ᠡᠯᠡᠰᠦᠨ ᠴᠥᠯ ᠤᠨ ᠬᠥᠪᠡᠭᠡ ᠶᠢ ᠴᠢᠳᠦᠷᠯᠡᠬᠦ ᠵᠠᠰᠠᠯᠲᠠ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ᠂ ᠶᠡᠭᠡ | ᠬᠢᠩᠭᠠᠨ ᠳᠠᠪᠠᠭᠠᠨ ᠤ ᠣᠢ ᠰᠢᠭᠤᠢ ᠶᠢᠨ ᠠᠮᠢ ᠠᠬᠤᠢ ᠶᠢ ᠪᠠᠲᠤᠯᠠᠨ ᠬᠠᠮᠠᠭᠠᠯᠠᠵᠤ ᠪᠤᠶᠢᠵᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ | ᠡᠯᠡᠰᠦᠷᠬᠡᠭᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠨ ᠴᠠᠭᠠᠵᠠᠯᠠᠬᠤ ᠬᠠᠮᠠᠭᠠᠯᠠᠯᠲᠠ ᠶᠢᠨ ᠣᠷᠣᠨ᠂ ᠤᠯᠤᠰ ᠤᠨ ᠡᠯᠡᠰᠦ ᠮᠠᠩᠬᠠᠨ ᠤ ᠴᠡᠴᠡᠷᠯᠢᠭ ᠪᠠ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠥᠪᠴᠢ᠂ | ᠤᠯᠠᠭᠠᠨᠪᠤᠬ᠎ᠠ ᠵᠡᠷᠭᠡ ᠡᠯᠡᠰᠦᠨ ᠴᠥᠯ ᠢ ᠴᠢᠳᠦᠷᠯᠡᠬᠦ ᠣᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠳᠤᠨ ᠭᠤᠣᠯ ᠤᠨ ︽ᠶᠡᠭᠡ | ᠲᠣᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ 758 ᠲᠦᠮᠡᠨ ᠮᠦ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ | ᠰᠥᠨᠥᠭᠡᠯᠲᠡ ᠶᠢᠨ ᠳᠠᠶᠢᠯᠠᠯᠳᠤᠭᠠᠨ ᠤ 549 ᠲᠦᠮᠡᠨ ᠮᠦ᠂ ᠾᠧᠰᠢ ᠶᠢᠨ ᠬᠤᠩᠬᠢᠯ — ᠲᠠᠺᠯᠢᠮᠠᠺᠠᠨ ᠡᠯᠡᠰᠦᠨ ᠴᠥᠯ ᠤᠨ ᠬᠥᠪᠡᠭᠡ ᠳᠠᠭᠠᠤ ᠶᠢᠨ | ᠬᠤᠷᠢᠭᠯᠠᠯᠲᠠ ᠶᠢᠨ ᠳᠠᠶᠢᠯᠠᠯᠳᠤᠭᠠᠨ ᠤ 131 ᠲᠦᠮᠡᠨ ᠮᠦ ᠶᠢᠨ ᠡᠭᠦᠷᠭᠡ ᠶᠢ ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠴᠥᠯ ᠭᠤᠪᠢ ᠴᠥᠯᠡᠷᠬᠡᠭ ᠣᠷᠣᠨ ᠤ | ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠪᠡᠯᠡ ᠣᠷᠤᠭᠤᠯᠤᠯᠲᠠ ᠶᠢᠨ ᠪᠠᠶᠢᠭᠤᠯᠤᠯᠲᠠ | ᠬᠠᠮᠢᠶᠠᠷᠤᠯᠲᠠ ᠶᠢᠨ ᠰᠠᠭᠤᠷᠢ ᠮᠥᠩᠭᠦ ᠶᠢ ᠲᠣᠬᠢᠷᠠᠭᠤᠯᠵᠤ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠴᠢᠳᠠᠯ ᠢ ᠬᠥᠲᠥᠯᠥᠨ ᠵᠢᠯᠣᠭᠤᠳᠴᠦ ᠪᠠᠶᠢᠭᠠᠳ ᠨᠡᠩ | ᠢᠯᠡᠭᠦᠦ ᠣᠷᠣᠯᠴᠠᠭᠤᠯᠤᠨ᠂ ᠬᠥᠪᠴᠢ ᠶᠢᠨ ᠡᠯᠡᠰᠦᠨ ᠴᠥᠯ ᠢ ᠵᠠᠰᠠᠭᠰᠠᠨ᠂ ᠳ᠋ᠧᠩᠺᠧᠦ ᠶᠢᠨ ᠵᠠᠭᠪᠤᠷ ᠵᠡᠷᠭᠡ ᠨᠡᠶᠢᠲᠡᠯᠢᠭ ᠲᠤᠷᠰᠢᠯᠭ᠎ᠠ ᠶᠢ ᠢᠳᠡᠪᠬᠢᠲᠡᠢ | ᠳᠡᠯᠭᠡᠷᠡᠭᠦᠯᠦᠨ᠎ᠡ᠃ | ︵ᠬᠤᠶᠠᠷ︶ ᠦᠵᠡᠰᠭᠦᠯᠡᠩᠲᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠰᠢᠷ᠎ᠠ ᠬᠥᠷᠥᠰᠥᠲᠦ ᠥᠨᠳᠦᠷᠯᠢᠭ ᠤᠨ | ᠨᠥᠯᠥᠮᠡᠯ ᠭᠠᠵᠠᠷ ᠤᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ᠂ ᠵᠡᠭᠦᠨ ᠬᠤᠶᠢᠲᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠵᠠᠰᠠᠬᠤ᠂ ᠬᠥᠲᠥᠯ | ᠲᠠᠷᠢᠶᠠᠯᠠᠬᠤ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠭᠤᠣᠯᠳᠠᠯᠭᠠᠲᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠵᠢᠯ ᠳᠤ | 300 ᠲᠦᠮᠡᠨ ᠮᠦ ᠠᠴᠠ ᠳᠡᠭᠡᠭᠰᠢ ᠣᠶᠢᠵᠢᠭᠤᠯᠬᠤ᠂ 1300 ᠲᠦᠮᠡᠨ ᠮᠦ ᠠᠴᠠ ᠳᠡᠭᠡᠭᠰᠢ ᠡᠪᠡᠰᠦ ᠲᠠᠷᠢᠬᠤ᠂ 1500 ᠲᠦᠮᠡᠨ ᠮᠦ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠵᠦ᠂ ᠤᠯᠤᠰ ᠠᠴᠠ ᠪᠠᠭᠤᠯᠭᠠᠭᠰᠠᠨ ᠣᠨ ᠤ ᠡᠯ᠎ᠡ ᠵᠦᠢᠯ ᠤᠨ ᠬᠦᠯᠢᠶᠡᠰᠦᠯᠡᠬᠦ ᠴᠢᠨᠠᠷᠲᠠᠢ ᠭᠦᠢᠴᠡᠳᠭᠡᠯ ᠲᠣᠭᠠᠨ ᠤ ᠡᠭᠦᠷᠭᠡ ᠶᠢ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠭᠠᠵᠠᠷ ᠣᠷᠣᠨ ᠤ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠭᠡᠬᠦ ᠠᠵᠢᠯ ᠢ ᠲᠦᠷᠭᠡᠳᠬᠡᠨ ᠠᠬᠢᠭᠤᠯᠵᠤ᠂ ᠬᠥᠬᠡᠬᠤᠲᠠ ᠪᠤᠭᠤᠲᠤ ᠣᠷᠳᠣᠰ᠂ | ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠎ᠠ᠃ | ᠭᠤᠣᠯᠳᠠᠯᠭ᠎ᠠ ᠲᠠᠢ ᠭᠤᠣᠯ ᠮᠥᠷᠡᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠳᠤᠨ | ᠭᠤᠣᠯ ᠳᠤ ᠤᠷᠤᠰᠤᠨ ᠣᠷᠣᠬᠤ ᠰᠠᠯᠪᠤᠷᠢ ᠤᠷᠤᠰᠬᠠᠯ ᠤᠨ ᠴᠢᠨᠠᠷ ᠢ ᠨᠢ ᠰᠠᠶᠢᠵᠢᠷᠠᠭᠤᠯᠬᠤ ᠦᠷ᠎ᠡ ᠪᠦᠲᠦᠭᠡᠯ ᠪᠠ ᠬᠠᠷ᠎ᠠ ᠦᠮᠡᠬᠡᠢ ᠤᠰᠤᠨ ᠴᠣᠭᠴᠠ ᠶᠢ ᠴᠡᠭᠴᠡᠯᠡᠨ | ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠠᠰᠠᠯᠲᠠ ᠶᠢ ᠭᠦᠨᠵᠡᠭᠡᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ | ᠠᠬᠢᠭᠤᠯᠤᠨ᠎ᠠ᠃ ᠠᠮᠤᠷ ᠲᠦᠪᠰᠢᠨ ᠢᠶᠠᠷ ᠠᠰᠢᠭᠯᠠᠬᠤ ᠲᠥᠷᠥᠯ ᠤᠨ᠂ ᠴᠢᠩᠭ᠎ᠠ ᠬᠠᠮᠢᠶᠠᠷᠤᠨ ᠡᠵᠡᠮᠳᠡᠬᠦ ᠲᠥᠷᠥᠯ ᠤᠨ ᠲᠠᠷᠢᠶᠠᠯᠠᠬᠤ ᠭᠠᠵᠠᠷ ᠢ ᠬᠠᠮᠢᠶᠠᠷᠤᠨ ᠡᠵᠡᠮᠳᠡᠬᠦ | ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ ᠵᠡᠷᠭᠡ ᠭᠠᠵᠠᠷ ᠣᠷᠣᠨ ᠤ ᠠᠮᠢ | ᠠᠬᠤᠢ ᠶᠢᠨ ᠪᠦᠲᠦᠭᠡᠭᠳᠡᠭᠦᠨ ᠤ ᠦᠨ᠎ᠡ ᠥᠷᠳᠡᠭ ᠢ ᠢᠯᠡᠷᠡᠭᠦᠯᠬᠦ ᠲᠣᠭᠲᠠᠴᠠ ᠶᠢ ᠰᠦᠪᠡᠭᠴᠢᠯᠡᠬᠦ ᠶᠢ ᠨᠢ ᠳᠡᠮᠵᠢᠨ᠎ᠡ᠃ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ︵ᠭᠤᠷᠪᠠ︶ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠣᠷᠴᠢᠯᠳᠤᠭᠤᠯᠵᠤ ᠥᠨᠳᠥᠷ ᠪᠦᠲᠦᠮᠵᠢ ᠲᠠᠢ ᠪᠠᠷ ᠠᠰᠢᠭᠯᠠᠬᠤ ᠶᠢ ᠴᠢᠩᠭᠠᠳᠬᠠᠨ᠎ᠠ᠃ ︽ | ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠭᠦᠨᠵᠡᠭᠡᠶᠢᠷᠡᠭᠦᠯᠦᠨ ᠥᠷᠭᠡᠳᠭᠡᠨ᠎ᠡ᠃ ︽ᠤᠰᠤ ᠪᠠᠷ ᠳᠥᠷᠪᠡ ᠶᠢ ᠲᠣᠭᠲᠠᠭᠠᠬᠤ︾ ᠶᠢ ᠴᠢᠩᠭ᠎ᠠ | ᠨᠠᠶᠢᠳᠠᠪᠤᠷᠢᠵᠢᠭᠤᠯᠤᠨ᠂ ᠪᠥᠬᠦ ᠵᠢᠯ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠺᠦᠪ ᠮᠧᠳ᠋ᠷ ᠤᠨ ᠳᠣᠲᠣᠷ᠎ᠠ ᠬᠢᠵᠠᠭᠠᠷᠯᠠᠵᠤ᠂ ᠲᠦᠮᠡᠨ | ᠲᠥᠭᠦᠷᠢᠭ ᠪᠦᠷᠢ ᠶᠢᠨ ᠤᠯᠤᠰ ᠤᠨ ᠳᠣᠲᠣᠭᠠᠳᠤᠬᠢ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠪᠦᠷᠢ ᠶᠢᠨ | ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ ᠤᠰᠤ ᠬᠡᠷᠡᠭᠯᠡᠬᠦ ᠬᠡᠮᠵᠢᠶ᠎ᠡ ᠶᠢ ᠲᠣᠰ ᠲᠣᠰ 2020 ᠣᠨ ᠤ ᠬᠢ ᠠᠴᠠ 9% ᠪᠠ 10% ᠪᠠᠷ ᠪᠠᠭᠤᠷᠠᠭᠤᠯᠵᠤ᠂ | ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠢ ᠠᠰᠢᠭᠯᠠᠬᠤ ᠢᠯᠡᠳᠬᠡᠮᠵᠢ ᠲᠤᠭ᠎ᠠ ᠶᠢ 0.582 ᠪᠣᠯᠲᠠᠯ᠎ᠠ ᠳᠡᠭᠡᠭᠰᠢᠯᠡᠭᠦᠯᠦᠨ᠂ ᠲᠠᠷᠢᠶᠠᠯᠠᠩ ᠤᠨ | ᠤᠰᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠦᠭᠰᠡᠨ ᠲᠠᠯᠠᠪᠠᠢ ᠶᠢ 4747 ᠲᠦᠮᠡᠨ ᠮᠦ ᠳᠤ ᠬᠦᠷᠭᠡᠵᠦ᠂ ᠴᠤᠤᠯ ᠭᠤᠣᠯ ᠤᠨ ᠤᠰᠤ ᠶᠢ ᠲᠠᠲᠠᠵᠤ | ᠯᠢᠶᠣᠤ ᠾᠧ ᠭᠤᠣᠯ ᠳᠤ ᠨᠡᠮᠡᠷᠢᠯᠡᠬᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠥᠪᠥᠷ | ᠮᠣᠩᠭᠤᠯ ᠤᠨ ᠰᠠᠯᠪᠤᠷᠢ ᠱᠤᠭᠤᠮ ᠤᠨ ᠤᠰᠤᠨ ᠬᠠᠩᠭᠠᠯᠭ᠎ᠠ ᠵᠡᠷᠭᠡ ᠤᠰᠤᠨ ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠲᠠᠷᠢᠶᠠᠯᠠᠬᠤ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ︽ | ᠬᠥᠨᠳᠡᠶᠢᠷᠡᠭᠰᠡᠨ ᠲᠣᠰᠬᠤᠨ︾ ᠤ ᠵᠠᠰᠠᠯᠲᠠ ᠪᠠ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠠᠬ᠎ᠠ ᠳᠤ ᠣᠷᠣᠭᠤᠯᠬᠤ ᠶᠢ ᠠᠬᠢᠭᠤᠯᠤᠨ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ 1.4 ᠲᠦᠮᠡᠨ ᠮᠦ᠂ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠥᠷᠥᠯ ᠵᠦᠢᠯ ᠢ 25 ᠲᠦᠮᠡᠨ ᠮᠦ ᠪᠡᠶᠡᠯᠡᠭᠦᠯᠵᠦ᠂ ᠡᠯ᠎ᠡ ᠲᠥᠷᠥᠯ ᠤᠨ ᠨᠡᠭᠡᠭᠡᠯᠲᠡ ᠶᠢᠨ | ᠲᠣᠭᠤᠷᠢᠭ ᠤᠨ ᠳᠣᠲᠣᠷᠠᠬᠢ ᠰᠢᠨ᠎ᠡ ᠪᠠᠷ ᠨᠡᠮᠡᠭᠳᠡᠭᠦᠯᠦᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠪᠥᠬᠦᠨ ᠢ ︽ᠪᠠᠷᠢᠮᠵᠢᠶᠠᠲᠤ ᠭᠠᠵᠠᠷ︾ ᠢᠶᠠᠷ ᠬᠠᠩᠭᠠᠬᠤ ᠶᠢ | ᠪᠡᠶᠡᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠪᠡᠯᠡ ᠣᠷᠤᠭᠤᠯᠤᠯᠲᠠ᠂ ᠦᠢᠯᠡᠳᠪᠦᠷᠢᠯᠡᠯ ᠤᠨ ᠥᠷᠳᠡᠭ᠂ ᠭᠠᠶᠢᠯᠢ | ᠲᠠᠲᠠᠪᠤᠷᠢ ᠶᠢ ᠲᠣᠰ ᠪᠦᠷᠢ 2%᠂ 3%᠂ ᠪᠠ 4% ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠣᠷᠴᠢᠯ ᠠᠵᠤ ᠦᠢᠯᠡᠰ ᠢ ᠬᠥᠭᠵᠢᠭᠦᠯᠵᠦ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠤᠯᠠᠷᠢᠭᠤᠯᠤᠨ ᠠᠰᠢᠭᠯᠠᠬᠤ ᠶᠢ ᠠᠬᠢᠭᠤᠯᠤᠨ᠎ᠠ᠃ | ︵ᠳᠥᠷᠪᠡ︶ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ | ᠯᠠᠪᠳᠠᠭᠤᠨ ᠪᠠᠲᠤᠲᠠᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠬᠤᠶᠠᠷ ᠢ ᠬᠢᠵᠠᠭᠠᠷᠯᠠᠵᠤ ᠪᠠᠶᠢᠭᠰᠠᠨ ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢᠨ | ᠬᠤᠶᠠᠷ ᠢ ᠬᠢᠵᠠᠭᠠᠷᠯᠠᠬᠤ ᠲᠡᠶᠢᠰᠢ ᠬᠤᠪᠢᠷᠠᠭᠤᠯᠬᠤ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠠᠬᠢᠭᠤᠯᠤᠨ᠂ ︽1+N+X︾ ᠤᠨ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ | ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠪᠤᠭᠤᠲᠤ ᠬᠤᠲᠠ᠂ ᠣᠷᠳᠣᠰ ᠬᠤᠲᠠ ᠪᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠲᠤᠷᠰᠢᠯᠲᠠ ᠶᠢᠨ ᠴᠡᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ︽ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠠᠷᠪᠠᠨ ᠬᠤᠶᠠᠷ ᠶᠡᠭᠡ ᠠᠵᠢᠯᠯᠠᠭᠠᠨ︾ ᠢ | ᠲᠥᠯᠥᠪᠯᠡᠭᠡ ᠲᠠᠢ ᠪᠠᠷ ᠠᠯᠬᠤᠮ ᠳᠠᠷᠠᠭ᠎ᠠ ᠬᠤᠪᠢᠶᠠᠨ ᠠᠬᠢᠭᠤᠯᠵᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠴᠣᠭᠴᠠᠯᠠᠵᠤ᠂ ᠰᠢᠨ᠎ᠡ | ᠲᠥᠷᠥᠯ ᠵᠦᠢᠯ ᠳᠤ ᠥᠨᠳᠥᠷ ᠬᠠᠷᠢᠴᠠᠯᠳᠤ ᠪᠣᠬᠢᠷᠲᠤᠯ ᠦᠭᠡᠢ ᠴᠠᠬᠢᠯᠭᠠᠨ ᠢ ᠬᠡᠷᠡᠭᠯᠡᠬᠦ᠂ ᠡᠨᠧᠷᠭᠢ ᠶᠡᠭᠡ ᠠᠴᠢᠶᠠᠯᠠᠬᠤ ᠳᠠᠭᠠᠭᠠᠴᠠ ᠲᠠᠢ ᠬᠠᠳᠠᠭᠠᠯᠠᠯᠲᠠ ᠶᠢ ᠪᠣᠬᠢᠷᠲᠤᠯ | ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠤᠨ᠎ᠠ᠃ | ᠵᠢᠷᠭᠤᠭ᠎ᠠ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠥᠨᠳᠥᠷ ᠬᠢᠷᠢ ᠲᠦᠪᠰᠢᠨ ᠢᠶᠠᠷ | ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠬᠡᠯᠪᠡᠷᠢ ᠶᠢᠨ ᠡᠨᠧᠷᠭᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ | ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠡᠭᠦᠷᠭᠡ ᠶᠢ ᠯᠠᠪᠳᠠᠭᠤᠨ ᠡᠭᠦᠷᠬᠡᠯᠡᠵᠦ᠂ ᠣᠳᠣ ᠦᠶ᠎ᠡ ᠶᠢᠨ | ᠡᠨᠧᠷᠭᠢ ᠶᠢᠨ ᠠᠵᠤ ᠠᠬᠤᠢ ᠶᠢ ᠪᠥᠬᠦ ᠬᠦᠴᠦᠨ ᠢᠶᠠᠷ ᠰᠠᠶᠢᠲᠤᠷ ᠬᠥᠭᠵᠢᠭᠦᠯᠦᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠨ | ᠴᠢᠩᠭᠠᠳᠬᠠᠵᠤ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠬᠦᠴᠦᠨ ᠲᠡᠭᠦᠯᠳᠡᠷ ᠪᠦᠲᠦᠭᠡᠨ ᠪᠠᠶᠢᠭᠤᠯᠤᠨ᠎ᠠ᠃ | ︵ᠨᠢᠭᠡ︶ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃ 700 ᠲᠦᠮᠡᠨ ᠺᠢᠯᠣᠸᠠᠲ ᠤᠨ ᠬᠤᠰᠢᠭᠤᠴᠢ | ᠢᠨᠵᠧᠨᠧᠷᠢᠩ ᠢ ᠪᠠᠷᠢᠯᠭ᠎ᠠ ᠡᠬᠢᠯᠡᠭᠦᠯᠦᠨ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 4000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ | ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠶᠢ 1.37 ᠳ᠋ᠦᠩᠰᠢᠭᠤᠷ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠂ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠬᠤ ᠶᠢ ᠵᠢᠯ | ᠤᠷᠢᠳᠴᠢᠯᠠᠨ ᠪᠡᠶᠡᠯᠡᠭᠦᠯᠦᠨ᠎ᠡ᠃ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤ ᠪᠠᠨ ᠪᠠᠭᠲᠠᠭᠠᠨ ᠰᠢᠩᠭᠡᠭᠡᠬᠦ ᠶᠢ ᠶᠡᠭᠡ ᠪᠠᠷ ᠠᠬᠢᠭᠤᠯᠤᠨ᠂ ︽ᠰᠢᠨ᠎ᠡ ᠡᠨᠧᠷᠭᠢ +︾ | ᠵᠠᠬ᠎ᠠ ᠳᠡᠯᠭᠦᠷᠴᠢᠯᠡᠭᠰᠡᠨ ᠬᠡᠷᠡᠭᠯᠡᠭᠡᠨ ᠤ ᠪᠠᠶᠢᠳᠠᠯ ᠢ ᠨᠡᠩ ᠣᠯᠠᠨ ᠰᠤᠳᠤᠯᠤᠨ ᠭᠠᠷᠭᠠᠵᠤ᠂ ᠰᠢᠨ᠎ᠡ ᠡᠨᠧᠷᠭᠢ ᠶᠢ ᠪᠠᠭᠲᠠᠭᠠᠨ ᠰᠢᠩᠭᠡᠭᠡᠬᠦ ᠶᠡᠷᠦᠩᠬᠡᠢ ᠬᠡᠮᠵᠢᠶ᠎ᠡ ᠪᠠ | ᠬᠠᠷᠢᠴᠠᠯ ᠤᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠦᠨ᠎ᠡ᠃ ᠤᠯᠤᠰ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ | ᠴᠣᠭᠴᠠᠯᠠᠵᠤ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ ᠨᠡᠭᠦᠷᠡᠰᠦ ᠶᠢ ᠴᠡᠪᠡᠷ ᠪᠥᠭᠡᠳ ᠥᠨᠳᠥᠷ | ᠪᠦᠲᠦᠮᠵᠢᠲᠡᠢ ᠠᠰᠢᠭᠯᠠᠬᠤ ᠶᠢ ᠠᠬᠢᠭᠤᠯᠤᠨ᠂ ᠨᠡᠭᠦᠷᠡᠰᠦ ᠪᠠᠷ ᠳᠡᠭᠡᠳᠦ ᠳᠡᠰ ᠤᠨ ᠬᠢᠮᠢ ᠶᠢᠨ ᠦᠢᠯᠡᠳᠭᠦᠨ ᠦᠢᠯᠡᠳᠬᠦ᠂ ᠨᠡᠭᠦᠷᠡᠰᠦ ᠪᠠᠷ ᠳᠡᠭᠡᠳᠦ ᠳᠡᠰ ᠤᠨ | ᠨᠡᠭᠦᠷᠡᠰᠦᠨ ᠤ ᠮᠠᠲ᠋ᠧᠷᠢᠶᠠᠯ ᠦᠢᠯᠡᠳᠬᠦ ᠵᠡᠷᠭᠡ ᠮᠡᠷᠭᠡᠵᠢᠯ ᠳᠤ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠨᠡᠭᠦᠷᠡᠰᠦ ᠪᠠᠷ ᠲᠣᠰᠣ ᠦᠢᠯᠡᠳᠬᠦ ᠭᠠᠷᠤᠯᠲᠠ ᠶᠢ 110 | ᠲᠦᠮᠡᠨ ᠲᠣᠨ ᠣᠷᠴᠢᠮ ᠳᠤ ᠲᠣᠭᠲᠠᠪᠤᠷᠢᠵᠢᠭᠤᠯᠤᠨ᠂ ᠨᠡᠭᠦᠷᠡᠰᠦ ᠪᠠᠷ ᠬᠡᠢ ᠦᠢᠯᠡᠳᠬᠦ ᠭᠠᠷᠤᠯᠲᠠ ᠶᠢ 33 ᠳ᠋ᠦᠩᠰᠢᠭᠤᠷ ᠺᠦᠪ ᠮᠧᠳ᠋ᠷ ᠠᠴᠠ ᠳᠡᠭᠡᠭᠰᠢ ᠳᠤ | ᠬᠦᠷᠦᠭᠦᠯᠦᠨ᠎ᠡ᠃ | ︵ᠬᠤᠶᠠᠷ︶ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ | ᠶᠡᠷᠦᠩᠬᠡᠢ ᠳᠤ ᠪᠠᠨ ᠲᠣᠭᠲᠠᠪᠤᠷᠢᠲᠠᠢ ᠪᠠᠶᠢᠯᠭᠠᠵᠤ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠭᠡᠨ᠂ ᠲᠣᠰᠣ ᠬᠡᠢ ᠶᠢᠨ ᠡᠬᠢ | ᠪᠠᠶᠠᠯᠢᠭ ᠢ ᠬᠠᠶᠢᠨ ᠰᠢᠨᠵᠢᠵᠦ ᠨᠡᠭᠡᠭᠡᠬᠦ ᠪᠠ ᠨᠡᠮᠡᠵᠦ ᠨᠦᠬᠡᠴᠡᠯᠡᠨ ᠭᠠᠷᠤᠯᠲᠠ ᠶᠢ ᠨᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠨᠡᠭᠦᠷᠡᠰᠦᠨ ᠤ ᠭᠠᠷᠤᠯᠲᠠ ᠶᠢ 12 | ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠬᠤ᠂ ᠲᠦᠭᠦᠬᠡᠢ ᠴᠢᠯᠠᠭᠤᠨ ᠲᠣᠰᠣᠨ ᠤ ᠭᠠᠷᠤᠯᠲᠠ ᠶᠢ 300 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ | ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠶᠢ 310 ᠳ᠋ᠦᠩᠰᠢᠭᠤᠷ ᠺᠦᠪ ᠮᠧᠳ᠋ᠷ ᠣᠷᠴᠢᠮ ᠳᠤ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ | ᠨᠢᠭᠡᠨᠲᠡ ᠬᠠᠷᠭᠤᠭᠤᠯᠤᠨ ᠵᠥᠪᠰᠢᠶᠡᠷᠡᠭᠦᠯᠦᠭᠰᠡᠨ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠴᠠᠬᠢᠯᠭᠠᠨ | ᠬᠦᠴᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ ᠪᠠ ᠰᠢᠨ᠎ᠡ ᠡᠨᠧᠷᠭᠢ ᠶᠢᠨ ᠪᠠᠭᠲᠠᠭᠠᠨ ᠰᠢᠩᠭᠡᠭᠡᠬᠦ ᠶᠢ ᠠᠬᠢᠭᠤᠯᠬᠤ ᠨᠢᠭᠡ ᠪᠦᠯᠦᠭ ᠨᠡᠭᠦᠷᠡᠰᠦ ᠪᠠᠷ | ᠴᠠᠬᠢᠯᠭᠠᠨ ᠭᠠᠷᠭᠠᠬᠤ ᠲᠥᠷᠥᠯ ᠵᠦᠢᠯ ᠢ ᠰᠢᠨ᠎ᠡ ᠪᠠᠷ ᠪᠠᠶᠢᠷᠢᠰᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ︽ᠳᠥᠷᠪᠡᠨ ᠬᠥᠨᠳᠡᠯᠡᠨ ᠲᠠᠪᠤᠨ ᠭᠤᠯᠳᠤ︾ | ᠂ ᠥᠪᠥᠷ ᠮᠣᠩᠭᠤᠯ ᠤᠨ ᠵᠡᠭᠦᠨ ᠬᠡᠰᠡᠭ ᠤᠨ ︽ᠬᠤᠶᠠᠷ ᠭᠤᠯᠳᠤ ᠨᠠᠢᠮᠠᠨ ᠬᠥᠨᠳᠡᠯᠡᠨ︾ ᠴᠠᠬᠢᠯᠭᠠᠨ ᠬᠦᠴᠦᠨ ᠤ ᠲᠣᠣᠷ ᠤᠨ ᠭᠤᠣᠯ ᠪᠣᠯᠬᠤ ᠲᠣᠣᠷᠯᠢᠭ | ᠪᠦᠲᠦᠴᠡ ᠶᠢ ᠲᠦᠷᠭᠡᠳᠬᠡᠨ ᠪᠠᠶᠢᠭᠤᠯᠵᠤ᠂ ᠪᠠᠲᠤ ᠪᠠᠬᠢ ᠪᠥᠭᠡᠳ ᠤᠶᠠᠬᠠᠨ ᠴᠠᠬᠢᠯᠭᠠᠨ ᠬᠦᠴᠦᠨ ᠤ ᠲᠣᠣᠷ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠨᠡᠪᠲᠡᠷᠡᠯ | ᠵᠠᠮ᠂ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠰᠢᠩᠭᠡᠭᠡᠬᠦ ᠲᠤᠰᠬᠠᠢ ᠱᠤᠭᠤᠮ᠂ ᠡᠨᠧᠷᠭᠢ ᠨᠦᠬᠡᠴᠡᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ | ᠴᠢᠩᠭᠠᠳᠬᠠᠨ ᠪᠠᠶᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 2.5 | ᠳ᠋ᠦᠩᠰᠢᠭᠤᠷ ᠺᠢᠯᠣᠸᠠᠲ ᠢ ᠰᠢᠪᠲᠤᠯᠵᠤ᠂ ᠴᠠᠬᠢᠯᠭᠠᠨ ᠭᠠᠷᠭᠠᠬᠤ ᠬᠡᠮᠵᠢᠶ᠎ᠡ 7740 ᠳ᠋ᠦᠩᠰᠢᠭᠤᠷ ᠺᠢᠯᠣᠸᠠᠲ ᠴᠠᠭ ᠲᠤ ᠬᠦᠷᠭᠡᠵᠦ᠂ ᠭᠠᠳᠠᠭᠰᠢ ᠴᠠᠬᠢᠯᠭᠠᠨ | ᠳᠠᠮᠵᠢᠭᠤᠯᠬᠤ ᠬᠡᠮᠵᠢᠶ᠎ᠡ ᠶᠢ 3180 ᠺᠢᠯᠣᠸᠠᠲ ᠴᠠᠭ ᠲᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠡ᠃ | ︵ᠭᠤᠷᠪᠠ︶ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ | ᠲᠠᠯ᠎ᠠ ᠪᠠᠷ ᠰᠢᠪᠲᠤᠯᠤᠯᠲᠠ ᠲᠠᠢ ᠪᠣᠯᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠢ ᠪᠥᠬᠦ ᠲᠠᠯ᠎ᠠ ᠪᠠᠷ ᠥᠷᠨᠢᠭᠦᠯᠦᠨ᠂ ᠠᠭᠤᠷᠬᠠᠢ ᠶᠢᠨ ᠦᠢᠯᠡᠰ ᠤᠨ ᠡᠷᠬᠡ ᠶᠢ | ᠵᠠᠬ᠎ᠠ ᠳᠡᠯᠭᠡᠭᠦᠷᠴᠢᠯᠡᠨ ᠲᠦᠯᠦᠪᠦᠷᠢᠲᠡᠢ ᠰᠢᠯᠵᠢᠭᠦᠯᠬᠦ ᠶᠢ ᠠᠬᠢᠭᠤᠯᠤᠨ᠎ᠠ᠃ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠮᠠᠭᠠᠯᠠᠬᠤ | ᠴᠢᠨᠠᠷᠲᠠᠢ ᠪᠠᠷ ᠨᠡᠭᠡᠭᠡᠬᠦ᠂ ᠴᠢᠨᠠᠷᠵᠢᠭᠤᠨ ᠠᠰᠢᠭᠯᠠᠬᠤ᠂ ᠵᠢᠷᠤᠮᠵᠢᠭᠤᠨ ᠬᠠᠮᠢᠶᠠᠷᠬᠤ ᠪᠠᠨ ᠴᠢᠩᠭᠠᠳᠬᠠᠵᠤ᠂ ᠪᠥᠬᠦ ᠤᠯᠤᠰ ᠤᠨ ᠬᠠᠮᠤᠭ ᠤᠨ ᠶᠡᠭᠡ ᠬᠤᠪᠣᠷ | ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠪᠥᠮᠪᠥᠷᠴᠡᠭ ᠲᠤ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ | ᠲᠦᠷᠭᠡᠳᠭᠡᠨ ᠪᠦᠲᠦᠭᠡᠨ ᠪᠠᠶᠢᠭᠤᠯᠵᠤ᠂ ᠪᠠᠶᠠᠬᠤᠪᠤᠭ᠎ᠠ ᠠᠭᠤᠷᠬᠠᠢ ᠶᠢᠨ ᠰᠢᠰᠲ᠋ᠧᠮ ᠤᠨ ᠴᠢᠨᠠᠷᠲᠠᠢ ᠬᠠᠶᠢᠨ ᠰᠢᠨᠵᠢᠯᠲᠡ ᠶᠢ ᠰᠠᠶᠢᠲᠤᠷ ᠬᠢᠵᠦ᠂ ᠪᠠᠶᠢᠩᠭᠤ ᠰᠣᠷᠢᠨᠵᠢᠨ | ᠮᠠᠲ᠋ᠧᠷᠢᠶᠠᠯ ᠢᠶᠠᠷ ᠬᠥᠲᠥᠴᠢ ᠪᠣᠯᠭᠠᠭᠰᠠᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠠ ᠬᠤᠪᠣᠷ ᠰᠢᠷᠣᠢ ᠶᠢᠨ ᠪᠠᠶᠢᠩᠭᠤ ᠰᠣᠷᠢᠨᠵᠢᠨ ᠴᠠᠬᠢᠯᠭᠠᠨ | ᠮᠠᠰᠢᠨ ᠢᠶᠠᠷ ᠭᠤᠣᠯᠯᠠᠭᠤᠯᠤᠭᠰᠠᠨ ᠬᠤᠪᠣᠷ ᠰᠢᠷᠣᠢ ᠶᠢᠨ ᠦᠵᠦᠭᠦᠷ ᠬᠡᠷᠡᠭᠯᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ︽ᠬᠤᠪᠣᠷ ᠰᠢᠷᠣᠢ +︾ | ᠬᠡᠷᠡᠭᠯᠡᠭᠡᠨ ᠤ ᠬᠦᠷᠢᠶ᠎ᠡ ᠶᠢ ᠥᠷᠭᠡᠳᠭᠡᠵᠦ᠂ ᠪᠥᠬᠦ ᠤᠯᠤᠰ ᠤᠨ ᠨᠢᠭᠡᠳᠦᠯᠲᠡᠢ ᠬᠤᠪᠣᠷ ᠰᠢᠷᠣᠢ ᠶᠢᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ | ᠳᠣᠯᠤᠭ᠎ᠠ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ | ᠶᠡᠭᠡ ᠲᠠᠷᠢᠶᠠᠯᠠᠩ ᠤᠨ ᠦᠵᠡᠯᠲᠡ᠂ ᠶᠡᠭᠡ ᠢᠳᠡᠭᠡᠨ ᠤ ᠦᠵᠡᠯᠲᠡ ᠶᠢ ᠪᠣᠢ ᠪᠣᠯᠭᠠᠨ᠂ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ | ᠲᠣᠭᠲᠠᠭᠤᠨ ᠠᠮᠤᠷ ᠲᠦᠪᠰᠢᠨ ᠴᠢᠨᠠᠷ ᠰᠠᠶᠢᠲᠠᠢ ᠬᠠᠩᠭᠠᠯᠭ᠎ᠠ ᠶᠢ ᠦᠨᠡᠨ ᠬᠦ ᠪᠠᠲᠤᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠭᠠᠷᠤᠯᠲᠠ ᠶᠡᠬᠡᠲᠡᠢ ᠴᠢᠨᠠᠷ ᠰᠠᠶᠢᠲᠠᠢ ᠪᠣᠯᠭᠠᠨ ᠪᠦᠲᠦᠭᠡᠨ ᠪᠠᠶᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ | ᠤᠨ ᠲᠤᠷᠰᠢᠯᠭ᠎ᠠ ᠶᠢ ᠠᠰᠢᠭᠯᠠᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠷᠢᠶᠠᠴᠢᠨ ᠮᠠᠯᠴᠢᠳ ᠤᠨ | ᠣᠷᠣᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃ | ︵ᠨᠢᠭᠡ︶ ︽ᠠᠮᠤ ᠪᠤᠳᠠᠭ᠎ᠠ᠂ ᠭᠠᠵᠠᠷ ᠰᠢᠷᠣᠢ᠂ ᠤᠰᠤ︾ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠠᠮᠤ ᠪᠤᠳᠠᠭ᠎ᠠ᠂ ᠰᠢᠷ᠎ᠠ | ᠪᠤᠷᠴᠠᠭ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ ᠢ ᠶᠡᠭᠡ ᠲᠠᠯᠠᠪᠠᠢ ᠪᠠᠷ ᠨᠢᠭᠡᠴᠢ | ᠤᠨᠠᠯᠲᠠ ᠶᠢ ᠨᠢ ᠳᠡᠭᠡᠭᠰᠢᠯᠡᠭᠦᠯᠬᠦ ᠶᠢ ᠠᠬᠢᠭᠤᠯᠤᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ | ᠳᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ᠂ ᠬᠤᠵᠢᠷᠯᠢᠭ ᠭᠠᠵᠠᠷ ᠵᠡᠷᠭᠡ ᠲᠠᠷᠢᠶᠠᠯᠠᠬᠤ ᠭᠠᠵᠠᠷ ᠤᠨ ᠨᠦᠬᠡᠴᠡ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠪᠠ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠥᠨᠳᠥᠷ ᠪᠦᠲᠦᠮᠵᠢᠲᠡᠢ ᠪᠠᠷ ᠠᠰᠢᠭᠯᠠᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠰᠢᠨ᠎ᠡ ᠪᠠᠷ ᠪᠠᠶᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠠᠷᠠᠭᠠᠴᠢ ᠶᠢᠨ ᠬᠤᠭᠤᠴᠠᠭᠠᠨ ᠤ | ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠢᠨᠵᠧᠨᠧᠷᠢᠩ ᠢ 900 ᠲᠦᠮᠡᠨ ᠮᠦ ᠬᠡᠷᠡᠭᠵᠢᠭᠦᠯᠦᠨ᠎ᠡ᠃ | ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠤᠰᠤ ᠠᠷᠪᠢᠯᠠᠬᠤ ᠴᠢᠳᠠᠪᠤᠷᠢ ᠶᠢ | 2 ᠳ᠋ᠦᠩᠰᠢᠭᠤᠷ ᠺᠦᠪ ᠮᠧᠳ᠋ᠷ ᠰᠢᠨ᠎ᠡ ᠪᠠᠷ ᠨᠡᠮᠡᠭᠳᠡᠭᠦᠯᠵᠦ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠶᠢ 10 | ᠳ᠋ᠦᠩᠰᠢᠭᠤᠷ ᠺᠦᠪ ᠮᠧᠳ᠋ᠷ ᠤᠨ ᠳᠣᠲᠣᠷ᠎ᠠ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ ᠪᠡᠯᠡᠳᠭᠡᠮᠵᠢᠲᠦ ᠲᠠᠷᠢᠶᠠᠯᠠᠩ ᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ | ᠨᠡᠶᠢᠲᠡᠯᠡᠨ᠂ ᠪᠡᠯᠡᠳᠭᠡᠮᠵᠢᠲᠦ ᠲᠠᠷᠢᠶᠠᠯᠠᠩ ᠢ 24 ᠲᠦᠮᠡᠨ ᠮᠦ ᠰᠢᠨ᠎ᠡ ᠪᠠᠷ ᠪᠠᠶᠢᠭᠤᠯᠵᠤ᠂ 500 ᠮᠦ ᠠᠴᠠ ᠳᠡᠭᠡᠭᠰᠢᠬᠢ ᠪᠡᠯᠡᠳᠭᠡᠮᠵᠢᠲᠦ ᠲᠠᠷᠢᠶᠠᠯᠠᠩ ᠤᠨ | ᠪᠠᠷᠢᠮᠵᠢᠶᠠᠵᠢᠭᠤᠯᠤᠭᠰᠠᠨ ᠬᠦᠷᠢᠶᠡᠯᠡᠩ ᠲᠣᠭᠤᠷᠢᠭ ᠢ 11 ᠪᠠᠶᠢᠭᠤᠯᠤᠨ᠎ᠠ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ | ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠦᠷᠢᠶᠡᠯᠡᠩ ᠪᠠ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ | ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠭᠦᠨ ᠤ ᠰᠦᠯᠵᠢᠶᠡᠨ ᠳᠡᠭᠡᠷᠡᠬᠢ ᠨᠡᠷᠡᠲᠦ ᠲᠡᠮᠳᠡᠭ ᠤᠨ ᠬᠤᠰᠢᠭᠤᠴᠢ ᠳᠡᠯᠭᠡᠭᠦᠷ ᠢ ᠲᠣᠰ ᠲᠣᠰ 100 ᠡᠭᠦᠳᠦᠨ ᠪᠠᠶᠢᠭᠤᠯᠤᠨ᠎ᠠ᠃ | ︵ᠬᠤᠶᠠᠷ︶ ︽ᠮᠢᠬ᠎ᠠ᠂ ᠰᠦ᠂ ᠡᠪᠡᠰᠦ︾ ᠶᠢᠨ ᠦᠢᠯᠡᠳᠪᠦᠷᠢᠯᠡᠯ ᠤᠨ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠭᠦᠨ ᠤ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ᠂ ᠵᠠᠭᠤᠨ ᠲᠦᠮᠡᠨ | ᠠᠯᠠᠰᠢᠨ ᠦᠬᠡᠷ ᠢ ᠪᠣᠷᠳᠣᠨ ᠪᠤᠶᠢᠵᠢᠭᠤᠯᠬᠤ ᠶᠢ ᠥᠷᠨᠢᠭᠦᠯᠵᠦ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 200 ᠥᠭᠡᠷᠡᠴᠢᠯᠡᠨ ᠰᠢᠨᠡᠳᠭᠡᠵᠦ | ᠳᠡᠭᠡᠭᠰᠢᠯᠡᠭᠦᠯᠦᠨ᠂ ᠮᠢᠬᠠᠨ ᠤ ᠲᠥᠷᠥᠯ ᠤᠨ ᠭᠠᠷᠤᠯᠲᠠ ᠶᠢ 300 ᠲᠦᠮᠡᠨ ᠲᠣᠨ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠰᠦ ᠰᠠᠭᠠᠯᠢ ᠶᠢᠨ ᠦᠢᠯᠡᠰ ᠤᠨ | ᠦᠢᠯᠡᠳᠪᠦᠷᠢᠯᠡᠯ ᠤᠨ ᠬᠦᠴᠦᠨ ᠤ ᠳᠡᠭᠡᠭᠰᠢᠯᠡᠯᠲᠡ ᠶᠢ ᠪᠦᠬᠦ᠋ᠢᠯᠡ ᠰᠢᠶᠠᠨ ᠢᠶᠠᠷ ᠨᠢ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ ᠠᠩᠬᠠᠨ ᠤ ᠪᠦᠯᠦᠭ ᠤᠨ | ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠯᠠᠬᠤ ᠡᠭᠦᠯᠳᠡᠷ ᠪᠤᠶᠢᠵᠢᠭᠤᠯᠬᠤ ᠲᠠᠯᠠᠪᠠᠢ ᠶᠢ ᠡᠭᠦᠳᠦᠨ ᠪᠠᠶᠢᠭᠤᠯᠬᠤ ᠪᠠᠨ ᠲᠦᠷᠭᠡᠳᠭᠡᠵᠦ᠂ ᠰᠦ ᠶᠢᠨ ᠭᠠᠷᠤᠯᠲᠠ | 800 ᠲᠦᠮᠡᠨ ᠲᠣᠨ ᠢ ᠰᠢᠪᠲᠤᠯᠬᠤ᠂ ᠰᠦ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠪᠦᠷᠢᠯᠡᠯ ᠤᠨ ᠥᠷᠳᠡᠭ 2500 | ᠳ᠋ᠦᠩᠰᠢᠭᠤᠷ ᠲᠥᠭᠦᠷᠢᠭ ᠢ ᠰᠢᠪᠲᠤᠯᠬᠤ ᠪᠠᠷ ᠬᠦᠴᠦᠯᠡᠨ ᠴᠢᠷᠮᠠᠶᠢᠨ᠎ᠠ᠃ ᠬᠠᠰᠢᠶᠠᠯᠠᠨ ᠲᠡᠵᠢᠭᠡᠬᠦ ᠶᠢ ᠶᠡᠭᠡ ᠪᠠᠷ ᠬᠥᠭᠵᠢᠭᠦᠯᠦᠨ᠂ ᠠᠷᠪᠠᠨ ᠨᠡᠶᠢᠲᠡᠯᠢᠭ ᠬᠡᠪ ᠵᠠᠭᠪᠤᠷ ᠢ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠳᠡᠯᠭᠡᠷᠡᠭᠦᠯᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠲᠠᠯ᠎ᠠ ᠨᠤᠲᠤᠭ ᠤᠨ ᠳᠠᠭᠠᠭᠠᠴᠠ ᠠᠴᠠ ᠨᠢ ᠬᠡᠲᠦᠷᠡᠭᠦᠯᠦᠨ ᠪᠡᠯᠴᠢᠭᠡᠷᠯᠡᠭᠦᠯᠬᠦ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠲᠡᠵᠢᠭᠡᠯ ᠡᠪᠡᠰᠦ ᠲᠡᠵᠢᠭᠡᠯ ᠪᠣᠷᠳᠣᠭᠠᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠥᠮᠥᠨ ᠤ ᠬᠦᠴᠦ ᠪᠠᠷ ᠲᠡᠵᠢᠭᠡᠯ | ᠡᠪᠡᠰᠦ ᠲᠠᠷᠢᠬᠤ ᠲᠠᠯᠠᠪᠠᠢ 2000 ᠲᠦᠮᠡᠨ ᠮᠦ ᠶᠢ ᠰᠢᠪᠲᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠤᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠥᠷᠥᠯ ᠤᠨ ᠬᠦᠴᠦᠨ ᠵᠦᠢᠯ ᠤᠨ ᠬᠤᠣᠰ ᠴᠢᠭᠯᠡᠯ ᠢᠶᠠᠷ ᠡᠷᠭᠢᠯᠳᠦᠬᠦ ᠶᠢ ᠠᠬᠢᠭᠤᠯᠤᠨ᠂ ᠰᠢᠶᠠᠨ ᠤ ᠬᠤᠲᠠ ᠪᠠᠷ ᠴᠢᠬᠤᠯᠠ | ᠠᠴᠢᠶᠠᠯᠠᠪᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠠᠭᠤᠰᠤᠯᠴᠠᠨ | ᠬᠥᠭᠵᠢᠭᠰᠡᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠭᠦᠬᠦ | ᠲᠣᠭᠲᠠᠴᠠ ᠶᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ 19.6 | ᠲᠦᠮᠡᠨ ᠬᠥᠮᠥᠨ ᠣᠷᠴᠢᠮ ᠳᠤ ᠲᠣᠭᠲᠠᠪᠤᠷᠢᠵᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠭᠦᠬᠦ | ᠬᠤᠰᠢᠭᠤ ᠰᠢᠶᠠᠨ ᠪᠠ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠣᠬᠢᠷᠠᠭᠤᠯᠬᠤ ᠣᠷᠣᠨ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ 65% ᠠᠴᠠ | ᠳᠡᠭᠡᠭᠰᠢᠬᠢ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠤᠯᠲᠠ ᠶᠢᠨ ᠪᠡᠯᠡ ᠮᠥᠩᠭᠦ ᠶᠢ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ | ᠬᠡᠷᠡᠭᠯᠡᠨ᠎ᠡ᠃ ᠠᠵᠤ ᠲᠥᠷᠥᠵᠦ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠭᠤᠶᠣ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ︽ | ᠬᠥᠳᠡᠭᠡ ᠲᠣᠰᠬᠤᠨ ᠢ ᠠᠯᠳᠠᠷᠰᠢᠭᠤᠯᠬᠤ ᠠᠵᠢᠯᠯᠠᠭᠠᠨ︾ ᠢ ᠥᠷᠨᠢᠭᠦᠯᠦᠨ᠂ ᠣᠷᠣᠰᠢᠨ ᠠᠮᠢᠳᠤᠷᠠᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠡᠷᠴᠢᠮ ᠢᠶᠠᠨ | ᠴᠢᠩᠭᠠᠷᠠᠭᠤᠯᠵᠤ᠂ ᠪᠥᠬᠦ ᠣᠷᠣᠨ ᠤ ᠵᠠᠰᠠᠭ ᠵᠠᠬᠢᠷᠭᠠᠨ ᠤ ᠲᠣᠰᠬᠤᠨ ᠳᠤ ᠴᠠᠬᠢᠯᠭᠠᠨ ᠨᠡᠪᠲᠡᠷᠡᠭᠦᠯᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠂ ᠲᠠᠷᠢᠶᠠᠯᠠᠬᠤ | ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ ᠪᠦᠷᠬᠦᠭᠦᠯᠬᠦ ᠨᠣᠷᠮ᠎ᠠ᠂ ᠠᠮᠢᠳᠤᠷᠠᠯ ᠤᠨ | ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ ᠲᠣᠰ ᠲᠣᠰ 80% ᠠᠴᠠ ᠳᠡᠭᠡᠭᠰᠢ ᠪᠠ 34% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠭᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠡᠭᠡᠭᠰᠢ ᠳᠤ ᠬᠦᠷᠭᠡᠵᠦ᠂ | ᠲᠠᠷᠢᠶᠠᠯᠠᠬᠤ ᠮᠠᠯᠵᠢᠬᠤ ᠣᠷᠣᠨ ᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ 5.5 ᠲᠦᠮᠡ ᠰᠢᠨ᠎ᠡ ᠪᠠᠷ ᠪᠠᠶᠢᠭᠤᠯᠤᠨ᠎ᠠ᠃ | ᠨᠠᠢᠮᠠ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠯᠦᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ ᠣᠷᠣᠵᠤ᠂ ᠤᠯᠤᠰ ᠤᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠬᠢᠯᠢ ᠶᠢᠨ | ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠳᠡᠰ ᠢ ᠨᠢ ᠳᠡᠭᠡᠭᠰᠢᠯᠡᠭᠦᠯᠬᠦ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ | ᠲᠡᠷᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ ᠪᠠᠭᠲᠠᠭᠠᠮᠵᠢ ᠶᠢ ᠨᠢ ᠥᠷᠭᠡᠳᠭᠡᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠣᠲᠣᠭᠠᠳᠤ ᠭᠠᠳᠠᠭᠠᠳᠤ | ᠨᠡᠭᠡᠭᠡᠯᠲᠡ ᠨᠡᠩ ᠶᠡᠭᠡ ᠠᠬᠢᠯᠲᠠ ᠲᠠᠢ ᠪᠣᠯᠬᠤ ᠶᠢ ᠠᠬᠢᠭᠤᠯᠤᠨ᠎ᠠ᠃ | ︵ᠨᠢᠭᠡ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠪᠠ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠨ᠂ ᠴᠢᠯᠦᠭᠡᠲᠦ ᠠᠷᠠᠯᠵᠢᠶᠠᠨ ᠤ ᠣᠷᠣᠨ ᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢᠨ ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ︵ᠥᠪᠥᠷ ᠮᠣᠩᠭᠤᠯ︶ | ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠭᠤᠶᠤᠴᠢᠯᠠᠨ ᠪᠠᠶᠢᠭᠤᠯᠬᠤ ᠠᠵᠢᠯ ᠢ ᠮᠥᠨ ᠴᠢᠨᠠᠷ ᠤᠨ ᠠᠬᠢᠯᠲᠠ ᠲᠠᠢ ᠪᠣᠯᠭᠠᠬᠤ ᠪᠠᠷ ᠬᠦᠴᠦᠯᠡᠨ | ᠴᠢᠷᠮᠠᠶᠢᠨ᠎ᠠ᠃ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠭᠴᠢ ᠬᠦᠴᠦᠨ ᠢ ᠲᠦᠷᠭᠡᠯᠡᠨ ᠪᠤᠶᠢᠵᠢᠭᠤᠯᠵᠤ᠂ ᠰᠢᠶᠠᠨ ᠤ ᠬᠡᠪᠴᠢᠶᠠᠨ ᠤ ᠭᠠᠳᠠᠭᠠᠳᠤ ᠠᠵᠤ ᠠᠬᠤᠢ | ᠠᠷᠠᠯᠵᠢᠶ᠎ᠡ ᠶᠢ ᠪᠠᠶᠢᠬᠤ ᠦᠭᠡᠢ ᠪᠠᠶᠢᠭᠰᠠᠨ ᠠᠴᠠ ᠬᠡᠮᠵᠢᠶ᠎ᠡ ᠶᠢ ᠨᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯ ᠢ ᠠᠬᠢᠭᠤᠯᠤᠨ᠂ ᠤᠯᠠᠭᠠᠨᠴᠠᠪ ᠬᠤᠲᠠ ᠶᠢᠨ ᠤᠯᠤᠰ ᠤᠨ | ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠠ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ | ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠳᠠᠭᠠᠭᠠᠨ ᠠᠪᠬᠤ ᠭᠠᠵᠠᠷ ᠢ ᠪᠥᠬᠦ ᠬᠦᠴᠦᠨ ᠢᠶᠠᠷ ᠴᠣᠭᠴᠠᠯᠠᠬᠤ ᠶᠢ ᠳᠡᠮᠵᠢᠵᠦ᠂ ᠬᠥᠬᠡᠬᠤᠲᠠ ᠶᠢᠨ ᠤᠯᠤᠰ ᠤᠨ | ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠮᠠᠨᠵᠤᠤᠷ ᠤᠨ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠢ ᠠᠬᠢᠭᠤᠯᠤᠨ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ 2100 ᠳ᠋ᠦᠩᠰᠢᠭᠤᠷ ᠲᠥᠭᠦᠷᠢᠭ ᠢ ᠰᠢᠪᠲᠤᠯᠵᠤ᠂ 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ | ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠠᠶᠢᠷᠢᠯᠠᠯ ᠳᠡᠰ ᠳᠡᠪᠰᠢᠭᠦᠯᠬᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢ 300 ᠳ᠋ᠦᠩᠰᠢᠭᠤᠷ ᠲᠥᠭᠦᠷᠢᠭ ᠲᠤ ᠬᠦᠷᠦᠭᠦᠯᠦᠨ᠂ 20% ᠪᠠᠷ ᠨᠡᠮᠡᠭᠳᠡᠭᠦᠯᠬᠦ ᠶᠢ ᠠᠬᠢᠭᠤᠯᠤᠨ᠎ᠠ᠃ | ᠣᠶᠤᠨᠴᠢ ᠪᠣᠭᠤᠮᠲᠠ᠂ ᠣᠶᠤᠨᠴᠢ ᠬᠢᠯᠢ ᠶᠢᠨ ᠪᠣᠭᠤᠮᠲᠠ ᠶᠢᠨ ᠪᠠᠶᠢᠭᠤᠯᠤᠯᠲᠠ ᠶᠢ ᠠᠬᠢᠭᠤᠯᠵᠤ᠂ ︽ᠳᠠᠩ ᠴᠣᠩᠬᠤᠪᠴᠢ︾ ᠶᠢ ᠳᠡᠯᠭᠡᠷᠡᠭᠦᠯᠦᠨ ᠬᠡᠷᠡᠭᠯᠡᠬᠦ | ᠡᠷᠴᠢᠮ ᠢᠶᠠᠨ ᠴᠢᠩᠭᠠᠷᠠᠭᠤᠯᠤᠨ᠂ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠶᠢ 1.2 ᠳ᠋ᠦᠩᠰᠢᠭᠤᠷ ᠲᠣᠨ ᠳᠤ ᠬᠦᠷᠦᠭᠦᠯᠵᠦ᠂ 12% | ᠣᠷᠴᠢᠮ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ | ᠪᠠᠭᠲᠠᠭᠠᠮᠵᠢ ᠪᠠᠨ ᠥᠷᠭᠡᠳᠭᠡᠬᠦ ᠠᠵᠢᠯ ᠢ ᠰᠠᠶᠢᠲᠤᠷ ᠠᠳᠬᠤᠵᠤ᠂ ᠣᠷᠣᠨ ᠠᠴᠠ ᠡᠬᠢᠯᠡᠵᠦ ᠠᠶᠠᠯᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ | 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ | ︵ᠬᠤᠶᠠᠷ︶ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠥᠪᠥᠷ ᠮᠣᠩᠭᠤᠯ ᠤᠨ ᠵᠡᠭᠦᠨ | ᠬᠡᠰᠡᠭ ᠢ ᠮᠠᠨᠳᠤᠭᠤᠯᠤᠨ ᠬᠥᠭᠵᠢᠭᠦᠯᠬᠦ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ | ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠵᠡᠭᠦᠨ ᠬᠡᠰᠡᠭ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠩᠭᠠᠨ ᠠᠶᠢᠮᠠᠭ ᠲᠠᠬᠢ ᠤᠯᠤᠰ ᠤᠨ ᠣᠳᠣ ᠦᠶ᠎ᠡ ᠶᠢᠨ ᠮᠠᠯ ᠠᠵᠤ | ᠠᠬᠤᠢ ᠶᠢᠨ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠂ ᠤᠯᠠᠭᠠᠨᠬᠠᠳᠠ ᠬᠤᠲᠠ ᠶᠢᠨ ᠵᠡᠰ ᠤᠨ ᠪᠦᠯᠦᠭ ᠤᠨ ᠰᠢᠨ᠎ᠡ ᠮᠠᠲ᠋ᠧᠷᠢᠶᠠᠯ ᠪᠠ | ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠬᠥᠩᠭᠡᠨᠴᠠᠭᠠᠨ ᠤ ᠪᠦᠯᠦᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠬᠥᠯᠥᠨ ᠪᠤᠶᠢᠷ ᠵᠡᠷᠭᠡ ᠤᠯᠤᠰ ᠤᠨ ᠴᠠᠰᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠢ ᠡᠭᠦᠳᠦᠨ ᠪᠠᠶᠢᠭᠤᠯᠵᠤ᠂ ᠮᠠᠨᠵᠤᠤᠷ᠂ | ᠡᠷᠢᠶᠡᠨ ᠬᠤᠲᠠ ᠶᠢᠨ ᠶᠡᠷᠦᠩᠬᠡᠶᠢᠯᠡᠭᠰᠡᠨ ᠬᠦᠢᠰᠦ ᠬᠢᠯᠢ ᠶᠢᠨ ᠪᠣᠭᠤᠮᠲᠠ ᠶᠢ ᠬᠦᠴᠦ ᠪᠠᠨ ᠲᠥᠪᠯᠡᠷᠡᠭᠦᠯᠦᠨ ᠴᠣᠭᠴᠠᠯᠠᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠷᠠᠭᠤᠨ ᠬᠡᠰᠡᠭ ᠤᠨ ᠭᠠᠵᠠᠷ ᠣᠷᠣᠨ ᠤ ᠵᠣᠷᠢᠭᠵᠢᠭᠤᠯᠬᠤ ᠲᠥᠷᠥᠯ ᠤᠨ | ᠠᠵᠤ ᠦᠢᠯᠡᠰ ᠤᠨ ᠭᠠᠷᠴᠠᠭ ᠢ ᠲᠣᠬᠢᠷᠠᠭᠤᠯᠬᠤ ᠬᠠᠮᠵᠢᠯᠴᠠᠭᠠᠨ ᠤ ᠠᠵᠢᠯ ᠢ ᠰᠠᠶᠢᠲᠤᠷ ᠬᠢᠨ᠎ᠡ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠠᠳᠤᠨ ᠭᠤᠣᠯ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠳᠤ ᠰᠢᠨ᠎ᠡ ᠦᠷ᠎ᠡ ᠠᠰᠢᠭ ᠲᠠᠢ | ᠪᠣᠯᠭᠠᠬᠤ ᠪᠠᠷ ᠴᠢᠷᠮᠠᠶᠢᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠪᠦᠯᠦᠭᠵᠢᠯ ᠢ ᠲᠦᠷᠭᠡᠳᠭᠡᠨ ᠪᠦᠲᠦᠭᠡᠨ ᠪᠠᠶᠢᠭᠤᠯᠵᠤ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠬᠥᠬᠡᠬᠤᠲᠠ | ᠪᠤᠭᠤᠲᠤ ᠶᠢ ᠨᠢᠭᠡ ᠬᠤᠲᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃ | ︵ᠭᠤᠷᠪᠠ︶ ᠣᠷᠣᠨ ᠪᠦᠰᠡ ᠶᠢᠨ ᠬᠤᠭᠤᠷᠣᠨᠳᠤᠬᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠭᠠᠨ ᠤ ᠬᠥᠭᠵᠢᠯᠲᠡ ᠳᠤ ᠢᠳᠡᠪᠬᠢᠲᠡᠢ ᠠᠭᠤᠰᠤᠯᠴᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ︾ ᠶᠢ ᠦᠷᠭᠦᠯᠵᠢᠯᠡᠨ ᠠᠬᠢᠭᠤᠯᠤᠨ᠎ᠠ᠃ ᠭᠤᠸᠠᠩᠳᠦ᠋ᠩ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠥᠷ ᠮᠣᠩᠭᠤᠯ ᠬᠥᠬᠡᠨᠠᠭᠤᠷ᠂ ᠥᠪᠥᠷ ᠮᠣᠩᠭᠤᠯ ᠭᠠᠨᠰᠦ᠂ ᠥᠪᠥᠷ ᠮᠣᠩᠭᠤᠯ ᠱᠠᠨᠰᠢ᠂ ᠱᠠᠩᠬᠠᠢ ᠥᠪᠥᠷ ᠮᠣᠩᠭᠤᠯ ᠤᠨ | ᠵᠥᠪᠯᠡᠯᠴᠡᠭᠡᠷ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠬᠡᠯᠡᠯᠴᠡᠭᠡ᠂ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ | ᠶᠡᠭᠡ ᠬᠤᠷᠠᠯ᠂ ᠰᠢᠶᠠᠩᠭᠠᠩ ᠣᠣᠮᠧᠨ ᠤ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢᠨ ᠭᠠᠷᠠᠭ ᠵᠡᠷᠭᠡ ᠥᠨᠳᠥᠷ ᠴᠢᠳᠠᠪᠤᠷᠢ ᠳᠡᠰ ᠤᠨ ᠬᠤᠳᠠᠯᠳᠤᠭᠠᠴᠢᠨ ᠤᠷᠢᠬᠤ | ᠲᠠᠪᠴᠠᠩ ᠢ ᠦᠷᠭᠦᠯᠵᠢᠯᠡᠨ ᠰᠠᠶᠢᠲᠤᠷ ᠡᠷᠬᠢᠯᠡᠨ᠂ ᠠᠵᠤ ᠦᠢᠯᠡᠰ ᠤᠨ ᠬᠡᠯᠬᠢᠶᠡᠨ ᠤ ᠲᠤᠰᠬᠠᠢ ᠰᠡᠳᠦᠪ ᠢᠶᠠᠷ ᠬᠤᠳᠠᠯᠳᠤᠭᠠᠴᠢᠨ ᠤᠷᠢᠬᠤ ᠵᠡᠷᠭᠡ ︽ᠪᠡᠯᠡ | ᠣᠷᠤᠭᠤᠯᠤᠯᠲᠠ ᠶᠢᠨ ᠥᠪᠥᠷ ᠮᠣᠩᠭᠤᠯ︾ ᠰᠢᠷᠢᠰ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ ᠵᠥᠪᠯᠡᠯᠴᠡᠭᠡᠷ ᠲᠣᠬᠢᠷᠠᠭᠰᠠᠨ ᠲᠥᠷᠥᠯ ᠵᠦᠢᠯ ᠢ | ᠪᠣᠳᠠᠲᠠᠶᠢᠵᠢᠭᠤᠯᠵᠤ ᠮᠥᠷᠳᠡᠨ ᠳᠠᠭᠠᠬᠤ ᠦᠢᠯᠡᠴᠢᠯᠡᠭᠡ ᠪᠠᠨ ᠴᠢᠩᠭᠠᠳᠬᠠᠨ᠂ ᠪᠥᠬᠦ ᠵᠢᠯ ᠳᠤ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 150 | ᠲᠠᠯᠠᠪᠠᠢ ᠣᠷᠴᠢᠮ ᠥᠷᠨᠢᠭᠦᠯᠵᠦ᠂ ᠠᠵᠤ ᠦᠢᠯᠡᠰ ᠤᠨ ᠬᠡᠯᠬᠢᠶᠡᠨ ᠳᠤ ᠳᠤᠲᠠᠭᠤᠳᠠᠯ ᠲᠠᠢ ᠬᠠᠷᠠᠯᠲᠠᠲᠤ ᠠᠵᠤ ᠠᠬᠤᠶᠢᠯᠠᠯ ᠢ 1000 ᠠᠴᠠ ᠳᠡᠭᠡᠭᠰᠢ ᠵᠣᠬᠢᠶᠠᠨ | ᠪᠠᠶᠢᠭᠤᠯᠤᠨ ᠵᠣᠯᠭᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠤᠯᠤᠰ ᠤᠨ ᠳᠣᠲᠣᠭᠠᠳᠤᠬᠢ ᠪᠣᠳᠠᠲᠠᠶᠢᠵᠢᠭᠰᠠᠨ ᠪᠡᠯᠡ ᠮᠥᠩᠭᠦ ᠶᠢ 5500 | ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠠᠶᠢᠯᠭᠠᠬᠤ ᠪᠠᠷ ᠴᠢᠷᠮᠠᠶᠢᠨ᠎ᠠ᠃ | ᠶᠢᠰᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠳᠤᠯᠠᠭᠠᠯᠠᠭ᠎ᠠ ᠶᠢᠨ ᠢᠨᠵᠧᠨᠧᠷᠢᠩ ᠢ ᠲᠦᠷᠭᠡᠳᠭᠡᠨ | ᠬᠡᠷᠡᠭᠵᠢᠭᠦᠯᠦᠨ᠎ᠡ | ᠴᠢᠳᠠᠯ ᠢᠶᠠᠷ ᠢᠶᠠᠨ ᠴᠢᠷᠮᠠᠶᠢᠨ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ | ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠣᠨᠣᠪᠴᠢᠲᠠᠢ ᠪᠠᠲᠤᠲᠠᠢ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ | ︵ᠨᠢᠭᠡ︶ ᠣᠯᠠᠨ ᠲᠦᠮᠡᠨ ᠤ ᠠᠮᠢᠳᠤᠷᠠᠯ ᠤᠨ ᠣᠷᠴᠢᠨ ᠨᠦᠭᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠪᠡᠯᠡ ᠮᠥᠩᠭᠦᠨ ᠤ ᠣᠷᠤᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠤᠯᠠᠭᠠᠯᠠᠭ᠎ᠠ ᠬᠠᠩᠭᠠᠬᠤ ᠢᠯᠴᠢ ᠬᠠᠩᠭᠠᠬᠤ ᠰᠢᠨ᠎ᠡ | ᠬᠡᠯᠪᠡᠷᠢ ᠶᠢᠨ ᠣᠶᠤᠨᠲᠤ ᠵᠠᠭᠪᠤᠷ ᠢ ᠪᠠᠶᠢᠭᠤᠯᠬᠤ ᠪᠠᠷ ᠰᠦᠪᠡᠭᠴᠢᠯᠡᠵᠦ᠂ ᠰᠢᠲᠠᠮᠠᠬᠠᠢ ᠬᠡᠢ᠂ ᠤᠰᠤ ᠬᠠᠩᠭᠠᠵᠤ ᠭᠠᠳᠠᠭᠰᠢᠯᠠᠭᠤᠯᠬᠤ᠂ ᠢᠯᠴᠢ ᠬᠠᠩᠭᠠᠬᠤ ᠬᠤᠭᠤᠯᠠᠢ | ᠭᠤᠤᠷᠰᠤ ᠶᠢᠨ ᠲᠣᠣᠷ ᠢ 1500 ᠺᠢᠯᠣᠮᠧᠳ᠋ᠷ ᠰᠢᠨᠡᠳᠭᠡᠵᠦ ᠥᠭᠡᠷᠡᠴᠢᠯᠡᠨ ᠰᠠᠶᠢᠵᠢᠷᠠᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | 1.69 ᠲᠦᠮᠡᠨ ᠢᠵᠢ ︵ᠲᠠᠰᠤᠯᠭ᠎ᠠ︶ ᠪᠠᠶᠢᠭᠤᠯᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185᠂ ᠬᠤᠲᠠ ᠪᠠᠯᠭᠠᠰᠤᠨ ᠤ ᠨᠤᠷᠠᠬᠤ | ᠠᠶᠤᠯᠲᠠᠢ ᠬᠠᠭᠤᠴᠢᠨ ᠭᠡᠷ ᠪᠠᠶᠢᠰᠢᠩ ᠢ 1500 ᠢᠵᠢ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3419 ᠡᠷᠦᠬᠡ ᠥᠭᠡᠷᠡᠴᠢᠯᠡᠨ | ᠰᠢᠨᠡᠳᠭᠡᠵᠦ᠂ 1.3 ᠲᠦᠮᠡᠨ ᠡᠷᠦᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ | ᠰᠢᠨᠡᠳᠭᠡᠬᠦ ᠶᠢ ᠪᠡᠶᠡᠯᠡᠭᠦᠯᠵᠦ᠂ ᠬᠥᠬᠡᠬᠤᠲᠠ ᠶᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠠᠶᠢᠭᠤᠯᠬᠤ ᠪᠠ ᠬᠤᠲᠠ ᠶᠢᠨ ᠳᠤᠮᠳᠠᠬᠢ | ᠲᠣᠰᠬᠤᠨ ᠢ ᠥᠭᠡᠷᠡᠴᠢᠯᠡᠨ ᠰᠢᠨᠡᠳᠭᠡᠬᠦ ᠶᠢ ᠳᠡᠮᠵᠢᠬᠦ ᠬᠤᠲᠠ ᠳᠤ ᠵᠢᠭᠰᠠᠭᠠᠬᠤ ᠪᠠᠷ ᠴᠢᠷᠮᠠᠶᠢᠨ᠎ᠠ᠃ ᠲᠥᠷᠥᠯ ᠬᠤᠪᠢᠶᠠᠨ ᠡᠮᠬᠢ ᠳᠠᠷᠠᠭ᠎ᠠ ᠲᠠᠢ ᠪᠠᠷ ᠨᠢᠭᠡ ᠪᠦᠯᠦᠭ | ᠬᠤᠲᠠ ᠶᠢᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠢ ᠪᠠᠶᠢᠭᠤᠯᠤᠨ᠂ ᠲᠡᠷᠭᠡᠨ ᠵᠣᠭᠰᠣᠭᠠᠯ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ | ︵ᠬᠤᠶᠠᠷ︶ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ | ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠪᠥᠬᠦ | ᠤᠯᠤᠰ ᠤᠨ ᠨᠢᠭᠡᠳᠦᠯᠲᠡᠢ ᠲᠥᠯᠥᠪᠯᠡᠬᠦ ᠪᠠ ᠬᠦᠴᠢᠷᠳᠡᠯᠲᠡᠢ ᠬᠥᠮᠥᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ | ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠬᠥᠮᠥᠨ ᠤ ᠲᠤᠭ᠎ᠠ ᠶᠢ 1769 ᠲᠦᠮᠡᠨ ᠬᠥᠮᠥᠨ ᠳᠤ ᠬᠦᠷᠦᠭᠦᠯᠦᠨ᠎ᠡ᠃ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ | ᠰᠢᠨᠵᠢᠯᠲᠡ ᠶᠢ ᠴᠢᠩᠭᠠᠳᠬᠠᠵᠤ᠂ ᠳᠡᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ | ᠰᠠᠭᠤᠭᠠᠯᠢ ᠠᠷᠠᠳ ᠤᠨ ᠣᠷᠣᠯᠭ᠎ᠠ ᠶᠢ ᠴᠢᠷᠮᠠᠶᠢᠨ ᠨᠡᠮᠡᠭᠳᠡᠭᠦᠯᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠵᠠᠰᠠᠯᠲᠠ ᠶᠢᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠨᠡᠨ ᠬᠦ ᠪᠥᠬᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ | ᠪᠤᠶᠤ ᠳᠠᠪᠠᠭᠤᠯᠤᠨ᠎ᠠ᠃ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ | ᠦᠢᠯᠡᠴᠢᠯᠡᠭᠡᠨ ᠤ ᠲᠥᠪ ᠢ 170᠂ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠳᠡᠭᠡ ᠶᠢ 1500 ᠪᠠᠷᠢᠯᠭ᠎ᠠ ᠡᠬᠢᠯᠡᠭᠦᠯᠦᠨ ᠪᠠᠶᠢᠭᠤᠯᠵᠤ᠂ | ᠨᠦᠭᠦᠴᠡᠯ ᠲᠠᠢ ᠭᠠᠵᠠᠷ ᠣᠷᠣᠨ ᠤ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠦᠵᠡᠭᠦᠯᠬᠦ ᠦᠢᠯᠡᠴᠢᠯᠡᠭᠡ ᠶᠢ ᠨᠠᠰᠤᠵᠢᠯ ᠤᠨ ᠦᠨᠳᠦᠰᠦᠨ | ᠦᠢᠯᠡᠴᠢᠯᠡᠭᠡᠨ ᠤ ᠲᠣᠳᠣᠷᠬᠠᠢ ᠬᠠᠭᠤᠳᠠᠰᠤᠨ ᠳᠤ ᠣᠷᠣᠭᠤᠯᠬᠤ ᠶᠢ ᠨᠢ ᠠᠬᠢᠭᠤᠯᠤᠨ᠎ᠠ᠃ | ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠤᠷᠭᠠᠨ ᠬᠥᠮᠥᠵᠢᠯ ᠤᠨ ᠬᠦᠴᠦᠷᠬᠡᠭ | ᠣᠷᠣᠨ ᠤ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ᠢ ᠨᠡᠶᠢᠲᠡᠯᠡᠵᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭᠤᠷᠠᠢ ᠭᠤᠭᠴᠤᠭ᠎ᠠ ᠶᠢ ᠥᠭᠡᠷᠡᠴᠢᠯᠡᠨ | ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ ᠰᠢᠨ᠎ᠡ ᠡᠨᠧᠷᠭᠢ ᠵᠡᠷᠭᠡ | ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠲᠦᠷᠭᠡᠳᠭᠡᠨ ᠪᠠᠶᠢᠭᠤᠯᠵᠤ᠂ ᠦᠢᠯᠡᠳᠪᠦᠷᠢᠯᠡᠬᠦ ᠵᠢᠭᠠᠨ ᠰᠤᠷᠭᠠᠬᠤ ᠶᠢ ᠠᠭᠤᠰᠤᠯᠴᠠᠭᠤᠯᠤᠭᠰᠠᠨ ᠬᠡᠯᠪᠡᠷᠢ ᠶᠢᠨ | ᠠᠵᠤ ᠠᠬᠤᠶᠢᠯᠠᠯ ᠢ 50 ᠪᠤᠶᠢᠵᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠭᠡᠵᠦ᠂ | ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠴᠡᠴᠡᠷᠯᠢᠭ ᠲᠤ ᠣᠷᠣᠬᠤ ᠨᠣᠷᠮ᠎ᠠ ᠪᠠ ᠲᠦᠭᠡᠮᠡᠯ ᠬᠠᠷᠠᠭᠠᠯᠵᠠᠯᠲᠤ ᠬᠡᠦᠬᠡᠳ ᠤᠨ | ᠴᠡᠴᠡᠷᠯᠢᠭ ᠤᠨ ᠪᠦᠷᠬᠦᠭᠦᠯᠬᠦ ᠨᠣᠷᠮ᠎ᠠ ᠶᠢ 90% ᠪᠠ 88% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠯᠪᠠᠨ ᠠᠴᠠ ᠡᠷᠬᠢᠯᠡᠭᠰᠡᠨ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠨᠡᠯᠭᠡ ᠳᠤ ᠰᠠᠭᠤᠬᠤ ᠣᠷᠣ ᠶᠢᠨ ᠭᠠᠷᠳᠠᠮ ᠢ ᠭᠦᠢᠴᠡᠳᠭᠡᠬᠦ ᠡᠮᠴᠢᠯᠡᠭᠡᠨ ᠤ ᠲᠤᠷᠰᠢᠯᠲᠠ ᠶᠢᠨ ᠴᠡᠭ ᠢ | ᠥᠷᠨᠢᠭᠦᠯᠦᠨ᠂ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠎ᠡ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠴᠢᠨᠠᠷ | ᠰᠠᠶᠢᠲᠠᠢ ᠪᠦᠲᠦᠭᠡᠨ ᠪᠠᠶᠢᠭᠤᠯᠤᠨ᠂ ᠬᠢᠲᠠᠳ ︵ᠮᠣᠩᠭᠤᠯ︶ ᠠᠨᠠᠭᠠᠬᠤ ᠤᠬᠠᠭᠠᠨ ᠤ ᠡᠮᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠢ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠡᠮᠴᠢᠯᠡᠭᠡᠨ ᠤ ᠰᠠᠯᠠᠭᠠᠨ ᠤ ᠪᠠᠶᠢᠭᠤᠯᠤᠯᠲᠠ ᠶᠢ | ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠴᠡᠴᠡᠷᠯᠢᠭ ᠢ 20᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 6 ᠰᠢᠨ᠎ᠡ ᠪᠠᠷ ᠪᠠᠶᠢᠭᠤᠯᠬᠤ ᠥᠭᠡᠷᠡᠴᠢᠯᠡᠨ | ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠥᠬᠦ | ᠬᠦᠴᠦᠨ ᠢᠶᠠᠷ ᠢᠶᠠᠨ ᠰᠠᠶᠢᠲᠤᠷ ᠡᠷᠬᠢᠯᠡᠨ᠎ᠡ᠃ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠷᠡᠵᠢᠯ ᠢ ᠳᠡᠮᠵᠢᠬᠦ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠡᠦᠬᠡᠳ ᠪᠠᠭᠠᠴᠤᠳ ︵ᠬᠡᠦᠬᠡᠳ ᠪᠠᠭᠠᠴᠤᠳ ᠢ ᠬᠠᠮᠠᠭᠠᠯᠠᠬᠤ︶ ᠤᠨ ᠭᠡᠷ ᠢ 50 ᠰᠢᠨ᠎ᠡ ᠪᠠᠷ | ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠢ 7 ᠪᠠᠶᠢᠭᠤᠯᠤᠨ᠎ᠠ᠃ | ᠠᠷᠪᠠ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ | ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠎ᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢᠶᠠᠨ ᠪᠠᠲᠤ ᠴᠢᠩᠭ᠎ᠠ ᠡᠵᠡᠮᠰᠢᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠬᠢᠯᠢ ᠬᠢᠵᠠᠭᠠᠷ ᠤᠨ ᠪᠠᠲᠤ ᠲᠣᠭᠲᠠᠭᠤᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠠᠬᠢᠭᠤᠯᠤᠨ᠎ᠠ᠃ | ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠪᠥᠬᠦ ᠲᠠᠯ᠎ᠠ ᠪᠠᠷ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢᠶᠠᠨ ᠪᠣᠯᠭᠠᠬᠤ ᠶᠢ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠪᠣᠯᠪᠠᠰᠤᠨ ᠤ ᠪᠠᠶᠢᠭᠤᠯᠤᠯᠲᠠ | ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠪᠠᠨ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠭ᠎ᠠ | ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ | ᠣᠷᠣᠨ ᠢ ᠪᠠᠶᠢᠭᠤᠯᠬᠤ ᠪᠠᠷ ᠴᠢᠷᠮᠠᠶᠢᠨ᠎ᠠ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ | ᠲᠦᠮᠡᠨ ᠤ ᠬᠥᠮᠥᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠥᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠬᠥᠮᠥᠵᠢᠯ ᠦᠢᠯᠡᠳᠦᠯᠭᠡ ᠶᠢᠨ ᠰᠠᠭᠤᠷᠢᠨ ᠭᠠᠵᠠᠷ ᠢ | ᠡᠭᠦᠳᠦᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠴᠢᠬᠤᠯᠠ ᠶᠡᠭᠡ | ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠰᠤᠳᠤᠯᠬᠤ ᠪᠠᠨ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭᠠᠨ ᠤ ︽ | ᠭᠤᠷᠪᠠᠨ ᠵᠦᠢᠯ ᠤᠨ ᠲᠥᠯᠥᠪᠯᠡᠭᠡ︾ ᠶᠢ ᠬᠡᠷᠡᠭᠵᠢᠭᠦᠯᠦᠨ᠎ᠡ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠲᠥᠪ ᠬᠤᠲᠠ | ᠪᠠᠯᠭᠠᠰᠤ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠂ ᠬᠢᠯᠢ ᠬᠢᠵᠠᠭᠠᠷ ᠣᠷᠣᠨ ᠤ ︽ᠳᠥᠷᠪᠡᠨ ᠬᠠᠮᠲᠤ ᠪᠠᠷ ᠪᠠᠶᠢᠬᠤ︾ ᠤᠷᠳᠤ | ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠮᠠᠷᠠᠲᠤ ᠬᠢᠯᠢ ᠶᠢᠨ ᠰᠣᠶᠣᠯ ᠢ ᠤᠬᠠᠭᠤᠯᠤᠨ ᠲᠠᠶᠢᠯᠪᠤᠷᠢᠯᠠᠬᠤ ᠶᠢᠨ ᠲᠣᠭᠤᠷᠢᠨ ᠳᠤ᠂ ᠪᠥᠬᠦ | ᠤᠯᠤᠰ ᠤᠨ ᠤᠯᠠᠭᠠᠨᠮᠥ᠋ᠴᠢᠷ ᠤᠨ ᠦᠵᠡᠭᠦᠯᠭᠡ ᠶᠢᠨ ᠲᠣᠭᠯᠠᠯᠲᠠ᠂ ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠪᠠᠭᠤᠵᠤ ᠲᠣᠭᠯᠠᠯᠲᠠ | ᠭᠠᠷᠭᠠᠬᠤ ᠵᠡᠷᠭᠡ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ | ︵ᠬᠤᠶᠠᠷ︶ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠳ᠋ ᠤᠨ ᠵᠠᠰᠠᠭ ᠤᠨ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠤᠨ᠂ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ | ᠥᠭᠴᠡᠭᠡ ᠶᠢ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠪᠡᠯᠡ | ᠲᠣᠬᠢᠷᠠᠭᠤᠯᠬᠤ ᠲᠠᠪᠴᠠᠩ ᠤᠨ ᠥᠷᠢ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠪᠡᠯᠡ ᠲᠣᠬᠢᠷᠠᠭᠤᠯᠬᠤ ᠲᠠᠪᠴᠠᠩ ᠤᠨ ᠦᠯᠡᠳᠡᠭᠳᠡᠯ ᠥᠷᠢ ᠥᠭᠴᠡᠭᠡ ᠶᠢᠨ ᠬᠡᠪᠴᠢᠶ᠎ᠡ ᠶᠢ ᠠᠯᠬᠤᠮ ᠳᠠᠷᠠᠭᠠᠯᠠᠨ ᠪᠠᠭᠠᠰᠬᠠᠵᠤ᠂ ᠪᠡᠯᠡ ᠲᠣᠬᠢᠷᠠᠭᠤᠯᠬᠤ ᠲᠠᠪᠴᠠᠩ ᠤᠨ | ᠲᠤᠭ᠎ᠠ ᠬᠡᠮᠵᠢᠶ᠎ᠡ ᠶᠢ ᠲᠥᠯᠥᠪᠯᠡᠭᠡ ᠶᠣᠰᠣᠭᠠᠷ ᠪᠠᠭᠠᠰᠬᠠᠨ᠂ ᠪᠡᠯᠡ ᠲᠣᠬᠢᠷᠠᠭᠤᠯᠬᠤ ᠲᠠᠪᠴᠠᠩ ᠤᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠦ | ᠲᠣᠭᠲᠠᠴᠠ ᠶᠢ ᠪᠠᠶᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ︽ᠭᠤᠷᠪᠠ ᠶᠢ ᠪᠠᠲᠤᠯᠠᠬᠤ︾ ᠶᠢ ᠠᠵᠢᠯᠯᠠᠭᠤᠯᠬᠤ ᠤᠷᠳᠤ ᠬᠤᠭᠤᠴᠠᠭᠠᠨ ᠤ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ︽ᠭᠤᠷᠪᠠ ᠶᠢ ᠪᠠᠲᠤᠯᠠᠬᠤ︾ ᠲᠥᠰᠥᠪ ᠤᠨ ᠪᠠᠲᠤᠯᠠᠪᠠᠰᠤ ᠵᠣᠬᠢᠬᠤ ᠶᠢ ᠨᠢ | ᠪᠥᠬᠦᠨ ᠢ ᠪᠠᠲᠤᠯᠠᠬᠤ ᠶᠢ ᠦᠨᠡᠨ ᠬᠦ ᠪᠠᠲᠤᠯᠠᠨ᠎ᠠ᠃ ᠡᠳ᠋ ᠤᠨ ᠵᠠᠰᠠᠭ ᠤᠨ ᠲᠦᠷ ᠥᠭᠬᠦ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ ᠲᠦᠷ ᠥᠭᠬᠦ ᠮᠥᠩᠭᠦ ᠶᠢᠨ | ᠦᠯᠡᠳᠡᠪᠦᠷᠢ ᠲᠤᠭ᠎ᠠ ᠶᠢᠨ ᠵᠠᠷᠤᠯᠭ᠎ᠠ ᠳᠤ ᠡᠵᠡᠯᠡᠬᠦ ᠬᠠᠷᠢᠴᠠᠯ ᠨᠢ 10% ᠠᠴᠠ ᠳᠠᠪᠠᠭᠰᠠᠨ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠦᠭᠰᠡᠨ ᠲᠦᠷ ᠥᠭᠬᠦ | ᠮᠥᠩᠭᠦ ᠶᠢᠨ ᠳᠡᠰ ᠳᠡᠪᠰᠢᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠪᠣᠳᠠᠲᠠᠢ ᠥᠭᠭᠦᠭᠰᠡᠨ ᠪᠡᠯᠡ ᠮᠥᠩᠭᠦ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠪᠠᠨ | ᠴᠢᠩᠭᠠᠳᠬᠠᠨ᠂ ᠰᠢᠨ᠎ᠡ ᠪᠠᠷ ᠨᠡᠮᠡᠭᠳᠡᠭᠦᠯᠦᠭᠰᠡᠨ ᠵᠢᠭᠡᠯᠡᠯᠭᠡ ᠶᠢᠨ ᠮᠥᠩᠭᠦ ᠶᠢ ᠬᠢᠨᠠᠨ ᠵᠥᠪᠰᠢᠶᠡᠷᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠰᠢ | ᠵᠢᠭᠡᠯᠡᠭᠦᠯᠦᠭᠰᠡᠨ ᠮᠥᠩᠭᠦ ᠶᠢ ᠨᠠᠰᠤᠨ ᠲᠤᠷᠰᠢᠲᠠ ᠬᠠᠷᠢᠭᠤᠴᠠᠬᠤ ᠳᠦᠷᠢᠮ ᠢ ᠪᠠᠶᠢᠭᠤᠯᠤᠨ᠎ᠠ᠃ | ︵ᠭᠤᠷᠪᠠ︶ ᠭᠤᠣᠯᠳᠠᠯᠭ᠎ᠠ ᠲᠠᠢ ᠬᠦᠷᠢᠶᠠᠨ ᠳᠠᠬᠢ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠨ᠎ᠠ᠃ ᠰᠢᠰᠲ᠋ᠧᠮ ᠤᠨ ᠴᠢᠨᠠᠷᠲᠠᠢ | ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠤᠭᠤᠮ ᠢ ᠪᠠᠲᠤ ᠰᠠᠬᠢᠨ᠂ ᠳᠤᠮᠳᠠ ᠵᠢᠵᠢᠭ ᠪᠠᠩᠬᠢ ᠶᠢᠨ ᠲᠦᠭᠰᠢᠭᠦᠷᠢ ᠶᠢ ᠰᠢᠢᠳᠪᠦᠷᠢᠯᠡᠬᠦ᠂ ᠬᠥᠷᠥᠩᠭᠡ ᠶᠢ | ᠨᠥᠬᠦᠪᠦᠷᠢᠯᠡᠬᠦ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠯᠠᠪᠳᠠᠭᠤᠨ ᠲᠣᠬᠢᠲᠠᠢ ᠠᠬᠢᠭᠤᠯᠵᠤ᠂ ᠬᠠᠤᠯᠢ ᠶᠢᠨ ᠡᠷᠬᠡᠲᠡᠨ ᠢ ᠨᠢᠭᠡᠳᠦᠭᠦᠯᠦᠭᠰᠡᠨ ᠥᠪᠥᠷ | ᠮᠣᠩᠭᠤᠯ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢ ᠪᠠᠶᠢᠭᠤᠯᠤᠨ᠂ ᠵᠠᠬ᠎ᠠ ᠳᠤ ᠭᠠᠷᠤᠭᠰᠠᠨ ᠺᠣᠮᠫᠠᠨᠢ ᠶᠢᠨ ᠰᠲ᠋ᠣᠺ ᠢᠶᠠᠷ ᠳᠠᠨᠵᠢᠯᠠᠵᠤ ᠬᠥᠮᠥᠷᠭᠡ ᠲᠡᠭᠰᠢᠯᠡᠬᠦ | ᠲᠦᠭᠰᠢᠭᠦᠷᠢ ᠪᠠ ᠵᠢᠭᠡᠯᠡᠯᠭᠡ ᠲᠠᠯᠪᠢᠭᠰᠠᠨ ᠠᠵᠤ ᠠᠬᠤᠶᠢᠯᠠᠯ ᠤᠨ ᠭᠡᠷ᠎ᠡ ᠠᠴᠠ ᠪᠠᠨ ᠵᠥᠷᠢᠴᠡᠬᠦ ᠲᠦᠭᠰᠢᠭᠦᠷᠢ ᠶᠢ ᠬᠦᠴᠦᠯᠡᠨ ᠠᠷᠢᠯᠭᠠᠵᠤ᠂ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠢᠳᠡᠪᠬᠢᠲᠡᠢ ᠯᠠᠪᠳᠠᠭᠤᠨ ᠲᠣᠬᠢᠲᠠᠢ | ᠠᠷᠢᠯᠭᠠᠵᠤ᠂ ᠠᠳᠠᠯᠢ ᠪᠤᠰᠤ ᠥᠮᠴᠢᠯᠡᠯᠲᠦ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ | ᠠᠳᠠᠯᠢ ᠲᠡᠭᠰᠢ ᠪᠠᠷ ᠬᠠᠨᠳᠤᠵᠤ᠂ ᠪᠠᠲᠤᠯᠠᠨ ᠲᠤᠰᠢᠶᠠᠬᠤ ᠠᠰᠠᠷ ᠤᠨ ᠡᠭᠦᠷᠭᠡ ᠶᠢ 2.5 ᠲᠦᠮᠡᠨ ᠢᠵᠢ ᠪᠡᠶᠡᠯᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ | ᠬᠤᠷᠢᠭ᠎ᠠ ᠱᠤᠭᠤᠮ ᠢ ᠪᠠᠬᠢᠵᠢᠭᠦᠯᠦᠨ᠂ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠢ | ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠦᠢᠯᠡᠳᠭᠦᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶᠠᠨ ᠳᠠᠬᠢ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠨ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠦᠶᠡᠷ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ᠂ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠠᠷ ᠢ ᠰᠡᠷᠭᠡᠶᠢᠯᠡᠵᠦ ᠤᠨᠲᠠᠷᠠᠭᠠᠬᠤ ᠵᠡᠷᠭᠡ ᠠᠵᠢᠯ ᠢ ᠰᠠᠶᠢᠲᠤᠷ ᠬᠢᠨ᠎ᠡ᠃ ᠢᠳᠡᠭᠡᠨ ᠤ | ᠪᠠ ᠡᠮ ᠤᠨ ᠵᠦᠢᠯ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠬᠤ ᠪᠠ ᠬᠥᠭᠵᠢᠭᠦᠯᠦᠨ᠂ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠳᠦᠷᠢᠮ ᠢ ᠳᠡᠯᠭᠡᠷᠡᠭᠦᠯᠦᠨ ᠬᠡᠷᠡᠭᠵᠢᠭᠦᠯᠦᠨ᠎ᠡ᠃ | 2024 ᠣᠨ ᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠨ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠵᠤ᠂ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠢ ᠶᠢᠨ | ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯ ᠢ ᠭᠦᠨᠵᠡᠭᠡᠢ ᠣᠶᠢᠯᠠᠭᠠᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ᠂ ᠥᠪᠡᠷ ᠤᠨ ᠠᠵᠢᠯ ᠤᠨ ᠲᠣᠭᠲᠠᠭᠠᠬᠤ ᠴᠢᠨᠠᠷ ᠢᠶᠠᠷ ᠪᠠᠶᠢᠳᠠᠯ ᠤᠨ | ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠴᠢᠷᠮᠠᠶᠢᠨ ᠠᠷᠭᠠᠴᠠᠭᠠᠬᠤ ᠬᠡᠷᠡᠭᠲᠡᠢ᠃ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ᠂ ᠬᠤᠷᠳᠤᠴᠠ ᠪᠠ ᠴᠢᠨᠠᠷ ᠴᠢᠨᠰᠠᠭ᠎ᠠ᠂ ᠬᠤᠷᠸ᠎ᠠ ᠲᠤᠭ᠎ᠠ ᠪᠠᠷᠢᠮᠲᠠ ᠪᠠ ᠬᠤᠮᠠᠬᠢ ᠲᠥᠷᠥᠭᠳᠡᠯ᠂ ᠠᠵᠤ ᠠᠬᠤᠢ ᠶᠢ ᠬᠥᠭᠵᠢᠭᠦᠯᠬᠦ ᠪᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠪᠠ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠡᠵᠡᠮᠳᠡᠬᠦ ᠪᠠ ᠰᠢᠢᠳᠪᠦᠷᠢᠯᠡᠵᠦ᠂ ᠭᠤᠣᠯ | ᠵᠥᠷᠢᠴᠡᠯ ᠢ ᠠᠳᠬᠤᠨ᠂ ᠪᠣᠭᠤᠮᠢ ᠬᠦᠯᠢᠶᠡᠰᠦᠯᠡᠯ ᠢ ᠰᠢᠪᠲᠤᠯᠵᠤ᠂ ᠪᠠᠷᠠᠯᠠᠯᠬᠢᠲᠤ ᠪᠠᠶᠢᠷᠢᠯᠠᠭᠤᠯᠤᠯᠲᠠ ᠶᠢ ᠴᠢᠬᠤᠯᠠᠴᠢᠯᠠᠨ᠂ ᠨᠡᠮᠡᠯᠲᠡ ᠬᠠᠰᠤᠯᠲᠠ ᠦᠭᠡᠢ ᠪᠠᠷ᠂ ᠡᠷᠡᠰ | ᠰᠢᠭᠤᠷᠬᠠᠢ ᠪᠠᠷ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ᠂ ᠵᠣᠷᠢᠭᠲᠠᠢ ᠣᠷᠣᠯᠳᠤᠨ ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠨ᠂ ᠭᠤᠣᠯ | ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠭᠤᠣᠯᠳᠠᠯᠭ᠎ᠠ ᠲᠠᠢ ᠡᠭᠦᠷᠭᠡ ᠶᠢ ᠪᠣᠳᠠᠲᠠᠶᠢᠵᠢᠨ ᠨᠠᠶᠢᠳᠠᠪᠤᠷᠢᠵᠢᠬᠤ ᠶᠢ ᠦᠨᠡᠨ ᠬᠦ | ᠪᠠᠲᠤᠯᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ | ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠤᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ |