ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠡ᠄ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠭᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠪᠤᠯᠬᠤ ᠡᠨᠧᠷᠭᠢ ᠶᠢᠨ ᠦᠢᠯᠡᠳᠬᠦᠨ ᠤ ᠦᠢᠯᠡᠳᠪᠦᠷᠢᠯᠡᠯ ᠦᠷᠭᠦᠯᠵᠢᠯᠡᠨ | ᠰᠠᠶᠢᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠵᠤ᠂ ᠨᠡᠭᠦᠷᠡᠰᠦᠨ ᠤ ᠭᠠᠷᠤᠯᠲᠠ᠂ ᠴᠠᠭᠢᠯᠭᠠᠨ ᠭᠠᠷᠭᠠᠬᠤ ᠬᠡᠮᠵᠢᠶ᠎ᠡ ᠪᠦᠭᠦ ᠤᠯᠤᠰ ᠲᠤ ᠲᠡᠷᠢᠭᠦᠯᠡᠵᠦ᠂ ᠪᠤᠰᠤᠳ ᠣᠯᠠᠨ | ᠵᠦᠢᠯ ᠤᠨ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠭᠦᠢᠴᠡᠳᠬᠡᠯ ᠲᠤᠭ᠎ᠠ ᠴᠤ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ | ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ | ᠨᠡᠭᠦᠷᠡᠰᠦᠨ ᠤ ᠭᠠᠷᠤᠯᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠨᠡᠭᠦᠷᠡᠰᠦᠨ ᠤ ᠭᠠᠷᠤᠯᠲᠠ 6.3 ᠳ᠋ᠦᠩᠰᠢᠭᠤᠷ ᠲᠣᠨ ᠳᠤ ᠬᠦᠷᠴᠦ ︵ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ︶᠂ ᠪᠦᠭᠦ | ᠤᠯᠤᠰ ᠲᠤ ᠲᠡᠷᠢᠭᠦᠯᠡᠪᠡ᠃ ᠡᠭᠦᠨ ᠳᠤ 6 ᠰᠠᠷ᠎ᠠ ᠳᠤ ᠪᠦᠭᠦ ᠣᠷᠣᠨ ᠤ ᠨᠡᠭᠦᠷᠡᠰᠦᠨ ᠤ ᠭᠠᠷᠤᠯᠲᠠ 1.1 ᠳ᠋ᠦᠩᠰᠢᠭᠤᠷ ᠲᠣᠨ ᠳᠤ ᠬᠦᠷᠴᠦ᠂ ᠨᠡᠭᠦᠷᠡᠰᠦᠨ ᠤ | ᠭᠠᠷᠤᠯᠲᠠ 4 ᠰᠠᠷ᠎ᠠ ᠳᠠᠷᠠᠭᠠᠯᠠᠨ ᠳ᠋ᠦᠩᠰᠢᠭᠤᠷ ᠲᠣᠨ ᠢ ᠳᠠᠪᠠᠵᠠᠢ᠃ | ︽ᠳᠡᠭᠡᠷ᠎ᠡ ᠬᠠᠭᠠᠰ ᠵᠢᠯ ᠳᠤ ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ 4.4 ᠳ᠋ᠦᠩᠰᠢᠭᠤᠷ ᠲᠣᠨ ᠳᠤ ᠬᠦᠷᠴᠦ᠂ ᠪᠦᠭᠦ ᠣᠷᠣᠨ ᠤ ᠨᠡᠭᠦᠷᠡᠰᠦᠨ ᠤ | ᠭᠠᠷᠤᠯᠲᠠ ᠶᠢᠨ ᠨᠡᠮᠡᠭᠳᠡᠯ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠵᠡᠢ; ᠰᠢᠯᠢ ᠶᠢᠨ ᠭᠤᠣᠯ ᠠᠶᠢᠮᠠᠭ ᠤᠨ ᠨᠡᠭᠦᠷᠡᠰᠦᠨ ᠤ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠦ᠂ ᠪᠦᠭᠦ ᠣᠷᠣᠨ ᠤ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 0.7 ᠬᠤᠪᠢ | ᠳᠠᠶᠢᠴᠢᠯᠠᠵᠠᠢ︾ᠭᠡᠵᠦ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠨᠧᠷᠭᠢ ᠬᠢᠭᠡᠳ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ | ᠭᠠᠵᠠᠷ ᠤᠨ ᠳᠠᠷᠤᠭ᠎ᠠ ᠵᠠᠩ ᠸᠧᠨ ᠵᠢᠶᠦ᠋ᠨ ᠲᠠᠨᠢᠯᠴᠠᠭᠤᠯᠪᠠ᠃ | ᠴᠠᠭᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠴᠠᠭᠢᠯᠭᠠᠨ ᠭᠠᠷᠭᠠᠭᠰᠠᠨ ᠬᠡᠮᠵᠢᠶ᠎ᠡ 3895.7 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ 11.6% ᠪᠠᠷ | ᠨᠡᠮᠡᠭᠳᠡᠪᠡ︶ ᠲᠤ ᠬᠦᠷᠴᠦ᠂ ᠪᠦᠭᠦ ᠤᠯᠤᠰ ᠤᠨ ᠨᠢᠭᠡᠳᠦᠭᠡᠷ ᠲᠤ ᠣᠷᠣᠪᠠ᠃ ᠡᠭᠦᠨ ᠳᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠢᠯᠴᠢ ᠶᠢᠨ ᠬᠦᠴᠦ ᠪᠠᠷ ᠴᠠᠭᠢᠯᠭᠠᠨ ᠭᠠᠷᠭᠠᠭᠰᠠᠨ ᠬᠡᠮᠵᠢᠶ᠎ᠡ︵2933.6 ᠳ᠋ᠦᠩᠰᠢᠭᠤᠷ ᠺᠢᠯᠣᠸᠠᠲ ᠴᠠᠭ︶᠂ ᠰᠠᠯᠬᠢᠨ ᠤ ᠬᠦᠴᠦ ᠪᠠᠷ | ᠴᠠᠭᠢᠯᠭᠠᠨ ᠭᠠᠷᠭᠠᠭᠰᠠᠨ ᠬᠡᠮᠵᠢᠶ᠎ᠡ ︵792.4 ᠳ᠋ᠦᠩᠰᠢᠭᠤᠷ ᠺᠢᠯᠣᠸᠠᠲ ᠴᠠᠭ︶ᠴᠥᠮ ᠪᠦᠭᠦ ᠤᠯᠤᠰ ᠲᠤ ᠲᠡᠷᠢᠭᠦᠯᠡᠵᠦ᠂ ᠨᠡᠷᠡᠨ ᠤ ᠡᠨᠧᠷᠭᠢ ᠪᠠᠷ ᠴᠠᠭᠢᠯᠭᠠᠨ | ᠭᠠᠷᠭᠠᠭᠰᠠᠨ ᠬᠡᠮᠵᠢᠶ᠎ᠡ ᠪᠦᠭᠦ ᠤᠯᠤᠰ ᠲᠤ ᠳᠡᠳ᠋ᠯᠡᠪᠡ᠃ | ᠪᠤᠰᠤᠳ ᠭᠤᠣᠯ ᠪᠤᠯᠬᠤ ᠡᠨᠧᠷᠭᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ᠂ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠦᠷᠡᠰᠦ ᠶᠢᠨ ᠭᠠᠷᠤᠯᠲᠠ 2439.4 ᠲᠦᠮᠡᠨ ᠲᠣᠨ ᠳᠤ ᠬᠦᠷᠴᠦ᠂ ᠪᠦᠭᠦ ᠤᠯᠤᠰ ᠲᠤ ᠲᠡᠳ᠋ᠯᠡᠪᠡ; | ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 163.9 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠦᠭᠦ ᠤᠯᠤᠰ ᠤᠨ ᠳᠥᠷᠪᠡᠳᠦᠭᠡᠷ ᠲᠤ | ᠣᠷᠣᠪᠠ; ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ 293.4 ᠲᠦᠮᠡᠨ ᠲᠣᠨ ᠳᠤ ᠬᠦᠷᠴᠦ᠂ ᠪᠦᠭᠦ ᠤᠯᠤᠰ ᠤᠨ ᠨᠢᠭᠡᠳᠦᠭᠡᠷ ᠲᠤ ᠣᠷᠣᠪᠠ᠃ | ︽ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠲᠣᠪᠣᠶᠢᠮ᠎ᠠ ᠪᠠᠶᠢᠵᠤ᠂ 20 | ᠭᠠᠷᠤᠢ ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠶᠢ ᠪᠠᠲᠤᠯᠠᠵᠤ᠂ ᠣᠳᠣᠬᠠᠨ ᠳᠤ ᠣᠷᠣᠨ ᠳᠠᠶᠠᠭᠠᠷ ᠢᠶᠠᠨ ᠶᠠᠭ︿ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ | ᠣᠷᠣᠬᠤ﹀ ᠬᠠᠷᠠᠯᠲᠠ ᠶᠢᠨ ᠲᠣᠭᠤᠷᠢᠨ ᠳᠤ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢ ᠨᠥᠬᠦᠪᠦᠷᠢᠯᠡᠨ᠂ ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ | ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠᠷ ᠦᠷᠭᠦᠯᠵᠢᠯᠡᠨ ᠴᠢᠷᠮᠠᠶᠢᠵᠤ ᠪᠠᠶᠢᠨ᠎ᠠ︾ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ | |