ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠬᠦ︶ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽2024 ᠣᠨ ᠤ ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠬᠤᠲᠠ ᠶᠢᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠪᠠ᠂ | ᠣᠲᠣ ᠳᠣᠷᠣᠭᠰᠢ ᠪᠠᠭᠤᠶ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 3 ᠰᠠᠷ᠎ᠠ ᠶᠢᠨ 22 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠪᠡ︶ | | 2024 ᠣᠨ ᠤ ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ | | 2024 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ | ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠢ ᠨᠡᠶᠢᠭᠡᠮ ᠤᠨ ᠡᠯ᠎ᠡ | ᠲᠠᠯ᠎ᠠ ᠶᠢᠨ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ᠂ ᠪᠠᠶᠠᠨᠨᠠᠭᠤᠷ ᠢᠶᠠᠷ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠵᠢᠷᠭᠤᠭᠠᠨ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠳᠡᠭᠡᠳᠦ | ᠲᠠᠪᠤᠨ ᠲᠣᠭᠤᠷᠢᠭ︾ ᠢ ᠪᠦᠳᠦᠭᠡᠨ ᠪᠠᠶᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠨᠡᠯᠢᠶᠡᠳ ᠲᠦᠷᠭᠡᠨ | ᠨᠡᠮᠡᠭᠳᠡᠭᠦᠯᠬᠦ ᠶᠢ ᠠᠬᠢᠭᠤᠯᠵᠤ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ | 2024 ᠣᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8% ᠠᠴᠠ ᠳᠡᠭᠡᠭᠰᠢ | ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠤᠨ ᠣᠷᠣᠯᠭ᠎ᠠ ᠶᠢ 5.5% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ | ᠲᠣᠰ 6% ᠪᠠ 8% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ | ᠬᠢᠵᠠᠭᠠᠷᠯᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠨᠢᠭᠡ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ | ︵ᠨᠢᠭᠡ︶ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ︽ᠭᠠᠵᠠᠷ᠂ ᠤᠰᠤ᠂ ᠲᠠᠷᠢᠶ᠎ᠠ᠂ ᠠᠮᠤ ᠪᠤᠳᠠᠭ᠎ᠠ᠂ ᠮᠢᠬ᠎ᠠ᠂ | ᠰᠦ︾ ᠶᠢᠨ ᠪᠠᠲᠤᠯᠠᠭ᠎ᠠ ᠶᠢᠨ ᠴᠢᠳᠠᠪᠤᠷᠢ ᠪᠣᠯᠤᠨ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ | ᠦᠷᠭᠦᠯᠵᠢᠯᠡᠨ ᠪᠠᠬᠢᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ 185 ᠲᠦᠮᠡᠨ ᠮᠦ ᠬᠡᠷᠡᠭᠵᠢᠭᠦᠯᠵᠦ᠂ ᠬᠤᠵᠢᠷᠯᠢᠭ | ᠭᠠᠵᠠᠷ ᠢ ᠶᠡᠷᠦᠩᠬᠡᠶᠢᠯᠡᠨ ᠵᠠᠰᠠᠬᠤ 50.2 ᠲᠦᠮᠡᠨ ᠮᠦ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠤᠷᠠᠳ ᠤᠨ ᠡᠮᠦᠨᠡᠲᠦ ᠬᠤᠰᠢᠭᠤ᠂ ᠯᠢᠨ ᠾᠧ ᠲᠣᠭᠤᠷᠢᠭ ᠤᠨ ᠤᠯᠤᠰ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ᠂ 4 ᠡᠷᠳᠡᠨᠢ ᠰᠢᠰᠢ ᠶᠢᠨ ︽ᠲᠣᠨ ᠠᠮᠤ | ᠪᠤᠳᠠᠭᠠᠨ ᠤ ᠲᠠᠷᠢᠶ᠎ᠠ︾ ᠪᠠ 2 ᠪᠣᠭᠤᠳᠠᠶ ᠶᠢᠨ ︽ᠮᠢᠩᠭᠠᠨ ᠵᠢᠩ ᠤᠨ ᠲᠠᠷᠢᠶ᠎ᠠ︾ ᠶᠢᠨ ᠪᠦᠬᠦ᠋ᠢᠯᠡ ᠪᠠᠶᠢᠭᠤᠯᠤᠮᠵᠢ ᠶᠢᠨ ᠰᠢᠶᠠᠨ ᠢ ᠡᠭᠦᠳᠦᠨ ᠪᠠᠶᠢᠭᠤᠯᠵᠤ᠂ ᠠᠮᠤ | ᠪᠤᠳᠠᠭ᠎ᠠ ᠳᠠᠷᠢᠬᠤ ᠲᠠᠯᠠᠪᠠᠶ ᠶᠢ 548 ᠲᠦᠮᠡᠨ ᠮᠥ ᠳᠤ ᠲᠣᠭᠲᠠᠪᠤᠷᠢᠵᠢᠭᠤᠯᠪᠠ᠃ ᠮᠠᠯ ᠤᠨ ᠲᠤᠭ᠎ᠠ ᠲᠣᠯᠤᠭᠠᠢ 2400 ᠲᠦᠮᠡ ᠳᠤ ᠲᠣᠭᠲᠠᠪᠤᠷᠢᠵᠢᠪᠠ︶ ᠮᠢᠬᠠᠨ ᠤ | ᠭᠠᠷᠤᠯᠲᠠ ᠶᠢ 50 ᠮᠢᠩᠭᠠᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠵᠦ᠂ ᠪᠡᠯᠡᠳᠬᠡᠮᠵᠢᠲᠦ ᠲᠠᠷᠢᠶᠠᠯᠠᠩ ᠢ 5.5 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠵᠦ᠂ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 560 ᠲᠦᠮᠡᠨ ᠮᠦ ᠳᠤ ᠬᠦᠷᠭᠡᠪᠡ᠃ ᠪᠣᠬᠢᠷᠲᠤᠯ ᠥᠬᠡᠶ ᠣᠷᠭᠠᠨᠢᠭ ᠪᠦᠲᠦᠭᠡᠭᠳᠡᠬᠦᠨ᠂ ᠨᠠᠷᠠᠲᠤ | ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠢ 30᠂ 10 | ᠪᠠ 2 ᠠᠴᠠ ᠳᠡᠭᠡᠭᠰᠢ ᠨᠡᠮᠡᠭᠳᠡᠭᠦᠯᠵᠦ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠥᠷᠲᠡᠭ ᠢ 300 ᠳ᠋ᠦᠩᠰᠢᠭᠤᠷ ᠲᠥᠭᠦᠷᠢᠭ | ᠳᠠᠪᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ︽ᠵᠠᠯᠭᠠᠭ᠎ᠠ ᠵᠠᠯᠭᠠᠬᠤ︾ ᠶᠢ ᠲᠦᠷᠭᠡᠳᠬᠡᠨ ᠠᠬᠢᠭᠤᠯᠵᠤ᠂ ︽ᠱᠠᠮᠪᠠ ᠶᠢᠨ ᠠᠮᠲᠠ︾ ᠢᠳᠡᠭᠡᠨ ᠤ ᠠᠵᠤ | ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ᠤᠷᠢᠳᠴᠢᠯᠠᠨ ᠬᠢᠭᠰᠡᠨ ᠨᠣᠭᠤᠭ᠎ᠠ ᠵᠡᠷᠭᠡ ᠨᠠᠷᠢᠯᠢᠭ ᠡᠳ᠋ᠰᠢᠭᠦᠯᠬᠦ ᠠᠵᠤ ᠦᠢᠯᠡᠰ ᠢ ᠢᠳᠡᠪᠬᠢᠲᠡᠶ ᠬᠥᠭᠵᠢᠭᠦᠯᠵᠦ | ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 78% ᠠᠴᠠ ᠳᠡᠭᠡᠭᠰᠢ ᠳᠤ ᠬᠦᠷᠦᠭᠦᠯᠦᠨ᠎ᠡ᠃ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠬᠤ ᠬᠡᠷᠡᠭᠲᠡᠶ᠃ | ︵ᠬᠤᠶᠠᠷ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ | ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠬᠢᠵᠢᠭᠦᠯᠵᠦ᠂ ᠠᠵᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ︽ᠬᠤᠶᠠᠷ ᠰᠠᠭᠤᠷᠢᠨ ᠭᠠᠵᠠᠷ᠂ ᠳᠥᠷᠪᠡᠨ ᠰᠦᠷᠦᠭᠵᠢᠯ︾ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠪᠡ᠃ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠬᠦ ᠶᠢ ᠲᠦᠷᠭᠡᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠶᠢ ᠨᠠᠷᠢᠯᠢᠭ ᠬᠢᠵᠦ᠂ ᠰᠢᠨ᠎ᠡ | ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠭᠦᠨᠵᠡᠭᠡᠶᠢᠷᠡᠭᠦᠯᠵᠦ᠂ ᠫᠠᠩ ᠨᠦᠩ ᠰᠡᠯᠡᠭᠦᠴᠡᠯ ᠤᠨ ᠢᠳᠡᠭᠡᠨ᠂ | ᠠᠨ ᠶᠢᠦ ᠶᠢᠨ 20 ᠲᠦᠮᠡᠨ ᠲᠣᠨ ᠲᠡᠵᠢᠭᠡᠯ ᠪᠣᠷᠳᠤᠭ᠎ᠠ᠂ ᠮᠧᠶ ᠶᠢᠨ ᠲᠡᠮᠦᠷ ᠤᠨ ᠬᠠᠶᠢᠯᠤᠰᠢ᠂ ᠾᠧᠢ ᠮᠤᠤ 10 ᠲᠦᠮᠡᠨ ᠲᠣᠨ LNG ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠷᠦᠨ ᠬᠤᠢ ᠰᠢᠷ᠎ᠠ ᠪᠤᠷᠴᠠᠭ ᠤᠨ ᠲᠣᠰᠣ᠂ ᠤᠯᠤᠰ ᠤᠨ ᠡᠨᠧᠷᠭᠢ ᠶᠢᠨ ᠬᠡᠤᠷᠰᠢᠭᠦᠯᠬᠦ ᠵᠢᠴᠢ | ᠶᠡᠷᠦᠩᠬᠡᠶᠢᠯᠡᠨ ᠠᠰᠢᠭᠯᠠᠬᠤ᠂ ᠾᠧᠢ ᠮᠤᠤ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠱᠤᠭᠤᠮ ᠤᠨ ᠬᠡᠦᠷᠰᠢᠭᠦᠯᠬᠦ ᠵᠡᠷᠭᠡ ᠲᠥᠷᠥᠯ ᠵᠦᠢᠯ ᠤᠨ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ︽ᠭᠤᠷᠪᠠᠨ ᠬᠤᠨᠢ︾ ᠶᠢᠨ ᠠᠵᠤ ᠦᠢᠯᠡᠰ ᠢ ᠬᠦᠭᠵᠢᠭᠦᠯᠦᠨ᠂ ᠨᠣᠣᠰᠣ ᠨᠣᠣᠯᠣᠭᠤᠷ ᠢ ᠬᠤᠪᠢᠶᠠᠷᠢᠯᠠᠨ | ᠰᠠᠮᠨᠠᠬᠤ ᠠᠵᠤ ᠦᠢᠯᠡᠰ ᠤᠨ ᠬᠦᠷᠢᠶᠡᠯᠡᠩ᠂ ᠨᠣᠣᠰᠣ ᠨᠣᠣᠯᠣᠭᠤᠷ ᠤᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ ᠢᠮᠠᠭᠠᠨ ᠠᠷᠠᠰᠣ ᠡᠳ᠋ᠰᠢᠭᠦᠯᠬᠦ | ᠲᠥᠪ ᠢ ᠪᠠᠶᠢᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠢ ᠬᠦᠴᠦᠷᠬᠡᠭᠵᠢᠭᠦᠯᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠵᠤ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ | ᠰᠢᠯᠢᠳᠡᠭᠵᠢᠭᠦᠯᠵᠦ᠂ ᠬᠤᠯᠪᠣᠭᠠᠨ ᠤ ᠡᠮ ᠦᠢᠯᠡᠳᠬᠦ ᠰᠢᠪᠲᠦᠷᠲᠦ ᠪᠤᠨ᠋ᠽᠢᠯ ᠤᠨ ᠪᠠᠷᠠᠭᠤᠨ ᠣᠶ᠂ ᠬᠤᠯᠪᠣᠭᠠᠨ ᠤ ᠬᠥᠬᠡ ᠬᠥᠭᠡᠰᠦᠨ ᠡᠳ᠋ ᠤᠨ ᠨᠠᠳ᠋ᠷᠢ ᠶᠢ ᠪᠠᠺᠲ᠋ᠧᠷᠢ | ᠥᠬᠡᠶ ᠲᠦᠭᠦᠬᠡᠶ ᠮᠠᠲ᠋ᠧᠷᠢᠶᠠᠯ ᠤᠨ ᠡᠮ ᠤᠨ ᠬᠤᠶᠠᠳᠤᠭᠠᠷ ᠬᠤᠭᠤᠴᠠᠭ᠎ᠠ᠂ ᠭᠤᠷᠪᠠ ᠨᠢᠭᠡ ᠶᠢᠨ ᠲᠡᠭ ᠨᠡᠭᠦᠷᠡᠰᠦᠲᠥ᠋ᠷᠥᠭᠴᠢ ᠶᠢᠨ ᠠᠵᠤ ᠦᠢᠯᠡᠰ ᠤᠨ | ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠯᠦᠩ ᠲᠧᠩ ᠬᠡᠷᠡᠯ ᠢᠯᠴᠢ ᠪᠠᠷ ᠡᠨᠧᠷᠭᠢ ᠬᠠᠳᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠬᠦᠷᠢᠶᠡᠯᠡᠩ᠂ ᠶᠢᠨ ᠹᠧᠩ ᠰᠠᠯᠬᠢᠨ ᠬᠦᠴᠦᠨ ᠤ ᠴᠠᠬᠢᠯᠭᠠᠨ ᠤ ᠰᠤᠪᠤᠷᠭᠠᠨ ᠲᠦᠩᠰᠡ ᠦᠢᠯᠡᠳᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠪᠤᠭᠤᠳᠠᠶ ᠶᠢᠨ ᠦᠷᠭᠡᠷᠢᠭ ᠤᠨ ᠠᠮᠢᠳᠤ ᠪᠣᠳᠠᠰ ᠤᠨ ᠪᠤᠭᠤᠳᠠᠢ ᠥᠨᠴᠥᠭ ᠤᠨ ᠭᠤᠨᠠᠨ ᠠᠯᠺᠤᠤᠯ᠂ ᠭᠤᠸᠠᠩ ᠳ᠋ᠠ ᠯᠢᠶᠠᠨ ᠹᠧᠩ ᠴᠠᠩ | ᠬᠡᠯᠬᠢᠶᠡᠲᠦ ᠬᠤᠶᠠᠷ ᠡᠰᠢᠲᠦ ᠬᠦᠴᠢᠯ᠂ ᠪᠦᠦ ᠺᠦᠨ ᠨᠡᠭᠦᠷᠡᠰᠦᠲᠥ᠋ᠷᠥᠭᠴᠢ ᠶᠢᠨ ᠴᠠᠬᠢᠭᠤᠷ ᠤᠨ ᠰᠠᠭᠤᠷᠢ ᠰᠢᠨ᠎ᠡ ᠮᠠᠲ᠋ᠧᠷᠢᠶᠠᠯ᠂ ᠶᠤᠸᠠᠨ ᠭᠤᠸᠠᠩ ᠨᠧᠩ ᠬᠡᠷᠡᠯ | ᠴᠡᠨᠡᠭ ᠤᠨ ᠬᠡᠷ ᠤᠨ ᠦᠢᠯᠡᠳᠬᠦ ᠰᠠᠭᠤᠷᠢᠨ ᠭᠠᠵᠠᠷ᠂ ᠬᠤᠸᠠ ᠮᠢᠨ ᠰᠢᠨ᠎ᠡ ᠡᠨᠧᠷᠭᠢ ᠶᠢᠨ ᠬᠤᠭᠤᠯᠠᠶ ᠶᠢᠨ ᠬᠡᠷᠡᠯ ᠴᠡᠨᠡᠭ ᠤᠨ ᠠᠵᠤ ᠦᠢᠯᠡᠰ ᠤᠨ ᠰᠠᠭᠤᠷᠢᠨ ᠭᠠᠵᠠᠷ᠂ | ᠬᠤᠸᠠ ᠳ᠋ᠢᠶᠠᠨ ᠬᠡᠷᠡᠯ ᠴᠡᠨᠡᠭ ᠤᠨ ᠲᠤᠯᠭᠠᠭᠤᠷᠢ ᠶᠢ ᠦᠢᠯᠡᠳᠬᠦ ᠴᠢᠳᠠᠪᠤᠷᠢ ᠵᠡᠷᠭᠡ ᠶᠢ 400 ᠲᠦᠮᠡᠨ ᠺᠢᠯᠣᠸᠠᠲ ᠲᠤ ᠬᠦᠷᠭᠡᠪᠡ᠃ ᠢᠷᠡᠭᠡᠳᠦᠢ ᠶᠢᠨ ᠠᠵᠤ | ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠪᠠᠯ ᠴᠢᠯᠠᠭᠤᠨ ᠠᠯᠺᠧᠨ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠦᠢᠯᠡᠰ ᠢ | ᠪᠤᠶᠢᠵᠢᠭᠤᠯᠤᠨ ᠬᠥᠭᠵᠢᠭᠦᠯᠵᠦ᠂ ᠶᠡᠭᠡ ᠬᠠᠶᠢᠷᠰᠤᠲᠤ ᠬᠠᠪᠲᠠᠰᠤ ᠶᠢᠨ ᠪᠠᠶᠢᠭᠠᠯᠢ ᠶᠢᠨ ᠲᠠᠯᠠᠰᠲᠤ ᠪᠠᠯ ᠴᠢᠯᠠᠭᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ | ᠲᠦᠷᠭᠡᠳᠬᠡᠵᠦ᠂ ᠨᠡᠶᠢᠯᠡᠮᠡᠯ ᠠᠮᠢᠳᠤ ᠪᠣᠳᠠᠰ ᠤᠨ ᠮᠡᠷᠭᠡᠵᠢᠯ ᠤᠨ ᠬᠡᠷᠡᠭᠯᠡᠯᠲᠡ ᠶᠢ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠪᠤᠶᠢᠵᠢᠭᠤᠯᠤᠨ᠎ᠠ᠃ ︽ᠭᠤᠷᠪᠠᠨᠵᠢᠯᠳᠡ︾ ᠶᠢ ᠦᠭᠡᠷᠡᠴᠢᠯᠡᠬᠦ ᠠᠬᠢᠴᠠ ᠶᠢ ᠳᠦᠷᠭᠡᠳᠭᠡᠵᠦ᠂ ᠦᠪᠡᠷᠳᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ | ᠲᠣᠰᠬᠠᠢ ᠨᠠᠷᠢᠯᠢᠭ ᠣᠨᠴᠠ ᠰᠢᠨ᠎ᠡ ᠠᠵᠦ ᠠᠬᠤᠶᠢᠯᠠᠯ ᠪᠠ ᠰᠢᠨ᠎ᠡ ᠶᠢ ᠡᠬᠦᠳᠬᠦ ᠭᠡᠯᠪᠡᠷᠢ ᠶᠢᠨ ᠲᠣᠮᠳᠡ ᠵᠢᠵᠢᠭ ᠠᠵᠦ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ | ᠨᠡᠮᠡᠭᠳᠡᠬᠦᠯᠵᠦ᠂ ᠲᠣᠭᠠᠵᠢᠭᠤᠯᠥᠨ ᠭᠡᠯᠪᠡᠷᠢ ᠪᠠᠨ ᠬᠤᠪᠢᠷᠡᠭᠤᠯᠬᠤ ᠳᠥᠷᠦᠯ ᠵᠦᠢᠯ ᠢ 10 ᠠᠴᠠ ᠳᠡᠭᠡᠭᠰᠢ ᠰᠢᠨ᠎ᠡ ᠪᠠᠷ ᠪᠠᠶᠢᠭᠤᠯᠵᠦ᠂ ᠪᠣᠬᠢᠷᠳᠦᠯ ᠦᠭᠡᠢ | ᠦᠢᠯᠡᠳᠬᠦ ᠶᠢᠨ ᠵᠢᠱᠢᠶ᠎ᠡ ᠦᠵᠡᠬᠦᠯᠬᠦ ᠨᠢᠭᠡᠴᠡ ᠶᠢ 10 ᠠᠴᠠ ᠳᠡᠭᠡᠭᠰᠢ ᠰᠢᠨ᠎ᠡ ᠪᠠᠷ ᠡᠬᠦᠳᠣᠨ᠎ᠠ᠃ | ︵ᠭᠤᠷᠪᠠ︶ ᠦᠢᠯᠡᠴᠢᠯᠡᠭᠡᠨ ᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠬᠢᠭᠡᠳ ᠣᠳᠣ ᠦᠶ᠎ᠡ ᠶᠢᠨ | ᠦᠢᠯᠡᠳᠬᠦ ᠦᠢᠯᠡᠰ᠂ ᠣᠳᠣ ᠦᠶ᠎ᠡ ᠶᠢᠨ ᠳᠡᠷᠢᠶᠡᠯᠡᠩ ᠮᠠᠯ ᠠᠵᠦ ᠠᠬᠤᠢ ᠶᠢᠨ ᠠᠭᠤᠰᠣᠯᠴᠠᠨ ᠬᠦᠭᠵᠢᠬᠦ ᠶᠢ ᠠᠬᠢᠭᠤᠯᠵᠦ᠂ ᠨᠡᠩ ᠣᠯᠡᠨ ᠰᠢᠨ᠎ᠡ ᠠᠵᠦ ᠠᠬᠤᠢ ᠶᠢᠨ | ᠨᠡᠮᠡᠭᠳᠡᠯ ᠤᠨ ᠴᠡᠭ ᠢ ᠪᠤᠶᠢᠵᠢᠭᠤᠯᠥᠨ᠎ᠠ᠃ ︽ᠨᠡᠪᠲᠡᠷᠡᠬᠦ ᠵᠠᠮ ᠤᠨ ᠬᠦᠢᠰᠦ ᠰᠦᠯᠵᠢᠶ᠎ᠡ︾ ᠶᠢᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ | ᠪᠠᠶᠢᠭᠤᠯᠤᠨ᠎ᠠ᠃ ᠵᠥᠩ ᠴᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠣᠶᠤᠨᠴᠢ ᠬᠦᠢᠲᠡᠨ ᠬᠡᠯᠬᠢᠶᠡᠲᠦ ᠶᠡᠷᠦᠩᠬᠡᠶᠢᠯᠡᠭᠰᠡᠨ ᠴᠣᠭᠴᠠ᠂ ᠤᠷᠠᠳ ᠤᠨ ᠳᠤᠮᠳᠠᠳᠤ | ᠬᠤᠰᠢᠭᠤᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠲᠡᠮᠦᠷ ᠵᠠᠮ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠣᠤᠷ ᠰᠦᠯᠵᠢᠶ᠎ᠡ ᠶᠢ | ᠲᠡᠭᠦᠯᠳᠡᠷᠵᠢᠭᠦᠯᠦᠨ᠂ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠵᠢᠭᠤᠯᠴᠢᠯᠠᠯ ᠤᠨ ᠠᠵᠤ ᠦᠢᠯᠡᠰᠵᠢᠭᠰᠡᠨ ᠬᠥᠭᠵᠢᠯᠲᠡ ᠶᠢ ᠠᠬᠢᠭᠤᠯᠵᠤ᠂ | ᠪᠣᠷᠣᠲᠣᠬᠤᠢ ᠶᠢᠨ ᠠᠷᠠᠳ ᠤᠨ ᠵᠠᠩ ᠦᠢᠯᠡ ᠶᠢᠨ ᠰᠣᠶᠣᠯ ᠤᠨ ᠰᠠᠭᠤᠭᠳᠠᠯ ᠪᠡᠶᠡᠴᠢᠯᠡᠨ ᠣᠶᠢᠯᠠᠭᠠᠬᠤ ᠭᠠᠵᠠᠷ ᠵᠡᠷᠭᠡ ᠲᠦᠷᠦᠯ ᠵᠦᠢᠯ ᠢ ᠪᠣᠳᠠᠲᠠᠢ ᠳᠤ | ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠠᠬᠢᠭᠤᠯᠵᠤ᠂ 7 ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ ᠲᠡᠷᠢᠭᠦᠨ ᠰᠣᠩᠭᠤᠯᠲᠠ ᠶᠢᠨ ᠭᠠᠵᠠᠷ᠂ 7 | ᠬᠡᠭᠡᠷ᠎ᠡ ᠪᠠᠭᠤᠳᠠᠯᠯᠠᠬᠤ ᠭᠠᠵᠠᠷ ᠤᠨ ᠰᠠᠶᠢᠨ ᠰᠣᠩᠭᠤᠯᠲᠠ ᠶᠢᠨ ᠭᠠᠵᠠᠷ᠂ 2 ᠠᠮᠠᠷᠠᠯᠲᠠ ᠶᠢᠨ ᠵᠤᠭᠠᠴᠠᠯ ᠤᠨ ᠵᠠᠪᠠᠯ ᠰᠣᠩᠭᠤᠬᠤ ᠭᠠᠵᠠᠷ᠂ 2 ᠠᠮᠠᠷᠠᠯᠲᠠ ᠶᠢᠨ | ᠵᠤᠭᠠᠴᠠᠯ ᠤᠨ ᠰᠢᠯᠢᠳᠡᠭ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ︽ᠮᠤᠨᠢ ᠠᠭᠤᠯᠠ ᠶᠢ ᠭᠡᠲᠦᠯᠵᠦ᠂ ᠵᠤᠤ ᠵᠢᠶᠦ᠋ᠨ ᠰᠠᠶᠢᠨ ᠠᠴᠠ ᠭᠠᠷᠬᠤ︾ | ᠵᠡᠷᠭᠡ ᠰᠣᠳᠣᠨ ᠵᠤᠭᠠᠴᠠᠯ ᠤᠨ ᠵᠠᠮ ᠱᠤᠭᠤᠮ ᠢ ᠭᠠᠷᠭᠠᠵᠤ᠂ ︽ᠪᠠᠶᠠᠨᠨᠠᠭᠤᠷ ᠤᠨ ᠪᠡᠯᠡᠭ︾ ᠤᠨ ᠤᠨᠴᠠᠯᠢᠬᠳᠤ ᠰᠣᠶᠣᠯ ᠵᠤᠭᠠᠴᠠᠯ ᠤᠨ ᠪᠦᠲᠦᠭᠡᠭᠳᠡᠬᠦᠨ ᠢ | ᠪᠠᠶᠠᠯᠢᠭᠵᠢᠭᠤᠯᠵᠤ᠂ ᠤᠳᠤᠨ ᠲᠡᠰ ᠤᠨ ᠪᠠᠭᠤᠳᠠᠯ᠂ ᠵᠤᠭᠠᠴᠠᠯ ᠤᠨ ᠠᠷᠠᠳ ᠤᠨ ᠣᠷᠣᠨ ᠰᠠᠭᠤᠴᠠ ᠶᠢᠨ ᠲᠡᠰ ᠳᠡᠪᠰᠢᠬᠦ ᠶᠢ ᠲᠦᠷᠭᠡᠳᠬᠡᠵᠦ᠂ ᠵᠤᠭᠠᠴᠠᠯ ᠤᠨ | ᠶᠡᠷᠦᠩᠬᠡᠢ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ᠃ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢ ᠶᠡᠭᠡ ᠪᠠᠷ | ᠬᠥᠭᠵᠢᠭᠦᠯᠵᠦ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠶᠢ ᠪᠠᠶᠢᠩᠭᠤᠵᠢᠭᠤᠯᠤᠨ ᠨᠠᠷᠢᠯᠢᠭ | ᠣᠨᠣᠴᠠᠲᠠᠶ ᠪᠠᠷ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 1300 ᠳ᠋ᠦᠩᠰᠢᠭᠤᠷ ᠲᠥᠭᠦᠷᠢᠭ ᠲᠤ | ᠬᠦᠷᠦᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠬᠥᠲᠥᠯᠦᠨ | ᠵᠢᠯᠣᠭᠤᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠥᠬᠡᠶ ᠪᠠᠷ | ᠬᠡᠯᠪᠡᠷᠢ ᠪᠠᠨ ᠬᠤᠪᠢᠷᠠᠭᠤᠯᠬᠤ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠪᠠᠭᠤᠷᠠᠶ | ᠭᠤᠭᠴᠤᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠨ᠎ᠠ᠃ ᠵᠠᠬ᠎ᠠ ᠳᠡᠯᠭᠡᠭᠦᠷ ᠲᠤ ᠭᠠᠷᠬᠤ ᠠᠵᠤ ᠠᠬᠤᠶᠢᠯᠠᠯ ᠢ ᠪᠤᠶᠢᠵᠢᠭᠤᠯᠵᠤ ᠬᠠᠪᠰᠤᠷᠤᠨ ᠵᠢᠯᠣᠭᠤᠳᠬᠤ ᠪᠠᠨ ᠴᠢᠩᠬᠠᠳᠬᠠᠵᠤ᠂ ᠠᠵᠤ ᠠᠬᠤᠶᠢᠯᠠᠯ ᠤᠨ ᠫᠠᠶᠢᠰᠠ | ᠡᠯᠭᠦᠨ ᠵᠠᠬ᠎ᠠ ᠳᠡᠯᠭᠡᠭᠦᠷ ᠲᠤ ᠭᠠᠷᠬᠤ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ | ᠬᠤᠶᠠᠷ᠂ ᠪᠡᠯᠡ ᠣᠷᠣᠭᠤᠯᠤᠯᠲᠠ ᠶᠢᠨ ᠬᠡᠷᠡᠭᠯᠡᠭᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠶᠢ | ᠬᠦᠴᠦᠯᠡᠨ ᠥᠷᠭᠡᠳᠬᠡᠨ᠎ᠡ | ︵ᠨᠢᠭᠡ︶ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠶ ᠥᠷᠭᠡᠳᠬᠡᠨ᠎ᠡ᠃ ᠠᠯᠢ ᠣᠯᠠᠨ ᠥᠨᠳᠥᠷ ᠪᠦᠲᠦᠮᠵᠢᠲᠡᠶ ᠠᠬᠢᠭᠤᠯᠬᠤ ᠲᠣᠭᠲᠠᠴᠠ ᠶᠢ | ᠭᠦᠢᠴᠡᠳ ᠰᠠᠶᠢᠲᠤᠷ ᠬᠡᠷᠡᠭᠯᠡᠵᠦ᠂ 172 ᠵᠦᠢᠯ ᠤᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠭᠠᠵᠠᠷ ᠰᠢᠷᠣᠶ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠂ | ᠡᠨᠧᠷᠭᠢ ᠶᠢᠨ ᠦᠨᠡᠯᠡᠯᠲᠡ ᠶᠢᠨ ᠣᠷᠴᠢᠨ ᠲᠣᠭᠤᠷᠢᠨ ᠤ ᠦᠨᠡᠯᠡᠯᠲᠡ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠪᠠ ᠲᠥᠬᠦᠭᠡᠷᠦᠮᠵᠢ ᠶᠢ ᠢᠵᠢ ᠪᠥᠷᠢᠳᠦᠭᠦᠯᠬᠦ ᠵᠡᠷᠭᠡ | ᠬᠦᠴᠦᠨ ᠵᠦᠢᠯ ᠤᠨ ᠪᠠᠲᠤᠯᠠᠭ᠎ᠠ ᠶᠢ ᠵᠡᠷᠭᠡ ᠪᠠᠷ ᠮᠥᠷᠳᠡᠨ ᠳᠠᠭᠠᠬᠤ ᠶᠢ ᠠᠬᠢᠭᠤᠯᠵᠤ᠂ ᠣᠨ ᠤ ᠪᠠᠯᠠ ᠣᠷᠣᠭᠤᠯᠤᠯᠲᠠ ᠶᠢ 450 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃ ᠲᠥᠷᠥᠯ ᠵᠦᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠯ᠂ ᠬᠠᠲᠤᠨ ᠭᠤᠤᠯ ᠤᠨ ︽ᠲᠣᠬᠤᠢ︾ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠪᠣᠭᠤᠮᠲᠠ ᠶᠢᠨ ᠠᠵᠤ ᠠᠬᠤᠶ ᠵᠡᠷᠭᠡ ᠠᠵᠢᠯ | ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠭᠡ ᠪᠦᠯᠦᠭ ᠴᠢᠬᠤᠯᠠ ᠶᠡᠭᠡ ᠲᠥᠷᠥᠯ | ᠵᠦᠢᠯ ᠢ ᠲᠥᠰᠦᠪᠯᠡᠨ ᠨᠥᠭᠡᠴᠡᠯᠡᠨ᠎ᠡ᠃ ᠲᠥᠪ ᠤᠨ ᠲᠥᠰᠦᠪ ᠤᠨ ᠳᠣᠲᠣᠷᠠᠬᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ᠂ ᠳᠤᠮᠳᠠ ᠪᠠ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠵᠡᠷᠭᠡ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠯᠡᠨ | ᠣᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ ᠵᠠᠰᠠᠭ ᠤᠨ ᠣᠷᠳᠣᠨ | ᠪᠠ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠲᠦᠷᠭᠡᠪᠴᠢᠯᠡᠨ ᠨᠠᠶᠢᠳᠠᠪᠤᠷᠢᠵᠢᠭᠤᠯᠵᠤ᠂ ᠨᠡᠩ ᠤᠯᠠᠨ ᠠᠷᠠᠳ ᠤᠨ ᠬᠦᠷᠦᠩᠭᠡ ᠶᠢᠨ | ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠪᠠ ᠳᠤᠲᠠᠭᠤᠳᠠᠯ ᠢ ᠨᠥᠬᠦᠪᠥᠷᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ | ᠵᠣᠷᠢᠭᠵᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ︽ᠭᠠᠳᠠᠭᠰᠢ ᠭᠠᠷᠬᠤ᠂ ᠤᠷᠢᠵᠤ ᠣᠷᠣᠭᠤᠯᠬᠤ | ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠯᠠᠨ ᠠᠷᠭ᠎ᠠ ᠵᠠᠮ ᠢᠶᠠᠷ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯ ᠢ ᠥᠷᠨᠢᠭᠦᠯᠵᠦ᠂ ᠬᠡᠯᠬᠢᠶ᠎ᠡ ᠶᠢ | ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠵᠠᠩᠭᠢᠯᠠᠭ᠎ᠠ ᠶᠢᠨ ᠭᠤᠭᠴᠤᠭ᠎ᠠ᠂ ᠳᠡᠭᠡᠳᠦ ᠳᠣᠤᠷᠠᠳᠤ ᠤᠷᠤᠰᠬᠠᠯ ᠤᠨ ᠢᠵᠢ | ᠪᠥᠷᠢᠳᠦᠭᠦᠯᠬᠦ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠭᠤᠤᠯᠳᠠᠭᠤ ᠰᠢᠨ᠎ᠡ ᠡᠨᠧᠷᠭᠢ ᠶᠢᠨ ᠡᠨᠧᠷᠭᠢ ᠬᠠᠳᠠᠭᠠᠯᠠᠬᠤ ᠳ᠋ᠢᠶᠠᠨ ᡂᠢ᠂ ᠰᠠᠯᠬᠢᠨ | ᠬᠦᠴᠦᠨ ᠤ ᠴᠠᠬᠢᠯᠭᠠᠨ ᠤ ᠴᠠᠬᠢᠯᠭᠠᠨ ᠮᠠᠰᠢᠨ᠂ ᠭᠤᠤᠯ ᠮᠠᠰᠢᠨ᠂ ᠭᠤᠤᠯᠯᠠᠬᠤ ᠦᠢᠯᠡᠳᠬᠦᠨ ᠤ ᠴᠢᠳᠬᠤᠮᠠᠯ ᠲᠣᠨᠤᠭ ᠪᠠ ᠴᠡᠷᠢᠭ ᠤᠨ ᠠᠯᠪᠠ ᠠᠴᠠ ᠪᠠᠭᠤᠭᠰᠠᠨ | ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠪᠠᠷ ᠨᠢᠭᠡ ᠪᠦᠯᠦᠭ ᠠᠵᠤ ᠦᠢᠯᠡᠰ ᠢ ᠣᠷᠣᠭᠤᠯᠤᠨ ᠠᠪᠴᠢᠷᠠᠨ᠎ᠠ᠃ | ᠬᠥᠬᠡᠭᠴᠢᠨ ᠲᠠᠯ᠎ᠠ ᠶᠢᠨ ᠰᠡᠳᠬᠢᠬᠦᠶ᠂ ᠰᠢᠨ᠎ᠡ ᠶᠢ ᠡᠭᠦᠳᠬᠦ ᠤᠬᠠᠮᠰᠠᠷ᠂ ᠰᠢᠰᠲ᠋ᠧᠮᠲᠦ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠵᠣᠯᠭᠠᠭᠤᠯᠤᠨ ᠵᠥᠪᠳᠡᠯᠴᠡᠬᠦ᠂ | ᠲᠥᠷᠥᠯ ᠵᠦᠢᠯ ᠤᠨ ᠭᠡᠷ᠎ᠡ ᠲᠣᠭᠲᠠᠬᠤ᠂ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠡᠵᠡᠩᠨᠡᠬᠦ ᠵᠡᠷᠭᠡ ᠪᠦᠬᠦ ᠶᠠᠪᠤᠴᠠ ᠳᠤ | ᠮᠥᠷᠳᠡᠨ ᠦᠢᠯᠡᠴᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠡᠯᠡ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠭᠠᠳᠠᠭᠠᠳᠤ ᠪᠡᠯᠡ ᠶᠢ | ᠪᠣᠳᠠᠲᠠᠶ ᠠᠰᠢᠭᠯᠠᠬᠤ ᠳᠤ 6% ᠪᠠᠷ ᠨᠡᠮᠡᠭᠳᠡᠭᠦᠯᠦᠨ᠎ᠡ᠃ | ︵ᠬᠤᠶᠠᠷ︶ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠠᠪᠴᠤ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠃ ᠬᠡᠷᠡᠭᠯᠡᠭᠡ ᠶᠢ ᠠᠬᠢᠭᠤᠯᠬᠤ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠥᠬᠦ | ᠲᠠᠯ᠎ᠠ ᠪᠠᠷ ᠠᠬᠢᠭᠤᠯᠤᠨ᠎ᠠ᠃ ︽ᠰᠠᠶᠢᠨ ᠰᠠᠶᠢᠬᠠᠨ ᠠᠮᠢᠳᠤᠷᠠᠯ ᠢ ᠡᠳ᠋ᠯᠡᠵᠦ · ᠪᠠᠶᠠᠨᠨᠠᠭᠤᠷ ᠲᠤ ᠬᠤᠳᠠᠯᠳᠤᠨ ᠠᠪᠤᠨ᠎ᠠ︾ ᠭᠤᠣᠯ ᠰᠡᠳᠦᠪᠲᠦ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ᠬᠠᠷᠠᠭᠠᠯᠵᠠᠯ ᠦᠵᠡᠭᠦᠯᠵᠦ ᠠᠰᠢᠭ ᠣᠯᠭᠤᠬᠤ ᠵᠡᠷᠭᠡ ᠠᠷᠭ᠎ᠠ ᠬᠡᠮᠵᠢᠶ᠎ᠡ ᠶᠢ ᠨᠡᠩ ᠶᠡᠭᠡ | ᠡᠷᠴᠢᠮ ᠢᠶᠠᠷ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ ᠬᠡᠷᠡᠭᠰᠡᠯ᠂ ᠣᠶᠤᠨᠲᠤ ᠭᠠᠷ ᠤᠲᠠᠰᠤ᠂ | ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠪᠡᠶ᠎ᠡ ᠶᠢᠨ ᠲᠠᠮᠢᠷ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠦᠷᠭᠦᠯᠵᠢᠯᠡᠨ ᠠᠬᠢᠭᠤᠯᠤᠨ᠎ᠠ᠃ ᠯᠢᠨ | ᠾᠧ ᠲᠣᠭᠤᠷᠢᠭ᠂ ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠲᠤᠷᠰᠢᠯᠲᠠ ᠶᠢᠨ | ᠰᠢᠶᠠᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠭᠦᠢᠯᠭᠡᠭᠡᠨ ᠤ ᠬᠠᠩᠭᠠᠯᠭ᠎ᠠ ᠶᠢ ᠪᠠᠲᠤᠯᠠᠬᠤ | ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠦᠨ᠎ᠡ᠃ ᠨᠡᠶᠢᠭᠡᠮ ᠲᠣᠭᠤᠷᠢᠭ ᠤᠨ ᠰᠢᠨ᠎ᠡ | ᠬᠡᠯᠪᠡᠷᠢ ᠶᠢᠨ ᠵᠢᠵᠢᠭᠯᠡᠨ ᠬᠤᠳᠠᠯᠳᠤᠬᠤ᠂ ᠣᠶᠤᠨᠴᠢ ᠢᠳᠡᠭᠡᠨ ᠤᠮᠳᠠᠭᠠᠨ᠂ ︽ᠢᠨᠲ᠋ᠧᠷ ᠰᠦᠯᠵᠢᠶ᠎ᠡ︾ ᠵᠡᠷᠭᠡ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠶᠡᠬᠡᠪᠡᠷ ᠬᠥᠭᠵᠢᠭᠦᠯᠵᠦ᠂ ᠲᠦᠷᠦᠭᠦᠦ ᠳᠡᠯᠭᠡᠭᠦᠷ ᠤᠨ ᠠᠵᠤ ᠠᠬᠤᠶ ᠪᠠ ᠰᠥᠨᠢ ᠶᠢᠨ ᠠᠵᠤ ᠠᠬᠤᠶ ᠶᠢ ᠵᠣᠷᠢᠭᠵᠢᠭᠤᠯᠤᠨ ᠬᠥᠭᠵᠢᠭᠦᠯᠦᠨ᠎ᠡ᠃ ᠳᠠᠪᠠᠭᠤᠯᠢᠭ | ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ ᠡᠯᠧᠺᠳ᠋ᠷᠤᠨᠴᠢᠯᠠᠭᠰᠠᠨ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ | ︵ᠭᠤᠷᠪᠠ︶ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ 5G ᠶᠢᠨ ᠰᠠᠭᠤᠷᠢ | ᠥᠷᠲᠡᠭᠡ 1000 ᠰᠠᠭᠤᠷᠢ ᠠᠴᠠ ᠳᠡᠭᠡᠭᠰᠢ᠂ ᠨᠡᠶᠢᠲᠡ ᠶᠢᠨ ᠬᠡᠷᠡᠭᠯᠡᠭᠡᠨ ᠤ ᠴᠠᠬᠢᠯᠭᠠᠨ ᠴᠡᠨᠡᠭᠯᠡᠬᠦ ᠪᠠᠭᠠᠨ᠎ᠠ 300 ᠠᠴᠠ ᠳᠡᠭᠡᠭᠰᠢ ᠪᠠᠶᠢᠬᠤ ᠬᠡᠷᠡᠭᠳᠡᠢ᠃ | ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠲᠦᠷᠭᠡᠨ ᠤ ᠲᠡᠮᠦᠷ ᠵᠠᠮ ᠤᠨ | ᠰᠠᠭᠤᠷᠢ ᠶᠢ ᠲᠠᠯᠪᠢᠬᠤ ᠪᠠ ᠬᠥᠭᠦᠷᠭᠡ ᠲᠠᠯᠪᠢᠬᠤ ᠪᠠᠷᠢᠯᠭ᠎ᠠ ᠶᠢ ᠪᠡᠶᠡᠯᠡᠭᠦᠯᠦᠨ᠎ᠡ᠃ G0616 ᠭᠠᠭᠴᠠᠮᠤᠳᠤ ᠠᠴᠠ ᠬᠠᠯᠢᠭᠤᠲᠤ ᠬᠦᠷᠬᠦ ᠬᠡᠰᠡᠭ᠂ ᠤᠯᠤᠰ ᠤᠨ | ᠵᠠᠮ ᠤᠨ 110 ᠵᠡᠭᠡᠷᠡᠲᠦ ᠮᠣᠳᠣ ᠠᠴᠠ ᠳ᠋ᠧᠩᠺᠸᠦ ᠬᠦᠷᠬᠦ ᠬᠡᠰᠡᠭ᠂ ᠤᠯᠤᠰ ᠤᠨ ᠵᠠᠮ ᠤᠨ 110 ᠳ᠋ᠧᠩᠺᠸᠦ ᠭᠤᠣᠯ ᠤᠨ ᠬᠠᠲᠤᠨ ᠭᠤᠣᠯ ᠤᠨ ᠶᠡᠭᠡ ᠬᠦᠭᠦᠷᠭᠡ | ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠲᠡᠮᠦᠷ ᠵᠠᠮ᠂ ᠯᠢᠨ ᠾᠧ | ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠵᠢᠨᠴᠢᠤᠸᠠᠨ ᠡᠮᠦᠨᠡᠲᠦ ᠶᠢᠨ ᠨᠡᠭᠦᠷᠡᠰᠦᠨ ᠤ ᠲᠡᠮᠦᠷ ᠵᠠᠮ ᠤᠨ ᠲᠤᠰᠬᠠᠢ ᠱᠤᠭᠤᠮ᠂ ᠪᠠᠶᠠᠨᠬᠤᠸᠠ ᠲᠡᠮᠦᠷ | ᠵᠠᠮ ᠤᠨ ᠲᠤᠰᠬᠠᠢ ᠱᠤᠭᠤᠮ᠂ G0616 ᠮᠤᠨᠠ ᠠᠭᠤᠯᠠ ᠠᠴᠠ ᠬᠠᠯᠢᠭᠤᠲᠤ ᠬᠦᠷᠬᠦ ᠬᠡᠰᠡᠭ᠂ ᠤᠯᠤᠰ ᠤᠨ ᠵᠠᠮ ᠤᠨ 110 ᠬᠠᠪᠢ ᠭᠤᠳᠤᠮᠵᠢ ᠠᠴᠠ ᠲᠢᠶᠠᠨ | ᠵᠢᠢ ᠲᠠᠢ ᠬᠡᠰᠡᠭ᠂ ᠤᠯᠤᠰ ᠤᠨ ᠵᠠᠮ ᠤᠨ 242 ᠯᠢᠨᠾᠧ ᠶᠢᠨ ᠬᠢᠯᠢ ᠳᠠᠪᠠᠭ᠋ᠤ ᠬᠡᠰᠡᠭ ᠵᠡᠷᠭᠡ ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠬᠤᠲᠠ | ᠪᠠᠯᠭᠠᠰᠤ ᠶᠢᠨ ᠵᠠᠮ᠂ ᠭᠠᠵᠠᠷ ᠳᠣᠣᠷᠠᠬᠢ ᠬᠤᠭᠤᠯᠠᠢ ᠲᠣᠣᠷ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠦᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠤᠨ᠎ᠠ᠃ 5257 ᠢᠵᠢ ︽ᠠᠰᠠᠷ ᠢ ᠪᠠᠲᠤᠯᠠᠵᠥ ᠲᠤᠰᠢᠶᠠᠬᠤ︾ ᠡᠭᠦᠷᠭᠡ ᠶᠢ ᠪᠡᠶᠡᠯᠡᠭᠦᠯᠵᠦ᠂ 54 ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠵᠠᠰᠠᠵᠥ᠂ 36 ᠨᠠᠮ ᠵᠢᠮ ᠣᠷᠣᠨ ᠰᠠᠭᠤᠴᠠ ᠶᠢᠨ ᠲᠣᠭᠤᠷᠢᠭ ᠢ ᠡᠭᠦᠳᠦᠨ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135︾ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠡᠪᠦᠯ ᠤᠨ ᠤᠯᠠᠷᠢᠯ ᠳᠤ 9 ᠲᠦᠮᠡᠨ ᠡᠷᠦᠬᠡ ᠶᠢᠨ | ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ 457 ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ ᠦᠵᠡᠰᠬᠦᠯᠡᠩᠲᠦ ᠰᠠᠶᠢᠬᠠᠨ | ᠣᠷᠣᠰᠢᠨ ᠰᠠᠭᠤᠬᠤ ᠳᠤ ᠲᠣᠬᠢᠷᠠᠮᠵᠢᠲᠠᠶ 100 ᠠᠶᠢᠯ ᠲᠣᠰᠬᠤᠨ ᠢ ᠪᠠᠶᠢᠭᠤᠯᠵᠤ᠂ 900 ᠺᠢᠯᠣᠮᠧᠳ᠋ᠷ ᠬᠥᠳᠡᠭᠡ ᠲᠣᠰᠬᠤᠨ ᠤ ᠵᠠᠰᠠᠮᠠᠯ ᠵᠠᠮ ᠢ ᠥᠭᠡᠷᠡᠴᠢᠯᠡᠨ | ᠰᠠᠶᠢᠵᠢᠷᠠᠭᠤᠯᠪᠠ᠃ | ᠭᠤᠷᠪᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ | ︵ᠨᠢᠭᠡ︶ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠡᠨᠧᠷᠭᠢ ᠣᠯᠭᠤᠬᠤ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ︽ᠲᠠᠪᠤᠨ ᠠᠷᠪᠠ︾ ᠶᠢᠨ ᠭᠤᠣᠯᠳᠠᠯᠭ᠎ᠠ ᠲᠠᠢ | ᠡᠭᠦᠷᠭᠡ ᠶᠢᠨ ᠲᠣᠭᠤᠷᠢᠨ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠶᠠᠨᠨᠠᠭᠤᠷ ᠤᠨ ᠰᠤᠳᠤᠯᠭᠠᠨ ᠤ ᠬᠦᠷᠢᠶᠡᠯᠡᠩ ᠵᠡᠷᠭᠡ ᠰᠢᠨ᠎ᠡ ᠶᠢ | ᠡᠭᠦᠳᠬᠦ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠬᠠᠲᠠᠭᠤ ᠪᠤᠭᠤᠳᠠᠢ᠂ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ᠂ ᠵᠢᠮᠢᠰ ᠨᠣᠭᠤᠭ᠎ᠠ ᠶᠢ ᠥᠨᠳᠥᠷ ᠪᠦᠲᠦᠮᠵᠢᠲᠡᠶ ᠪᠠᠷ ᠳᠠᠷᠢᠬᠤ᠂ ᠠᠯᠠᠰᠢᠨ ᠬᠤᠨᠢ ᠶᠢ ᠥᠨᠳᠥᠷ ᠪᠦᠲᠦᠮᠵᠢᠲᠡᠶ ᠪᠠᠷ ᠲᠡᠵᠢᠭᠡᠨ | ᠦᠷᠡᠵᠢᠭᠦᠯᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠲᠡᠭ ᠰᠢᠪᠲᠤᠯᠤᠯᠲᠠ ᠶᠢ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 100 ᠶᠢ | ᠳᠠᠪᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 120 ᠶᠢ ᠳᠠᠪᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠢ ᠰᠢᠯᠵᠢᠭᠦᠯᠬᠦ | ᠦᠢᠯᠡᠴᠢᠯᠡᠭᠡᠨ ᠤ ᠪᠠᠶᠢᠭᠤᠯᠤᠮᠵᠢ ᠶᠢ 1 ᠰᠢᠨ᠎ᠡ ᠪᠠᠷ ᠨᠡᠮᠡᠭᠳᠡᠭᠦᠯᠵᠦ᠂ ᠮᠡᠷᠭᠡᠵᠢᠯ ᠤᠨ ᠠᠷᠠᠯᠵᠢᠶᠠᠨ ᠤ ᠲᠤᠭ᠎ᠠ ᠬᠡᠮᠵᠢᠶ᠎ᠡ ᠪᠠ ᠠᠷᠠᠯᠵᠢᠶᠠᠨ ᠤ ᠲᠤᠭ᠎ᠠ ᠬᠡᠮᠵᠢᠶ᠎ᠡ ᠶᠢ | 20% ᠠᠴᠠ ᠳᠡᠭᠡᠭᠰᠢ ᠨᠡᠮᠡᠭᠳᠡᠭᠦᠯᠦᠨ᠎ᠡ᠃ | ︵ᠬᠤᠶᠠᠷ︶ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠲᠥᠰᠦᠯ ᠢ ᠲᠣᠭᠲᠠᠭᠠᠨ ᠨᠡᠶᠢᠲᠡᠯᠡᠵᠦ᠂ ᠪᠦᠬᠦ | ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠡᠯᠧᠺᠳ᠋ᠷᠣᠨ ᠦᠨᠡᠮᠯᠡᠯ ᠤᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ ᠨᠠᠩ ᠣᠯᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠦᠨᠡᠮᠯᠡᠯ ᠠᠴᠠ ᠬᠡᠯᠲᠦᠷᠢᠭᠦᠯᠵᠦ ᠭᠦᠢᠴᠡᠳᠬᠡᠬᠦ︾ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ | ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷ᠎ᠠ ᠰᠢᠨ᠎ᠡ ᠪᠠᠷ ᠨᠡᠮᠡᠭᠳᠡᠭᠰᠡᠨ | ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠪᠦᠬᠦᠨ ᠢ ︽ᠪᠠᠷᠢᠮᠵᠢᠶᠠᠲᠤ ᠭᠠᠵᠠᠷ︾ ᠤᠨ ᠵᠠᠭᠪᠤᠷ ᠢᠶᠠᠷ ᠬᠠᠩᠭᠠᠬᠤ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ | ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠪᠦᠬᠦᠨ ᠢ ᠦᠯᠦ ᠬᠥᠳᠡᠯᠬᠦ | ᠬᠥᠷᠥᠩᠭᠡ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠳᠤ ᠣᠷᠣᠭᠤᠯᠬᠤ ᠬᠡᠷᠡᠭᠲᠡᠶ᠃ ᠤᠯᠤᠰ ᠤᠨ ᠥᠮᠴᠢᠯᠡᠯᠲᠦ ᠠᠵᠤ ᠠᠬᠤᠶ ᠶᠢᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠬᠦ ᠪᠠ ᠪᠦᠲᠦᠴᠡ ᠶᠢᠨ | ᠲᠣᠬᠢᠷᠠᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠡᠵᠡᠩᠨᠡᠯᠲᠡ ᠶᠢᠨ ᠣᠷᠣᠯᠭ᠎ᠠ ᠶᠢ 50% ᠠᠴᠠ ᠳᠡᠭᠡᠭᠰᠢ ᠨᠡᠮᠡᠭᠳᠡᠭᠦᠯᠦᠨ᠎ᠡ᠃ | ︵ᠭᠤᠷᠪᠠ ︶ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠤᠯᠠᠨ ᠤᠯᠤᠰ ᠤᠨ ᠲᠤᠮᠤ ᠵᠠᠬ᠎ᠠ ᠳᠡᠯᠭᠡᠭᠦᠷ ᠲᠠᠢ | ᠢᠳᠡᠪᠬᠢᠲᠡᠢ ᠠᠭᠤᠰᠤᠯᠴᠠᠵᠤ᠂ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ | ᠪᠠᠶᠢᠭᠤᠯᠤᠯᠲᠠ ᠳᠤ ᠭᠦᠨᠵᠡᠭᠡᠢ ᠣᠷᠣᠯᠴᠠᠨ᠎ᠠ᠃ ᠭᠠᠭᠴᠠᠮᠤᠳᠤ ᠬᠢᠯᠢ ᠶᠢᠨ ᠪᠣᠭᠤᠮᠲᠠ ᠪᠠᠷ ᠥᠩᠭᠡᠷᠡᠬᠦ ᠪᠠᠷᠠᠭ᠎ᠠ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠭᠠᠭᠴᠠᠮᠣᠳᠣ ᠬᠢᠯᠢ ᠶᠢᠨ ᠪᠣᠭᠤᠮᠲᠠ ᠶᠢᠨ ᠶᠡᠭᠡ ᠬᠥᠭᠦᠷᠭᠡ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠠᠴᠠ ᠭᠠᠷᠬᠤ ᠲᠡᠷᠭᠡ | ᠬᠥᠰᠬᠡ ᠶᠢᠨ ᠦᠢᠯᠡᠴᠢᠯᠡᠭᠡᠨ ᠤ ᠲᠣᠭᠤᠷᠢᠭ ︵ᠬᠤᠶᠠᠳᠤᠭᠠᠷ ᠬᠤᠭᠤᠴᠠᠭᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠣᠪᠴᠢᠶ᠎ᠠ︶ ᠨᠡᠭᠦᠷᠡᠰᠦᠨ ᠤ | ᠠᠷᠠᠯᠵᠢᠶᠠᠨ ᠤ ᠲᠥᠪ᠂ ᠮᠣᠩᠭᠤᠯ ᠨᠡᠭᠦᠷᠡᠰᠦᠨ ᠤ ᠵᠢᠭᠠᠯᠲᠠ ᠲᠤᠭ᠎ᠠ ᠶᠢᠨ ᠲᠠᠪᠴᠠᠩ ᠵᠡᠷᠭᠡ ᠲᠥᠷᠥᠯ ᠵᠦᠢᠯ ᠤᠨ ᠠᠵᠢᠯ ᠡᠬᠢᠯᠡᠵᠦ᠂ ᠪᠣᠭᠤᠮᠲᠠ ᠪᠠᠷ ᠥᠩᠭᠡᠷᠡᠬᠦ | ᠪᠠᠷᠠᠭᠠᠨ ᠤ ᠬᠡᠮᠵᠢᠶ᠎ᠡ ᠨᠢ ᠪᠦᠬᠦ ᠤᠯᠤᠰ ᠤᠨ ᠬᠠᠭᠤᠷᠠᠶ ᠵᠠᠮ ᠤᠨ ᠪᠣᠭᠤᠮᠲᠠ ᠶᠢ ᠦᠷᠭᠦᠯᠵᠢᠯᠡᠨ ᠳᠠᠭᠠᠭᠤᠯᠤᠨ ᠭᠦᠶᠦᠪᠡ᠃ ᠰᠢᠨ᠎ᠡ ᠨᠢᠭᠡ ᠡᠭᠡᠯᠵᠢ ᠶᠢᠨ ᠭᠠᠳᠠᠭᠠᠳᠤ | ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢᠨ ᠭᠠᠵᠠᠷ ᠢ ᠪᠤᠶᠢᠵᠢᠭᠤᠯᠤᠨ ᠪᠦᠲᠦᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ 2᠂ | ᠥᠪᠡᠷᠲᠡᠭᠡᠨ ᠵᠠᠰᠠᠬᠤ ᠣᠷᠣᠨ ᠤ ᠲᠡᠰ ᠤᠨ ᠣᠯᠠᠨ ᠨᠡᠶᠢᠲᠡ ᠶᠢᠨ ᠭᠠᠳᠠᠭᠠᠳᠤ ᠶᠢᠨ ᠬᠥᠮᠥᠷᠭᠡ 2 ᠢ ᠰᠢᠨ᠎ᠡ ᠪᠠᠷ ᠨᠡᠮᠡᠭᠳᠡᠭᠦᠯᠵᠦ᠂ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠪᠣᠯᠤᠨ ᠮᠣᠩᠭᠤᠯ ᠤᠯᠤᠰ ᠲᠤ ᠭᠠᠷᠭᠠᠬᠤ ᠵᠢᠮᠢᠰ ᠨᠣᠭᠤᠭ᠎ᠠ ᠶᠢ ᠬᠡᠪᠰᠢᠭᠦᠯᠦᠨ ᠠᠵᠢᠯᠯᠠᠭᠤᠯᠬᠤ ᠶᠢ ᠠᠬᠢᠭᠤᠯᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢ 13% ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠤᠯᠤᠰ ᠤᠨ ᠳᠣᠲᠣᠭᠠᠳᠤ ᠶᠢᠨ ᠲᠤᠮᠤ ᠵᠠᠬ᠎ᠠ | ᠳᠡᠯᠭᠡᠭᠦᠷ ᠲᠤ ᠭᠦᠨᠵᠡᠭᠡᠢ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠶᠡᠭᠡ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ | ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠠᠵᠤ ᠦᠢᠯᠡᠰ ᠤᠨ ᠬᠠᠷᠢᠯᠴᠠᠨ ᠨᠥᠬᠦᠪᠥᠷᠢᠯᠡᠬᠦ ᠬᠠᠮᠲᠤᠷᠠᠯᠴᠠᠭ᠎ᠠ ᠶᠢ ᠥᠷᠨᠢᠭᠦᠯᠵᠦ᠂ ᠬᠠᠮᠲᠤᠪᠠᠷ ᠠᠰᠢᠭ ᠬᠦᠷᠳᠡᠬᠦ | ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ | ᠳᠥᠷᠪᠡ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ︵ᠨᠢᠭᠡ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ᠂ ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠡᠷᠡᠮᠵᠢᠯᠡᠭᠦᠯᠬᠦ | ᠺᠠᠷᠲ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠪᠣᠯᠣᠳ ᠲᠡᠮᠦᠷ᠂ ᠬᠡᠤᠷᠰᠢᠭᠦᠯᠬᠦ ᠵᠡᠷᠭᠡ ᠠᠵᠢᠯ ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠬᠤ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠨᠣᠷᠮ᠎ᠠ ᠶᠢ 87.1% ᠠᠴᠠ ᠳᠡᠭᠡᠭᠰᠢ ᠳᠤ ᠬᠦᠷᠦᠭᠦᠯᠦᠨ᠎ᠡ᠃ | ᠤᠰᠤᠨ ᠳᠤ ᠬᠤᠯᠪᠣᠭᠳᠠᠬᠤ ᠭᠤᠤᠯᠳᠠᠯᠭ᠎ᠠ ᠲᠠᠢ ᠠᠵᠤ ᠠᠬᠤᠶᠢᠯᠠᠯ ᠪᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶᠠᠨ ᠳᠤ | ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠵᠤ᠂ ᠬᠠᠲᠤᠨ ᠭᠤᠤᠯ᠂ ᠶᠡᠷᠦᠩᠬᠡᠶ ᠤᠰᠤ ᠵᠠᠯᠠᠬᠤ ᠭᠤᠤᠯ ᠰᠤᠪᠠᠭ᠂ ᠤᠯᠠᠭᠠᠨᠰᠤᠬᠠᠢ ᠶᠢᠨ ᠪᠣᠬᠢᠷᠲᠤᠯ | ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠡᠭᠦᠷᠭᠡ ᠶᠢᠨ 70% ᠠᠴᠠ ᠳᠡᠭᠡᠭᠰᠢᠬᠢ ᠶᠢ ᠪᠡᠶᠡᠯᠡᠭᠦᠯᠵᠦ᠂ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠢ Ⅲ | ᠲᠥᠷᠥᠯ ᠤᠨ ᠤᠰᠤᠨ ᠴᠣᠭᠴᠠ ᠶᠢᠨ ᠬᠠᠷᠢᠴᠠᠯ ᠢ 25% ᠠᠴᠠ ᠳᠡᠭᠡᠭᠰᠢ ᠳᠤ ᠬᠦᠷᠦᠭᠦᠯᠬᠦ ᠪᠤᠶᠤ ᠰᠠᠶᠢᠨ ᠪᠠᠶᠢᠯᠭᠠᠨ᠎ᠠ᠃ ᠬᠦᠨᠳᠦ ᠲᠡᠮᠦᠷᠯᠢᠭ ᠲᠤ ᠬᠤᠯᠪᠣᠭᠳᠠᠭᠰᠠᠨ | ᠠᠵᠤ ᠠᠬᠤᠶᠢᠯᠠᠯ ᠪᠣᠯᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ | ᠥᠷᠨᠢᠭᠦᠯᠵᠦ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠶ ᠪᠠᠲᠤᠯᠠᠬᠤ ᠶᠢ ᠦᠨᠡᠨᠬᠦ ᠪᠠᠲᠤᠯᠠᠨ᠎ᠠ᠃ | ︵ᠬᠤᠶᠠᠷ ︶ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠡᠨᠧᠷᠭᠢ ᠶᠢᠨ ᠬᠡᠷᠡᠭᠯᠡᠭᠡᠨ ᠤ | ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠡᠷᠡᠰ ᠬᠤᠷᠢᠭᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ | ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠲᠦᠷᠢᠮ ᠲᠡᠰᠢ ᠠᠯᠬᠤᠮ ᠠᠯᠬᠤᠮ ᠢᠶᠠᠷ ᠰᠢᠯᠵᠢᠪᠡ᠃ ᠡᠯᠡᠰᠦ ᠮᠠᠩᠬ᠎ᠠ ᠶᠢ ᠰᠡᠷᠭᠡᠶᠢᠯᠡᠨ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠬᠤ ᠶᠢ ᠲᠦᠯᠬᠢᠨ ᠠᠬᠢᠭᠤᠯᠵᠤ᠂ ᠤᠯᠠᠭᠠᠨᠪᠤᠬ᠎ᠠ ᠶᠢᠨ ᠡᠯᠡᠰᠦᠨ ᠴᠥᠯ ᠤᠨ ᠵᠡᠭᠦᠨ | ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠭᠡᠷᠡᠯ ᠴᠡᠨᠡᠭ᠂ ᠮᠧᠩ ᠨᠧᠩ | 460 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ᠂ ᠵᠢᠨᠨᠢᠤ ᠨᠡᠭᠦᠷᠡᠰᠦ ᠴᠠᠬᠢᠯᠭᠠᠨ ᠤ 14 ᠲᠦᠮᠡᠨ | ᠺᠢᠯᠣᠸᠠᠲ ᠤᠨ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠲᠣᠤᠷ ᠲᠤ ᠨᠡᠶᠢᠯᠡᠭᠦᠯᠬᠦ ᠶᠢ ᠲᠦᠯᠬᠢᠨ | ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 683.8 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠰᠢᠨ᠎ᠡ | ᠡᠨᠧᠷᠭᠢ ᠶᠢᠨ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠡᠭᠦᠷᠭᠡ ᠶᠢ ᠤᠷᠢᠳᠴᠢᠯᠠᠨ ᠪᠡᠶᠡᠯᠡᠭᠦᠯᠦᠨ᠎ᠡ᠃ ᠲᠠᠢ ᠶᠠᠩ ᠭᠧᠦ ᠶᠢᠨ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡ᠂ ᠰᠦᠵᠢ ᠶᠢᠨ ᠡᠯᠡᠰᠦᠷᠬᠡᠭ ᠭᠠᠵᠠᠷ ᠤᠨ 200 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠲᠥᠷᠥᠯ ᠵᠦᠢᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠨᠢᠭᠡ ᠪᠦᠯᠦᠭ ᠡᠬᠢ | ᠰᠤᠷᠪᠤᠯᠵᠢ ᠶᠢ ᠴᠠᠬᠢᠯᠭᠠᠨ ᠲᠣᠣᠷᠵᠢᠭᠤᠯᠤᠨ ᠨᠥᠭᠡᠴᠡᠯᠡᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠡᠷᠭᠡ | ᠵᠠᠬ᠎ᠠ ᠳᠡᠯᠭᠡᠭᠦᠷᠴᠢᠯᠡᠨ ᠰᠢᠩᠭᠡᠭᠡᠬᠦ ᠰᠢᠨ᠎ᠡ ᠡᠨᠧᠷᠭᠢ ᠶᠢᠨ ᠲᠦᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠭᠠᠵᠠᠷ ᠤᠨ ᠰᠢᠩᠭᠡᠭᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠲᠦᠷᠭᠡᠪᠴᠢᠯᠡᠨ | ᠪᠠᠶᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠴᠢᠩ ᠬᠤᠸᠠ ᠤᠰᠤ ᠶᠢ ᠶᠡᠷᠦᠩᠬᠡᠶᠢᠯᠡᠨ ᠠᠰᠢᠭᠯᠠᠬᠤ᠂ ᠠᠵᠤ ᠦᠢᠯᠡᠳᠪᠦᠷᠢ ᠶᠢᠨ ᠬᠠᠲᠠᠭᠤ ᠠᠶᠤᠯᠲᠠᠢ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠡᠷᠭᠢᠯᠳᠦᠭᠦᠯᠬᠦ ᠠᠵᠤ ᠦᠢᠯᠡᠰ ︵ᠨᠢᠭᠡᠳᠦᠭᠡᠷ ᠬᠤᠭᠤᠴᠠᠭ᠎ᠠ︶︶ ᠽᠢ ᠶᠢᠨ ᠠᠭᠤᠷᠬᠠᠢ ᠶᠢᠨ ᠦᠢᠯᠡᠰ ᠤᠨ ᠰᠡᠶᠢᠷᠡᠭ | ᠤᠰᠤ ᠶᠢ ᠭᠠᠳᠠᠭᠰᠢᠯᠠᠭᠤᠯᠬᠤ ᠦᠭᠡᠢ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠠᠬᠢᠭᠤᠯᠤᠨ᠎ᠠ᠃ ᠠᠭᠤᠯᠠ ᠤᠰᠤ ᠤᠢ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ | ᠲᠥᠯᠥᠪᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ᠃ | ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠳ᠋ᠧᠩᠺᠸᠤ ᠶᠢᠨ ᠵᠠᠭᠪᠤᠷ︾ | ᠢ ᠳ᠋ᠦᠩᠨᠡᠨ ᠳᠡᠯᠭᠡᠷᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠥᠪᠵᠢᠭᠦᠯᠭᠡ ᠶᠢᠨ ᠲᠦᠷᠦᠯ | ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠪᠠᠷᠠᠭᠤᠨ ᠣᠷᠣᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ | ᠠᠬᠤᠢ ᠶᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠲᠠᠯᠠᠪᠠᠢ ᠶᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠵᠠᠰᠠᠭᠰᠠᠨ ᠦᠷ᠎ᠡ ᠪᠦᠲᠦᠭᠡᠯ ᠢ 100 ᠲᠦᠮᠡᠨ ᠮᠦ ᠠᠴᠠ | ᠳᠡᠭᠡᠭᠰᠢ ᠪᠠᠬᠢᠵᠢᠭᠦᠯᠵᠦ᠂ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠪᠦᠬᠦ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠤᠷᠰᠢᠯᠲᠠ ᠶᠢᠨ ᠤᠢ | ᠰᠢᠭᠤᠢ ᠶᠢᠨ ᠲᠠᠯᠠᠪᠠᠢ ᠲᠡᠰᠢ ᠤᠷᠤᠭᠰᠢᠯᠠᠬᠤ ᠶᠢ ᠠᠬᠢᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠂ ᠠᠶᠢᠮᠠᠭ ᠬᠤᠲᠠ ᠶᠢᠨ | ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠬᠡᠷᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠯᠠᠪᠠᠶ ᠶᠢ 100 ᠲᠦᠮᠡᠨ ᠮᠥ᠂ ᠲᠠᠷᠢᠶᠠᠯᠠᠩ ᠤᠨ ᠤᠰᠤ ᠠᠷᠪᠢᠯᠠᠬᠤ ᠲᠠᠯᠠᠪᠠᠢ ᠶᠢ 1.46 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠤᠯᠠᠭᠠᠨᠰᠤᠬᠠᠢ ᠶᠢᠨ ᠬᠠᠮᠢᠶᠠᠷᠤᠯᠲᠠ ᠶᠢᠨ ᠪᠠᠶᠢᠭᠤᠯᠤᠯ ᠢ | ᠰᠢᠯᠢᠳᠡᠭᠵᠢᠭᠦᠯᠵᠦ᠂ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠢ ᠥᠷᠨᠢᠭᠦᠯᠵᠦ᠂ ︽︿ᠠᠷᠪᠠᠨ ᠳᠥᠷᠪᠡᠳᠦᠭᠡᠷ ᠲᠠᠪᠤᠨ | ᠵᠢᠯ﹀ ᠤᠨ ᠤᠯᠠᠭᠠᠨᠰᠤᠬᠠᠢ ᠶᠢᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢᠨ ᠲᠥᠯᠥᠪᠵᠢᠭᠦᠯᠭᠡ︾ ᠶᠢᠨ | ᠲᠥᠷᠥᠯ ᠵᠦᠢᠯ ᠳᠤ 3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠬᠠᠲᠤᠨ ᠭᠤᠤᠯ ᠤᠨ ᠦᠶᠡᠷ ᠢ | ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠢ | ᠶᠡᠷᠦᠩᠬᠡᠶᠢᠯᠡᠨ ᠵᠠᠰᠠᠬᠤ ᠠᠵᠢᠯ ᠢ 140 ᠲᠡᠭᠰᠢ ᠳᠥᠷᠪᠡᠯᠵᠢᠨ ᠺᠢᠯᠣᠮᠧᠳ᠋ᠷ ᠬᠡᠷᠡᠭᠵᠢᠭᠦᠯᠦᠨ᠎ᠡ᠃ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠠᠰᠢᠭᠯᠠᠯᠲᠠ ᠶᠢᠨ | ᠨᠣᠷᠮ᠎ᠠ ᠴᠥᠮ 42.5% ᠳᠤ ᠬᠦᠷᠴᠦ᠂ ᠰᠦᠯᠢᠶᠣᠣ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ 85% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ | ᠡᠰᠢ ᠰᠦᠷᠡᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 91% ᠪᠠ 92% ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ᠃ | ᠲᠠᠪᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ | ︵ᠨᠢᠭᠡ︶ ᠠᠵᠢᠯ ᠣᠯᠭᠤᠬᠤ ᠠᠵᠢᠯ ᠤᠨ ᠪᠠᠶᠢᠷᠢ ᠶᠢ ᠲᠣᠭᠲᠠᠭᠤᠨ ᠢᠶᠠᠷ ᠥᠷᠭᠡᠳᠬᠡᠨ᠎ᠡ᠃ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠳᠡᠮᠵᠢᠬᠦ | ᠰᠢᠰᠲ᠋ᠧᠮᠵᠢ ᠶᠢ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠤᠨ ᠠᠯᠪᠠ ᠠᠴᠠ | ᠬᠠᠯᠠᠭᠳᠠᠭᠰᠠᠳ ᠵᠡᠷᠭᠡ ᠬᠠᠮᠲᠤᠯᠢᠭ ᠤᠨ ᠠᠵᠢᠯ ᠣᠯᠭᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ᠂ ᠵᠡᠮᠳᠡᠭᠴᠦᠳ ᠵᠡᠷᠭᠡ ᠬᠦᠴᠢᠷᠳᠡᠯᠲᠡᠢ | ᠬᠥᠮᠦᠰ ᠤᠨ ᠠᠵᠢᠯ ᠣᠯᠵᠤ ᠦᠨᠳᠦᠰᠦᠨ ᠵᠦᠢᠯ ᠢ ᠪᠠᠲᠤᠯᠠᠨ ᠲᠡᠳᠬᠦᠬᠦ ᠶᠢ ᠴᠢᠩᠭᠠᠳᠬᠠᠨ᠎ᠠ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠶᠢ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠢᠶᠠᠷ ᠭᠠᠷᠳᠠᠴᠠ ᠪᠣᠯᠭᠠᠨ᠂ ᠠᠳᠠᠯ ᠦᠢᠯᠡᠰ | ᠴᠣᠭᠴᠠᠯᠠᠬᠤ ᠬᠦᠷᠢᠶᠡᠯᠡᠩ ︵ᠪᠤᠶᠢᠵᠢᠭᠤᠯᠬᠤ ᠰᠠᠭᠤᠷᠢᠨ ᠭᠠᠵᠠᠷ︶ ᠢ ᠴᠢᠩᠭᠠᠳᠬᠠᠨ᠎ᠠ᠃︶ ᠪᠦᠲᠦᠭᠡᠨ ᠪᠠᠶᠢᠭᠤᠯᠤᠯᠲᠠ᠃ ᠠᠵᠢᠯ ᠣᠯᠭᠤᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠠᠵᠢᠯ ᠣᠯᠭᠤᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ | ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤᠨ ᠳᠤ 7000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠲᠠᠷᠢᠶᠠᠯᠠᠬᠤ ᠮᠠᠯᠵᠢᠬᠤ ᠣᠷᠣᠨ ᠤ 11.9 | ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠨ᠎ᠠ᠃ | ︵ᠬᠤᠶᠠᠷ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠢ | ᠲᠥᠯᠥᠪᠵᠢᠭᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠥᠪᠰᠢᠨ ᠵᠢᠷᠤᠮᠵᠢᠭᠤᠨ᠂ ᠦᠷᠭᠦᠯᠵᠢᠯᠡᠬᠦ ᠴᠢᠨᠠᠷᠲᠠᠢ ᠣᠯᠠᠨ ᠳᠡᠰ ᠳᠠᠪᠬᠤᠷᠭ᠎ᠠ ᠪᠦᠬᠦᠢ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠰᠢᠪᠲᠤᠯᠤᠯᠲᠠ ᠶᠢᠨ ᠠᠵᠢᠯᠯᠠᠭ᠎ᠠ ᠶᠢ | ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠮᠢᠳᠤᠯᠢᠭ ᠢᠶᠠᠷ ᠠᠵᠢᠯ ᠣᠯᠤᠭᠰᠠᠳ ᠵᠡᠷᠭᠡ ᠬᠠᠮᠲᠤᠯᠢᠭ ᠢᠶᠠᠷ ᠭᠤᠣᠯᠳᠠᠯᠭ᠎ᠠ ᠪᠣᠯᠭᠠᠨ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠪᠦᠬᠦ ᠤᠯᠤᠰ ᠤᠨ ᠨᠢᠭᠡᠳᠦᠯᠲᠡᠢ ᠲᠥᠯᠥᠪᠯᠡᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ 2 ᠲᠦᠮᠡ ᠠᠴᠠ ᠳᠡᠭᠡᠭᠰᠢ᠂ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ 3000 ᠭᠠᠷᠤᠢ ᠬᠥᠮᠥᠨ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ᠃ ᠰᠢᠨ᠎ᠡ ᠡᠵᠡᠩᠨᠡᠯᠳᠡ ᠶᠢᠨ ᠪᠠᠶᠢᠳᠡᠯ ᠤᠨ ᠬᠦᠳᠡᠯᠮᠦᠷᠢᠴᠢᠨ᠂ ᠠᠯᠪᠠᠡ ᠵᠢᠷᠦᠮ ᠤᠨ ᠰᠣᠷᠭᠠᠨ ᠬᠦᠮᠦᠵᠢᠯ ᠤᠨ ᠱᠠᠳᠣ ᠦᠶ᠎ᠠ ᠶᠢᠨ ᠰᠣᠷᠣᠠᠠᠴᠢᠳ | ᠪᠤᠯᠥᠨ ᠰᠣᠷᠭᠠᠭᠤᠯᠢ ᠳᠤ ᠪᠠᠶᠢᠭ᠎ᠠ ᠰᠣᠷᠣᠠᠠᠴᠢᠳ ᠵᠡᠷᠭᠡ ᠭᠤᠤᠯᠳᠡᠯᠭ᠎ᠠ ᠲᠠᠢ ᠬᠦᠮᠦᠰ ᠲᠤ ᠳᠥᠪᠯᠡᠷᠡᠬᠦᠯᠥᠨ᠂ ᠦᠨᠳᠣᠰᠣᠡ ᠡᠮᠴᠢᠯᠡᠭᠡᠨ ᠤ ᠲᠠᠭᠠᠳᠬᠠᠯ ᠳᠤ | ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠠᠠᠳᠠᠭᠤᠨ ᠪᠠᠶᠢᠯᠭᠠᠬᠤ ᠶᠢ ᠦᠨᠡᠨᠬᠦ ᠪᠠᠳᠣᠯᠠᠨ᠎ᠠ᠃ ᠳᠡᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ | ᠪᠠᠲᠤᠯᠠᠨ᠎ᠠ᠃ ᠬᠤᠰᠢᠭᠤ ᠰᠢᠶᠠᠨ ᠤ ᠱᠠᠲᠤᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠳᠤᠲᠠᠭᠤᠳᠠᠯ ᠢ | ᠨᠥᠬᠦᠪᠥᠷᠢᠯᠡᠬᠦ ᠶᠢ ᠠᠬᠢᠭᠤᠯᠵᠤ᠂ ᠬᠡᠤᠬᠡᠳ ᠤᠨ ᠠᠰᠠᠷᠠᠮᠵᠢ ᠪᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠯᠢᠨ ᠾᠧ ᠲᠣᠭᠤᠷᠢᠭ ᠨᠢ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠬᠤᠲᠠ ᠶᠢᠨ ᠳᠥᠷᠪᠡᠳᠦᠭᠡᠷ | ᠳᠤᠮᠳᠠᠳᠤ ᠰᠤᠷᠭᠠᠭᠤᠯᠢ᠂ ᠬᠤᠲᠠ ᠶᠢᠨ ᠳᠥᠷᠪᠡᠳᠦᠭᠡᠷ ᠪᠠᠭ᠎ᠠ ᠰᠤᠷᠭᠠᠭᠤᠯᠢ᠂ ᠬᠤᠲᠠ ᠶᠢᠨ ᠳᠥᠷᠪᠡᠳᠦᠭᠡᠷ ᠬᠡᠤᠬᠡᠳ ᠤᠨ ᠴᠡᠴᠡᠷᠯᠢᠭ᠂ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠮᠢᠩ ᠵᠦ ᠰᠤᠷᠭᠠᠭᠤᠯᠢ ᠶᠢᠨ ᠲᠣᠭᠤᠷᠢᠭ ᠢ ᠪᠠᠶᠢᠭᠤᠯᠵᠤ᠂ 4020 ᠡᠷᠳᠡᠮ ᠤᠨ ᠴᠣᠯᠠ ᠰᠢᠨ᠎ᠡ ᠪᠠᠷ ᠨᠡᠮᠡᠭᠳᠡᠭᠦᠯᠪᠡ᠃ ᠪᠠᠶᠠᠨᠨᠠᠭᠤᠷ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢ ᠢᠳᠡᠪᠬᠢᠲᠡᠶ ᠪᠠᠶᠢᠭᠤᠯᠵᠤ᠂ ᠪᠣᠷᠣᠲᠣᠬᠤᠶ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠮᠠᠰᠲ᠋ᠧᠷ ᠤᠨ ᠡᠷᠬᠡ | ᠣᠯᠭᠤᠬᠤ ᠴᠡᠭ ᠭᠤᠶᠤᠴᠢᠯᠠᠬᠤ ᠶᠢ ᠳᠡᠮᠵᠢᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠬᠢᠴᠢᠶᠡᠯ ᠰᠣᠩᠭᠤᠨ ᠠᠩᠭᠢ | ᠠᠯᠬᠤᠬᠤ ᠳᠤ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠨ᠎ᠡ᠃ ᠪᠠᠭᠰᠢ ᠡᠯᠰᠡᠬᠦ ᠡᠷᠴᠢᠮ ᠢᠶᠠᠨ ᠴᠢᠩᠭᠠᠷᠠᠭᠤᠯᠵᠤ᠂ ᠵᠢᠯ ᠤᠨ | ᠳᠣᠲᠣᠷ᠎ᠠ 718 ᠪᠠᠭᠰᠢ ᠡᠯᠰᠡᠪᠡ᠃ ᠡᠮᠴᠢᠯᠡᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠪᠡᠭᠡᠵᠢᠩ ᠤᠨ ᠬᠢᠲᠠᠳ ᠡᠮᠨᠡᠯᠭᠡ ᠶᠢᠨ | ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ᠠᠰᠢᠭᠯᠠᠯᠲᠠ ᠳᠤ ᠣᠷᠤᠭᠤᠯᠤᠭᠠᠳ᠂ 70% ᠠᠴᠠ ᠳᠡᠭᠡᠭᠰᠢᠬᠢ ᠰᠣᠮᠤ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶ ᠦᠢᠯᠡᠴᠢᠯᠡᠭᠡᠨ ᠤ ᠴᠢᠳᠠᠪᠤᠷᠢ ᠤᠯᠤᠰ ᠤᠨ | ᠦᠨᠳᠦᠰᠦᠨ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠢ᠃ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ | ᠪᠠᠩᠬᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠨᠳᠦᠰᠦᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠯᠠᠨ ᠡᠰᠢᠵᠢᠭᠰᠡᠨ ᠪᠡᠶᠡᠴᠢ | ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠬᠤ ᠨᠠᠰᠤᠵᠢᠯ ᠤᠨ ᠦᠢᠯᠡᠴᠢᠯᠡᠭᠡ ᠳᠤ ᠣᠷᠣᠯᠴᠠᠭᠤᠯᠤᠨ᠎ᠠ᠃ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠦᠢᠯᠡᠴᠢᠯᠡᠭᠡᠨ ᠤ | ᠶᠠᠰᠤ ᠴᠢᠨᠠᠷ ᠢ ᠵᠢᠷᠤᠮᠵᠢᠭᠤᠯᠤᠨ ᠳᠡᠭᠡᠭᠰᠢᠯᠡᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠤᠯᠠᠮᠵᠢᠯᠠᠨ ᠵᠠᠯᠭᠠᠮᠵᠢᠯᠠᠵᠤ᠂ ᠪᠣᠷᠣᠲᠣᠬᠤᠶ ᠶᠢᠨ ᠰᠣᠶᠣᠯ ᠤᠨ | ᠰᠤᠳᠤᠯᠤᠨ ᠲᠣᠳᠣᠷᠬᠠᠶᠢᠯᠠᠨ ᠥᠭᠦᠯᠡᠬᠦ᠂ ᠤᠬᠠᠭᠤᠯᠤᠨ ᠳᠡᠯᠭᠡᠷᠡᠭᠦᠯᠬᠦ᠂ ᠰᠣᠳᠣᠨ ᠪᠦᠲᠦᠭᠡᠯ ᠪᠦᠲᠦᠭᠡᠬᠦ᠂ ᠥᠪ ᠢ ᠬᠠᠮᠠᠭᠠᠯᠠᠬᠤ᠂ ᠰᠡᠳᠬᠢᠯ ᠢ ᠳᠤᠯᠠᠭᠠᠴᠠᠭᠤᠯᠤᠨ | ᠠᠷᠠᠳ ᠲᠤ ᠠᠰᠢᠭ ᠬᠦᠷᠲᠡᠭᠡᠬᠦ᠂ ᠰᠣᠶᠣᠯ ᠢ ᠠᠭᠤᠰᠤᠯᠴᠠᠭᠤᠯᠬᠤ ︽ᠵᠢᠷᠭᠤᠭᠠᠨ ᠶᠡᠭᠡ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠮᠤᠨᠢ ᠠᠭᠤᠯᠠ ᠶᠢᠨ | ᠬᠠᠳᠠᠨ ᠵᠢᠷᠤᠭ ᠤᠨ ᠲᠣᠭᠠᠵᠢᠭᠤᠯᠤᠨ ᠳᠡᠯᠭᠡᠨ ᠦᠵᠡᠭᠦᠯᠬᠦ ᠪᠠ ᠴᠢᠨ ᠬᠠᠨ ᠤᠯᠤᠰ ᠤᠨ ᠣᠷᠳᠣ ᠴᠠᠭᠠᠨ ᠬᠡᠷᠡᠮ ᠤᠨ ᠬᠠᠯᠬᠠᠪᠴᠢ ᠬᠤᠲᠠ ᠶᠢᠨ ᠬᠠᠮᠠᠭᠠᠯᠠᠯᠲᠠ ᠵᠡᠷᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ | ᠢᠨᠵᠧᠨᠧᠷᠢᠩ ᠢ ᠬᠡᠷᠡᠭᠵᠢᠭᠦᠯᠵᠦ᠂ ᠬᠠᠩᠭᠢᠨ ᠬᠤᠶᠢᠲᠤ ᠬᠤᠰᠢᠭᠤᠨ ᠤ ᠪᠡᠶ᠎ᠡ ᠶᠢᠨ ᠲᠠᠮᠢᠷ ᠤᠨ ᠴᠡᠴᠡᠷᠯᠢᠭ᠂ ᠯᠢᠨ ᠾᠧ ᠲᠣᠭᠤᠷᠢᠭ ᠤᠨ ᠪᠡᠶ᠎ᠡ ᠶᠢᠨ ᠲᠠᠮᠢᠷ ᠤᠨ | ᠴᠡᠴᠡᠷᠯᠢᠭ ᠢ ᠪᠠᠶᠢᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠰᠢᠶᠠᠩ ᠪᠠᠯᠭᠠᠰᠤᠨ ᠤ ᠲᠠᠰ ᠤᠨ ᠵᠢᠵᠢᠭ ᠬᠡᠯᠪᠡᠷᠢ ᠶᠢᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠢ ᠪᠦᠬᠦᠨ ᠢ ᠬᠠᠮᠤᠷᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠣᠯᠣᠳᠤᠭᠠᠷ ᠬᠤᠭᠤᠴᠠᠭᠠᠨ ᠤ ᠲᠡᠭᠡᠭᠡᠪᠦᠷᠢ︾ | ᠶᠢ ᠭᠤᠶᠤᠴᠢᠯᠠᠨ ᠡᠷᠬᠢᠯᠡᠬᠦ ᠠᠵᠢᠯ ᠢ ᠡᠬᠢᠯᠡᠭᠦᠯᠦᠨ᠎ᠡ᠃ | ︵ᠲᠦᠷᠪᠡ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠳᠤᠯᠤᠭ᠎ᠠ ᠶᠢ ᠵᠢᠱᠢᠶᠡᠴᠢ ᠪᠣᠯᠭᠠᠬᠤ︾ | ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠵᠦᠢᠯ ᠤᠨ ᠲᠥᠯᠥᠪᠯᠡᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠣᠷᠣᠨ ᠨᠤᠲᠤᠭ ᠤᠨ ᠥᠷᠢ | ᠥᠭᠴᠡᠭᠡ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ | ᠴᠢᠩᠭᠠᠷᠠᠭᠤᠯᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠷᠤᠮᠵᠢᠭᠤᠨ | ᠬᠥᠭᠵᠢᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ | ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ | ᠵᠠᠰᠠᠯᠲᠠ ᠶᠢ ᠴᠢᠩᠭᠠᠳᠬᠠᠨ᠎ᠠ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ | ᠤᠨᠲᠠᠷᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ | 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠲᠠᠭᠤ | ᠪᠡᠷᠬᠡ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ | ᠪᠦᠲᠦᠭᠡᠯᠴᠢ ᠪᠠᠷ ᠠᠵᠢᠯ ᠢᠶᠠᠨ ᠥᠷᠨᠢᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠶᠠᠨᠨᠠᠭᠤᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | | ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ︽2024 ᠣᠨ ᠤ ᠪᠠᠶᠠᠨᠨᠠᠭᠤᠷ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ︾ ᠶᠢᠨ ᠲᠠᠶᠢᠯᠤᠮᠵᠢ | | |