ᠰᠤᠷᠪᠤᠯᠵᠢᠯᠠᠬᠴᠢ ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠢᠶᠠᠷ ᠡᠨᠡ ᠡᠳᠦᠷ ︵7 ᠰᠠᠷ᠎ᠠ ᠶᠢᠨ 31 ᠤ ᠡᠳᠦᠷ︶ ᠡᠳ᠋ ᠤᠨ ᠵᠠᠰᠠᠭ ᠤᠨ ᠶᠠᠮᠤᠨ | ᠠᠴᠠ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ ᠰᠡᠷᠭᠡᠶᠢᠯᠡᠬᠦ ᠭᠠᠮᠰᠢᠭ ᠠᠴᠠ ᠠᠪᠤᠷᠠᠬᠤ 20.37 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠾᠧᠪᠧᠢ᠂ ᠱᠠᠨ ᠰᠢ᠂ ᠥᠪᠥᠷ ᠮᠣᠩᠭᠤᠯ᠂ ᠯᠢᠶᠣᠤᠨᠢᠩ᠂ ᠭᠢᠷᠢᠨ᠂ ᠬᠠᠷᠠᠮᠥ᠋ᠷᠡᠨ᠂ ᠵᠢᠶᠠᠩᠰᠤ᠂ ᠠᠨᠾᠦ᠋ᠢ᠂ ᠵᠢᠶᠠᠩᠰᠢ᠂ | ᠱᠠᠨᠳᠦ᠋ᠩ᠂ ᠾᠧᠨᠠᠨ᠂ ᠬᠤᠪᠧᠢ᠂ ᠬᠤᠨᠠᠨ᠂ ᠱᠠᠨᠰᠢ᠂ ᠭᠠᠨᠰᠤ ᠵᠡᠷᠭᠡ ᠭᠠᠵᠠᠷ ᠤᠨ ᠨᠠᠮᠤᠷ ᠤᠨ ᠠᠮᠤ ᠪᠤᠳᠠᠭᠠᠨ ᠤ ᠲᠠᠷᠢᠮᠠᠯ ᠤᠨ ︽ᠨᠢᠭᠡ ᠰᠦᠷᠴᠢᠯᠲᠡ ᠪᠠᠷ ᠣᠯᠠᠨ ᠲᠠᠯ᠎ᠠ | ᠶᠢ ᠠᠬᠢᠭᠤᠯᠬᠤ︾ ᠰᠦᠷᠴᠢᠯᠳᠡ ᠪᠠᠷ ᠪᠣᠷᠳᠣᠭᠤᠷ ᠤᠷᠤᠭᠤᠯᠬᠤ ᠠᠵᠢᠯ ᠢ ᠬᠡᠷᠡᠭᠵᠢᠭᠦᠯᠬᠦ ᠶᠢ ᠳᠡᠮᠵᠢᠪᠡ᠃ ᠡᠭᠦᠨ ᠳᠤ ᠥᠪᠥᠷ ᠮᠣᠩᠭᠤᠯ᠂ ᠯᠢᠶᠣᠤᠨᠢᠩ᠂ ᠭᠢᠷᠢᠨ᠂ | ᠬᠠᠷᠠᠮᠥ᠋ᠷᠡᠨ ᠵᠡᠷᠭᠡ 4 ᠮᠤᠵᠢ ︵ᠥᠪᠡᠷᠲᠡᠭᠡᠨ ᠵᠠᠰᠠᠬᠤ ᠣᠷᠣᠨ︶ ᠳᠤ 8.76 ᠳ᠋ᠦᠩᠰᠢᠭᠤᠷ ᠲᠥᠭᠦᠷᠢᠭ ᠪᠠᠭᠤᠯᠭᠠᠵᠤ᠂ ᠪᠦᠭᠦ ᠬᠡᠪᠴᠢᠶᠡᠨ ᠤ 43% ᠶᠢ ᠡᠵᠡᠯᠡᠪᠡ᠃ | ᠲᠥᠪ ᠤᠨ ᠡᠳ᠋ ᠤᠨ ᠵᠠᠰᠠᠭ ᠠᠴᠠ ᠡᠷᠳᠡᠨᠢ ᠰᠢᠰᠢ᠂ ᠰᠢᠷ᠎ᠠ ᠪᠤᠷᠴᠠᠭ᠂ ᠵᠤᠨ ᠤ ᠲᠤᠲᠤᠷᠭ᠎ᠠ ᠵᠡᠷᠭᠡ ᠭᠤᠣᠯ ᠪᠤᠯᠬᠤ ᠨᠠᠮᠤᠷ ᠤᠨ ᠠᠮᠤ ᠪᠤᠳᠠᠭᠠᠨ ᠤ ᠲᠠᠷᠢᠮᠠᠯ ᠳᠤ | ᠤᠷᠭᠤᠮᠠᠯ ᠤᠨ ᠤᠷᠭᠤᠯᠲᠠ ᠶᠢ ᠲᠣᠬᠢᠷᠠᠭᠤᠯᠬᠤ ᠡᠳ᠋᠂ ᠨᠠᠪᠴᠢᠨ ᠤ ᠪᠣᠷᠳᠣᠭᠤᠷ᠂ ᠰᠥᠷᠬᠦ ᠶᠢ ᠡᠰᠡᠷᠭᠦᠴᠡᠬᠦ ᠡᠳ᠋᠂ ᠪᠠᠺᠲ᠋ᠧᠷᠢ ᠠᠯᠠᠬᠤ ᠬᠤᠷᠣᠬᠠᠢ ᠠᠯᠠᠬᠤ ᠡᠳ᠋ ᠵᠡᠷᠭᠡ | ᠶᠢᠨ ᠰᠦᠷᠴᠢᠯᠳᠡ ᠳᠤ ᠭᠤᠣᠯᠳᠠᠯᠭ᠎ᠠ ᠲᠠᠢ ᠨᠥᠬᠦᠪᠦᠷᠢ ᠣᠯᠭᠤᠨ᠎ᠠ᠃ ᠲᠠᠷᠢᠶᠠᠴᠢᠳ ᠤᠨ ᠬᠤᠷᠰᠢᠶ᠎ᠠ᠂ ᠦᠢᠯᠡᠴᠢᠯᠡᠭᠡᠨ ᠤ ᠲᠤᠰᠬᠠᠢ ᠡᠷᠦᠭᠡ᠂ ᠲᠠᠷᠢᠶᠠᠯᠠᠩ ᠤᠨ | ᠦᠢᠯᠡᠴᠢᠯᠡᠭᠡᠨ ᠤ ᠲᠥᠷᠥᠯ ᠤᠨ ᠠᠵᠤ ᠠᠬᠤᠶᠢᠯᠠᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠠᠩᠭᠠᠨ ᠪᠣᠷᠣᠯᠠᠭᠤᠯᠬᠤ | ᠬᠤᠷᠰᠢᠶ᠎ᠠ ᠵᠡᠷᠭᠡ ᠨᠥᠬᠦᠴᠡᠯ ᠳᠤ ᠨᠡᠶᠢᠴᠡᠬᠦ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠳᠡᠮᠵᠢᠵᠦ᠂ ︽ᠨᠢᠭᠡᠳᠦᠯᠲᠡᠢ | ᠰᠡᠷᠭᠡᠶᠢᠯᠡᠨ ᠨᠢᠭᠡᠳᠦᠯᠲᠡᠢ ᠵᠠᠰᠠᠬᠤ︾ ᠠᠷᠭ᠎ᠠ ᠮᠠᠶ᠋ᠢᠭ ᠢᠶᠠᠷ ᠰᠦᠷᠴᠢᠯᠳᠡ ᠪᠠᠷ ᠪᠣᠷᠳᠣᠭᠤᠷ ᠤᠷᠤᠭᠤᠯᠬᠤ ᠠᠵᠢᠯ ᠢ ᠲᠦᠯᠬᠢᠨ ᠠᠬᠢᠭᠤᠯᠵᠤ᠂ ᠨᠠᠮᠤᠷ ᠤᠨ ᠠᠮᠤ | ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠂ ᠪᠦᠭᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠣᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ | ᠡᠳ᠋ ᠤᠨ ᠵᠠᠰᠠᠭ ᠤᠨ ᠶᠠᠮᠤᠨ ᠠᠴᠠ ᠬᠤᠯᠪᠣᠭᠳᠠᠯ ᠪᠦᠬᠦᠢ ᠭᠠᠵᠠᠷ ᠣᠷᠣᠨ ᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠᠨ ᠴᠢᠩᠭᠠᠳᠬᠠᠵᠤ᠂ ᠰᠦᠷᠴᠢᠯᠳᠡ ᠶᠢᠨ | ᠠᠵᠢᠯ ᠤᠨ ᠦᠷ᠎ᠡ ᠳ᠋ᠦᠩ ᠢ ᠢᠯᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ ᠭᠡᠵᠦ | ᠱᠠᠭᠠᠷᠳᠠᠪᠠ᠃ | | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ ᠰᠢᠯᠵᠢᠶ᠎ᠡ | | | | | |