7 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠰᠢᠶᠠᠩ ᠶᠠᠩ ᠳ᠋ᠦ᠋ ᠺᠸᠤ ᠪᠠᠯᠭᠠᠰᠤ᠂ ᠤᠰᠤᠨ ᠠᠰᠢᠭᠯᠠᠯᠲᠠ ᠶᠢᠨ | ᠲᠣᠪᠴᠢᠶ᠎ᠠ ᠶᠢ ᠳᠠᠭᠠᠭᠤᠯᠤᠨ ᠬᠠᠲᠤᠨ ᠭᠤᠤᠯ ᠤᠨ ᠳ᠋ᠧᠩᠺᠸᠤ ᠶᠢᠨ ᠬᠡᠰᠡᠭ ᠤᠨ ᠵᠡᠭᠦᠨ ᠭᠠᠵᠠᠷ ᠤᠨ ᠠᠶᠤᠯᠲᠠᠶ ᠪᠠᠷᠢᠯᠭ᠎ᠠ ᠶᠢᠨ ᠬᠡᠰᠡᠭ ᠤᠨ ᠡᠷᠭᠢ ᠳᠠᠭᠠᠤ ᠶᠢᠨ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠶᠤᠯᠲᠠᠶ ᠪᠠᠷᠢᠯᠭ᠎ᠠ ᠶᠢᠨ ᠬᠡᠰᠡᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ᠂ ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠤᠭᠰᠠᠨ᠂ ᠠᠶᠤᠯ ᠠᠴᠠ ᠠᠪᠤᠷᠠᠬᠤ ᠪᠣᠳᠠᠰ ᠤᠨ ᠨᠥᠭᠡᠴᠡᠯᠡᠯᠲᠡ᠂ ᠮᠠᠰᠢᠨ ᠤ | ᠨᠥᠭᠡᠴᠡ ᠵᠢᠴᠢ ᠦᠶᠡᠷ ᠤᠨ ᠬᠤᠭᠤᠴᠠᠭᠠᠨ ᠤ ᠵᠢᠵᠢᠭᠦᠷ ᠤᠨ ᠪᠠᠶᠢᠳᠠᠯ ᠢ ᠯᠠᠪᠯᠠᠨ ᠠᠰᠠᠭᠤᠪᠠ᠃ | ᠯᠢᠦ ᠰᠢᠶᠠᠩ ᠶᠠᠩ ᠵᠢᠭᠠᠵᠤ ᠭᠠᠷᠭᠠᠭᠰᠠᠨ ᠨᠢ᠂ ᠣᠳᠣ ᠪᠣᠯ ︽ᠳᠣᠯᠣᠭᠠᠨ ᠰᠠᠷ᠎ᠠ ᠶᠢᠨ ᠰᠡᠭᠦᠯᠴᠢ᠂ ᠨᠠᠢᠮᠠᠨ ᠰᠠᠷ᠎ᠠ ᠶᠢᠨ ᠡᠬᠢᠨ︾ ᠤ ᠵᠠᠩᠭᠢᠯᠠᠭ᠎ᠠ ᠶᠢᠨ | ᠬᠤᠭᠤᠴᠠᠭ᠎ᠠ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠬᠠᠰᠢᠯᠭ᠎ᠠ ᠶᠢᠨ ᠲᠣᠭᠤᠷᠢᠨ ᠪᠠᠶᠢᠴᠠᠭᠠᠬᠤ ᠳᠠᠪᠲᠠᠮᠵᠢ ᠶᠢ ᠨᠢᠭᠲᠠᠷᠠᠭᠤᠯᠵᠤ᠂ ᠭᠤᠤᠯᠳᠠᠯᠭ᠎ᠠ ᠲᠠᠢ | ᠬᠡᠰᠡᠭ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠪᠠᠨ ᠴᠢᠩᠭᠠᠳᠬᠠᠵᠤ᠂ ᠲᠦᠭᠰᠢᠭᠦᠷᠢᠲᠦ ᠪᠠᠶᠢᠳᠠᠯ ᠤᠨ ᠰᠢᠨᠵᠢ ᠲᠡᠮᠳᠡᠭ ᠢ ᠣᠯᠵᠤ ᠮᠡᠳᠡᠪᠡᠯ᠂ ᠳᠠᠷᠤᠶ | ᠲᠦᠷᠭᠡᠨ ᠵᠣᠬᠢᠶᠠᠨ ᠪᠠᠶᠢᠭᠤᠯᠤᠨ ᠠᠶᠤᠯ ᠠᠴᠠ ᠠᠪᠤᠷᠠᠬᠤ ᠶᠢ ᠵᠣᠬᠢᠶᠠᠨ ᠪᠠᠶᠢᠭᠤᠯᠵᠤ᠂ ᠲᠦᠭᠰᠢᠭᠦᠷᠢᠲᠦ ᠪᠠᠶᠢᠳᠠᠯ ᠢ ᠡᠷᠲᠡ᠂ ᠪᠠᠭ᠎ᠠ ᠳᠡᠭᠡᠷ᠎ᠡ ᠨᠢ ᠵᠠᠪᠳᠤᠬᠤ ᠶᠢ | ᠦᠨᠡᠨ ᠬᠦ ᠪᠠᠲᠤᠯᠠᠬᠤ ᠬᠡᠷᠡᠭᠲᠡᠶ᠃ | ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢ ᠬᠠᠲᠤᠨ ᠭᠤᠤᠯ ᠤᠨ ᠳᠡᠭᠡᠳᠦ ᠤᠷᠤᠰᠬᠠᠯ ᠤᠨ ᠤᠰᠤᠨ ᠤ ᠬᠤᠪᠢᠷᠠᠯᠲᠠ ᠨᠡᠯᠢᠶᠡᠳ ᠶᠡᠭᠡ ᠪᠠᠶᠢᠵᠤ᠂ | ᠬᠠᠲᠤᠨ ᠭᠤᠤᠯ ᠤᠨ ᠳ᠋ᠧᠩᠺᠸᠤ ᠶᠢᠨ ᠬᠡᠰᠡᠭ ᠲᠤ ᠠᠳᠠᠯᠢ ᠪᠤᠰᠤ ᠬᠡᠮᠵᠢᠶᠡᠨ ᠤ ᠡᠷᠭᠢ ᠮᠠᠯᠲᠠᠬᠤ ᠦᠵᠡᠭᠳᠡᠯ ᠭᠠᠷᠴᠤ᠂ ᠵᠡᠭᠦᠨ ᠭᠠᠵᠠᠷ ᠤᠨ ᠠᠶᠤᠯᠲᠠᠶ ᠪᠠᠷᠢᠯᠭ᠎ᠠ ᠶᠢᠨ | ᠬᠡᠰᠡᠭ ᠤᠨ ᠳᠡᠭᠡᠳᠦ ᠳᠣᠤᠷᠠᠳᠤ ᠤᠷᠤᠰᠬᠠᠯ ᠨᠡᠯᠢᠶᠡᠳ ᠬᠦᠨᠳᠦ ᠨᠣᠴᠢᠲᠠᠶ ᠪᠠᠶᠢᠵᠤ᠂ ᠬᠠᠰᠢᠯᠭ᠎ᠠ ᠶᠢᠨ ᠢᠷᠤᠭᠠᠯ ᠠᠴᠠ ᠬᠠᠮᠤᠭ ᠤᠨ ᠣᠶᠢᠷᠠᠬᠠᠨ ᠭᠠᠵᠠᠷ ᠲᠤ 190 | ᠮᠧᠲᠷ ᠵᠠᠶᠢᠲᠠᠶ ᠪᠣᠯᠵᠠᠶ᠃ ᠳ᠋ᠧᠩᠺᠸᠤ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠣᠨ ᠤᠭᠤᠲᠠ ᠣᠷᠣᠭᠤᠯᠵᠤ ᠡᠷᠭᠢ ᠶᠢ ᠬᠠᠮᠠᠭᠠᠯᠠᠬᠤ ᠠᠷᠭ᠎ᠠ ᠬᠡᠮᠵᠢᠶ᠎ᠡ | ᠠᠪᠴᠤ᠂ 1050 ᠲᠣᠨ ᠪᠣᠭᠤᠳᠠᠯᠯᠠᠵᠤ᠂ ᠡᠷᠭᠢ ᠬᠠᠮᠠᠭᠠᠯᠠᠬᠤ ᠣᠷᠳᠣ ᠨᠢ 300 ᠮᠧᠲᠷ ᠪᠠᠶᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠤᠯᠠᠮ ᠨᠢᠭᠡ ᠠᠯᠬᠤᠮ ᠪᠠᠲᠤᠯᠠᠪᠠ᠃ | | | | | | |