ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 4 ᠳ᠋ᠦ᠋ᠭᠡᠷ ᠲᠣᠭᠠᠲᠤ | | ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾᠂ ︽ᠪᠡᠯᠡᠳᠭᠡᠮᠵᠢᠳᠤ ᠮᠠᠯ ᠠᠵᠤ ᠠᠬᠤᠢ ᠶᠢᠨ | ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 2 ᠳ᠋ᠤᠭᠠᠷ ᠰᠠᠷ᠎ᠠ ᠶᠢᠨ 7 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ | ᠪᠥᠬᠦ ᠣᠷᠣᠨ ᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠬᠡᠪᠴᠢᠶ᠎ᠡ ᠪᠠᠭ᠎ᠠ᠂ ᠬᠠᠲᠠᠭᠤ ᠲᠤᠨᠤᠭ ᠪᠡᠯᠡᠳᠬᠡᠮᠵᠢ ᠠᠨᠠᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠯ ᠪᠠᠭᠤᠷᠠᠢ᠂ ᠡᠵᠡᠩᠨᠡᠯᠲᠡ ᠶᠢᠨ ᠦᠷ᠎ᠡ ᠠᠰᠢᠭ ᠳᠣᠣᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ | ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ ᠨᠡᠮᠡᠭᠳᠡᠭᠦᠯᠦᠭᠡᠳ 280 ᠲᠦᠮᠡ ᠮᠦ ᠠᠴᠠ ᠳᠡᠭᠡᠭᠰᠢ ᠪᠣᠯᠭᠠᠬᠤ᠂ 2030 ᠣᠨ ᠪᠣᠯᠬᠤ ᠳᠤ ᠣᠷᠣᠨ ᠪᠦᠰᠡ ᠶᠢᠨ | ᠪᠠᠶᠢᠷᠢᠰᠢᠭᠤᠯᠤᠯᠲᠠ ᠨᠠᠩ ᠵᠣᠬᠢᠰᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠨᠥᠬᠦᠴᠡᠯ ᠢᠯᠡᠳᠲᠡ ᠰᠠᠶᠢᠵᠢᠷᠠᠭᠰᠠᠨ᠂ | ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠨᠢ ᠲᠠᠰᠤᠷᠠᠯᠲᠠ ᠦᠭᠡᠢ ᠴᠢᠩᠭᠠᠷᠠᠭᠰᠠᠨ ᠣᠲᠣ ᠦᠶ᠎ᠡ ᠶᠢᠨ ᠪᠡᠯᠡᠳᠭᠡᠮᠵᠢᠳᠤ | ᠲᠠᠷᠢᠶᠠᠯᠠᠩ ᠤᠨ ᠰᠢᠨ᠎ᠡ ᠪᠠᠶᠢᠷᠢᠰᠢᠯ ᠢ ᠴᠣᠭᠴᠠᠯᠠᠬᠤ ᠶᠢ ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ | ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠪᠡᠯᠡᠳᠭᠡᠮᠵᠢᠳᠤ ᠲᠠᠷᠢᠶᠠᠯᠠᠩ ᠢ ᠬᠡᠪᠵᠢᠶᠡᠵᠢᠭᠦᠯᠦᠨ ᠬᠥᠭᠵᠢᠭᠦᠯᠬᠦ ᠶᠢ ᠳᠡᠮᠵᠢᠨ᠎ᠡ | ᠬᠤᠲᠠ ᠶᠢᠨ ᠡᠷᠬᠢᠨ ᠲᠣᠭᠤᠷᠢᠨ ᠤ ︽ᠢᠳᠡᠰᠢᠨ ᠨᠣᠭᠤᠭ᠎ᠠ︾ ᠶᠢᠨ ᠰᠠᠭᠤᠷᠢᠨ ᠭᠠᠵᠠᠷ ᠪᠠ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠳᠠᠪᠠᠭᠤᠯᠢᠭ | ᠣᠷᠣᠨ ᠳᠤ᠂ ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠵᠦ᠂ ᠡᠩ ᠤᠨ ᠨᠠᠷᠠᠨ | ᠬᠦᠯᠡᠮᠵᠢ ᠶᠢ 500 ᠮᠦ ᠠᠴᠠ ᠳᠡᠭᠡᠭᠰᠢ᠂ ᠰᠦᠯᠢᠶᠥᠦ ᠬᠦᠢᠲᠡᠨ ᠪᠦᠷᠭᠡ ᠶᠢ 1000 ᠮᠦ ᠠᠴᠠ ᠳᠡᠭᠡᠭᠰᠢ᠂ ᠲᠠᠩ ᠴᠣᠭᠴᠠᠲᠤ ᠣᠶᠤᠨᠴᠢ ᠬᠦᠯᠡᠮᠵᠢ ᠶᠢ 50 | ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠵᠢᠴᠢ 1000 ᠮᠦ ᠠᠴᠠ ᠳᠡᠭᠡᠭᠰᠢ ᠡᠩ ᠤᠨ ᠨᠠᠷᠠᠨ ᠬᠦᠯᠡᠮᠵᠢ ᠶᠢ ᠲᠥᠪᠯᠡᠷᠡᠭᠦᠯᠦᠨ ᠵᠠᠯᠭᠠᠯᠳᠤᠭᠤᠯᠵᠤ ᠥᠭᠡᠷᠡᠴᠢᠯᠡᠨ | ᠰᠢᠨᠡᠳᠬᠡᠵᠦ᠂ ᠰᠢᠨ᠎ᠡ ᠪᠠᠷ ᠪᠠᠶᠢᠭᠤᠯᠬᠤ ᠳᠤ ᠡᠩ ᠤᠨ ᠨᠠᠷᠠᠨ ᠬᠦᠯᠡᠮᠵᠢ ᠮᠦ ᠪᠦᠷᠢ 20000 ᠲᠥᠭᠦᠷᠢᠭ᠂ ᠰᠦᠯᠢᠶᠥᠦ ᠬᠦᠢᠲᠡᠨ ᠪᠦᠷᠭᠡ ᠮᠦ ᠪᠦᠷᠢ 2000 | ᠲᠥᠭᠦᠷᠢᠭ᠂ ᠣᠶᠤᠨᠴᠢ ᠬᠦᠯᠡᠮᠵᠢ ᠲᠡᠭᠰᠢ ᠳᠥᠷᠪᠡᠯᠵᠢᠨ ᠮᠧᠳ᠋ᠷ ᠪᠦᠷᠢ 100 ᠲᠥᠭᠦᠷᠢᠭ᠂ ᠥᠭᠡᠷᠡᠴᠢᠯᠡᠵᠦ ᠰᠢᠨᠡᠳᠬᠡᠨ ᠰᠠᠶᠢᠵᠢᠷᠠᠭᠤᠯᠬᠤ ᠡᠩ ᠤᠨ ᠨᠡᠷᠡᠨ | ᠬᠦᠯᠡᠮᠵᠢ ᠮᠦ ᠪᠦᠷᠢ 10000 ᠲᠥᠭᠦᠷᠢᠭ ᠤᠨ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠳᠤ ᠨᠡᠮᠡᠭᠦᠷᠢ ᠣᠯᠭᠤᠨ᠎ᠠ᠃ ᠮᠢᠩᠭᠠᠨ | ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠪᠥᠭᠡᠳ ᠲᠥᠪᠯᠡᠷᠡᠭᠦᠯᠦᠨ ᠵᠠᠯᠭᠠᠯᠳᠤᠭᠤᠯᠤᠭᠰᠠᠨ ᠨᠢ ᠲᠦᠮᠡᠨ ᠮᠦ ᠠᠴᠠ | ᠳᠡᠭᠡᠭᠰᠢ ᠳᠤ ᠬᠦᠷᠦᠭᠰᠡᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ 500 | ᠲᠦᠮᠡᠨ ᠲᠥᠭᠦᠷᠢᠭ ᠱᠠᠩᠨᠠᠵᠤ᠂ 2000 ᠮᠦ ᠨᠡᠮᠡᠭᠳᠡᠭᠦᠯᠬᠦ ᠪᠦᠷᠢ ᠳᠠᠬᠢᠵᠤ 100 ᠲᠦᠮᠡᠨ ᠲᠥᠭᠦᠷᠢᠭ ᠱᠠᠩᠨᠠᠵᠤ᠂ ᠬᠠᠮᠤᠭ ᠤᠨ ᠥᠨᠳᠥᠷ ᠲᠤ ᠪᠠᠨ 1000 | ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠶᠢᠯᠭᠠᠵᠤ᠂ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠵᠣᠷᠢᠭᠵᠢᠭᠤᠯᠤᠨ᠂ ᠱᠠᠩᠨᠠᠯ ᠤᠨ ᠪᠡᠯᠡ | ᠮᠥᠩᠭᠦ ᠶᠢ ᠬᠡᠪᠴᠢᠶ᠎ᠡ ᠪᠠᠨ ᠥᠷᠭᠡᠳᠬᠡᠬᠦ ᠪᠠ ᠰᠠᠶᠢᠵᠢᠷᠠᠭᠤᠯᠤᠨ ᠥᠭᠡᠷᠡᠴᠢᠯᠡᠵᠦ ᠰᠢᠨᠡᠳᠬᠡᠬᠦ ᠵᠢᠴᠢ ᠦᠷ᠎ᠡ ᠴᠢᠬᠢ ᠨᠥᠬᠦᠵᠦ ᠪᠤᠶᠢᠵᠢᠭᠤᠯᠬᠤ᠂ ᠣᠶᠤᠨᠴᠢᠯᠠᠨ | ᠡᠵᠡᠮᠳᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠥᠮᠥᠷᠭᠡᠯᠡᠨ ᠬᠠᠳᠠᠭᠠᠯᠠᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠲᠤᠰᠬᠠᠢ ᠵᠠᠬ᠎ᠠ ᠳᠡᠯᠭᠡᠭᠦᠷ ᠵᠡᠷᠭᠡ ᠠᠵᠤ | ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠦᠷᠢᠯᠡᠬᠦ ᠳᠤ ᠭᠤᠣᠯᠳᠠᠯᠭ᠎ᠠ ᠲᠠᠢ ᠬᠡᠷᠡᠭᠯᠡᠵᠦ᠂ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠬᠠᠮᠵᠢᠯᠴᠠᠨ᠎ᠠ﹈ | ᠬᠤᠶᠠᠷ᠂ ᠲᠠᠷᠢᠶᠠᠯᠠᠩ ᠤᠨ ᠪᠡᠯᠡᠳᠬᠡᠮᠵᠢ ᠶᠢᠨ ᠥᠮᠴᠢᠯᠡᠯ ᠤᠨ ᠡᠷᠬᠡ ᠶᠢᠨ ᠪᠡᠯᠡ ᠲᠣᠬᠢᠷᠠᠭᠤᠯᠭ᠎ᠠ ᠶᠢᠨ ᠡᠷᠬᠡ ᠴᠢᠳᠠᠪᠬᠢ ᠶᠢ ᠳᠡᠭᠡᠭᠰᠢᠯᠡᠭᠦᠯᠦᠨ᠎ᠡ | ᠪᠥᠬᠦ ᠣᠷᠣᠨ ᠤ ᠬᠡᠪᠴᠢᠶᠡᠨ ᠳᠤ ᠲᠠᠷᠢᠶᠠᠯᠠᠩ ᠤᠨ ᠪᠡᠯᠡᠳᠬᠡᠮᠵᠢ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠶᠢ ᠬᠡᠷᠡᠭᠵᠢᠭᠦᠯᠵᠦ᠂ ᠦᠨᠡᠮᠯᠡᠯ | ᠣᠯᠭᠤᠬᠤ ᠶᠢᠨ ᠣᠨᠣᠪᠴᠢ ᠶᠢᠨ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠲᠠᠷᠢᠶᠠᠯᠠᠩ ᠤᠨ | ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠦᠨᠡᠮᠯᠡᠯ᠂ ᠡᠵᠡᠩᠨᠡᠯᠲᠡ ᠶᠢᠨ ᠡᠷᠬᠡ ᠶᠢᠨ ᠦᠨᠡᠮᠯᠡᠯ ᠵᠡᠷᠭᠡ ᠶᠢᠨ ᠪᠠᠷᠢᠴᠠᠭᠠᠲᠤ ᠵᠢᠭᠡᠯᠡᠯᠭᠡ ᠶᠢ ᠰᠢᠨ᠎ᠡ ᠡᠭᠦᠳᠦᠯᠲᠡ ᠲᠠᠢ ᠪᠠᠷ | ᠥᠷᠨᠢᠭᠦᠯᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ﹈ | ᠭᠤᠷᠪᠠ᠂ ᠮᠥᠩᠭᠦᠨ ᠭᠦᠢᠯᠭᠡᠭᠡᠨ ᠤ ᠳᠡᠮᠵᠢᠯᠭᠡ ᠳᠤ ᠰᠢᠨ᠎ᠡ ᠶᠢ ᠡᠭᠦᠳᠦᠨ᠎ᠡ | ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠤᠨ ᠵᠢᠭᠡᠯᠡᠯᠭᠡ ᠳᠤ ᠳᠡᠮ ᠬᠦᠦ ᠮᠥᠩᠭᠦ ᠶᠢᠨ ᠳᠡᠮᠵᠢᠯᠭᠡ ᠶᠢ | ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠦ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ | ᠡᠳ᠋ ᠤᠨ ᠵᠠᠰᠠᠭ ᠠᠴᠠ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠥᠭᠬᠦ ᠳᠠᠮ ᠬᠦᠦ | ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠦᠭᠡᠢ ᠮᠥᠷᠲᠡᠭᠡᠨ ᠵᠢᠭᠡᠯᠡᠯᠭᠡ ᠶᠢᠨ | ᠬᠦᠦ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠢ ᠬᠦᠦ ᠮᠥᠩᠭᠦᠨ ᠤ ᠨᠣᠷᠮ᠎ᠠ ᠨᠢ LPR ᠠᠴᠠ ᠳᠣᠣᠷ᠎ᠠ ᠪᠠᠶᠢᠬᠤ ᠶᠢ ᠨᠢ ᠪᠣᠳᠠᠲᠠᠢ ᠬᠦᠦ | ᠮᠥᠩᠭᠦᠨ ᠤ ᠨᠤᠷᠮ᠎ᠠ ᠪᠠᠷ ᠨᠢ ᠪᠤᠳᠤᠨ᠎ᠠ︶ ᠪᠠᠶᠢᠯᠭᠠᠨ᠎ᠠ᠃ ᠪᠡᠯᠡᠳᠭᠡᠮᠵᠢᠲᠦ ᠲᠠᠷᠢᠶᠠᠯᠠᠩ ᠤᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ 1% ᠠᠴᠠ | ᠥᠨᠳᠥᠷ ᠪᠠᠶᠢᠯᠭᠠᠬᠤ ᠦᠭᠡᠢ᠃ ᠪᠡᠯᠡᠳᠭᠡᠮᠵᠢᠳᠤ ᠲᠠᠷᠢᠶᠠᠯᠠᠩ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠵᠦ᠂ ᠨᠥᠬᠦᠴᠡᠯ ᠪᠦᠷᠢᠳᠦᠭᠦᠯᠦᠭᠰᠡᠨ | ᠭᠠᠵᠠᠷ ᠣᠷᠣᠨ ᠳᠤ ᠳᠠᠭᠠᠳᠬᠠᠯ ᠤᠨ ᠨᠡᠶᠢᠳᠡᠮ ᠬᠠᠮᠤᠷᠤᠯᠲᠠ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠢᠯᠭᠠᠪᠤᠷᠢᠯᠠᠨ ᠨᠡᠮᠡᠭᠦᠷᠢ ᠣᠯᠭᠤᠬᠤ ᠲᠥᠷᠥ ᠶᠢᠨ | ᠪᠣᠳᠣᠯᠭ᠎ᠠ ᠶᠢ ᠨᠡᠶᠢᠲᠡᠯᠡᠨ᠎ᠡ᠃ ﹇ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ | ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ﹈ | ᠳᠥᠷᠪᠡ᠂ ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠᠨ ᠴᠢᠩᠭᠠᠳᠬᠠᠨ᠎ᠠ | ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠵᠠᠭᠪᠤᠷ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠷᠴᠢᠨ ᠲᠣᠭᠤᠷᠢᠨ ᠤ ᠣᠶᠤᠨᠴᠢ ᠬᠠᠮᠢᠶᠠᠷᠤᠯᠲᠠ᠂ ᠭᠤᠪᠢ ᠶᠢᠨ | ᠪᠡᠯᠡᠳᠭᠡᠮᠵᠢᠲᠦ ᠲᠠᠷᠢᠶᠠᠯᠠᠩ᠂ ᠬᠠᠭᠤᠴᠢᠨ ᠬᠦᠯᠡᠮᠵᠢ ᠶᠢ ᠥᠭᠡᠷᠡᠴᠢᠯᠡᠨ ᠰᠢᠨᠡᠳᠬᠡᠵᠦ ᠰᠠᠶᠢᠵᠢᠷᠠᠭᠤᠯᠬᠤ ᠵᠡᠷᠭᠡ ᠰᠢᠨ᠎ᠡ ᠵᠠᠭᠪᠤᠷ᠂ ᠰᠢᠨ᠎ᠡ ᠮᠠᠲ᠋ᠧᠷᠢᠶᠠᠯ᠂ ᠰᠢᠨ᠎ᠡ | ᠮᠡᠷᠭᠡᠵᠢᠯ ᠢ ᠰᠤᠳᠤᠯᠤᠨ ᠰᠢᠨ᠎ᠡ ᠶᠢ ᠡᠭᠦᠳᠬᠦ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ | ᠨᠢᠭᠡᠴᠢ ᠪᠤᠶᠤ ᠠᠵᠤ ᠠᠬᠤᠶᠢᠯᠠᠯ ᠳᠤ ᠲᠦᠰᠢᠭᠯᠡᠨ ᠪᠡᠯᠡᠳᠭᠡᠮᠵᠢᠳᠤ ᠲᠠᠷᠢᠶᠠᠯᠠᠩ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ | ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ ᠤᠨ ᠲᠠᠯ᠎ᠠ ᠪᠠᠷ ᠬᠢ ᠨᠤᠲᠤᠭ ᠣᠷᠣᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ | ᠴᠢᠩᠭᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠮᠧᠬᠠᠨᠢᠭᠵᠢᠭᠤᠯᠬᠤ ᠳᠤ ᠲᠣᠬᠢᠷᠠᠮᠵᠢᠲᠠᠢ ᠪᠣᠯᠭᠠᠬᠤ ᠲᠠᠯ᠎ᠠ ᠳᠠᠬᠢ ᠳᠤᠲᠠᠭᠤᠳᠠᠯ ᠪᠠ ᠪᠠᠭᠤᠷᠠᠢ ᠲᠠᠯ᠎ᠠ ᠳᠤ | ᠴᠢᠭᠯᠡᠭᠦᠯᠦᠨ᠂ ᠨᠠᠩ ᠣᠯᠠᠨ ᠪᠡᠯᠡᠳᠭᠡᠮᠵᠢᠳᠤ ᠲᠠᠷᠢᠶᠠᠯᠠᠩ ᠤᠨ ᠮᠧᠬᠠᠨᠢᠭᠵᠢᠭᠤᠯᠤᠭᠰᠠᠨ ᠲᠣᠨᠤᠭ ᠲᠥᠬᠦᠭᠡᠷᠦᠮᠵᠢ ᠶᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠡᠮᠡᠭᠦᠷᠢ ᠶᠢᠨ ᠬᠡᠪᠴᠢᠶᠡᠨ ᠳᠤ ᠣᠷᠣᠭᠤᠯᠤᠨ᠎ᠠ᠃ ᠢᠳᠡᠰᠢᠨ ᠨᠣᠭᠤᠭ᠎ᠠ᠂ ᠭᠤᠸ᠎ᠠ ᠵᠢᠮᠢᠰ ᠵᠡᠷᠭᠡ ᠶᠢᠨ ᠰᠢᠨ᠎ᠡ ᠡᠭᠦᠯᠳᠡᠷ ᠢ ᠡᠮᠦᠨ᠎ᠡ ᠣᠷᠣᠨ ᠳᠤ ᠦᠷᠡᠵᠢᠭᠦᠯᠵᠦ | ᠰᠣᠩᠭᠤᠨ ᠪᠤᠶᠢᠵᠢᠭᠤᠯᠬᠤ ᠲᠠᠢ ᠬᠠᠮᠢᠶᠠᠳᠤᠭᠰᠠᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ﹇ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ﹈ | ᠲᠠᠪᠤ᠂ ᠬᠦᠷᠢᠶᠡᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ | ᠲᠠᠷᠢᠶᠠᠴᠢᠳ ᠤᠨ ᠭᠡᠷ ᠪᠠᠶᠢᠰᠢᠩ ᠤᠨ ᠢᠶᠠᠨ ᠡᠮᠦᠨ᠎ᠡ ᠠᠷᠤ ᠵᠡᠷᠭᠡ ᠳᠤ ᠰᠤᠯᠠ ᠲᠠᠯᠪᠢᠭᠳᠠᠵᠤ ᠪᠠᠶᠢᠭ᠎ᠠ ᠬᠦᠷᠢᠶ᠎ᠡ ᠬᠠᠰᠢᠶᠠᠨ ᠤ ᠣᠷᠣᠨ ᠵᠠᠢ ᠪᠠᠨ ᠠᠰᠢᠭᠯᠠᠨ᠂ | ᠪᠡᠯᠡᠳᠬᠡᠮᠵᠢᠲᠦ ᠲᠠᠷᠢᠮᠠᠯ ᠵᠢᠴᠢ ᠪᠡᠯᠡᠳᠭᠡᠮᠵᠢᠭᠦᠯᠵᠦ ᠲᠥᠪᠯᠡᠷᠡᠭᠦᠯᠦᠭᠰᠡᠨ ᠭᠡᠷ ᠪᠦᠯᠢ ᠶᠢᠨ ᠦᠢᠯᠡᠳᠪᠦᠷᠢ᠂ ᠭᠠᠷ ᠦᠢᠯᠡᠳᠬᠡᠯ ᠤᠨ ᠭᠠᠵᠠᠷ᠂ ᠣᠨᠴᠠᠯᠢᠭᠲᠤ ᠰᠣᠶᠣᠯ | ᠡᠭᠦᠳᠦᠯᠲᠡ ᠶᠢᠨ ᠪᠦᠲᠦᠭᠡᠭᠳᠡᠬᠦᠨ ᠤ ᠬᠦᠷᠢᠶᠡᠯᠡᠩ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠬᠥᠭᠵᠢᠭᠦᠯᠬᠦ ᠶᠢ ᠨᠢ ᠵᠣᠷᠢᠭᠵᠢᠭᠤᠯᠤᠨ᠎ᠠ᠃ | ᠪᠥᠬᠦ ᠣᠷᠣᠨ ᠳᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠣᠷᠣᠨ ᠲᠠᠷᠬᠠᠯᠲᠠ ᠪᠠᠷ᠂ ᠪᠦᠬᠦ ᠲᠣᠰᠬᠤᠨ ᠢᠶᠠᠷ ᠢᠶᠠᠨ ᠬᠦᠷᠢᠶᠡᠨ ᠠᠵᠤ ᠠᠬᠤᠢ ᠶᠢ | ᠬᠥᠭᠵᠢᠭᠦᠯᠦᠭᠰᠡᠨ ᠵᠢᠱᠢᠶ᠎ᠡ ᠦᠵᠡᠭᠦᠯᠬᠦ ᠲᠤᠰᠬᠤᠨ ᠢ ᠵᠢᠯ ᠪᠦᠷᠢ 150 ᠰᠢᠯᠢᠳᠡᠭᠴᠢᠯᠡᠨ ᠰᠣᠩᠭᠤᠵᠤ᠂ ᠪᠦᠬᠦ ᠲᠣᠰᠬᠤᠨ ᠪᠤᠶᠤ ᠪᠦᠬᠦ ᠰᠢᠶᠠᠩ ᠢᠶᠠᠷ ᠨᠢᠭᠡᠴᠢ | ᠪᠣᠯᠭᠠᠵᠤ ᠲᠥᠷᠥᠯ ᠵᠦᠢᠯ ᠤᠨ ᠬᠠᠮᠢᠶᠠᠷᠤᠯᠲᠠ ᠶᠣᠰᠣᠭᠠᠷ ᠲᠡᠳᠬᠦᠨ ᠳᠡᠮᠵᠢᠬᠦ ᠪᠡᠯᠡ ᠮᠥᠩᠭᠦ ᠭᠤᠶᠤᠴᠢᠯᠠᠨ ᠮᠡᠳᠡᠭᠦᠯᠵᠦ᠂ ᠣᠨᠴᠠᠯᠢᠭᠲᠤ ᠲᠠᠷᠢᠮᠠᠯ᠂ ᠰᠡᠯᠡᠭᠦᠴᠡᠯ | ᠵᠤᠭᠠᠴᠠᠯ᠂ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡ᠂ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠲᠥᠷᠥᠯ ᠬᠡᠯᠪᠡᠷᠢ ᠶᠢᠨ ᠬᠦᠷᠢᠶᠡᠨ ᠠᠵᠤ | ᠠᠬᠤᠢ ᠶᠢ ᠳᠡᠮᠵᠢᠨ ᠬᠥᠭᠵᠢᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ ᠬᠠᠷᠢᠭᠤᠴᠠᠨ᠎ᠠ﹈ | ᠵᠢᠷᠭᠤᠭ᠎ᠠ᠂ ᠪᠡᠯᠡᠳᠭᠡᠮᠵᠢᠳᠤ ᠲᠠᠷᠢᠶᠠᠯᠠᠩ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ | ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠣᠷᠣᠨ ᠪᠦᠰᠡ ᠶᠢᠨ | ᠪᠡᠯᠡᠳᠬᠡᠮᠵᠢ ᠶᠢᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠪᠡᠯᠡᠳᠬᠡᠮᠵᠢᠲᠦ ᠴᠡᠴᠡᠭ ᠡᠪᠡᠰᠦ᠂ ᠭᠤᠸ᠎ᠠ ᠵᠢᠮᠢᠰ᠂ ᠡᠮ ᠤᠨ ᠮᠠᠲ᠋ᠧᠷᠢᠶᠠᠯ᠂ | ᠵᠤᠯᠵᠠᠭ᠎ᠠ ᠮᠣᠳᠣ᠂ ᠢᠳᠡᠰᠢᠨ ᠮᠥᠭᠦ ᠵᠡᠷᠭᠡ ᠥᠨᠳᠥᠷ ᠨᠡᠮᠡᠯᠲᠡ ᠥᠷᠲᠡᠭ ᠪᠦᠬᠦᠢ ᠣᠨᠴᠠᠯᠢᠭᠲᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠦᠨ᠎ᠡ᠃ | ᠪᠡᠯᠡᠳᠭᠡᠮᠵᠢᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨ ᠤ ᠥᠨᠳᠥᠷ ᠪᠦᠲᠦᠮᠵᠢᠲᠡᠶ ᠲᠠᠷᠢᠵᠤ ᠤᠷᠭᠤᠭᠤᠯᠬᠤ᠂ | ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠵᠡᠷᠭᠡ ᠪᠠᠷᠢᠮᠵᠢᠶᠠᠵᠢᠭᠤᠯᠤᠭᠰᠠᠨ ᠪᠥᠭᠡᠳ ᠨᠡᠶᠢᠭᠡᠮᠴᠢᠯᠡᠭᠰᠡᠨ | ᠦᠢᠯᠡᠴᠢᠯᠡᠭᠡ ᠬᠠᠩᠭᠠᠬᠤ ᠶᠢ ᠨᠢ ᠵᠣᠷᠢᠭᠵᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠵᠢᠯᠴᠠᠨ᠎ᠠ﹈ | ᠳᠣᠯᠤᠭ᠎ᠠ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ | ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶᠠᠨ ᠤ | ᠣᠷᠣᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠪᠡᠯᠡ ᠮᠥᠩᠭᠦ ᠵᠡᠷᠭᠡ ᠪᠠᠷ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ | ᠤᠷᠢᠳ ᠢᠶᠠᠷ ᠳᠡᠮᠵᠢᠨ᠎ᠡ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ ᠬᠤᠵᠢᠷᠯᠢᠭ ᠠᠲᠠᠷ ᠭᠠᠵᠠᠷ ᠵᠡᠷᠭᠡ ᠣᠷᠣᠨ ᠪᠦᠰᠡ ᠳᠤ ᠪᠡᠯᠡᠳᠭᠡᠮᠵᠢᠳᠤ ᠲᠠᠷᠢᠶᠠᠯᠠᠩ ᠢ | ᠬᠥᠭᠵᠢᠭᠦᠯᠬᠦ ᠶᠢ ᠳᠡᠮᠵᠢᠨ᠎ᠡ᠃ ︽ᠤᠰᠤ ᠪᠠᠷ ᠭᠠᠵᠠᠷ ᠢ ᠲᠣᠭᠲᠠᠭᠠᠬᠤ︾ ᠤᠷᠢᠲᠠᠯ ᠳᠣᠣᠷ᠎ᠠ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠤᠰᠤ ᠶᠢ ᠪᠠᠲᠤᠯᠠᠨ᠎ᠠ᠃ | ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠪᠣᠬᠢᠷᠲᠤᠯ ᠦᠭᠡᠢ ᠡᠷᠭᠢᠯᠳᠦᠨ ᠬᠥᠭᠵᠢᠬᠦ ᠶᠢ ᠳᠡᠮᠵᠢᠵᠦ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠢ | ᠠᠰᠢᠭᠯᠠᠨ ᠳᠤᠯᠠᠭᠠᠯᠠᠨ ᠬᠡᠷᠡᠯᠲᠦᠭᠦᠯᠬᠦ᠂ ᠭᠠᠵᠠᠷ ᠤᠨ ᠢᠯᠴᠢ ᠪᠠ ᠠᠵᠤ ᠦᠢᠯᠡᠳᠪᠦᠷᠢ ᠶᠢᠨ ᠬᠠᠶᠠᠭᠳᠠᠮᠠᠯ ᠢᠯᠴᠢ᠂ ᠬᠠᠶᠠᠭᠳᠠᠮᠠᠯ ᠬᠡᠢ ︵ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ︶ ᠵᠡᠷᠭᠡ ᠶᠢ ᠭᠦᠢᠴᠡᠳ ᠠᠰᠢᠭᠯᠠᠨ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠳᠤ ᠳᠠᠬᠢᠨᠲᠠ ᠠᠰᠢᠭᠯᠠᠬᠤ ᠶᠢ ᠵᠣᠷᠢᠭᠵᠢᠭᠤᠯᠤᠨ᠎ᠠ᠃ ﹇ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ | ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ﹈ | ᠡᠯ᠎ᠡ ᠭᠠᠵᠠᠷ ᠣᠷᠣᠨ ᠨᠢ ︽ᠢᠳᠡᠰᠢᠨ ᠨᠣᠭᠤᠭ᠎ᠠ︾ ᠶᠢᠨ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ | ᠪᠡᠯᠡᠳᠭᠡᠮᠵᠢᠳᠤ ᠲᠠᠷᠢᠶᠠᠯᠠᠩ ᠢ ᠢᠳᠡᠪᠬᠢᠲᠡᠢ ᠪᠠᠷ ᠬᠥᠭᠵᠢᠭᠦᠯᠦᠨ᠂ ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠢ ᠳᠡᠮᠵᠢᠯᠭᠡ ᠶᠢᠨ ᠪᠡᠯᠡ ᠮᠥᠩᠭᠦ ᠶᠢ ᠴᠥᠮ | ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ | ᠳᠠᠷᠠᠭᠠᠯᠠᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠴᠦ᠂ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠢ ᠬᠡᠷᠡᠭᠵᠢᠭᠦᠯᠬᠦ ᠨᠠᠷᠢᠨ | ᠳᠦᠷᠢᠮ ᠲᠣᠭᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ ᠠᠭᠤᠯᠭ᠎ᠠ᠂ ᠰᠢᠯᠭᠠᠨ ᠬᠢᠨᠠᠵᠤ | ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ | ᠪᠡᠯᠡᠳᠬᠡᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ | ᠪᠦᠬᠦ ᠣᠷᠣᠨ ᠤ ᠪᠡᠯᠡᠳᠬᠡᠮᠵᠢᠲᠦ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠦᠳᠦᠭᠦᠯᠢᠭ᠂ ᠪᠣᠷᠳᠣᠭᠰᠠᠨ ᠬᠤᠪᠢ ᠶᠢᠨ ᠵᠢᠩ ᠬᠠᠷᠢᠴᠠᠩᠭᠤᠢ | ᠳᠣᠣᠷ᠎ᠠ᠂ ᠡᠵᠡᠩᠨᠡᠯᠲᠡ ᠶᠢᠨ ᠦᠷ᠎ᠡ ᠠᠰᠢᠭ ᠥᠨᠳᠥᠷ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠮᠠᠯ ᠵᠢᠭᠦᠷᠲᠡᠨ ᠢ ᠲᠡᠵᠢᠭᠡᠨ | ᠦᠷᠡᠵᠢᠭᠦᠯᠦᠭᠰᠡᠨ ᠬᠡᠪᠴᠢᠶᠡᠵᠢᠯ ᠤᠨ ᠨᠣᠷᠮ᠎ᠠ ᠶᠢ 78% ᠠᠴᠠ ᠳᠡᠭᠡᠭᠰᠢ ᠳᠤ ᠬᠦᠷᠦᠭᠦᠯᠦᠨ᠂ ᠣᠳᠣ ᠦᠶ᠎ᠡ ᠶᠢᠨ ᠪᠡᠯᠡᠳᠬᠡᠮᠵᠢᠲᠦ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠦᠷ᠎ᠡ ᠪᠦᠲᠦᠮᠵᠢ᠂ ᠭᠠᠷᠤᠯᠲᠠ ᠶᠢᠨ ᠶᠠᠰᠤ ᠴᠢᠨᠠᠷ ᠪᠠ ᠳᠠᠶᠢᠴᠢᠯᠠᠬᠤ ᠦᠢᠯᠡᠳᠦᠯ ᠤᠨ ᠢᠯᠡᠷᠬᠡᠢ ᠳᠡᠭᠡᠭᠰᠢᠯᠡᠬᠦ ᠶᠢ ᠴᠢᠷᠮᠠᠶᠢᠨ ᠪᠡᠶᠡᠯᠡᠭᠦᠯᠬᠦ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠪᠡᠯᠡᠳᠭᠡᠮᠵᠢᠳᠤ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ | ᠬᠠᠰᠢᠶᠠᠯᠠᠨ ᠲᠡᠵᠢᠭᠡᠬᠦ ᠶᠢ ᠶᠡᠭᠡ ᠪᠠᠷ ᠠᠬᠢᠭᠤᠯᠵᠤ᠂ ᠵᠢᠯ ᠳᠤ ᠪᠣᠳᠠᠲᠠᠢ ᠲᠡᠵᠢᠭᠡᠯ ᠠᠴᠠ ᠭᠠᠷᠭᠠᠭᠰᠠᠨ ᠪᠣᠷᠳᠣᠭᠰᠠᠨ ᠠᠯᠠᠰᠢᠨ ᠦᠬᠡᠷ 500 ᠲᠣᠯᠣᠭᠠᠢ ᠪᠤᠶᠤ | ᠠᠯᠠᠰᠢᠨ ᠬᠤᠨᠢ 3000 ᠲᠣᠯᠣᠭᠠᠢ ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠪᠣᠯᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠢᠲᠤᠯᠤᠭᠰᠠᠨ ᠪᠥᠭᠡᠳ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠭᠰᠠᠨ | ᠭᠡᠷᠡᠴᠢ ᠲᠠᠢ ᠪᠠᠶᠢᠪᠠᠯ᠂ ᠲᠡᠵᠢᠭᠡᠯ ᠠᠴᠠ ᠭᠠᠷᠭᠠᠭᠰᠠᠨ ᠠᠯᠠᠰᠢᠨ ᠦᠬᠡᠷ ᠤᠨ ᠲᠣᠯᠣᠭᠠᠢ ᠪᠦᠷᠢ ᠳᠤ 300 ᠲᠥᠭᠦᠷᠢᠭ᠂ ᠠᠯᠠᠰᠢᠨ ᠬᠤᠨᠢ ᠶᠢᠨ ᠲᠣᠯᠣᠭᠠᠢ ᠪᠦᠷᠢ ᠳᠤ | 60 ᠲᠥᠭᠦᠷᠢᠭ ᠢᠶᠠᠷ ᠱᠠᠩᠨᠠᠨ᠎ᠠ᠃ ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠢᠭᠡᠭ ᠰᠠᠩᠭᠠᠰᠤ | ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠬᠦ ᠵᠢᠴᠢ ᠤᠳᠤ ᠦᠶ᠎ᠡ ᠶᠢᠨ ᠲᠡᠵᠢᠭᠡᠨ ᠦᠷᠡᠵᠢᠭᠦᠯᠬᠦ ᠪᠡᠯᠡᠳᠬᠡᠮᠵᠢ ᠲᠥᠬᠦᠭᠡᠷᠦᠮᠵᠢ ᠶᠢ ᠲᠡᠰ ᠳᠡᠪᠰᠢᠭᠦᠯᠦᠨ | ᠥᠭᠡᠷᠡᠴᠢᠯᠡᠨ ᠰᠢᠨᠡᠳᠬᠡᠬᠦ ᠳᠤ ᠵᠠᠷᠤᠴᠠᠭᠤᠯᠵᠤ᠂ ᠦᠬᠡᠷ ᠬᠤᠨᠢ ᠪᠣᠷᠳᠣᠬᠤ ᠶᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ ᠢ | ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠣᠬᠢᠬᠤ ᠬᠡᠪᠴᠢᠶ᠎ᠡ ᠪᠠᠷ ᠦᠬᠡᠷ ᠬᠤᠨᠢ ᠪᠠᠨ ᠪᠣᠷᠳᠣᠬᠤ ᠶᠢ ᠨᠢ | ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠶᠢᠨ ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭᠲᠤ ᠪᠡᠯᠡᠳᠭᠡᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠠᠳᠤᠭᠤ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠣᠨᠴᠠᠯᠢᠭᠲᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶ᠎ᠡ ᠶᠢ ᠤᠷᠲᠤᠳᠬᠠᠨ᠎ᠠ᠃ | ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ﹈ | ᠬᠤᠶᠠᠷ᠂ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ | ᠠᠵᠤ ᠠᠬᠤᠶᠢᠯᠠᠯ ᠤᠨ ᠣᠳᠣ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠦ᠂ ᠴᠠᠷᠭᠠᠰᠤ᠂ ᠬᠢᠶᠠᠭ | ᠂ ᠨᠣᠬᠠᠢ ᠶᠢᠨ ᠬᠤᠰᠢᠭᠤ ᠵᠡᠷᠭᠡ ᠲᠡᠵᠢᠭᠡᠯ ᠡᠪᠡᠰᠦᠨ ᠤ ᠲᠠᠷᠢᠮᠠᠯ ᠤᠨ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠣᠲᠣ ᠶᠢᠨ ᠪᠠᠶᠢᠭ᠎ᠠ ᠲᠥᠷᠥ ᠶᠢᠨ | ᠪᠣᠳᠣᠯᠭ᠎ᠠ ᠶᠢᠨ ᠶᠣᠰᠣᠭᠠᠷ ᠱᠠᠩᠨᠠᠨ ᠬᠥᠬᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠯ ᠡᠪᠡᠰᠦ ᠳᠠᠷᠢᠬᠤ ᠲᠠᠯᠠᠪᠠᠶ ᠶᠢ ᠥᠷᠭᠡᠳᠬᠡᠨ | ᠂ ᠣᠯᠠᠨ ᠶᠠᠩᠵᠤ ᠶᠢᠨ ᠲᠡᠵᠢᠭᠡᠯ ᠡᠪᠡᠰᠦ ᠪᠣᠷᠳᠣᠭᠠᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠲᠡᠵᠢᠭᠡᠯ ᠡᠪᠡᠰᠦ ᠬᠤᠷᠢᠶᠠᠨ ᠬᠠᠳᠠᠭᠠᠯᠠᠵᠤ ᠡᠳ᠋ᠰᠢᠭᠦᠯᠬᠦ | ᠪᠡᠯᠡᠳᠬᠡᠮᠵᠢ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠤᠨ᠂ ᠡᠪᠡᠰᠦᠨ ᠦᠷ᠎ᠡ ᠪᠤᠶᠢᠵᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ ᠬᠠᠷᠢᠭᠤᠴᠠᠨ᠎ᠠ﹈ | ᠭᠤᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠪᠤᠷᠢ ᠶᠢ ᠴᠢᠩᠭᠠᠷᠠᠭᠤᠯᠤᠨ᠎ᠠ | ᠪᠡᠯᠡᠳᠭᠡᠮᠵᠢᠳᠤ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠡᠵᠢᠭᠡᠯ | ᠡᠪᠡᠰᠦ ᠪᠣᠷᠳᠤᠭ᠎ᠠ᠂ ᠰᠠᠶᠢᠨ ᠡᠭᠦᠯᠳᠡᠷ ᠦᠷᠡᠵᠢᠭᠦᠯᠦᠨ ᠪᠤᠶᠢᠵᠢᠭᠤᠯᠬᠤ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠵᠡᠷᠭᠡ ᠬᠦᠷᠢᠶ᠎ᠡ ᠴᠠᠷᠠᠭᠠᠨ ᠳᠠᠬᠢ ᠰᠤᠳᠤᠯᠤᠯ ᠰᠢᠨ᠎ᠡ ᠡᠭᠦᠳᠦᠯᠲᠡ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ | ᠨᠥᠬᠦᠴᠡᠯ ᠳᠤ ᠨᠡᠶᠢᠴᠡᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠴᠢᠨ ᠮᠠᠯᠴᠢᠳ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ | ᠪᠠᠶᠢᠭᠤᠯᠤᠯᠲᠠ ᠶᠢᠨ ᠬᠤᠳᠠᠯᠳᠤᠨ ᠠᠪᠤᠭᠰᠠᠨ ᠲᠠᠷᠮᠠᠭᠤᠷ᠂ ᠪᠦᠷᠢᠨ ᠬᠤᠯᠢᠮᠠᠭ ᠡᠳᠦᠷ ᠲᠤ ᠠᠮᠤ ᠬᠦᠨᠡᠰᠦ ᠦᠢᠯᠡᠳᠬᠦ ᠮᠠᠰᠢᠨ᠂ ᠢᠯᠭᠠᠳᠠᠰᠤ ᠴᠡᠪᠡᠷᠯᠡᠬᠦ ᠮᠠᠰᠢᠨ | ᠵᠡᠷᠭᠡ 16 ᠲᠠᠸᠠᠷ ᠤᠨ ᠲᠦᠷᠦᠯ ᠳᠤ᠂ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠣᠷᠮᠠᠲᠤ ᠨᠡᠮᠡᠭᠦᠷᠢ ᠶᠢᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠨᠡᠮᠡᠵᠦ ᠨᠥᠬᠦᠪᠦᠷᠢᠯᠡᠨ᠎ᠡ᠂ ᠨᠡᠮᠡᠭᠦᠷᠢ ᠥᠭᠬᠦ ᠲᠤᠭ᠎ᠠ ᠶᠢ ᠲᠥᠪ ᠤᠨ ᠡᠳ᠋ ᠤᠨ ᠵᠠᠰᠠᠭ ᠤᠨ ᠲᠣᠭᠲᠠᠭᠰᠠᠨ | ᠨᠣᠷᠮᠠᠲᠤ ᠨᠡᠮᠡᠭᠦᠷᠢ ᠶᠢᠨ 1/3 ᠠᠴᠠ ᠳᠠᠪᠠᠭᠤᠯᠬᠤ ᠦᠭᠡᠢ᠃ ᠲᠥᠪ ᠤᠨ ᠡᠳ᠋ ᠤᠨ ᠵᠠᠰᠠᠭ ᠤᠨ ᠨᠡᠮᠡᠭᠦᠷᠢ ᠥᠭᠬᠦ ᠬᠡᠪᠴᠢᠶᠡᠨ ᠳᠤ ᠵᠢᠭᠰᠠᠭᠠᠨ ᠣᠷᠣᠭᠤᠯᠤᠭᠠᠳᠤᠢ᠂ | ᠲᠠᠷᠢᠶᠠᠴᠢᠨ ᠮᠠᠯᠴᠢᠳ ᠤᠨ ᠦᠢᠯᠡᠳᠪᠦᠷᠢᠯᠡᠯ ᠳᠤ ᠪᠠᠴᠢᠮ ᠬᠡᠷᠡᠭᠰᠡᠬᠦ ᠮᠠᠯ ᠠᠵᠤ ᠠᠬᠤᠢ ᠶᠢᠨ ᠮᠧᠬᠠᠨᠢᠭ ᠢ ᠪᠣᠯ ᠥᠪᠡᠷᠲᠡᠭᠡᠨ ᠵᠠᠰᠠᠬᠤ ᠣᠷᠣᠨ ᠤ ᠲᠣᠳᠣᠷᠬᠠᠶᠢᠯᠠᠭᠰᠠᠨ | ᠮᠠᠰᠢᠨ ᠪᠠᠭᠠᠵᠢ ᠶᠢᠨ ᠬᠡᠪᠴᠢᠶᠡᠨ ᠳᠣᠲᠣᠷ᠎ᠠ᠂ ᠳᠡᠭᠡᠷ᠎ᠡ ᠵᠢᠯ ᠤᠨ ᠪᠣᠷᠣᠯᠠᠭᠤᠯᠤᠨ ᠬᠤᠳᠠᠯᠳᠤᠭᠰᠠᠨ ᠳᠤᠮᠳᠠᠴᠢ ᠦᠨ᠎ᠡ ᠬᠠᠩᠰᠢ ᠶᠢᠨ 30% ᠠᠴᠠ ᠥᠨᠳᠥᠷ | ᠪᠠᠶᠢᠯᠭᠠᠬᠤ ᠦᠭᠡᠢ ᠬᠠᠷᠢᠴᠠᠯ ᠢᠶᠠᠷ ᠲᠥᠰᠥᠭᠡᠯᠡᠨ ᠪᠣᠳᠣᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠣᠭᠲᠠᠭᠰᠠᠨ | ᠨᠤᠷᠮ᠎ᠠ ᠪᠠᠷ ᠨᠥᠬᠦᠪᠦᠷᠢᠯᠡᠨ᠎ᠡ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ ᠬᠠᠮᠵᠢᠯᠴᠠᠨ᠎ᠠ﹈ | ᠳᠥᠷᠪᠡ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠴᠢᠯᠡᠭᠡᠨ ᠳᠤ ᠰᠢᠨ᠎ᠡ ᠶᠢ ᠡᠭᠦᠳᠦᠨ᠎ᠡ | ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠮᠠᠯ ᠠᠵᠤ ᠠᠬᠤᠢ ᠶᠢᠨ ᠲᠥᠷᠥᠯ ᠵᠦᠢᠯ ᠤᠨ ᠵᠢᠭᠡᠯᠡᠯᠭᠡ ᠳᠤ ᠳᠠᠮ ᠬᠦᠦ ᠮᠥᠩᠭᠦ ᠶᠢᠨ | ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠦ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ | ᠡᠯ᠎ᠡ ᠱᠠᠲᠤᠨ ᠤ ᠡᠳ᠋ ᠤᠨ ᠵᠠᠰᠠᠭ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠥᠭᠬᠦ ᠳᠠᠮ ᠬᠦᠦ | ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ | ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠦᠭᠡᠢ ᠮᠥᠷᠲᠡᠭᠡᠨ ᠵᠢᠭᠡᠯᠡᠯᠭᠡ ᠶᠢᠨ | ᠬᠦᠦ ᠮᠥᠩᠭᠦ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠢ ᠬᠦᠦ ᠮᠥᠩᠭᠦᠨ ᠤ ᠨᠣᠷᠮ᠎ᠠ ᠨᠢ LPR ᠠᠴᠠ ᠳᠣᠣᠷ᠎ᠠ ᠪᠠᠶᠢᠪᠠᠯ ᠪᠣᠳᠠᠲᠠᠢ ᠬᠦᠦ | ᠮᠥᠩᠭᠦᠨ ᠤ ᠨᠤᠷᠮ᠎ᠠ ᠪᠠᠷ ᠪᠤᠳᠤᠨ᠎ᠠ︶ ᠪᠠᠶᠢᠯᠭᠠᠨ᠎ᠠ᠃ ᠮᠥᠩᠭᠦᠨ ᠭᠦᠢᠯᠭᠡᠭᠡᠨ ᠢᠶᠠᠷ ᠠᠯᠠᠰᠢᠨ ᠦᠬᠡᠷ ᠤᠨ ᠠᠵᠤ ᠦᠢᠯᠡᠰ ᠢ ᠳᠡᠮᠵᠢᠬᠦ ᠬᠠᠮᠵᠢᠯᠴᠠᠭᠠᠨ ᠤ | ᠲᠣᠭᠲᠠᠴᠠ ᠶᠢ ᠪᠠᠶᠢᠭᠤᠯᠵᠤ᠂ ᠪᠠᠲᠤᠯᠠᠭ᠎ᠠ ᠶᠢᠨ ᠳᠠᠭᠠᠭᠠᠯᠲᠠ᠂ ᠳᠠᠭᠠᠳᠬᠠᠯ ᠤᠨ ᠪᠠᠲᠤᠯᠠᠭ᠎ᠠ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠬᠤᠯᠪᠤᠭᠠᠯᠠᠨ | ᠬᠥᠳᠡᠯᠦᠯᠴᠡᠬᠦ ᠵᠠᠭᠪᠤᠷ ᠢ ᠪᠠᠶᠢᠭᠤᠯᠵᠤ᠂ ᠠᠮᠢᠲᠠᠨ ᠢᠶᠠᠷ ᠪᠠᠷᠢᠴᠠᠭ᠎ᠠ ᠪᠣᠯᠭᠠᠭᠰᠠᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠡᠯᠡᠳᠬᠡᠮᠵᠢᠲᠦ ᠮᠠᠯ ᠠᠵᠤ ᠠᠬᠤᠢ ᠶᠢᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ | 1% ᠠᠴᠠ ᠥᠨᠳᠥᠷ ᠪᠠᠶᠢᠯᠭᠠᠵᠤ ᠪᠣᠯᠬᠤ ᠦᠭᠡᠢ᠃ ᠠᠯᠠᠰᠢᠨ ᠦᠬᠡᠷ ᠠᠯᠠᠰᠢᠨ ᠬᠤᠨᠢᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠢ | ᠠᠯᠠᠰᠢᠨ ᠦᠬᠡᠷ᠂ ᠠᠯᠠᠰᠢᠨ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠡᠰᠢ ᠬᠡᠯᠪᠠᠶᠢᠯᠭᠡᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ | ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ | ﹈ | ᠲᠠᠪᠤ᠂ ᠦᠢᠯᠡᠳᠪᠦᠷᠢᠯᠡᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ | ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶᠠᠨ ᠤ | ᠣᠷᠣᠯᠭ᠎ᠠ ᠵᠡᠷᠭᠡ ᠪᠠᠷ ᠪᠡᠯᠡᠳᠬᠡᠮᠵᠢᠲᠦ ᠮᠠᠯ ᠠᠵᠤ ᠠᠬᠤᠢ ᠶᠢᠨ ᠲᠥᠷᠥᠯ ᠵᠦᠢᠯ ᠢ ᠤᠷᠢᠳ ᠢᠶᠠᠷ ᠳᠡᠮᠵᠢᠬᠦ ᠬᠡᠷᠡᠭᠲᠡᠢ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ | ᠬᠤᠵᠢᠷᠯᠢᠭ ᠭᠠᠵᠠᠷ ᠵᠡᠷᠭᠡ ᠣᠷᠣᠨ ᠪᠦᠰᠡ ᠳᠤ ᠪᠡᠯᠡᠳᠬᠡᠮᠵᠢᠲᠦ ᠮᠠᠯ ᠠᠵᠤ ᠠᠬᠤᠢ ᠶᠢ ᠬᠥᠭᠵᠢᠭᠦᠯᠬᠦ ᠶᠢ ᠳᠡᠮᠵᠢᠨ᠎ᠡ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠶᠣᠰᠣᠭᠠᠷ ᠬᠠᠮᠢᠶᠠᠷᠤᠨ᠎ᠠ᠃ ︽ᠤᠰᠤ ᠪᠠᠷ ᠳᠥᠷᠪᠡ ᠶᠢ | ᠲᠣᠭᠲᠠᠭᠠᠬᠤ︾ ᠤᠷᠢᠲᠠᠯ ᠳᠣᠣᠷ᠎ᠠ᠂ ᠮᠠᠯ ᠠᠵᠤ ᠠᠬᠤᠢ ᠳᠤ ᠬᠡᠷᠡᠭᠯᠡᠬᠦ ᠤᠰᠤ ᠶᠢ ᠪᠠᠲᠤᠯᠠᠬᠤ ᠬᠡᠷᠡᠭᠲᠡᠢ᠃ ᠪᠡᠯᠡᠳᠬᠡᠮᠵᠢᠲᠦ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ﹇ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶﹈ | ᠵᠢᠷᠭᠤᠭ᠎ᠠ᠂ ᠨᠡᠶᠢᠲᠡᠯᠢᠭ ᠢᠶᠠᠷ ᠵᠢᠱᠢᠶ᠎ᠡ ᠦᠵᠡᠭᠦᠯᠬᠦ ᠶᠢ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ | ᠵᠢᠯ ᠪᠦᠷᠢ 1 - 3 ᠬᠤᠰᠢᠭᠤ ᠰᠢᠶᠠᠨ ︵ᠬᠤᠲᠠ᠂ ᠲᠣᠭᠤᠷᠢᠭ︶ ᠢ ᠰᠢᠯᠢᠳᠡᠭᠴᠢᠯᠡᠨ ᠰᠣᠩᠭᠤᠵᠤ ᠪᠡᠯᠡᠳᠭᠡᠮᠵᠢᠳᠤ ᠮᠠᠯ ᠠᠵᠤ ᠠᠬᠤᠢ ᠶᠢᠨ ᠵᠢᠱᠢᠶ᠎ᠡ | ᠦᠵᠡᠭᠦᠯᠬᠦ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠪᠦᠷᠢ ᠳᠤ 1000 ᠲᠦᠮᠡᠨ ᠲᠥᠭᠦᠷᠢᠭ | ᠱᠠᠩᠨᠠᠨ᠎ᠠ᠃ ᠵᠢᠯ ᠪᠦᠷᠢ 2 - 5 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢ | ᠥᠷᠨᠢᠭᠦᠯᠵᠦ᠂ ᠲᠡᠳᠡᠨ ᠤ ᠪᠡᠯᠡᠳᠬᠡᠮᠵᠢᠲᠦ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠨᠢ ᠡᠩ ᠲᠡᠷᠢᠭᠦᠨ ᠳᠤ | ᠳᠡᠮᠵᠢᠵᠦ᠂ ᠱᠠᠩᠨᠠᠬᠤ ᠪᠠᠷ ᠨᠥᠬᠦᠪᠦᠷᠢ ᠶᠢ ᠣᠷᠣᠯᠠᠬᠤ᠂ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ ᠲᠡᠵᠢᠭᠡᠯ | ᠡᠪᠡᠰᠦ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ᠂ ᠨᠠᠷᠢᠯᠢᠭ ᠣᠨᠣᠴᠠᠲᠠᠢ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ᠂ ᠦᠷ᠎ᠡ | ᠡᠭᠦᠯᠳᠡᠷ ᠢ ᠰᠠᠶᠢᠵᠢᠷᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠲᠤᠷᠰᠢᠯᠲᠠ ᠪᠦᠷᠢ ᠳᠤ ᠠᠳᠠᠭ ᠲᠤ ᠪᠠᠨ 10 ᠲᠦᠮᠡᠨ ᠬᠤᠨᠢᠨ ᠨᠢᠭᠡᠴᠢ ᠠᠴᠠ | ᠳᠡᠭᠡᠭᠰᠢᠬᠢ ᠮᠠᠯ ᠢ ᠬᠠᠮᠤᠷᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠶᠡᠭᠡ ᠳᠡᠭᠡᠳᠦ ᠰᠤᠷᠭᠠᠭᠤᠯᠢ ᠳᠤ ᠲᠦᠰᠢᠭᠯᠡᠨ ᠲᠤᠰᠬᠠᠢ ᠮᠡᠷᠭᠡᠵᠢᠯᠲᠡᠨ ᠤ | ᠪᠦᠯᠬᠦᠮ ᠢ ᠵᠣᠬᠢᠶᠠᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠬᠡᠷᠡᠭᠯᠡᠯᠲᠡ ᠶᠢ ᠳᠡᠯᠭᠡᠷᠡᠭᠦᠯᠬᠦ ᠪᠣᠯᠪᠠᠰᠤᠷᠠᠭᠤᠯᠤᠯ ᠢ ᠥᠷᠨᠢᠭᠦᠯᠦᠨ᠂ ᠴᠢᠳᠠᠪᠤᠷᠢᠲᠠᠨ ᠤ | ᠪᠠᠲᠤᠯᠠᠭ᠎ᠠ ᠶᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ﹇ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠲᠦᠷᠦᠭᠦᠯᠡᠨ ᠬᠠᠷᠢᠭᠤᠴᠠᠵᠤ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ | ᠬᠠᠮᠵᠢᠯᠴᠠᠨ᠎ᠠ﹈ | ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠢ ᠳᠡᠮᠵᠢᠯᠭᠡ ᠶᠢᠨ ᠪᠡᠯᠡ ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ | ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ | ᠰᠠᠯᠭᠠᠨ ᠥᠭᠭᠦᠨ᠎ᠡ᠃ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠠᠮᠢᠶ᠎ᠠ ᠪᠦᠬᠦᠢ | ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ ᠠᠭᠤᠯᠭ᠎ᠠ᠂ ᠰᠢᠯᠭᠠᠨ ᠬᠢᠨᠠᠵᠤ ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ | ᠬᠡᠷᠡᠭᠲᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 2 ᠳ᠋ᠤᠭᠠᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ |