ᠮᠠᠨ ᠤ ᠣᠷᠣᠨ ᠡᠨᠧᠷᠭᠢ ᠶᠢᠨ ᠬᠦᠷᠢᠶᠡᠨ ᠳᠠᠬᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/8/13
      ᠡᠨᠡ ᠵᠢᠯ ᠠᠴᠠ ᠨᠠᠭᠠᠰᠢ᠂ ᠮᠠᠨ ᠤ ᠣᠷᠣᠨ ᠤ ᠡᠨᠧᠷᠭᠢ ᠶᠢᠨ ᠬᠦᠷᠢᠶᠡᠨ ᠤ ᠬᠥᠭᠵᠢᠯᠲᠡ ᠲᠠᠰᠤᠷᠠᠯᠲᠠ ᠦᠭᠡᠢ ︽ᠰᠢᠨ᠎ᠡ︾ ᠲᠡᠶᠢᠰᠢ ︽ᠶᠠᠰᠤ ᠴᠢᠨᠠᠷ︾ ᠢᠶᠠᠨ ᠳᠡᠭᠡᠭᠰᠢᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ ᠨᠡᠭᠦᠷᠡᠰᠦᠨ ᠤ ᠬᠦᠷᠢᠶᠡᠨ ᠳᠤ ᠪᠣᠳᠠᠲᠤ ᠦᠷ᠎ᠡ ᠪᠦᠲᠦᠮᠵᠢ ᠣᠯᠪᠠ᠃ ᠪᠦᠷᠢᠳᠬᠡᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠢ ᠨᠡᠭᠦᠷᠡᠰᠦᠨ ᠤ ᠭᠠᠷᠤᠯᠲᠠ 6.34 ᠳ᠋ᠦᠩᠰᠢᠭᠤᠷ ᠲᠣᠨ ᠳᠤ ᠬᠦᠷᠴᠦ᠂ ᠪᠦᠭᠦ ᠤᠯᠤᠰ ᠤᠨ ᠲᠡᠷᠢᠭᠦᠨ ᠳᠤ ᠵᠢᠭᠰᠠᠵᠤ᠂ ᠪᠦᠭᠦ ᠤᠯᠤᠰ ᠤᠨ ᠲᠦᠭᠦᠬᠡᠢ ᠨᠡᠭᠦᠷᠡᠰᠦᠨ ᠤ ᠭᠠᠷᠤᠯᠲᠠ ᠶᠢᠨ 28% ᠶᠢ ᠡᠵᠡᠯᠡᠪᠡ; ᠣᠶᠤᠨᠴᠢᠯᠠᠭᠰᠠᠨ ᠨᠡᠭᠦᠷᠡᠰᠦᠨ ᠠᠭᠤᠷᠬᠠᠢ 174 ᠶᠢ ᠪᠠᠶᠢᠭᠤᠯᠵᠤ᠂ ᠠᠵᠢᠯᠯᠠᠵᠤ ᠪᠠᠶᠢᠭ᠎ᠠ ᠣᠶᠤᠨᠴᠢᠯᠠᠭᠰᠠᠨ ᠨᠡᠭᠡᠭᠡᠨ ᠮᠠᠯᠲᠠᠬᠤ ᠠᠵᠢᠯ ᠤᠨ ᠭᠠᠵᠠᠷ 255 ᠪᠠᠶᠢᠵᠤ᠂ ᠣᠶᠤᠨᠴᠢᠯᠠᠭᠰᠠᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ 10.24 ᠳ᠋ᠦᠩᠰᠢᠭᠤᠷ ᠲᠣᠨ ᠳᠤ ᠬᠦᠷᠴᠦ᠂ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ 86 % ᠶᠢ ᠡᠵᠡᠯᠡᠪᠡ᠃      ᠴᠠᠭᠢᠯᠭᠠᠨ ᠬᠦᠴᠦᠨ ᠤ ᠬᠦᠷᠢᠶᠡᠨ ᠳᠤ᠂ ᠳᠡᠭᠡᠷ᠎ᠡ ᠬᠠᠭᠠᠰ ᠵᠢᠯ ᠳᠤ ᠮᠠᠨ ᠤ ᠣᠷᠣᠨ ᠤ ᠴᠠᠭᠢᠯᠭᠠᠨ ᠭᠠᠷᠭᠠᠭᠰᠠᠨ ᠬᠡᠮᠵᠢᠶ᠎ᠡ 3981 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠭᠦ ᠤᠯᠤᠰ ᠲᠤ ᠲᠡᠷᠢᠭᠦᠯᠡᠪᠡ᠃ ᠡᠭᠦᠨ ᠳᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ  ᠤᠨ ᠢᠯᠴᠢ ᠶᠢᠨ ᠴᠠᠭᠢᠯᠭᠠᠨ ᠤ ᠬᠡᠮᠵᠢᠶ᠎ᠡ 2933.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠭᠦ ᠤᠯᠤᠰ ᠤᠨ ᠲᠡᠷᠢᠭᠦᠨ ᠳᠤ ᠵᠢᠬᠰᠠᠪᠠ; ᠪᠦᠭᠦ ᠣᠷᠣᠨ ᠤ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ 1 ᠳ᠋ᠦᠩᠰᠢᠭᠤᠷ ᠺᠢᠯᠣᠸᠠᠲ ᠢ ᠳᠠᠪᠠᠵᠤ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠳᠠᠬᠢ ᠡᠵᠡᠯᠡᠬᠦ ᠬᠠᠷᠢᠴᠠᠯ ᠨᠢ 45.7% ᠳᠤ ᠭᠦᠷᠪᠡ; ᠪᠦᠭᠦ ᠣᠷᠣᠨ ᠤ ᠰᠢᠨ᠎ᠡ ᠡᠨᠧᠷᠭᠢ ᠶᠢᠨ ᠴᠠᠭᠢᠯᠭᠠᠨ ᠭᠠᠷᠭᠠᠯᠲᠠ ᠶᠢᠨ ᠬᠡᠮᠵᠢᠶ᠎ᠡ 1063 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠠᠷᠢᠮᠵᠢᠶᠠᠲᠤ ᠨᠡᠭᠦᠷᠡᠰᠦᠨ ᠤ ᠬᠡᠷᠡᠭᠯᠡᠭᠡ ᠶᠢ 3295.3 ᠲᠦᠮᠡᠨ ᠲᠣᠨ ᠪᠠᠭᠠᠰᠬᠠᠵᠤ᠂ ᠡᠨᠡ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 8759.12 ᠲᠦᠮᠡᠨ ᠲᠣᠨ ᠪᠠᠭᠠᠰᠬᠠᠭᠰᠠᠨ ᠲᠠᠢ ᠲᠡᠩᠴᠡᠨ᠎ᠡ᠃      ᠣᠯᠠᠨ ᠵᠢᠯ ᠤᠨ ᠲᠤᠷᠰᠢ᠂ ᠮᠠᠨ ᠤ ᠣᠷᠣᠨ ᠴᠠᠭᠢᠯᠭᠠᠨ ᠡᠭᠦᠰᠬᠡᠭᠴᠢ ᠶᠢ ᠨᠡᠮᠡᠭᠳᠡᠭᠦᠯᠬᠦ᠂ ᠴᠠᠭᠢᠯᠭᠠᠨ ᠤ ᠲᠣᠣᠷ ᠢ ᠰᠢᠯᠢᠳᠡᠭᠵᠢᠭᠦᠯᠬᠦ᠂ ᠪᠠᠭᠲᠠᠭᠠᠨ ᠰᠢᠩᠭᠡᠭᠡᠬᠦ ᠶᠢ ᠥᠷᠭᠡᠳᠬᠡᠬᠦ᠂ ᠡᠨᠧᠷᠭᠢ ᠬᠠᠳᠠᠭᠠᠯᠠᠬᠤ ᠶᠢ ᠴᠢᠩᠭᠠᠳᠬᠠᠬᠤ ᠶᠢ ᠪᠠᠷᠢᠮᠲᠠᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽1 + 1﹀ 2︾ ᠤᠨ ᠦᠷ᠎ᠡ ᠪᠦᠲᠦᠮᠵᠢ ᠶᠢ ᠪᠡᠶᠡᠯᠡᠭᠦᠯᠵᠦ᠂ ᠪᠣᠬᠢᠷᠳᠤᠯ ᠦᠭᠡᠢ ᠴᠠᠭᠢᠯᠭᠠᠨ ᠭᠠᠷᠭᠠᠬᠤ ᠬᠡᠮᠵᠢᠶ᠎ᠡ ᠶᠢ ᠨᠡᠮᠡᠭᠳᠡᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠡᠯᠡ ᠮᠥᠩᠭᠦ ᠶᠢ ᠴᠤᠭᠯᠠᠭᠤᠯᠬᠤ ᠶᠢᠨ ᠬᠠᠮᠲᠤ ᠪᠠᠰᠠ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠪᠡ᠃ ᠲᠥᠯᠦᠪᠵᠢᠭᠦᠯᠭᠡ ᠶᠢ ᠦᠨᠳᠦᠰᠦᠯᠡᠪᠡᠯ᠂ 2030 ᠣᠨ ᠪᠤᠯᠬᠤ ᠳᠤ ᠮᠠᠨ ᠤ ᠣᠷᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠥᠷᠥᠯ ᠵᠦᠢᠯ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ  ᠶᠢᠨ ᠬᠡᠮᠵᠢᠶ᠎ᠡ ᠶᠢ 1.19 ᠳ᠋ᠦᠩᠰᠢᠭᠤᠷ ᠺᠢᠯᠣᠸᠠᠲ ᠲᠤ ᠬᠦᠷᠭᠡᠵᠦ᠂ 1151 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠪᠣᠯᠣᠨ᠎ᠠ᠃ ᠡᠭᠦᠨ ᠳᠤ᠂ ᠬᠠᠲᠤᠨ ᠭᠤᠣᠯ ᠤᠨ ᠬᠡᠰᠡᠭ ᠭᠠᠵᠠᠷ ᠲᠤ ᠭᠡᠷᠡᠯᠴᠢ ᠴᠡᠨᠡᠭ᠂ ᠰᠠᠯᠬᠢᠨ ᠬᠦᠴᠦᠨ ᠤ ᠴᠠᠭᠢᠯᠭᠠᠨ ᠵᠡᠷᠭᠡ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 8990 ᠲᠦᠮᠡᠨ ᠺᠢᠯᠣᠸᠠᠲ ᠲᠣᠬᠢᠷᠠᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ 748 ᠲᠦᠮᠡᠨ ᠮᠦ ᠶᠡᠷᠦᠩᠬᠡᠶᠢᠯᠡᠨ ᠵᠠᠰᠠᠬᠤ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠄︽ᠮᠠᠨ ᠤ ᠣᠷᠣᠨ ︿ᠨᠡᠭᠦᠷᠡᠰᠦ ᠴᠠᠭᠢᠯᠭᠠᠨ ᠴᠢᠯᠠᠭᠤᠨ ᠲᠣᠰᠣ ᠰᠢᠲᠠᠮᠠᠬᠠᠢ ᠬᠡᠢ ᠰᠠᠯᠬᠢᠨ ᠤ ᠡᠨᠧᠷᠭᠢ ᠭᠡᠷᠡᠯᠴᠢ ᠴᠡᠨᠡᠭ﹀ ᠢ ᠵᠡᠷᠭᠡ ᠪᠠᠷ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠦᠷᠭᠦᠯᠵᠢᠯᠡᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠴᠢᠨᠠᠷ ᠰᠠᠶᠢᠲᠠᠢ ᠪᠠᠷ ᠡᠨᠧᠷᠭᠢ ᠶᠢᠨ ᠬᠦᠷᠢᠶᠡᠨ ᠳᠠᠬᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠵᠦ᠂ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︾ ᠭᠡᠵᠦ ᠲᠠᠨᠢᠯᠴᠠᠭᠤᠯᠵᠠᠢ᠃  
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ