ᠮᠠᠨ ᠤ ᠣᠷᠣᠨ ᠤ ᠪᠣᠬᠢᠷᠳᠤᠯ ᠦᠭᠡᠢ ᠵᠢᠭᠡᠯᠡᠯᠭᠡ ᠶᠢᠨ ᠦᠯᠡᠳᠡᠪᠦᠷᠢ 5450.7 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2024/8/13
      6 ᠰᠠᠷ᠎ᠠ ᠶᠢᠨ ᠰᠡᠭᠦᠯᠴᠢ ᠪᠤᠯᠳᠠᠯ᠎ᠡ᠂ ᠮᠠᠨ ᠤ ᠣᠷᠣᠨ ᠤ ᠪᠣᠬᠢᠷᠳᠤᠯ ᠦᠭᠡᠢ ᠵᠢᠭᠡᠯᠡᠯᠭᠡ ᠶᠢᠨ ᠦᠯᠡᠳᠡᠪᠦᠷᠢ 5450.7 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 34.3 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ  ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 25.4 ᠬᠤᠪᠢ ᠳᠠᠪᠠᠪᠠ᠃      ᠮᠠᠨ ᠤ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠮᠥᠩᠭᠦᠨ ᠭᠦᠢᠯᠭᠡᠭᠡᠨ ᠤ ︽ᠵᠢᠭᠡᠯᠡᠯᠭᠡ︾ ᠪᠠᠷ ᠪᠣᠬᠢᠷᠳᠤᠯ ᠦᠭᠡᠢ ᠬᠥᠭᠵᠢᠯᠲᠡ ᠶᠢ ᠳᠠᠶᠢᠴᠢᠯᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠡᠮᠵᠢᠬᠦ ᠠᠷᠭ᠎ᠠ ᠪᠠᠷᠢᠯ ᠢ ᠭᠦᠢᠴᠡᠳ ᠰᠠᠶᠢᠲᠤᠷ ᠬᠡᠷᠡᠭᠯᠡᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠭᠡᠯᠡᠯᠭᠡ ᠲᠠᠯᠪᠢᠬᠤ ᠶᠢ ᠴᠢᠩᠭᠠᠷᠠᠭᠤᠯᠵᠤ ᠪᠠᠶᠢᠨ᠎ᠠ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ 16 ᠮᠥᠩᠭᠦᠨ ᠭᠦᠢᠯᠭᠡᠭᠡᠨ ᠤ ᠪᠠᠶᠢᠭᠤᠯᠤᠮᠵᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠪᠠᠷᠢᠯ ᠤᠨ ᠪᠡᠯᠡ ᠮᠥᠩᠭᠦ ᠶᠢ ᠨᠡᠶᠢᠲᠡ 14.1 ᠳ᠋ᠦᠩᠰᠢᠭᠤᠷ ᠲᠥᠭᠦᠷᠢᠭ ᠣᠯᠵᠤ᠂ 39 ᠠᠵᠤ ᠠᠬᠤᠶᠢᠯᠠᠯ ᠢ ᠳᠡᠮᠵᠢᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠭᠡᠯᠡᠯᠭᠡ ᠶᠢ 23.6 ᠳ᠋ᠦᠩᠰᠢᠭᠤᠷ ᠲᠥᠭᠦᠷᠢᠭ ᠲᠠᠯᠪᠢᠬᠤ ᠶᠢ ᠳᠠᠶᠢᠴᠢᠯᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ 79 ᠲᠦᠮᠡᠨ ᠲᠣᠨ ᠪᠠᠭᠠᠰᠬᠠᠬᠤ ᠶᠢ ᠳᠠᠶᠢᠴᠢᠯᠠᠪᠠ᠃      ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ︽ᠪᠣᠬᠢᠷᠳᠤᠯ ᠦᠭᠡᠢ ᠵᠠᠮ ᠬᠠᠷᠢᠯᠴᠠᠭᠠᠨ ᠤ ᠵᠢᠭᠡᠯᠡᠯᠭᠡ︾᠂ ︽ᠪᠣᠬᠢᠷᠳᠤᠯ ᠦᠭᠡᠢ ᠡᠨᠧᠷᠭᠢ ᠠᠷᠪᠢᠯᠠᠬᠤ ᠪᠠᠷᠢᠯᠭ᠎ᠠ ᠶᠢᠨ ᠵᠢᠭᠡᠯᠡᠯᠭᠡ︾ ᠵᠡᠷᠭᠡ 20 ᠭᠠᠷᠤᠢ ᠵᠦᠢᠯ ᠤᠨ ᠪᠣᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠭᠠᠷᠭᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠪᠠ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠪᠲᠤᠯᠤᠯᠲᠠ︾ ᠶᠢᠨ ᠢᠨᠵᠧᠨᠧᠷᠢᠩ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠢᠨᠠᠨ ᠰᠢᠯᠭᠠᠵᠤ ᠦᠨᠡᠯᠡᠨ ᠵᠢᠱᠢᠬᠦ ᠲᠥᠰᠥᠯ ᠢ ᠨᠡᠶᠢᠲᠡᠯᠡᠵᠦ᠂ ᠠᠵᠤ ᠠᠬᠤᠶᠢᠯᠠᠯ ᠪᠠ ᠲᠥᠷᠥᠯ ᠵᠦᠢᠯ ᠤᠨ ᠪᠡᠯᠡ ᠬᠤᠷᠠᠮᠳᠤᠭᠤᠯᠭ᠎ᠠ ᠶᠢᠨ ᠪᠠᠶᠢᠳᠠᠯ ᠢ ᠬᠢᠨᠠᠨ ᠰᠢᠨᠵᠢᠬᠦ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠭ᠎ᠠ ᠶᠢ ᠵᠣᠯᠭᠠᠭᠤᠯᠬᠤ ᠪᠠ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠰᠠᠶᠢᠲᠤᠷ ᠬᠢᠬᠦ ᠶᠢ ᠠᠬᠢᠭᠤᠯᠪᠠ᠃ ᠤᠳᠤ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠮᠡᠨ ᠡᠷᠦᠭᠡ ᠶᠢᠨ ᠵᠢᠭᠡᠯᠡᠯᠭᠡ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠭᠦᠮ ᠵᠢᠭᠡᠯᠡᠯᠭᠡ︾ ᠵᠡᠷᠭᠡ 20 ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠭᠠᠷᠭᠠᠪᠠ᠃ 5 ᠰᠠᠷ᠎ᠠ ᠶᠢᠨ ᠰᠡᠭᠦᠯᠴᠢ ᠳᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 3615.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 156.6 ᠳ᠋ᠦᠩᠰᠢᠭᠤᠷ ᠲᠥᠭᠦᠷᠢᠭ ᠨᠡᠮᠡᠭᠳᠡᠪᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 74.5 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 19 .1 % ᠪᠠᠷ ᠨᠡᠮᠡᠭᠳᠡᠪᠡ᠃  
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ