ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠢᠶᠠᠷ | ᠳᠠᠮᠵᠢᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢ ᠨᠡᠶᠢᠳᠡ 154 ᠳ᠋ᠦᠩᠰᠢᠭᠤᠷ ᠲᠥᠭᠦᠷᠢᠭ ᠲᠠᠷᠬᠠᠭᠠᠪᠠ᠃ ᠡᠭᠦᠨ ᠳᠤ᠂ ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠬᠦ ᠦᠢᠯᠡᠳᠪᠦᠷᠢᠯᠡᠯ ᠤᠨ ᠴᠢᠨᠠᠷᠲᠠᠢ ᠨᠥᠬᠦᠪᠦᠷᠢ ᠶᠢ 76.55 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠭᠦ ᠨᠥᠬᠦᠪᠦᠷᠢ ᠶᠢᠨ 50 % ᠰᠢᠬᠠᠮ ᠢ | ᠡᠵᠡᠯᠡᠪᠡ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠦᠭᠦ ᠲᠠᠯ᠎ᠠ ᠪᠠᠷ ᠲᠡᠰ ᠳᠡᠪᠰᠢᠭᠰᠡᠨ ᠬᠡᠷᠡᠭᠯᠡᠭᠡᠨ ᠤ ᠲᠣᠭᠠᠴᠢᠯᠠᠭᠰᠠᠨ | ᠲᠠᠪᠴᠠᠩ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠢᠶᠠᠷ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢ ᠲᠠᠷᠬᠠᠭᠠᠵᠤ᠂ ᠲᠤᠭ᠎ᠠ ᠪᠠᠷᠢᠮᠲᠠ ᠶᠢ ᠢᠯᠡᠭᠦᠬᠡᠨ | ᠬᠤᠪᠢᠶᠠᠯᠴᠠᠵᠤ᠂ ᠣᠯᠠᠨ ᠲᠦᠮᠡᠨ ᠢ ᠳᠤᠲᠠᠭᠤ ᠭᠦᠶᠦᠯᠭᠡᠪᠡ᠃ ᠨᠥᠬᠦᠪᠦᠷᠢ ᠶᠢ ᠴᠠᠭ ᠲᠤᠬᠠᠢ ᠳᠤᠨᠢ ᠠᠷᠠᠳ ᠲᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠦᠷᠢ ᠶᠢᠨ ᠲᠤᠰᠬᠠᠢ ᠲᠥᠪᠯᠡᠷᠡᠭᠦᠯᠦᠨ ᠲᠣᠬᠢᠷᠠᠭᠤᠯᠵᠤ ᠥᠭᠬᠦ ᠲᠣᠭᠲᠠᠴᠠ ᠶᠢ ᠪᠠᠶᠢᠭᠤᠯᠪᠠ; | ᠲᠤᠰᠬᠠᠢ ᠵᠦᠢᠯ ᠢᠶᠠᠷ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠩᠭᠡᠷᠡᠭᠰᠡᠨ ᠤ ᠳᠤᠲᠠᠭᠤ ᠥᠭᠭᠦᠭᠰᠡᠨ ᠨᠥᠬᠦᠪᠦᠷᠢ ᠶᠢᠨ ᠵᠣᠭᠤᠰ ᠤᠨ ᠲᠤᠭ᠎ᠠ ᠶᠢ | ᠤᠯᠭᠤᠪᠠ; ᠣᠬᠤᠷ ᠮᠡᠳᠡᠭᠡ ᠶᠢ ᠴᠠᠭ ᠲᠤᠬᠠᠢ ᠳᠤᠨᠢ ᠬᠦᠷᠭᠡᠵᠦ᠂ ᠮᠥᠩᠬᠡ ᠰᠤᠪᠠᠭ᠂ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠬᠦ ᠨᠥᠬᠦᠪᠦᠷᠢ ᠪᠡᠯᠡ ᠮᠥᠩᠭᠦ ᠶᠢᠨ ᠰᠦᠯᠵᠢᠶ᠎ᠡ ᠵᠡᠷᠭᠡ ᠪᠠᠷ ᠳᠠᠮᠵᠢᠨ ᠮᠡᠳᠡᠭᠡ ᠵᠠᠩᠭᠢ ᠶᠢ ᠢᠮᠠᠭᠲᠠ ᠪᠠᠶᠢᠴᠠᠭᠠᠨ ᠯᠠᠪᠯᠠᠬᠤ ᠪᠣᠯᠭᠠᠵᠠᠢ᠃ | ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠤᠨ ᠨᠥᠬᠦᠪᠦᠷᠢ ᠶᠢᠨ ᠲᠥᠷᠥᠯ | ᠵᠦᠢᠯ ᠤᠨ 234 ᠶᠢ ᠴᠠᠭ ᠲᠤᠬᠠᠢ ᠳᠤᠨᠢ ᠵᠢᠷᠤᠮᠵᠢᠭᠤᠯᠤᠨ ᠴᠡᠪᠡᠷᠯᠡᠵᠦ᠂ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ 60 ᠵᠦᠢᠯ ᠤᠨ ᠨᠠᠷᠢᠨ ᠲᠠᠩᠰᠠ ᠶᠢ | ᠬᠥᠳᠡᠯᠦᠩᠭᠦᠢ ᠪᠠᠷ ᠰᠢᠨᠡᠳᠬᠡᠨ᠂ 15 ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠪᠠ; ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠪᠡᠯᠡ ᠮᠥᠩᠭᠦ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠬᠢᠨᠠᠯᠲᠠ ᠲᠠᠯᠪᠢᠵᠤ | ᠰᠡᠷᠡᠮᠵᠢᠯᠡᠭᠦᠯᠭᠦ ᠳᠦᠷᠢᠮ ᠢ 39 ᠵᠦᠢᠯ ᠲᠣᠬᠢᠷᠠᠭᠤᠯᠵᠤ᠂ ᠨᠥᠬᠦᠪᠦᠷᠢ ᠮᠡᠳᠡᠭᠦᠯᠬᠦ᠂ ᠣᠯᠭᠤᠬᠤ ᠶᠠᠪᠤᠴᠠ ᠳᠠᠬᠢ ᠬᠢᠨᠠᠯᠲᠠ ᠲᠠᠯᠪᠢᠵᠤ ᠰᠡᠷᠡᠮᠵᠢᠯᠡᠭᠦᠯᠭᠦ ᠲᠤᠭ᠎ᠠ | ᠪᠠᠷᠢᠮᠲᠠ ᠶᠢ 1100 ᠲᠦᠮᠡᠨ ᠵᠤᠷᠪᠤᠰ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠬᠢᠨᠠᠨ ᠬᠠᠷᠭᠤᠭᠤᠯᠵᠤ ᠰᠢᠢᠳᠪᠤᠷᠢᠯᠡᠪᠡ; ᠨᠡᠶᠢᠭᠡᠮ ᠤᠨ | ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠨ ᠨᠥᠬᠦᠪᠦᠷᠢ ᠣᠯᠭᠤᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠬᠥᠮᠥᠨ ᠳᠤ ᠨᠢᠭᠡ ᠯᠡ ᠺᠠᠷᠲ ᠲᠠᠢ | ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠣᠳᠣᠬᠠᠨ ᠳᠤ ᠪᠦᠭᠦ ᠣᠷᠣᠨ ᠤ ︽ᠪᠦᠷᠢᠨ ᠴᠢᠳᠠᠮᠵᠢᠲᠤ ᠺᠠᠷᠲ︾ ᠤᠨ | ᠰᠢᠰᠲ᠋ᠧᠮ ᠳᠤ ᠨᠢᠭᠡᠨᠲᠡ 700 ᠭᠠᠷᠤᠢ ᠲᠦᠮᠡᠨ ᠨᠡᠶᠢᠭᠡᠮ ᠤᠨ ᠪᠠᠲᠤᠯᠠᠭ᠎ᠠ ᠶᠢᠨ ᠺᠠᠷᠲ ᠳᠠᠩᠰᠠᠯᠠᠭᠤᠯᠪᠠ; ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ | ᠨᠥᠬᠦᠪᠦᠷᠢ ᠪᠡᠯᠡ ᠮᠥᠩᠭᠦ ᠶᠢ ᠣᠯᠭᠤᠵᠤ ᠪᠠᠶᠢᠭ᠎ᠠ ᠪᠠᠶᠢᠳᠠᠯ ᠢ ᠡᠳ᠋ ᠤᠨ ᠵᠠᠰᠠᠭ ᠤᠨ ᠪᠡᠯᠡ ᠮᠥᠩᠭᠦ ᠲᠣᠬᠢᠷᠠᠭᠤᠯᠬᠤ ᠪᠠ ᠭᠤᠣᠯᠳᠠᠯᠭ᠎ᠠ ᠲᠠᠢ ᠲᠥᠷᠥᠯ ᠵᠦᠢᠯ ᠯᠦᠭᠡ | ᠬᠤᠯᠪᠣᠭᠳᠠᠭᠤᠯᠵᠤ᠂ ᠪᠡᠯᠡ ᠮᠥᠩᠭᠦ ᠶᠢᠨ ᠠᠮᠵᠢᠯᠲᠠ ᠪᠦᠲᠦᠮᠵᠢ ᠨᠢ ᠳᠣᠣᠷ᠎ᠠ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠨᠢ ᠮᠠᠭᠤ ᠵᠢᠴᠢ ᠨᠥᠬᠦᠪᠦᠷᠢ ᠶᠢᠨ | ᠰᠢᠨᠵᠢ ᠴᠢᠨᠠᠷ ᠨᠢ ᠠᠳᠠᠯᠢ᠂ ᠪᠡᠯᠡ ᠮᠥᠩᠭᠦ ᠶᠢᠨ ᠬᠡᠷᠡᠭᠴᠡᠭᠡ ᠨᠢ ᠣᠶᠢᠷᠠᠯᠴᠠᠭ᠎ᠠ ᠶᠢ ᠨᠢ ᠨᠡᠶᠢᠯᠡᠭᠦᠯᠦᠨ ᠡᠮᠬᠢᠳᠬᠡᠵᠦ᠂ ᠲᠥᠷᠥ ᠶᠢᠨ ᠪᠣᠳᠣᠯᠭ᠎ᠠ ᠶᠢᠨ ᠠᠷᠠᠳ ᠲᠤ ᠠᠰᠢᠭ | ᠬᠦᠷᠲᠡᠭᠡᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ 2023 ᠣᠨ ᠳᠤ᠂ ᠪᠦᠭᠦ ᠣᠷᠣᠨ ᠤ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠤᠭᠰᠠᠨ | ᠨᠥᠬᠦᠪᠦᠷᠢ ᠶᠢᠨ ᠲᠥᠷᠥᠯ ᠵᠦᠢᠯ ︵ᠵᠢᠷᠤᠮᠵᠢᠭᠤᠯᠤᠨ ᠴᠡᠪᠡᠷᠯᠡᠭᠰᠡᠨ ᠤ ᠳᠠᠷᠠᠭ᠎ᠠ︶ 92 ᠪᠠᠶᠢᠵᠤ᠂ ᠨᠢᠭᠡᠨᠲᠡ ᠨᠥᠬᠦᠪᠦᠷᠢ ᠶᠢᠨ 60 ᠲᠥᠷᠥᠯ ᠵᠦᠢᠯ ᠢ ᠢᠯᠡ | ᠨᠡᠶᠢᠲᠡᠯᠡᠵᠦ᠂ 422 ᠳ᠋ᠦᠩᠰᠢᠭᠤᠷ ᠲᠥᠭᠦᠷᠢᠭ ᠲᠠᠷᠬᠠᠭᠠᠵᠤ᠂ 971.3 ᠲᠦᠮᠡᠨ ᠬᠥᠮᠥᠨ ᠳᠤ ᠠᠰᠢᠭ ᠬᠦᠷᠲᠡᠭᠡᠪᠡ᠃ ᠡᠭᠦᠨ ᠳᠤ᠂ ᠮᠠᠯᠴᠢᠨ ᠲᠠᠷᠢᠶᠠᠴᠢᠳ ᠲᠤ ᠠᠰᠢᠭ | ᠬᠦᠷᠲᠡᠭᠡᠬᠦ ᠦᠢᠯᠡᠳᠪᠦᠷᠢᠯᠡᠯ ᠤᠨ ᠴᠢᠨᠠᠷᠲᠠᠢ 20 ᠨᠥᠬᠦᠪᠦᠷᠢ ᠳᠤ ᠬᠤᠯᠪᠣᠭᠳᠠᠵᠤ᠂ ᠪᠦᠭᠦᠨ ᠢᠶᠠᠷ ᠢᠶᠠᠨ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥᠯ | ᠵᠦᠢᠯ ᠪᠠᠶᠢᠵᠤ᠂ ᠨᠡᠶᠢᠲᠡ 253 ᠳ᠋ᠦᠩᠰᠢᠭᠤᠷ ᠲᠥᠭᠦᠷᠢᠭ ᠲᠠᠷᠬᠠᠭᠠᠪᠠ᠃ | |