ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ 13.89 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ
ᠨᠡᠶᠢᠲᠡᠯᠡᠭᠰᠡᠨ ᠴᠠᠭ᠄
2024/8/13
      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠬᠤᠲᠠ ᠪᠠᠯᠭᠠᠰᠤ ᠶᠢᠨ 1185 ᠬᠠᠭᠤᠴᠢᠨ ᠰᠠᠭᠤᠭᠠᠯᠢ ᠲᠣᠭᠤᠷᠢᠭ᠂ 19.55 ᠲᠦᠮᠡᠨ ᠡᠷᠦᠭᠡ ᠶᠢᠨ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠵᠦ᠂ 6 ᠰᠠᠷ᠎ᠠ ᠶᠢᠨ ᠰᠡᠭᠦᠯᠴᠢ ᠪᠤᠯᠲᠠᠯ᠎ᠠ 1099 ᠬᠠᠭᠤᠴᠢᠨ ᠰᠠᠭᠤᠭᠠᠯᠢ ᠲᠣᠭᠤᠷᠢᠭ᠂ 17.35 ᠲᠦᠮᠡᠨ ᠡᠷᠦᠭᠡ ᠶᠢᠨ ᠪᠠᠷᠢᠯᠭ᠎ᠠ ᠶᠢ ᠡᠬᠢᠯᠡᠭᠦᠯᠵᠦ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 92.74% ᠳᠤ ᠬᠦᠷᠴᠦ᠂ 13.89 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ᠡᠨᠡ ᠵᠢᠯ ᠮᠠᠨ ᠤ ᠣᠷᠣᠨ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠭᠠᠵᠠᠷ ᠤᠨ ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠳᠤᠲᠠᠭᠤᠳᠠᠯ᠂ ᠬᠠᠭᠤᠴᠢᠨ ᠬᠤᠭᠤᠯᠠᠢ ᠲᠣᠣᠷ ᠤᠨ ᠠᠮᠤᠷ ᠲᠦᠪᠰᠢᠨ ᠤ ᠭᠡᠮ ᠰᠣᠭᠤᠭ ᠢ ᠭᠦᠢᠴᠡᠳ ᠣᠶᠢᠯᠠᠭᠠᠨ᠂ ᠣᠯᠠᠨ ᠲᠦᠮᠡᠨ ᠤ ᠰᠠᠨᠠᠯ ᠢ ᠭᠦᠢᠴᠡᠳ ᠬᠤᠷᠢᠶᠠᠵᠤ᠂ ᠠᠮᠤᠷ ᠲᠦᠪᠰᠢᠨ ᠴᠢᠨᠠᠷ ᠪᠠ ᠴᠢᠳᠠᠮᠵᠢᠲᠤ ᠴᠢᠨᠠᠷ ᠢ ᠲᠣᠪᠤᠶᠢᠯᠭᠠᠨ᠂ ᠰᠠᠭᠤᠭᠠᠯᠢ ᠲᠣᠭᠤᠷᠢᠭ ᠤᠨ ᠪᠣᠳᠠᠲᠤ ᠪᠠᠶᠢᠳᠠᠯ  ᠠᠴᠠ ᠭᠠᠷᠳᠠᠵᠤ ᠥᠭᠡᠷᠡᠴᠢᠯᠡᠨ ᠰᠢᠨᠡᠳᠬᠡᠬᠦ ᠠᠭᠤᠯᠭ᠎ᠠ ᠶᠢ ᠵᠦᠢᠯ ᠳᠠᠷᠠᠭᠠᠯᠠᠨ ᠲᠣᠭᠲᠠᠭᠠᠪᠠ᠃ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠭᠠᠳ ᠦᠭᠡᠢ ᠲᠥᠬᠦᠭᠡᠷᠦᠮᠵᠢ ᠤᠭᠰᠠᠷᠠᠬᠤ᠂ ᠰᠢᠨ᠎ᠡ ᠡᠨᠧᠷᠭᠢ ᠶᠢᠨ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂︽ᠥᠲᠡᠭᠦᠰ ᠨᠢᠯᠬᠠᠰ︾ ᠤᠨ ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠬᠦ ᠪᠠ ᠴᠠᠭᠢᠯᠭᠠᠨ ᠱᠠᠲᠤ ᠨᠡᠮᠡᠵᠦ ᠤᠭᠰᠠᠷᠠᠬᠤ ᠠᠵᠢᠯ ᠢ ᠵᠡᠷᠭᠡ ᠳᠤᠨᠢ ᠠᠬᠢᠭᠤᠯᠪᠠ᠃      ᠮᠠᠨ ᠤ ᠣᠷᠣᠨ ᠲᠥᠪ ᠤᠨ ᠨᠥᠬᠦᠪᠦᠷᠢ ᠮᠥᠩᠭᠦ ᠶᠢ ᠴᠢᠷᠮᠠᠶᠢᠨ ᠣᠯᠬᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠡᠯᠡ ᠮᠥᠩᠭᠦ ᠶᠢᠨ ᠲᠣᠬᠢᠷᠠᠭᠤᠯᠤᠯᠲᠠ᠂ ᠡᠯ᠎ᠡ ᠭᠠᠵᠠᠷ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠭᠤᠶᠤᠴᠢᠯᠠᠬᠤ ᠶᠢ ᠬᠥᠲᠥᠯᠥᠨ ᠵᠢᠯᠤᠭᠤᠳᠬᠤ᠂ ᠲᠤᠰᠬᠠᠢ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠮᠥᠩᠭᠦ ᠭᠠᠷᠭᠠᠬᠤ ᠶᠢ ᠠᠬᠢᠭᠤᠯᠬᠤ᠂ ᠨᠡᠶᠢᠭᠡᠮ ᠤᠨ ᠪᠡᠯᠡ ᠣᠷᠣᠭᠤᠯᠤᠯᠲᠠ ᠶᠢ ᠲᠡᠳᠡᠨ ᠠᠪᠴᠢᠷᠠᠬᠤ᠂ ᠰᠠᠭᠤᠭᠠᠯᠢ ᠠᠷᠠᠳ ᠪᠡᠯᠡ ᠮᠥᠩᠭᠦ ᠭᠠᠷᠭᠠᠬᠤ ᠵᠡᠷᠭᠡ ᠣᠯᠠᠨ ᠠᠷᠭ᠎ᠠ ᠵᠠᠮ ᠢᠶᠠᠷ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠪᠡᠯᠡ ᠮᠥᠩᠭᠦ ᠴᠤᠭᠯᠠᠭᠤᠯᠬᠤ ᠶᠢ ᠬᠥᠲᠥᠯᠥᠨ ᠵᠢᠯᠤᠭᠤᠳᠴᠤ᠂ ᠥᠭᠡᠷᠡᠴᠢᠯᠡᠨ ᠰᠠᠶᠢᠵᠢᠷᠠᠭᠤᠯᠬᠤ ᠪᠡᠯᠡ ᠣᠷᠣᠭᠤᠯᠤᠯᠲᠠ ᠶᠢᠨ ᠵᠠᠶᠢᠯᠠᠰᠢ ᠦᠭᠡᠢ ᠬᠡᠷᠡᠭᠴᠡᠭᠡ ᠶᠢ ᠪᠠᠲᠤᠯᠠᠪᠠ᠃ ᠡᠨᠡ ᠵᠢᠯ ᠪᠦᠭᠦ ᠣᠷᠣᠨ ᠤ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠨᠡᠶᠢᠳᠡ 57.85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠨᠢᠭᠡᠨᠲᠡ 47.61 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠡᠯ᠎ᠡ ᠭᠠᠵᠠᠷ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠠᠬᠢᠴᠠ ᠪᠠᠨ ᠲᠦᠷᠭᠡᠳᠬᠡᠬᠦ ᠪᠠ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠂ ᠦᠨᠳᠦᠰᠦᠨ ᠱᠠᠲᠤᠨ ᠤ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠨᠢ ᠲᠤᠬᠠᠢ ᠶᠢᠨ ᠭᠠᠵᠠᠷ ᠲᠤᠨᠢ ᠣᠶᠢᠯᠠᠭᠠᠬᠤ ᠶᠢᠨ ᠬᠠᠮᠲᠤ ᠢᠳᠡᠪᠬᠢᠲᠡᠢ ᠪᠠᠷ ᠰᠢᠢᠳᠪᠦᠷᠢᠯᠡᠨ ᠥᠭᠴᠦ ᠪᠠᠶᠢᠨ᠎ᠠ᠃ ᠪᠠᠰᠠ ᠨᠡᠶᠢᠲᠡᠯᠢᠭ ᠵᠢᠱᠢᠶ᠎ᠡ ᠶᠢ ᠴᠠᠭ ᠲᠤᠬᠠᠢ ᠳᠤᠨᠢ ᠡᠮᠬᠢᠯᠡᠨ ᠳᠢᠭᠯᠡᠵᠦ᠂ ᠲᠤᠷᠰᠢᠯᠭ᠎ᠠ ᠪᠠ ᠠᠷᠭ᠎ᠠ ᠬᠢᠳᠡᠯ ᠢᠶᠠᠨ ᠳ᠋ᠦᠩᠨᠡᠨ᠂ ᠭᠦᠭᠡᠬᠤᠲᠠ ᠶᠢᠨ ᠪᠠᠶᠠᠨᠨᠠᠭᠤᠷ ᠬᠤᠶᠢᠲᠤ ᠵᠠᠮ ᠤᠨ ᠨᠡᠶᠢᠭᠡᠮ ᠲᠣᠭᠤᠷᠢᠭ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ  ᠶᠢᠨ ᠬᠤᠶᠠᠳᠤᠭᠠᠷ ᠪᠦᠯᠦᠭ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ 
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ