ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠭᠰᠠᠳ ᠤᠨ ᠳᠠᠭᠠᠳᠬᠠᠯ ᠤᠨ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2024/8/16
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                              268 ᠳ᠋ᠤᠭᠠᠷ ᠲᠣᠭᠠᠲᠤ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠭᠰᠠᠳ ᠤᠨ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ 2024 ᠣᠨ ᠤ 6 ᠳ᠋ᠤᠭᠠᠷ ᠰᠠᠷ᠎ᠠ ᠶᠢᠨ 20 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 17 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                     ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ                                                           2024 ᠣᠨ ᠤ 6 ᠳ᠋ᠤᠭᠠᠷ ᠰᠠᠷ᠎ᠠ ᠶᠢᠨ 28 ᠤ ᠡᠳᠦᠷ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ    ᠠᠵᠢᠯ ᠠᠯᠳᠠᠭᠰᠠᠳ ᠤᠨ ᠳᠠᠭᠠᠳᠬᠠᠯ ᠤᠨ ᠬᠡᠷᠡᠭᠵᠢᠭᠦᠯᠬᠦ ᠠᠷᠭ᠎ᠠ    ︵2000 ᠣᠨ ᠤ 1 ᠳ᠋ᠦ᠋ᠭᠡᠷ ᠰᠠᠷ᠎ᠠ ᠶᠢᠨ 6 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 102 ᠳ᠋ᠤᠭᠠᠷ ᠲᠣᠭᠠᠲᠤ ᠪᠠᠷ ᠨᠡᠶᠢᠲᠡᠯᠡᠨ ᠬᠡᠷᠡᠭᠵᠢᠭᠦᠯᠪᠡ    2024 ᠣᠨ ᠤ 6 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 268 ᠳ᠋ᠤᠭᠠᠷ ᠲᠣᠭᠠᠲᠤ ᠪᠠᠷ ᠵᠠᠰᠠᠪᠤᠷᠢ ᠤᠷᠤᠭᠤᠯᠵᠦ ᠲᠤᠨᠨᠳᠠᠭᠠᠪᠠ︶    ᠨᠢᠭᠡᠳᠦᠭᠡᠷ ᠵᠦᠢᠯ ᠠᠵᠢᠯ ᠠᠯᠳᠠᠭᠰᠠᠳ ᠤᠨ ᠠᠵᠢᠯ ᠠᠯᠳᠠᠭᠠᠳ ᠪᠠᠶᠢᠭ᠎ᠠ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠢ ᠨᠢ ᠪᠠᠲᠤᠯᠠᠵᠤ᠂ ᠲᠡᠳᠡᠨ ᠤ ᠳᠠᠬᠢᠨᠲᠠ ᠠᠵᠢᠯ ᠣᠯᠬᠤ ᠶᠢ ᠨᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠂ ︽ᠠᠵᠢᠯ ᠠᠯᠳᠠᠭᠰᠠᠳ ᠤᠨ ᠳᠠᠭᠠᠳᠬᠠᠯ ᠤᠨ ᠳᠦᠷᠢᠮ︾᠂ ︽ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠳᠭᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠤ ᠠᠬᠤᠶᠢᠯᠠᠯ᠂ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠠᠴᠠ ᠪᠤᠰᠤᠳ ᠠᠵᠢᠯ ᠦᠢᠯᠡᠰ ᠤᠨ ᠨᠢᠭᠡᠴᠢ᠂ ᠬᠠᠤᠯᠢ ᠶᠣᠰᠣᠭᠠᠷ ᠳᠠᠩᠰᠠᠯᠠᠭᠤᠯᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠢᠭᠡᠴᠢ ᠵᠢᠴᠢ ᠲᠡᠳᠡᠭᠡᠷ ᠤᠨ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ ᠡᠯᠰᠡᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠲᠡᠳᠡᠭᠡᠷ ᠤᠨ ᠬᠥᠯᠥᠰᠦᠨ ᠠᠵᠢᠯᠴᠢᠨ ᠨᠢ ᠲᠣᠰ ᠠᠷᠭ᠎ᠠ ᠶᠢᠨ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠬᠤ ᠬᠡᠷᠡᠭᠲᠡᠢ᠃    ᠤᠯᠤᠰ ᠤᠨ ᠪᠠᠶᠢᠭᠤᠯᠭ᠎ᠠ᠂ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠪᠠ ᠲᠡᠳᠡᠭᠡᠷ ᠯᠦᠭᠡ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠤᠭᠰᠠᠨ ᠬᠥᠮᠥᠰ ᠨᠢ ᠲᠣᠰ ᠠᠷᠭ᠎ᠠ ᠶᠢᠨ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠬᠤ ᠬᠡᠷᠡᠭᠲᠡᠢ᠃    ᠭᠤᠷᠪᠠᠳᠤᠭᠠᠷ ᠵᠦᠢᠯ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠢᠶᠠᠨ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠬᠠᠤᠯᠢ ᠳᠤ ᠨᠡᠶᠢᠴᠡᠭᠰᠡᠨ᠂ ᠠᠷᠠᠳ ᠲᠤ ᠳᠥᠭᠦᠮ ᠦᠵᠡᠭᠦᠯᠬᠦ᠂ ᠴᠠᠭ ᠲᠤ ᠨᠢ ᠭᠦᠢᠴᠡᠳᠭᠡᠭᠰᠡᠨ᠂ ᠢᠯᠡ ᠪᠥᠭᠡᠳ ᠠᠮᠤᠷ ᠲᠦᠪᠰᠢᠨ ᠪᠠᠶᠢᠯᠭᠠᠬᠤ ᠵᠠᠷᠴᠢᠮ ᠢ ᠵᠢᠷᠤᠮᠯᠠᠬᠤ ᠬᠡᠷᠡᠭᠲᠡᠢ     ᠳᠥᠷᠪᠡᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠢ ᠭᠤᠣᠯᠴᠢᠯᠠᠨ ᠬᠠᠮᠢᠶᠠᠷᠤᠨ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠷᠢᠶᠠᠯᠠᠭᠳᠠᠬᠤ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠨᠢ ᠠᠵᠢᠯ ᠠᠯᠳᠠᠭᠰᠠᠳ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠪᠣᠳᠠᠲᠠᠢ ᠳᠠᠭᠠᠭᠠᠨ ᠬᠢᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠬᠢᠨᠠᠨ ᠪᠣᠳᠣᠬᠤ ᠰᠠᠯᠠᠭ᠎ᠠ ᠮᠥᠴᠢᠷ ᠨᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ᠂ ᠬᠠᠮᠢᠶᠠᠷᠤᠯᠲᠠ ᠪᠠ ᠪᠡᠯᠡ ᠣᠷᠣᠭᠤᠯᠵᠤ ᠡᠵᠡᠩᠨᠡᠨ ᠠᠵᠢᠯᠯᠠᠭᠤᠯᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠢ ᠬᠠᠤᠯᠢ ᠶᠣᠰᠣᠭᠠᠷ ᠲᠠᠲᠠᠪᠤᠷᠢᠯᠠᠨ ᠲᠤᠰᠢᠶᠠᠯᠭᠠᠨ᠎ᠠ᠃    ᠲᠠᠪᠤᠳᠤᠭᠠᠷ ᠵᠦᠢᠯ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠢ ᠲᠥᠯᠥᠪᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ᠂ ᠰᠦᠢᠳᠭᠡᠯ ᠲᠤᠰᠢᠶᠠᠬᠤ ᠰᠠᠭᠤᠷᠢ ᠲᠤᠭ᠎ᠠ᠂ ᠰᠦᠢᠳᠭᠡᠯ ᠲᠤᠰᠢᠶᠠᠬᠤ ᠨᠣᠷᠮ᠎ᠠ᠂ ᠣᠯᠭᠤᠮᠵᠢ ᠪᠠ ᠪᠠᠷᠢᠮᠵᠢᠶ᠎ᠠ᠂ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ᠂ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ᠂ ᠭᠠᠷᠳᠠᠨ ᠭᠦᠢᠴᠡᠳᠭᠡᠬᠦ ᠦᠢᠯᠡᠴᠢᠯᠡᠭᠡᠨ ᠤ ᠴᠤᠪᠤᠷᠠᠯ ᠪᠠ ᠮᠡᠳᠡᠭᠡ ᠵᠠᠩᠬᠢ ᠶᠢᠨ ᠰᠢᠰᠲ᠋ᠧᠮ ᠢ ᠨᠢᠭᠡᠳᠦᠭᠦᠯᠬᠦ ᠬᠡᠷᠡᠭᠲᠡᠢ᠃    ᠵᠢᠷᠭᠤᠳᠤᠭᠠᠷ ᠵᠦᠢᠯ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠭᠡᠯ ᠢ ᠬᠥᠮᠥᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ ᠨᠢ ᠤᠯᠤᠰ ᠤᠨ ᠲᠣᠭᠲᠠᠭᠠᠯ ᠶᠣᠰᠣᠭᠠᠷ ᠬᠠᠮᠲᠤ ᠪᠠᠷ ᠲᠤᠰᠢᠶᠠᠬᠤ ᠬᠡᠷᠡᠭᠲᠡᠢ᠃    ᠬᠥᠯᠥᠰᠦᠨ ᠠᠵᠢᠯᠴᠢᠨ ᠡᠯᠰᠡᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠬᠥᠯᠥᠰᠦᠨ ᠠᠵᠢᠯᠴᠢᠨ ᠨᠢ ᠡᠮᠦᠨᠡᠬᠢ ᠵᠤᠷᠪᠤᠰ ᠤᠨ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠭᠡᠯ ᠢ ᠲᠤᠰᠢᠶᠠᠬᠤ ᠬᠡᠷᠡᠭᠲᠡᠢ᠃    ᠳᠣᠯᠣᠳᠤᠭᠠᠷ ᠵᠦᠢᠯ ᠠᠵᠢᠯ ᠠᠯᠳᠠᠭᠰᠠᠳ ᠤᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠪᠠᠷᠢᠮᠵᠢᠶ᠎ᠠ ᠶᠢ ᠨᠢ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠄    ︵ᠨᠢᠭᠡ︶ ᠨᠢᠭᠡᠳᠦᠭᠡᠷ ᠰᠠᠷ᠎ᠠ ᠠᠴᠠ ᠠᠷᠪᠠᠨ ᠬᠤᠶᠠᠳᠤᠭᠠᠷ ᠰᠠᠷ᠎ᠠ ᠬᠦᠷᠲᠡᠯᠡᠬᠢ ᠬᠤᠭᠤᠴᠠᠭᠠᠨ ᠤ ᠬᠢ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠨᠢᠭᠡᠳᠦᠭᠡᠷ ᠲᠥᠷᠥᠯ ᠤᠨ ᠭᠠᠵᠠᠷ ᠣᠷᠣᠨ ᠳᠠᠬᠢ ᠪᠦᠬᠦᠯᠢ ᠡᠳᠦᠷ ᠤᠨ ᠳᠦᠷᠢᠮ ᠢᠶᠠᠷ ᠬᠡᠷᠡᠭᠯᠡᠵᠦ ᠪᠠᠶᠢᠭ᠎ᠠ ᠠᠵᠢᠯᠴᠢᠨ ᠤ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶᠠᠨ ᠤ ᠵᠠᠭᠤᠨ ᠤ ᠶᠡᠷᠡᠨ ᠲᠠᠪᠤ ᠪᠠᠷ ᠬᠡᠷᠡᠭᠵᠢᠭᠦᠯᠦᠨ᠎ᠡ︔    ︵ᠬᠤᠶᠠᠷ︶ ᠠᠷᠪᠠᠨ ᠭᠤᠷᠪᠠᠳᠤᠭᠠᠷ ᠰᠠᠷ᠎ᠠ ᠠᠴᠠ ᠨᠢ ᠡᠬᠢᠯᠡᠵᠦ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠨᠢᠭᠡᠳᠦᠭᠡᠷ ᠲᠥᠷᠥᠯ ᠤᠨ ᠭᠠᠵᠠᠷ ᠣᠷᠣᠨ ᠳᠠᠬᠢ ᠪᠦᠬᠦᠯᠢ ᠡᠳᠦᠷ ᠤᠨ ᠳᠦᠷᠢᠮ ᠢᠶᠠᠷ ᠬᠡᠷᠡᠭᠯᠡᠵᠦ ᠪᠠᠶᠢᠭ᠎ᠠ ᠠᠵᠢᠯᠴᠢᠨ ᠤ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶᠠᠨ ᠤ ᠵᠠᠭᠤᠨ ᠤ ᠨᠠᠶᠠᠨ ᠲᠠᠪᠤ ᠪᠠᠷ ᠬᠡᠷᠡᠭᠵᠢᠭᠦᠯᠦᠨ᠎ᠡ᠃    ᠠᠵᠢᠯ ᠠᠯᠳᠠᠭᠰᠠᠳ ᠨᠢ ᠰᠦᠢᠳᠭᠡᠯ ᠲᠤᠰᠢᠶᠠᠭᠠᠳ ᠨᠡᠶᠢᠲᠡ ᠪᠦᠬᠦᠯᠢ ᠠᠷᠪᠠᠨ ᠵᠢᠯ ᠪᠣᠯᠣᠭᠰᠠᠨ ᠪᠥᠭᠡᠳ ᠪᠦᠬᠦᠯᠢ ᠲᠠᠪᠢᠨ ᠨᠠᠰᠤ ᠬᠥᠷᠥᠭᠰᠡᠨ ᠡᠷᠡᠭᠲᠡᠢ᠂ ᠪᠦᠬᠦᠯᠢ ᠳᠥᠴᠢᠨ ᠲᠠᠪᠤᠨ ᠨᠠᠰᠤ ᠬᠥᠷᠥᠭᠰᠡᠨ ᠡᠮᠡᠭᠲᠡᠢ ᠪᠤᠶᠤ ᠡᠷ᠎ᠡ ᠡᠮ᠎ᠡ ᠬᠤᠶᠠᠭᠤᠯᠠ ᠪᠠᠨ ᠵᠡᠷᠭᠡ ᠪᠠᠷ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ ᠪᠠᠶᠢᠪᠠᠯ᠂ ᠨᠢᠭᠡᠳᠦᠭᠡᠷ ᠰᠠᠷ᠎ᠠ ᠠᠴᠠ ᠠᠷᠪᠠᠨ ᠬᠤᠶᠠᠳᠤᠭᠠᠷ ᠰᠠᠷ᠎ᠠ ᠬᠦᠷᠲᠡᠯᠡᠬᠢ ᠬᠤᠭᠤᠴᠠᠭᠠᠨ ᠤ ᠬᠢ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠨᠢᠭᠡᠳᠦᠭᠡᠷ ᠲᠥᠷᠥᠯ ᠤᠨ ᠭᠠᠵᠠᠷ ᠣᠷᠣᠨ ᠳᠠᠬᠢ ᠪᠦᠬᠦᠯᠢ ᠡᠳᠦᠷ ᠤᠨ ᠳᠦᠷᠢᠮ ᠢᠶᠠᠷ ᠬᠡᠷᠡᠭᠯᠡᠵᠦ ᠪᠠᠶᠢᠭ᠎ᠠ ᠠᠵᠢᠯᠴᠢᠨ ᠤ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶᠠᠨ ᠤ ᠵᠠᠭᠤᠨ ᠤ ᠶᠡᠷᠡᠨ ᠨᠠᠢᠮᠠ ᠪᠠᠷ ᠬᠡᠷᠡᠭᠵᠢᠭᠦᠯᠦᠨ᠎ᠡ︔ ᠠᠷᠪᠠᠨ ᠭᠤᠷᠪᠠᠳᠤᠭᠠᠷ ᠰᠠᠷ᠎ᠠ ᠠᠴᠠ ᠨᠢ ᠡᠬᠢᠯᠡᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠨᠢᠭᠡᠳᠦᠭᠡᠷ ᠲᠥᠷᠥᠯ ᠤᠨ ᠭᠠᠵᠠᠷ ᠣᠷᠣᠨ ᠳᠠᠬᠢ ᠪᠦᠬᠦᠯᠢ ᠡᠳᠦᠷ ᠤᠨ ᠳᠦᠷᠢᠮ ᠢᠶᠠᠷ ᠬᠡᠷᠡᠭᠯᠡᠵᠦ ᠪᠠᠶᠢᠭ᠎ᠠ ᠠᠵᠢᠯᠴᠢᠨ ᠤ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶᠠᠨ ᠤ ᠵᠠᠭᠤᠨ ᠤ ᠨᠠᠶᠠᠨ ᠨᠠᠢᠮᠠ ᠪᠠᠷ ᠬᠡᠷᠡᠭᠵᠢᠭᠦᠯᠦᠨ᠎ᠡ᠃    ᠨᠠᠢᠮᠠᠳᠤᠭᠠᠷ ᠵᠦᠢᠯ ᠠᠵᠢᠯ ᠠᠯᠳᠠᠭᠰᠠᠳ ᠤᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠶᠢ ᠠᠵᠢᠯ ᠠᠯᠳᠠᠭᠰᠠᠳ ᠤᠨ ᠠᠵᠢᠯ ᠠᠯᠳᠠᠬᠤ ᠠᠴᠠ ᠡᠮᠦᠨᠡᠬᠢ ᠠᠵᠢᠯᠯᠠᠵᠤ ᠪᠠᠶᠢᠭᠰᠠᠨ ᠨᠢᠭᠡᠴᠢ ᠪᠠ ᠲᠣᠰ ᠬᠥᠮᠥᠨ ᠤ ᠬᠢᠨᠢ ᠰᠦᠢᠳᠭᠡᠯ ᠲᠤᠰᠢᠶᠠᠭᠰᠠᠨ ᠬᠤᠭᠤᠴᠠᠭᠠᠨ ᠤ ᠨᠡᠶᠢᠯᠡᠪᠦᠷᠢ ᠶᠢ ᠦᠨᠳᠦᠰᠦᠯᠡᠨ ᠲᠣᠭᠲᠠᠭᠠᠨ᠎ᠠ᠄    ︵ᠨᠢᠭᠡ︶ ᠰᠦᠢᠳᠭᠡᠯ ᠲᠤᠰᠢᠶᠠᠭᠠᠳ ᠨᠡᠶᠢᠲᠡ ᠪᠦᠬᠦᠯᠢ ᠨᠢᠭᠡ ᠵᠢᠯ ᠪᠣᠯᠣᠭᠰᠠᠨ ᠪᠠᠶᠢᠪᠠᠯ ᠬᠤᠶᠠᠷ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ︔ ᠪᠦᠬᠦᠯᠢ ᠬᠤᠶᠠᠷ ᠵᠢᠯ ᠪᠣᠯᠣᠭᠰᠠᠨ ᠪᠠᠶᠢᠪᠠᠯ ᠳᠥᠷᠪᠡᠨ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ︔ ᠪᠦᠬᠦᠯᠢ ᠭᠤᠷᠪᠠᠨ ᠵᠢᠯ ᠪᠣᠯᠣᠭᠰᠠᠨ ᠪᠠᠶᠢᠪᠠᠯ ᠨᠠᠢᠮᠠᠨ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ︔ ᠪᠦᠬᠦᠯᠢ ᠳᠥᠷᠪᠡᠨ ᠵᠢᠯ ᠪᠣᠯᠣᠭᠰᠠᠨ ᠪᠠᠶᠢᠪᠠᠯ ᠠᠷᠪᠠᠨ ᠬᠤᠶᠠᠷ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ︔    ︵ᠬᠤᠶᠠᠷ︶ ᠨᠡᠶᠢᠲᠡ ᠪᠦᠬᠦᠯᠢ ᠲᠠᠪᠤᠨ ᠵᠢᠯ ᠰᠦᠢᠳᠬᠡᠯ ᠲᠤᠰᠢᠶᠠᠵᠤ ᠪᠦᠬᠦᠯᠢ ᠠᠷᠪᠠᠨ ᠵᠢᠯ ᠪᠣᠯᠤᠭ᠎ᠠ ᠦᠭᠡᠢ ᠪᠣᠯ ᠲᠠᠪᠤᠳᠤᠭᠠᠷ ᠵᠢᠯ ᠳᠤ ᠪᠠᠨ ᠠᠷᠪᠠᠨ ᠳᠥᠷᠪᠡᠨ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠴᠤ᠂ ᠲᠡᠭᠦᠨ ᠠᠴᠠ ᠬᠤᠶᠢᠰᠢ ᠨᠢᠭᠡ ᠵᠢᠯ ᠨᠡᠮᠡᠭᠳᠡᠬᠦ ᠪᠦᠷᠢ ᠨᠢᠭᠡ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠨᠡᠮᠡᠬᠦ ᠪᠣᠯᠣᠨ᠎ᠠ︔    ︵ᠭᠤᠷᠪᠠ︶ ᠨᠡᠶᠢᠲᠡ ᠠᠷᠪᠠᠨ ᠵᠢᠯ ᠠᠴᠠ ᠢᠯᠡᠭᠦᠦ ᠰᠦᠢᠳᠭᠡᠯ ᠲᠤᠰᠢᠶᠠᠭᠰᠠᠨ ᠪᠣᠯ ᠬᠤᠷᠢᠨ ᠳᠥᠷᠪᠡᠨ ᠰᠠᠷ᠎ᠠ ᠶᠢᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠤᠨ᠎ᠠ᠃    ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠨᠢ ᠳᠠᠭᠤᠰᠤᠭᠰᠠᠨ ᠪᠣᠯᠪᠠᠴᠤ ᠠᠵᠢᠯ ᠣᠯᠤᠭ᠎ᠠ ᠦᠭᠡᠢ ᠪᠥᠭᠡᠳ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ ᠵᠢᠯ ᠤᠨ ᠵᠠᠢ ᠦᠭᠡᠢ ᠠᠵᠢᠯ ᠠᠯᠳᠠᠭᠰᠠᠳ ᠤᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠶᠢᠰᠦᠳᠦᠭᠡᠷ ᠵᠦᠢᠯ ᠠᠵᠢᠯ ᠠᠯᠳᠠᠭᠰᠠᠳ ᠠᠵᠢᠯ ᠠᠯᠳᠠᠭᠰᠠᠨ ᠲᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠤ ᠪᠠᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠳᠤ ᠣᠷᠣᠯᠴᠠᠭᠰᠠᠨ ᠪᠠᠶᠢᠪᠠᠯ᠂ ᠦᠨᠳᠦᠰᠦᠨ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠣᠯᠭᠤᠮᠵᠢ ᠶᠢ ᠬᠦᠷᠲᠡᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠳᠠᠨ ᠭᠦᠢᠴᠡᠳᠭᠡᠵᠦ ᠪᠠᠶᠢᠭ᠎ᠠ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠳᠣᠲᠣᠷ᠎ᠠ ᠠᠴᠠ ᠠᠵᠢᠯ ᠠᠯᠳᠠᠭᠰᠠᠳ ᠤᠨ ᠲᠤᠰᠢᠶᠠᠪᠠᠰᠤ ᠵᠣᠬᠢᠬᠤ ᠦᠨᠳᠦᠰᠦᠨ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠭᠡᠯ ᠢ ᠨᠢ ᠬᠠᠤᠯᠢ ᠶᠣᠰᠣᠭᠠᠷ ᠲᠥᠯᠥᠬᠦ ᠬᠡᠷᠡᠭᠲᠡᠢ᠂ ᠬᠤᠪᠢ ᠬᠥᠮᠥᠨ ᠨᠢ ᠦᠨᠳᠦᠰᠦᠨ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠦᠢᠳᠭᠡᠯ ᠢ ᠲᠤᠰᠢᠶᠠᠬᠤ ᠦᠭᠡᠢ᠃    ᠠᠷᠪᠠᠳᠤᠭᠠᠷ ᠵᠦᠢᠯ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠶᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠳᠠᠨ ᠭᠦᠢᠴᠡᠳᠭᠡᠵᠦ ᠪᠠᠶᠢᠭ᠎ᠠ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠶᠢᠨ ᠵᠠᠷᠤᠯᠭ᠎ᠠ ᠪᠣᠯᠬᠤ ᠠᠵᠢᠯ ᠠᠯᠳᠠᠭᠰᠠᠳ ᠤᠨ ᠠᠵᠢᠯ ᠠᠯᠳᠠᠭᠰᠠᠨ ᠳᠠᠭᠠᠳᠬᠠᠯ ᠤᠨ ᠮᠥᠩᠭᠦ ᠠᠪᠬᠤ ᠬᠤᠭᠤᠴᠠᠭᠠᠨ ᠳᠠᠬᠢ ᠠᠵᠢᠯ ᠮᠡᠷᠭᠡᠵᠢᠯ ᠤᠨ ᠪᠣᠯᠪᠠᠰᠤᠷᠠᠯ ᠪᠠ ᠠᠵᠢᠯ ᠮᠡᠷᠭᠡᠵᠢᠯ ᠤᠨ ᠲᠠᠨᠢᠯᠴᠠᠭᠤᠯᠭ᠎ᠠ ᠳᠤ ᠵᠠᠷᠤᠭᠰᠠᠨ ᠨᠡᠮᠡᠭᠦᠷᠢ ᠨᠢ ᠲᠣᠰ ᠭᠠᠵᠠᠷ ᠣᠷᠣᠨ ᠤ ᠲᠡᠭᠡᠷ᠎ᠡ ᠨᠢᠭᠡ ᠵᠢᠯ ᠤᠨ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠭᠡᠯ ᠤᠨ ᠪᠥᠬᠦ ᠲᠣᠭᠠᠨ ᠤ ᠵᠠᠭᠤᠨ ᠤ ᠠᠷᠪᠠᠨ ᠲᠠᠪᠤ ᠠᠴᠠ ᠳᠠᠪᠠᠵᠤ ᠪᠣᠯᠬᠤ ᠦᠭᠡᠢ᠃    ᠠᠷᠪᠠᠨ ᠨᠢᠭᠡᠳᠦᠭᠡᠷ ᠵᠦᠢᠯ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠳᠤ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠳᠠᠯ ᠭᠠᠷᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠠᠵᠢᠯᠲᠠᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ︔ ᠶᠠᠯ᠎ᠠ ᠳᠤ ᠬᠥᠷᠥᠭᠰᠡᠨ ᠪᠠᠶᠢᠪᠠᠯ᠂ ᠬᠠᠥᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠠᠷᠪᠠᠨ ᠬᠤᠶᠠᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃    ᠠᠷᠪᠠᠨ ᠭᠤᠷᠪᠠᠳᠤᠭᠠᠷ ᠵᠦᠢᠯ ᠲᠣᠰ ᠠᠷᠭ᠎ᠠ ᠶᠢ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠪᠢᠳᠠᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠷᠬᠢᠯᠡᠭᠴᠢ᠂ ᠳᠡᠳ᠋ ᠡᠷᠬᠢᠯᠡᠭᠴᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠃    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠶ᠋ᠯᠡᠰ ᠤᠨ ᠨᠢᠭᠡᠴᠢ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠤᠭᠤᠷᠢᠭ᠂ ᠵᠡᠪᠰᠡᠭᠲᠦ ᠴᠠᠭᠳᠠᠭ᠎ᠠ ᠶᠢᠨ ᠥᠪᠦᠷ ᠮᠤᠩᠭᠤᠯ ᠤᠨ ᠶᠡᠷᠦᠩᠬᠡᠢ ᠠᠩᠬᠢ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠢᠩᠭᠤ ᠬᠤᠷᠢᠶᠠᠨ ᠤ ᠠᠯᠪᠡᠨ ᠲᠢᠩᠬᠢᠮ᠂ ᠤᠯᠥᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠤᠷᠤᠨ ᠤ ᠬᠢᠨᠠᠨ ᠪᠠᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠡ᠂ ᠪᠠᠶᠢᠴᠠᠭᠠᠬᠤ ᠬᠤᠷᠢᠶ᠎ᠠ᠃    ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                       2024 ᠣᠨ ᠤ 6 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ