ᠣᠶᠢᠯᠠᠭᠠᠭᠰᠠᠨ ᠢᠶᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠵᠣᠬᠢᠶᠠᠨ ᠪᠠᠶᠢᠭᠤᠯᠵᠤ ᠲᠤᠭᠤᠷᠪᠢᠭᠰᠠᠨ︽ᠴᠠᠭᠢᠯᠭᠠᠨ | ᠭᠦᠳᠡᠯᠭᠡᠭᠦᠷᠲᠦ ᠳᠤᠭᠤᠢ ᠲᠡᠷᠭᠡᠨ ᠤ ᠬᠡᠷᠡᠭᠯᠡᠬᠦ ᠯᠢᠲ᠋ᠢ ᠢᠶᠤᠨ ᠤ ᠴᠠᠭᠢᠯᠭᠠᠨ ᠬᠤᠷᠢᠶᠠᠭᠤᠷ ᠤᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ( GB | 43854 — 2024 ) ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ︵ᠤᠯᠤᠰ ᠤᠨ ᠪᠠᠷᠢᠮᠵᠢᠶ᠎ᠠ ᠶᠢᠨ ᠵᠥᠪᠯᠡᠯ ) ᠨᠢᠭᠡᠨᠲᠡ ᠨᠡᠶᠢᠲᠡᠯᠡᠵᠦ᠂ 2024 ᠣᠨ ᠤ 11 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ | ᠬᠡᠷᠡᠭᠵᠢᠭᠦᠯᠬᠦ ᠪᠠᠷ ᠪᠠᠶᠢᠨ᠎ᠠ᠃ | ᠣᠶᠢᠯᠠᠭᠠᠭᠰᠠᠨ ᠢᠶᠠᠷ᠂ ᠮᠡᠷᠭᠡᠵᠢᠯ ᠤᠨ ᠵᠢᠷᠤᠮᠵᠢᠯ ᠨᠢ ᠲᠠᠩ ᠪᠡᠶᠡᠲᠦ ᠴᠠᠭᠢᠯᠭᠠᠨ ᠬᠤᠷᠢᠶᠠᠭᠤᠷ ᠪᠠ ᠴᠠᠭᠢᠯᠭᠠᠨ ᠬᠤᠷᠢᠶᠠᠭᠤᠷ ᠤᠨ ᠪᠦᠯᠦᠭ ᠭᠡᠬᠦ ᠬᠤᠶᠠᠷ | ᠳᠠᠪᠬᠤᠷᠭ᠎ᠠ ᠠᠴᠠ ︽ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ︾ ( GB 17761 ) ᠳᠤ ᠲᠣᠬᠢᠷᠠᠬᠤ | ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠯᠢᠲ᠋ᠢ ᠴᠠᠭᠢᠯᠭᠠᠨ ᠬᠤᠷᠢᠶᠠᠭᠤᠷ ᠬᠡᠷᠡᠭᠯᠡᠬᠦ ᠠᠮᠤᠷ ᠲᠦᠪᠰᠢᠨ ᠤ ᠱᠠᠭᠠᠷᠳᠠᠯᠭ᠎ᠠ ᠪᠠ ᠲᠤᠷᠰᠢᠯᠲᠠ ᠶᠢᠨ ᠠᠷᠭ᠎ᠠ ᠶᠢ | ᠲᠣᠭᠲᠠᠭᠠᠵᠠᠢ᠃ | ᠣᠳᠣᠬᠠᠨ ᠳᠤ ᠮᠠᠨ ᠤ ᠤᠯᠤᠰ ᠤᠨ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠨᠡᠶᠢᠭᠡᠮ ᠤᠨ ᠬᠠᠳᠠᠭᠠᠯᠠᠯᠲᠠ ᠶᠢᠨ ᠬᠡᠮᠵᠢᠶ᠎ᠡ ᠨᠢᠭᠡᠨᠲᠡ 3.5 | ᠳ᠋ᠦᠩᠰᠢᠭᠤᠷ ᠢ ᠳᠠᠪᠠᠵᠤ᠂ 2023 ᠣᠨ ᠳᠤ ᠪᠦᠭᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠨᠡᠶᠢᠲᠡ 4228 ᠲᠦᠮᠡᠨ ᠴᠠᠭᠢᠯᠭᠠᠨ | ᠭᠦᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠪᠡ᠃ ᠤᠯᠤᠰ ᠤᠨ ᠳᠣᠲᠣᠭᠠᠳᠤ ᠶᠢᠨ ᠭᠤᠣᠯ ᠪᠤᠯᠬᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠲᠦᠷᠦᠯ | ᠲᠡᠮᠳᠡᠭ ᠤᠨ ᠦᠢᠯᠡᠳᠪᠦᠷᠢᠯᠡᠭᠰᠡᠨ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠰᠢᠨ᠎ᠡ ᠭᠡᠯᠪᠡᠷᠢ ᠶᠢᠨ ᠲᠡᠷᠭᠡᠨ ᠤ ᠳᠣᠲᠣᠷ᠎ᠠ᠂ ᠯᠢᠲ᠋ᠢ ᠢᠶᠤᠨ ᠤ ᠴᠠᠭᠢᠯᠭᠠᠨ | ᠬᠤᠷᠢᠶᠠᠭᠤᠷ ᠲᠣᠬᠢᠷᠠᠭᠤᠯᠤᠭᠰᠠᠨ ᠬᠠᠷᠢᠴᠠᠯ ᠨᠢ 20% ᠶᠢ ᠳᠠᠪᠠᠪᠠ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠮᠡᠷᠭᠡᠵᠢᠯ ᠤᠨ ᠵᠢᠷᠤᠮᠵᠢᠯ ᠨᠢ | ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠯᠢᠲ᠋ᠢ ᠢᠶᠤᠨ ᠤ ᠴᠠᠭᠢᠯᠭᠠᠨ ᠬᠤᠷᠢᠶᠠᠭᠤᠷ ᠬᠡᠷᠡᠭᠯᠡᠬᠦ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠢ | ᠤᠯᠤᠰ ᠤᠨ ᠪᠠᠷᠢᠮᠵᠢᠶ᠎ᠠ ᠪᠣᠯᠤᠭᠰᠠᠨ ᠤ ᠬᠤᠪᠢ ᠳᠤ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠯᠢᠲ᠋ᠢ ᠢᠶᠤᠨ ᠤ ᠴᠠᠭᠢᠯᠭᠠᠨ ᠬᠤᠷᠢᠶᠠᠭᠤᠷ ᠬᠡᠷᠡᠭᠯᠡᠬᠦ | ᠦᠢᠯᠡᠳᠬᠦᠨ ᠢ ᠵᠢᠷᠤᠵᠤ ᠲᠥᠯᠥᠪᠯᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ | ᠳᠡᠭᠡᠭᠰᠢᠯᠡᠭᠦᠯᠭᠦ ᠶᠢ ᠵᠢᠷᠤᠮᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠠᠵᠢᠯ ᠲᠥᠷᠥᠯ ᠤᠨ | ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠪᠣᠯᠣᠨ᠎ᠠ ᠭᠡᠵᠡᠢ᠃ | |