ᠤᠯᠠᠨ ᠭᠠᠵᠠᠷ ᠤᠨ ᠬᠢᠨ ᠦᠨ᠎ᠡ ᠶᠢ ᠨᠢ ᠦᠰᠭᠡᠪᠡ︕ ᠮᠠᠰᠢ ᠣᠯᠠᠨ ᠬᠥᠮᠥᠨ ᠡᠭᠦᠨ ᠢ ᠢᠳᠡᠬᠦ ᠳᠤᠷᠠᠲᠠᠢ ᠁
ᠨᠡᠶᠢᠲᠡᠯᠡᠭᠰᠡᠨ ᠴᠠᠭ᠄
2024/8/16
      ᠣᠢᠢᠷ᠎ᠠ ᠳᠤ ᠮᠠᠰᠢ ᠤᠯᠠᠨ ᠬᠦᠮᠦᠰ ᠲᠠᠷᠪᠤᠰ ᠤᠨ ᠣᠢᠨ᠎ᠠ ᠦᠰᠦᠭᠰᠡᠨ ᠢ ᠣᠯᠵᠤ ᠮᠠᠲᠠᠵᠠᠢ᠃      ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 8 ᠰᠠᠷ᠎ᠠ ᠶᠢᠨ 1 ᠠᠴᠠ 8 ᠰᠠᠷ᠎ᠠ ᠶᠢᠨ 8 ᠤ ᠡᠳᠦᠷ ᠪᠣᠯᠲᠠᠯ᠎ᠠ᠂ ᠪᠦᠬᠦ ᠤᠯᠤᠰ ᠤᠨ ᠬᠡᠪᠴᠢᠶᠡᠨ ᠳᠤ ᠲᠠᠷᠪᠤᠰ ᠤᠨ ᠪᠥᠭᠡᠮ ᠢᠶᠠᠷ ᠬᠤᠳᠠᠯᠳᠤᠬᠤ ᠳᠤᠮᠳᠠᠴᠢ ᠦᠨ᠎ᠡ ᠬᠠᠨᠭ᠍ᠰᠢ ᠶᠡᠷᠦᠩᠬᠡᠢ ᠳᠡᠭᠡᠨ ᠥᠰᠬᠦ ᠬᠠᠨᠳᠤᠰᠢ ᠲᠠᠢ ᠪᠤᠯᠵᠤ᠂ ᠺᠢᠯᠣᠭ᠍ᠷᠠᠮ ᠪᠦᠷᠢ 2.89 ᠲᠥᠭᠦᠷᠢᠭ ᠪᠠᠶᠢᠭᠰᠠᠨ ᠠᠴᠠ ᠪᠠᠨ 3.31 ᠲᠥᠭᠦᠷᠢᠭ ᠪᠤᠯᠵᠤ ᠦᠰᠪᠡ᠃      ᠲᠠᠷᠪᠤᠰ ᠤᠨ ᠦᠨ᠎ᠡ ᠶᠠᠭᠠᠬᠢᠭᠠᠳ ᠢᠡᠭᠭᠢᠵᠦ ᠦᠰᠴᠦ ᠪᠠᠶᠢᠬᠤ ᠪᠣᠢ︖      ᠲᠠᠷᠪᠤᠰ ᠤᠨ ᠦᠨ᠎ᠡ ᠶᠠᠭᠠᠬᠢᠭᠠᠳ ᠢᠡᠭᠬᠢᠵᠦ ᠦᠰᠴᠦ ᠪᠠᠶᠢᠬᠤ ᠪᠣᠢ︖ ᠭᠡᠳᠡᠭ ᠤᠨ ᠲᠤᠬᠠᠢ ᠠᠵᠢᠯ ᠲᠥᠷᠥᠯ ᠤᠨ ᠬᠥᠮᠦᠰ ᠵᠠᠳᠠᠯᠤᠯᠲᠠ ᠬᠢᠵᠦ ᠬᠡᠯᠡᠬᠦ  ᠳᠡᠭᠡᠨ᠂ ᠣᠳᠣᠬᠠᠨ ᠤ ᠲᠠᠷᠪᠤᠰ ᠤᠨ ᠦᠨ᠎ᠡ ᠶᠢᠨ ᠬᠤᠪᠢᠷᠠᠯᠲᠠ ᠨᠢ ᠭᠤᠣᠯᠳᠠᠭᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠨᠥᠯᠥᠭᠡ ᠶᠢ ᠬᠦᠷᠳᠡᠭᠰᠡᠨ ᠠᠴᠠ ᠪᠤᠯᠵᠠᠢ᠃ ᠥᠩᠭᠡᠷᠡᠭᠰᠡᠨ ᠵᠢᠯ ᠤᠳ ᠲᠤ ᠨᠠᠮᠤᠷ ᠤᠨ ᠠᠭᠤᠷ ᠤᠷᠤᠭᠰᠠᠨ ᠤ ᠳᠠᠷᠠᠭ᠎ᠠ᠂ ᠲᠠᠷᠪᠤᠰ ᠤᠨ ᠦᠨ᠎ᠡ ᠢᠳᠡᠭ ᠢᠳᠡᠭ ᠢᠶᠠᠷ ᠪᠠᠭᠤᠷᠠᠳᠠᠭ ᠪᠠᠶᠢᠵᠠᠢ᠂ ᠬᠡᠳᠡᠯ᠎ᠡ ᠡᠨᠡ ᠵᠢᠯ ᠥᠨᠳᠥᠷ ᠳᠤᠯᠠᠭᠠᠨ ᠦᠷᠭᠦᠯᠵᠢᠯᠡᠭᠰᠡᠨ ᠠᠴᠠ ᠲᠠᠷᠪᠤᠰ ᠢᠳᠡᠬᠦ ᠬᠥᠮᠦᠨ ᠤᠯᠠᠰᠢᠷᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠡᠭᠡ ᠪᠤᠯᠪᠠ᠃ ᠣᠳᠣᠬᠠᠨ ᠳᠤ ᠵᠢᠶᠠᠩᠰᠦ᠂ ᠠᠨᠾᠦ᠋ᠢ᠂ ᠬᠤᠨᠠᠨ᠂ ᠱᠠᠨᠳᠦ᠋ᠩ ᠵᠡᠷᠭᠡ ᠮᠤᠵᠢ ᠶᠢᠨ ᠲᠠᠷᠪᠤᠰ ᠨᠢᠭᠡᠨᠲᠡ ᠰᠢᠪᠲᠤᠷᠭᠠᠨ ᠳᠠᠭᠠᠨ ᠣᠷᠣᠵᠤ᠂ ᠵᠠᠬ᠎ᠠ ᠳᠡᠯᠭᠡᠭᠦᠷ ᠳᠡᠭᠡᠷ᠎ᠡ ᠪᠠᠷᠠᠭ᠎ᠠ ᠬᠠᠨᠭ᠍ᠭᠠᠵᠤ ᠪᠠᠶᠢᠬᠤ ᠨᠢ ᠭᠤᠣᠯᠳᠠᠭᠤ ᠭᠠᠨᠰᠦ᠂ ᠰᠢᠨᠵᠢᠶᠠᠩ᠂ ᠵᠡᠭᠦᠨ ᠬᠤᠶᠢᠲᠤ ᠣᠷᠣᠨ ᠵᠡᠷᠭᠡ ᠭᠠᠷᠤᠯᠲᠠ ᠶᠢᠨ ᠣᠷᠣᠨ ᠪᠤᠯᠬᠤ ᠪᠦᠭᠡᠳ ᠡᠳᠡᠭᠡᠷ ᠭᠠᠷᠤᠯᠲᠠ ᠶᠢᠨ ᠣᠷᠣᠨ ᠤ ᠲᠠᠷᠪᠤᠰ ᠬᠠᠩᠭᠠᠬᠤ ᠬᠡᠮᠵᠢᠶ᠎ᠡ ᠨᠢ ᠬᠠᠷᠢᠴᠠᠩᠭᠤᠢ ᠪᠠᠷ ᠨᠡᠯᠢᠶᠡᠳ ᠴᠥᠭᠡᠨ ᠪᠠᠶᠢᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠨᠢ ᠭᠠᠷᠤᠯᠲᠠ ᠶᠢᠨ ᠣᠷᠣᠨ ᠤ ᠬᠤᠳᠠᠯᠳᠤᠨ ᠠᠪᠬᠤ ᠦᠨ᠎ᠡ ᠦᠰᠬᠦ ᠶᠢ ᠠᠬᠢᠭᠤᠯᠵᠠᠢ᠂ ᠲᠡᠶᠢᠨ ᠬᠦ ᠲᠡᠬᠦᠨ ᠲᠠᠢ ᠬᠠᠷᠠᠭᠠᠯᠵᠠᠬᠰᠠᠨ ᠪᠣᠷᠣᠯᠠᠭᠤᠯᠤᠯᠳᠠ ᠶᠢᠨ ᠭᠠᠵᠠᠷ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠨ᠎ᠡ ᠨᠢ ᠠᠶᠠᠨᠳᠠᠭᠠᠨ ᠦᠰᠦᠭᠰᠡᠨ ᠪᠠᠶᠢᠨ᠎ᠠ ᠭᠡᠪᠡ᠃
ᠢᠷᠡᠯᠲᠡ᠄ ᠠᠷᠠᠳ ᠤᠨ ᠰᠦᠯᠵᠢᠶ᠎ᠡ