ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 7 ᠰᠠᠷ᠎ᠠ ᠶᠢᠨ ᠰᠡᠭᠦᠯᠴᠢ ᠪᠣᠯᠲᠠᠯ᠎ᠠ᠂ | ᠮᠠᠨ ᠤ ᠬᠤᠲᠠ ᠶᠢᠨ ᠡᠵᠡᠩᠨᠡᠯᠲᠡ ᠶᠢᠨ ᠭᠤᠤᠯ ᠴᠣᠭᠴᠠ 190628 ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.77% ᠪᠠᠷ ᠨᠡᠮᠡᠭᠳᠡᠪᠡ᠃ | ᠡᠨᠡ ᠵᠢᠯ ᠠᠴᠠ ᠨᠠᠰᠢ᠂ ᠮᠠᠨ ᠤ ᠬᠤᠲᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠡᠵᠡᠩᠨᠡᠯᠲᠡ ᠶᠢᠨ ᠭᠤᠤᠯ | ᠴᠣᠭᠴᠠ ᠶᠢᠨ ᠳᠡᠩᠰᠡᠯᠡᠨ ᠲᠡᠮᠳᠡᠭᠯᠡᠬᠦ ᠶᠠᠪᠤᠴᠠ ᠶᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠪᠠᠭᠤᠷᠠᠭᠤᠯᠵᠤ᠂ 7 | ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠡᠵᠡᠩᠨᠡᠯᠲᠡ ᠶᠢᠨ ᠭᠤᠤᠯ ᠴᠣᠭᠴᠠ 190628 ᠡᠷᠦᠬᠡ ᠳᠤ ᠬᠦᠷᠴᠡᠶ᠃ ᠡᠭᠦᠨ ᠳᠤ᠂ ᠠᠵᠤ ᠠᠬᠤᠶᠢᠯᠠᠯ | 37498 ᠡᠷᠦᠬᠡ ᠪᠠᠶᠢᠵᠤ᠂ 7.77% ᠪᠠᠷ ᠨᠡᠮᠡᠭᠳᠡᠪᠡ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 146813 ᠡᠷᠦᠬᠡ ᠪᠠᠶᠢᠵᠤ᠂ 10. | 5% ᠪᠠᠷ ᠨᠡᠮᠡᠭᠳᠡᠪᠡ︔ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ 6317 ᠡᠷᠦᠬᠡ ᠪᠠᠶᠢᠵᠤ᠂ 4.76% ᠪᠠᠷ ᠨᠡᠮᠡᠭᠳᠡᠪᠡ᠃ ᠡᠨᠡ ᠵᠢᠯ ᠠᠴᠠ ᠨᠠᠰᠢ᠂ | ᠪᠥᠬᠦ ᠬᠤᠲᠠ ᠳᠤ 20442 ᠡᠵᠡᠩᠨᠡᠯᠲᠡ ᠶᠢᠨ ᠭᠤᠤᠯ ᠴᠣᠭᠴᠠ ᠶᠢ ᠰᠢᠨ᠎ᠡ ᠪᠠᠷ ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 8.32 % ᠪᠠᠷ ᠨᠡᠮᠡᠭᠳᠡᠪᠡ᠃ | ᠡᠭᠦᠨ ᠳᠤ᠂ ᠠᠵᠤ ᠠᠬᠤᠶᠢᠯᠠᠯ 3135 ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 17090 ᠡᠷᠦᠬᠡ᠂ ᠲᠠᠷᠢᠶᠠᠴᠢᠨ ᠤ ᠲᠤᠰᠬᠠᠶ | ᠬᠤᠷᠰᠢᠶ᠎ᠠ 217 ᠡᠷᠦᠬᠡ ᠪᠣᠶ᠃ |