ᠲᠦᠷᠦᠭᠦᠦ 7 ᠰᠠᠷ᠎ᠠ ᠳᠤ ᠮᠠᠨ ᠤ ᠤᠯᠤᠰ ᠤᠨ ᠠᠷᠠᠳ ᠤᠨ ᠵᠣᠭᠤᠰᠤᠨ ᠤ ᠵᠢᠭᠡᠯᠡᠯᠭᠡ 13.53 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠡᠢ
ᠨᠡᠶᠢᠲᠡᠯᠡᠭᠰᠡᠨ ᠴᠠᠭ᠄
2024/8/16
      ᠳᠤᠮᠳᠠᠳᠤ ᠤᠯᠤᠰ ᠤᠨ ᠠᠷᠠᠳ ᠤᠨ ᠪᠠᠩᠬᠢ ᠶᠢᠨ 13 ᠤ ᠡᠳᠦᠷ ᠨᠡᠶᠢᠲᠡᠯᠡᠭᠰᠡᠨ ᠮᠥᠩᠭᠦᠨ ᠭᠦᠢᠯᠭᠡᠭᠡᠨ ᠤ ᠪᠦᠷᠢᠳᠬᠡᠯ ᠤᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠲᠦᠷᠦᠭᠦᠦ 7 ᠰᠠᠷ᠎ᠠ ᠳᠤ ᠮᠠᠨ ᠤ ᠤᠯᠤᠰ ᠤᠨ ᠠᠷᠠᠳ ᠤᠨ ᠵᠣᠭᠤᠰᠤᠨ ᠤ ᠵᠢᠭᠡᠯᠡᠯᠭᠡ 13.53 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠪᠡ᠂ ᠡᠭᠦᠨ ᠳᠤ ᠠᠵᠤ ᠠᠬᠤᠶᠢᠯᠠᠯ ︵ᠠᠵᠢᠯ ᠦᠢᠯᠡᠰ︶ ᠤᠨ ᠨᠢᠭᠡᠴᠢ ᠶᠢᠨ ᠵᠢᠭᠡᠯᠡᠯᠭᠡ 11.13 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠪᠡ᠃      ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 7 ᠰᠠᠷ᠎ᠠ ᠶᠢᠨ ᠰᠡᠭᠦᠯᠴᠢ ᠪᠠᠷ᠂ ᠮᠠᠨ ᠤ ᠤᠯᠤᠰ ᠤᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 251.11 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠪᠡ᠃ ᠲᠦᠷᠦᠭᠦᠦ 7 ᠰᠠᠷ᠎ᠠ ᠳᠤ᠂ ᠮᠠᠨ ᠤ ᠤᠯᠤᠰ ᠤᠨ ᠰᠠᠭᠤᠭᠠᠯᠢ ᠡᠷᠦᠭᠡ ᠶᠢᠨ ᠵᠢᠭᠡᠯᠡᠯᠭᠡ 1.25 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠪᠡ; ᠠᠵᠤ ᠠᠬᠤᠶᠢᠯᠠᠯ ︵ᠠᠵᠢᠯ ᠦᠢᠯᠡᠰ︶ ᠤᠨ ᠨᠢᠭᠡᠴᠢ ᠶᠢᠨ ᠵᠢᠭᠡᠯᠡᠯᠭᠡ 11.13 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠦ᠂ ᠡᠭᠦᠨ ᠳᠤ ᠳᠤᠮᠳᠠ ᠣᠷᠳᠣ ᠬᠤᠭᠤᠴᠠᠭᠠᠨ ᠤ ᠵᠢᠭᠡᠯᠡᠯᠭᠡ 8.21 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠪᠡ᠃      ᠵᠣᠭᠤᠰᠤᠨ ᠤ ᠬᠠᠩᠭᠠᠯᠭ᠎ᠠ ᠶᠢᠨ ᠲᠠᠯ᠎ᠠ ᠪᠠᠷ᠂ 7 ᠰᠠᠷ᠎ᠠ ᠶᠢᠨ ᠰᠡᠭᠦᠯᠴᠢ ᠪᠠᠷ᠂ ᠮᠠᠨ ᠤ ᠤᠯᠤᠰ ᠤᠨ ᠳᠡᠯᠭᠡᠷᠡᠩᠭᠦᠢ ᠤᠳᠬ᠎ᠠ ᠶᠢᠨ ᠵᠣᠭᠤᠰ ︵M2︶ ᠤᠨ ᠦᠯᠡᠳᠡᠪᠦᠷᠢ 303.31 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ; ᠢᠪᠴᠤᠤ ᠤᠳᠬ᠎ᠠ ᠶᠢᠨ ᠵᠣᠭᠤᠰ ︵M1︶ ᠤᠨ ᠦᠯᠡᠳᠡᠪᠦᠷᠢ 63.23 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠪᠠᠭᠤᠷᠠᠪᠠ; ᠭᠦᠢᠯᠭᠡᠭᠡᠨ ᠤ ᠳᠤᠮᠳᠠᠬᠢ ᠵᠣᠭᠤᠰ ︵M0︶ ᠤᠨ ᠦᠯᠡᠳᠡᠪᠦᠷᠢ 11.88 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 12% ᠢᠶᠠᠷ ᠨᠡᠮᠡᠭᠳᠡᠪᠡ᠃      ᠡᠭᠦᠨ ᠠᠴᠠ ᠭᠠᠳᠠᠨ᠎ᠠ᠂ ᠲᠦᠷᠦᠭᠦᠦ 7 ᠰᠠᠷ᠎ᠠ ᠳᠤ ᠮᠠᠨ ᠤ ᠤᠯᠤᠰ ᠤᠨ ᠠᠷᠠᠳ ᠤᠨ ᠵᠣᠭᠤᠰ ᠤᠨ ᠬᠠᠳᠠᠭᠠᠯᠠᠮᠵᠢ 10.66 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠪᠡ᠃ ᠡᠭᠦᠨ ᠳᠤ᠂ ᠰᠠᠭᠤᠭᠠᠯᠢ ᠡᠷᠦᠭᠡ ᠶᠢᠨ ᠬᠠᠳᠠᠭᠠᠯᠠᠮᠵᠢ 8.94 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠪᠡ᠃ᠲᠣᠰ ᠡᠳᠦᠷ ᠨᠡᠶᠢᠲᠡᠯᠡᠭᠰᠡᠨ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠲᠦᠷᠦᠭᠦᠦ 7 ᠰᠠᠷ᠎ᠠ ᠳᠤ ᠮᠠᠨ ᠤ ᠤᠯᠤᠰ ᠤᠨ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠡᠮᠵᠢᠶ᠎ᠡ ᠨᠡᠶᠢᠲᠡ 18.87 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 3.22 ᠲᠦᠮᠡᠨ ᠳ᠋ᠦᠩᠰᠢᠭᠤᠷ ᠲᠥᠭᠦᠷᠢᠭ ᠪᠠᠭᠠᠰᠪᠠ᠃ 7 ᠰᠠᠷ᠎ᠠ ᠶᠢᠨ ᠡᠴᠦᠰ ᠲᠤ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠬᠠᠳᠠᠭᠠᠯᠠᠮᠵᠢ ᠶᠢᠨ ᠬᠡᠮᠵᠢᠶ᠎ᠡ 395.72 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 8.2% ᠢᠶᠠᠷ ᠨᠡᠮᠡᠭᠳᠡᠪᠡ᠃               ︵ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 13 ᠤ ᠴᠠᠭᠢᠯᠭᠠᠨ ᠮᠡᠳᠡᠭᠡ︶ 
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ