ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠤᠷᠮ᠎ᠠ 83.65% ᠳᠤ ᠬᠦᠷᠴᠡᠢ
ᠨᠡᠶᠢᠲᠡᠯᠡᠭᠰᠡᠨ ᠴᠠᠭ᠄
2024/8/16
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢᠨ ᠪᠠᠶᠢᠳᠠᠯ ᠢᠯᠡᠳᠲᠡ ᠰᠠᠶᠢᠵᠢᠷᠠᠵᠤ᠂ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠤᠷᠮ᠎ᠠ 83.65% ᠳᠤ ᠬᠦᠷᠴᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠬᠤᠶᠠᠷ ᠵᠢᠯ ᠤᠷᠢᠳᠴᠢᠯᠠᠨ ᠪᠡᠶᠡᠯᠡᠭᠦᠯᠪᠡ᠃      ᠡᠨᠡ ᠵᠢᠯ ᠤᠨ 6 ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠬᠠᠩᠭᠠᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ᠂ ᠪᠦᠭᠦ ᠣᠷᠣᠨ  ᠤ 101 ᠬᠤᠰᠢᠭᠤ ᠰᠢᠶᠠᠨ ᠲᠣᠭᠤᠷᠢᠭ ᠲᠤ ᠬᠡᠷᠡᠭᠵᠢᠭᠦᠯᠬᠦ ᠪᠠᠷ ᠲᠣᠭᠲᠠᠪᠠ᠃ ᠭᠤᠣᠯ ᠬᠠᠷᠠᠯᠲᠠ ᠨᠢ 2035 ᠣᠨ ᠪᠤᠯᠬᠤ ᠳᠤ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠬᠠᠩᠭᠠᠯᠭ᠎ᠠ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠵᠢᠴᠢ ᠬᠡᠪᠴᠢᠶᠡᠵᠢᠭᠰᠡᠨ ᠤᠰᠤ ᠬᠠᠩᠭᠠᠬᠤ ᠢᠨᠵᠧᠨᠧᠷᠢᠩ ᠤᠨ ᠬᠥᠳᠡᠭᠡ ᠲᠣᠰᠬᠤᠨ ᠤ ᠬᠥᠮᠥᠨ ᠠᠮᠠ ᠳᠤ ᠦᠢᠯᠡᠴᠢᠯᠡᠬᠦ ᠬᠠᠷᠢᠴᠠᠯ ᠢ ᠲᠣᠰ ᠲᠣᠰ 97% ᠪᠠ 70% ᠳᠤ ᠬᠦᠷᠭᠡᠵᠦ᠂ ᠮᠠᠯᠵᠢᠬᠤ ᠣᠷᠣᠨ ᠤ ᠤᠰᠤ ᠤᠮᠳᠠ ᠶᠢᠨ ᠬᠠᠩᠭᠠᠯᠭ᠎ᠠ ᠶᠢ ᠡᠷᠦᠭᠡ ᠳᠤ ᠬᠦᠷᠭᠡᠬᠦ ᠨᠣᠷᠮ᠎ᠠ᠂ ᠰᠢᠶᠠᠨ  ᠤ ᠬᠡᠪᠴᠢᠶᠡᠨ ᠤ ᠨᠢᠭᠡᠳᠦᠯᠲᠡᠢ ᠬᠠᠮᠢᠶᠠᠷᠬᠤ ᠨᠣᠷᠮ᠎ᠠ᠂ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ᠬᠠᠷᠢᠴᠠᠯ ᠢ ᠴᠥᠮ 100% ᠳᠤ ᠬᠦᠷᠭᠡᠨ᠎ᠡ᠃ ᠲᠤᠰ ᠲᠥᠯᠦᠪᠵᠢᠭᠦᠯᠭᠡ ᠶᠣᠰᠣᠭᠠᠷ ᠮᠠᠨ ᠤ ᠣᠷᠣᠨ ᠤ ᠴᠢᠨᠠᠷ ᠰᠠᠶᠢᠲᠠᠢ ᠤᠰᠤ ᠬᠠᠩᠭᠠᠬᠤ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠬᠠᠩᠭᠠᠯᠭ᠎ᠠ ᠶᠢ ᠨᠢᠭᠡᠳᠦᠯᠲᠡᠢ ᠬᠠᠮᠢᠶᠠᠷᠬᠤ ᠶᠢ ᠪᠦᠭᠦ ᠲᠠᠯ᠎ᠠ ᠪᠠᠷ ᠠᠬᠢᠭᠤᠯᠬᠤ᠂ ᠤᠰᠤᠨ ᠤ ᠴᠢᠨᠠᠷ ᠢ ᠳᠡᠭᠡᠭᠰᠢᠯᠡᠭᠦᠯᠭᠦ ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ᠂ ᠡᠩ ᠤᠨ ᠪᠠ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠯᠡᠬᠦ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠰᠤ ᠬᠠᠩᠭᠠᠬᠤ ᠪᠠᠲᠤᠯᠠᠭ᠎ᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠪᠣᠯᠣᠨ᠎ᠠ᠃      2023 ᠣᠨ ᠤ ᠰᠡᠭᠦᠯᠴᠢ ᠪᠤᠯᠲᠠᠯ᠎ᠠ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠬᠠᠩᠭᠠᠯᠭ᠎ᠠ ᠶᠢᠨ ᠪᠠᠷᠢᠯᠭ᠎ᠠ ᠶᠢ 44 ᠲᠦᠮᠡ ᠪᠠᠶᠢᠭᠤᠯᠵᠤ᠂ 1138 ᠲᠦᠮᠡᠨ ᠮᠠᠯᠴᠢᠨ ᠲᠠᠷᠢᠶᠠᠴᠢᠨ ᠢ ᠬᠠᠮᠤᠷᠴᠠᠢ᠃ 2024 ᠣᠨ ᠠᠴᠠ ᠡᠬᠢᠯᠡᠨ ᠮᠠᠨ ᠤ ᠣᠷᠣᠨ 3 — 5 ᠵᠢᠯ ᠤᠨ ᠬᠤᠭᠤᠴᠠᠭᠠᠨ  ᠳᠤ ᠪᠠᠶᠢᠷᠢᠰᠢᠭᠤᠯᠤᠯᠲᠠ ᠪᠦᠷᠢᠨ ᠲᠡᠭᠦᠯᠳᠡᠷ᠂ ᠲᠥᠬᠦᠭᠡᠷᠦᠮᠵᠢ ᠡᠷᠴᠢᠮᠯᠢᠭ ᠠᠮᠤᠷ ᠲᠦᠪᠰᠢᠨ᠂ ᠬᠠᠮᠢᠶᠠᠷᠤᠯᠲᠠ ᠬᠠᠮᠠᠭᠠᠯᠠᠯᠲᠠ ᠵᠢᠷᠤᠮᠵᠢᠭᠤᠨ᠂ ᠦᠢᠯᠡᠴᠢᠯᠡᠭᠡ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠶᠢᠬᠤ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠬᠠᠩᠭᠠᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ  ᠢ ᠠᠩᠬ᠎ᠠ ᠠᠯᠬᠤᠮ ᠪᠦᠷᠢᠯᠳᠦᠭᠦᠯᠬᠦ ᠪᠣᠯᠣᠨ᠎ᠠ᠃  
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ