ᠥᠪᠥᠷ ᠮᠣᠩᠭᠤᠯ ᠳᠤ ᠲᠡᠷᠭᠡ ᠲᠦᠷᠢᠶᠡᠰᠦᠯᠡᠨ ᠵᠢᠭᠤᠯᠴᠢᠯᠠᠬᠤ ᠵᠠᠬᠢᠶᠠᠯᠠᠭ᠎ᠠ ᠶᠢᠨ ᠬᠠᠭᠤᠳᠠᠰᠤ 94% ᠪᠠᠷ ᠨᠡᠮᠡᠭᠳᠡᠵᠦ ᠪᠦᠭᠦ ᠤᠯᠤᠰ ᠲᠤ ᠲᠦᠷᠦᠭᠦᠯᠡᠵᠡᠢ
ᠨᠡᠶᠢᠲᠡᠯᠡᠭᠰᠡᠨ ᠴᠠᠭ᠄
2024/8/16
      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠡᠨᠡ ᠵᠣᠨ ᠠᠴᠠ ᠨᠠᠭᠠᠰᠢ ᠰᠦᠯᠵᠢᠶᠡᠨ ᠳᠡᠭᠡᠷ᠎ᠡ ᠥᠪᠥᠷ ᠮᠣᠩᠭᠤᠯ ᠳᠤ ᠵᠢᠭᠤᠯᠴᠢᠯᠠᠯ ᠤᠨ ᠵᠠᠬᠢᠶᠠᠯᠠᠭ᠎ᠠ ᠬᠢᠭᠰᠡᠨ ᠬᠥᠮᠥᠨ ᠤ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ  ᠲᠤ ᠳᠡᠳ᠋ᠯᠡᠵᠦ᠂ ᠲᠡᠷᠭᠡ ᠲᠦᠷᠢᠶᠡᠰᠦᠯᠡᠨ ᠵᠢᠭᠤᠯᠴᠢᠯᠠᠬᠤ ᠵᠠᠬᠢᠶᠠᠯᠠᠭ᠎ᠠ ᠶᠢᠨ ᠬᠠᠭᠤᠳᠠᠰᠤ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠨ 94% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠲᠤ ᠲᠦᠷᠦᠭᠦᠯᠡᠵᠦ᠂ ᠪᠦᠭᠦᠶᠢᠯᠡ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠬᠥᠭᠵᠢᠶᠡᠨᠲᠡᠢ ᠦᠷᠭᠦᠯᠵᠢᠯᠡᠵᠦ ᠪᠠᠶᠢᠨ᠎ᠠ᠃      ᠰᠢᠶᠧ ᠴᠧᠩ ᠰᠦᠯᠵᠢᠶᠡᠨ ᠤ ᠲᠤᠭ᠎ᠠ ᠪᠠᠷᠢᠮᠲᠠ ᠶᠢ ᠦᠨᠳᠦᠰᠦᠯᠡᠪᠡᠯ᠂ ᠡᠨᠡ ᠵᠤᠨ ᠥᠪᠥᠷ ᠮᠣᠩᠭᠤᠯ ᠳᠤ ᠲᠤᠰᠠᠭᠠᠷ ᠵᠢᠭᠤᠯᠴᠢᠯᠠᠯ ᠤᠨ ᠪᠦᠯᠭᠦᠮ ᠪᠣᠯᠣᠨ ᠵᠠᠬᠢᠶᠠᠯᠠᠭ᠎ᠠ ᠶᠢᠨ ᠵᠢᠭᠤᠯᠴᠢᠯᠠᠯ ᠤᠨ ᠬᠡᠷᠡᠭᠯᠡᠭᠡ ᠬᠢᠭᠰᠡᠨ ᠬᠥᠮᠥᠨ ᠤ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 136% ᠪᠠᠷ ᠨᠡᠮᠡᠭᠳᠡᠵᠦ᠂ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢᠨ ᠶᠠᠰᠤ ᠴᠢᠨᠠᠷ ᠳᠡᠭᠡᠭᠰᠢᠯᠡᠵᠦ᠂ ᠣᠷᠣᠨ ᠤ ᠭᠠᠳᠠᠨᠠᠬᠢ ᠵᠢᠭᠤᠯᠴᠢᠯᠠᠭᠴᠢᠳ ᠢ ᠪᠦᠲᠦᠮᠵᠢᠲᠡᠶ ᠲᠠᠲᠠᠨ᠂ ᠤᠯᠠᠭᠠᠨᠴᠠᠪ ᠬᠤᠳᠠ ᠳᠤ ᠵᠢᠭᠤᠯᠴᠢᠯᠠᠭᠰᠠᠨ ᠣᠷᠣᠨ ᠤ ᠭᠠᠳᠠᠨᠠᠬᠢ ᠵᠢᠭᠤᠯᠴᠢᠯᠠᠭᠴᠢ ᠶᠢᠨ ᠳᠣᠲᠣᠷ᠎ᠠ ᠪᠡᠭᠡᠵᠢᠩ ᠲᠢᠶᠠᠨᠵᠢᠨ ᠾᠧᠪᠧᠢ ᠶᠢᠨ ᠵᠢᠭᠤᠯᠴᠢᠯᠠᠭᠴᠢ ᠶᠢᠨ ᠡᠵᠡᠯᠡᠬᠦ ᠬᠠᠷᠢᠴᠠᠯ 39% ᠪᠣᠯᠣᠨ ᠳᠡᠭᠡᠭᠰᠢᠯᠡᠵᠦ᠂ 7 ᠰᠠᠷ᠎ᠠ ᠶᠢᠨ ᠳᠤᠮᠳᠠᠴᠢ ᠳᠤ ᠰᠢᠯᠢ ᠶᠢᠨ ᠭᠤᠣᠯ ᠠᠶᠢᠮᠠᠭ ᠲᠤ ᠢᠷᠡᠭᠰᠡᠨ ᠵᠢᠭᠤᠯᠴᠢᠯᠠᠭᠴᠢ ᠶᠢᠨ ᠳᠣᠲᠣᠷ᠎ᠠ ᠣᠷᠣᠨ ᠤ ᠭᠠᠳᠠᠨᠠᠬᠢ ᠵᠢᠭᠤᠯᠴᠢᠯᠠᠭᠴᠢ ᠶᠢᠨ ᠡᠵᠡᠯᠡᠬᠦ ᠬᠠᠷᠢᠴᠠᠯ 55% ᠳᠤ ᠬᠦᠷᠴᠡᠢ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠬᠢᠯᠢ ᠪᠠᠷ ᠣᠷᠣᠵᠤ ᠢᠷᠡᠭᠰᠡᠨ ᠵᠢᠭᠤᠯᠴᠢᠯᠠᠭᠴᠢ ᠪᠠᠰᠠ ᠲᠡᠦᠬᠡᠨ ᠲᠡᠮᠳᠡᠭᠯᠡᠯ ᠢ ᠰᠢᠨᠡᠳᠬᠡᠵᠦ᠂ ᠤᠯᠠᠭᠠᠨᠪᠠᠭᠠᠲᠤᠷ ᠤᠨ ᠵᠢᠭᠤᠯᠴᠢᠯᠠᠭᠴᠢ 31% ᠶᠢ ᠡᠵᠡᠯᠡᠨ᠂ ᠰᠢᠩᠭᠠᠫᠤᠷ ᠤᠨ ᠵᠢᠭᠤᠯᠴᠢᠯᠠᠭᠴᠢ 20% ᠶᠢ ᠡᠵᠡᠯᠡᠵᠦ᠂ ᠮᠧᠯᠪᠧᠨ ᠤ ᠵᠢᠭᠤᠯᠴᠢᠯᠠᠭᠴᠢ ᠵᠣᠬᠢᠬᠤ ᠬᠡᠮᠵᠢᠶ᠎ᠡ ᠪᠠᠷ ᠨᠡᠮᠡᠭᠳᠡᠪᠡ᠃      ᠳᠡᠯᠭᠡᠷ ᠵᠣᠨ ᠤ ᠤᠯᠠᠷᠢᠯ ᠳᠤ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠨᠢᠷ ᠪᠠᠶᠠᠨ ᠶᠠᠪᠤᠭᠳᠠᠵᠤ᠂ ᠬᠥᠮᠥᠰ ᠤᠨ ᠠᠩᠬᠠᠷᠤᠯ ᠢ ᠬᠠᠮᠤᠭ ᠠᠴᠠ ᠢᠯᠡᠭᠦᠦ ᠲᠠᠲᠠᠭᠰᠠᠨ ᠨᠢ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ ᠪᠤᠯᠬᠤ ᠨᠠᠭᠠᠳᠤᠮ ᠤᠨ ᠬᠤᠷᠠᠯ ᠪᠣᠯᠣᠨ᠎ᠠ᠃ ︽34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ︾᠂ ︽ᠡᠳᠦᠷ ᠪᠣᠯᠭᠠᠨ ᠨᠠᠭᠠᠳᠤᠮ︾ ᠵᠡᠷᠭᠡ ᠵᠠᠩᠭᠢᠯᠠᠭ᠎ᠠ ᠶᠢᠨ ᠦᠭᠡ ᠨᠢᠭᠡᠨᠲᠡ ᠰᠦᠯᠵᠢᠶᠡᠨ ᠬᠠᠯᠠᠮᠰᠢᠯ ᠦᠭᠡ ᠪᠣᠯᠵᠠᠢ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠦ᠂ ᠵᠢᠭᠤᠯᠴᠢᠯᠠᠯ ᠤᠨ ᠦᠢᠯᠡᠳᠬᠦᠨ ᠤ ᠰᠢᠨ᠎ᠡ ᠶᠢ ᠡᠭᠦᠳᠬᠦ᠂ ᠨᠠᠷᠢᠯᠢᠭ ᠣᠨᠣᠴᠠᠲᠠᠢ ᠡᠵᠡᠩᠨᠡᠨ ᠪᠣᠷᠣᠯᠠᠭᠤᠯᠤᠯᠲᠠ ᠶᠢ ᠪᠤᠶ ᠪᠤᠯᠭᠠᠬᠤ ᠪᠠᠷ ᠳᠠᠮᠵᠢᠨ ᠵᠢᠭᠤᠯᠴᠢᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ ᠲᠦᠷᠦᠯ ᠲᠡᠮᠳᠡᠭ ᠢ ᠤᠯᠠᠮ ᠳᠠᠭᠤᠷᠢᠰᠤᠭᠤᠯᠵᠤ᠂ ᠠᠮᠢᠵᠢᠷᠠᠯ ᠤᠨ ᠬᠦᠴᠦᠨ ᠢ ᠨᠢ ᠨᠡᠩ ᠶᠡᠭᠡ ᠴᠢᠩᠭᠠᠷᠠᠭᠤᠯᠤᠭᠰᠠᠨ ᠪᠠᠶᠢᠨ᠎ᠠ᠃ 
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ