ᠪᠠᠶᠠᠨᠨᠠᠭᠤᠷ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠯᠦᠩ ᠱᠧᠩ ᠾᠧ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/16
    8 ᠰᠠᠷ᠎ᠠ ᠶᠢᠨ 14 ᠤ ᠡᠳᠦᠷ᠂ ᠪᠠᠶᠠᠨᠨᠠᠭᠤᠷ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠠᠩ ᠸᠧᠨ ᠯᠦᠩ ᠨᠠᠷ ᠯᠦᠩ ᠱᠧᠩ ᠾᠧ ᠪᠠᠯᠭᠠᠰᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠳ᠋ᠧᠩᠺᠸᠤ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠰᠦᠨ ᠷᠦᠢ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠾᠧᠦ ᠶᠠᠨ ᠭᠠᠩ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠤ ᠯᠠᠢ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠯᠦᠩ ᠱᠧᠩ ᠾᠧ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠦᠨᠳᠦᠰᠦ ᠮᠥᠨ᠃ ᠡᠬᠢ ᠪᠠᠶᠠᠯᠢᠭ ᠤᠨ ᠳᠠᠪᠠᠭᠤᠯᠢᠭ ᠪᠣᠯᠤᠨ ᠤᠨᠴᠠᠯᠢᠬᠳᠤ ᠳᠠᠪᠠᠭᠤᠯᠢᠭ ᠲᠤ ᠰᠠᠭᠤᠷᠢᠯᠠᠵᠤ᠂ ︽ᠨᠤᠲᠤᠭ ᠤᠨ ᠣᠨᠴᠠ ᠭᠠᠷᠤᠯᠲᠠ︾ ᠶᠢ ᠨᠠᠷᠢᠯᠢᠬᠵᠢᠭᠤᠯᠬᠤ ᠠᠵᠢᠯ ᠢ ᠭᠦᠢᠴᠡᠳ ᠬᠢᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠲᠠᠷᠢᠶᠠᠯᠠᠩ ᠤᠨ ᠣᠨᠴᠠ ᠭᠠᠷᠤᠯᠲᠠ ᠶᠢ ᠨᠢᠭᠡᠳᠦᠯᠲᠡᠢ ᠪᠣᠷᠣᠯᠠᠭᠤᠯᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠪᠦᠬᠦ ᠬᠡᠯᠬᠢᠶ᠎ᠡ ᠶᠢ ᠨᠡᠪᠲᠡᠷᠡᠭᠦᠯᠵᠦ᠂ ᠲᠠᠷᠢᠶᠠᠯᠠᠩ ᠤᠨ ᠣᠨᠴᠠ ᠪᠦᠲᠦᠭᠡᠭᠳᠡᠬᠦᠨ ᠤ ᠨᠢᠭᠡᠳᠦᠯᠲᠡᠢ ᠲᠦᠷᠦᠯ ᠲᠡᠮᠳᠡᠭ ᠢ ᠪᠦᠷᠢᠯᠳᠦᠭᠦᠯᠵᠦ᠂ ᠬᠡᠪᠴᠢᠶᠡᠵᠢᠭᠰᠡᠨ ᠳᠠᠪᠠᠭᠤᠯᠢᠭ ᠢ ᠪᠤᠵᠠᠭᠠᠶᠢᠷᠠᠭᠤᠯᠵᠤ᠂ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠵᠤ᠂ ᠲᠠᠷᠢᠶᠠᠯᠠᠩ ᠤᠨ ᠠᠵᠤ ᠦᠢᠯᠡᠰ ᠤᠨ ᠬᠡᠪᠴᠢᠶᠡᠵᠢᠯᠲᠡ᠂ ᠲᠦᠷᠦᠯ ᠳᠡᠮᠳᠡᠭᠵᠢᠯᠲᠡ᠂ ᠠᠭᠤᠰᠤᠯᠴᠠᠯ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ᠂ ᠵᠠᠯᠭᠠᠯᠳᠤᠨ ᠬᠥᠭᠵᠢᠬᠦ ᠶᠢ ᠦᠷᠭᠦᠯᠵᠢᠯᠡᠨ ᠴᠢᠩᠭᠠᠳᠬᠠᠵᠤ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃   

1.jpg

2.jpg

 

ᠢᠷᠡᠯᠲᠡ᠄ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ