ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ‌ᠨᠠᠷ ᠳ᠋ᠦ᠋ ᠺᠸᠦ ᠪᠠᠯᠭᠠᠰᠤᠨ ᠳᠤ ᠬᠦᠷᠴᠦ ᠭᠠᠵᠠᠷ ᠰᠢᠷᠣᠶ ᠶᠢᠨ ᠵᠢᠷᠤᠭ ᠤᠨ ᠲᠣᠯᠪᠤ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2024/8/20
      8 ᠰᠠᠷ᠎ᠠ ᠶᠢᠨ 20 ᠤ ᠡᠳᠦᠷ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠮᠧᠩ ᠯᠧ ᠨᠠᠷ ᠳ᠋ᠦ᠋ ᠺᠸᠦ ᠪᠠᠯᠭᠠᠰᠤᠨ ᠳᠤ ᠬᠦᠷᠴᠦ ᠭᠠᠵᠠᠷ ᠰᠢᠷᠣᠶ ᠶᠢᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠵᠢᠯᠣᠭᠤᠳᠴᠤ᠂ ᠨᠠᠮ ᠤᠨ ᠬᠤᠷᠢᠶᠠᠨ ᠤ ᠱᠦᠵᠢ ᠵᠣᠣ ᠪᠢᠩ ᠶᠤᠸᠠᠨ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠴᠧᠨ ᠬᠤᠩ ᠪᠠᠷ᠎ᠠ ᠪᠣᠯᠪᠠ᠃           ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠮᠧᠩ ᠯᠧ ᠳᠤᠭᠤᠶᠢᠯᠠᠩ ᠳᠠᠭᠠᠭᠤᠯᠤᠨ ᠲᠤᠬᠠᠶ ᠶᠢᠨ ᠲᠠᠯᠠᠪᠤᠷ ᠲᠤ᠋‌‍ᠭᠦ᠋ᠷᠴᠤ‌ᠭᠠᠵᠠᠷ‌‍ᠰᠢᠷᠣᠶ ᠵᠢᠨ‌ᠵᠢᠷᠤᠭ ‍ᠤᠨ‌‍ᠲ᠋ᠣᠯᠪᠤ ᠵᠢᠨ‌‍ᠴᠡᠭᠴᠡᠯᠡᠨ‌‍ᠰᠠᠶᠢᠵᠢᠷᠠᠭᠤᠯᠤᠭᠰᠠᠨ‌‍ᠪᠠᠶᠢᠳᠠᠯ ᠢ‌‍ᠪᠠᠶᠢᠴᠠᠭᠠᠨ‌ᠦᠵᠡᠵᠦ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠴᠠᠭ᠂ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠳ᠋ᠦ᠋ ᠺᠸᠦ ᠪᠠᠯᠭᠠᠰᠤ ᠬᠠᠷᠢᠯᠴᠠᠨ ᠬᠠᠮᠵᠢᠯᠴᠠᠵᠤ᠂ ᠬᠤᠯᠪᠣᠭᠠᠯᠠᠨ ᠬᠥᠳᠡᠯᠦᠯᠴᠡᠵᠦ᠂ ᠬᠠᠮᠲᠤᠪᠠᠷ ᠠᠬᠢᠭᠤᠯᠵᠤ᠂ ᠵᠠᠷᠴᠢᠮ ᠶᠣᠰᠣᠭᠠᠷ᠂ ᠵᠢᠷᠤᠭ ᠤᠨ ᠲᠣᠯᠪᠤ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠲᠦᠷᠭᠡᠳᠬᠡᠨ ᠪᠡᠶᠡᠯᠡᠭᠦᠯᠬᠦ ᠬᠡᠷᠡᠭᠲᠡᠶ᠃        ᠳᠠᠷᠠᠭᠠᠴᠢ ᠶᠢᠨ ᠠᠯᠬᠤᠮ ᠳᠤ᠂ ᠳ᠋ᠦ᠋ ᠺᠸᠤ ᠪᠠᠯᠭᠠᠰᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠵᠠᠷ ᠰᠢᠷᠣᠶ ᠶᠢᠨ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠵᠠᠷ ᠬᠡᠷᠡᠭᠯᠡᠬᠦ ᠶᠢᠨ ᠬᠢᠨᠠᠨ ᠵᠥᠪᠰᠢᠶᠡᠷᠡᠬᠦ ᠶᠠᠪᠤᠴᠠ ᠶᠢ ᠵᠢᠷᠤᠮᠵᠢᠭᠤᠯᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠴᠢᠨᠠᠭᠰᠢᠳᠠ ᠴᠢᠩᠭᠠᠳᠬᠠᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠭᠠᠵᠠᠷ ᠰᠢᠷᠣᠢ ᠶᠢᠨ ᠡᠯᠧᠮᠧᠨ᠋ᠲ ᠤᠨ ᠪᠠᠲᠤᠯᠠᠭ᠎ᠠ ᠬᠠᠩᠭᠠᠬᠤ ᠬᠡᠷᠡᠭᠲᠡᠢ᠃           
1.jpg   
     2.jpg
ᠢᠷᠡᠯᠲᠡ᠄ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ