ᠲᠦᠷᠦᠭᠦᠬᠡᠨ᠂ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠮᠠᠨ ᠤ ᠬᠤᠲᠠ ᠶᠢᠨ ᠬᠠᠲᠤᠨ ᠭᠤᠤᠯ ᠤᠨ ︽ | ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠯᠠᠪᠳᠠᠭᠤᠨ ᠪᠠᠲᠤᠲᠠᠶ ᠠᠭᠢᠵᠤ᠂ ᠣᠲᠣ ᠪᠣᠯᠲᠠᠯ᠎ᠠ ᠨᠢᠭᠡᠨᠲᠡ 332.27 ᠲᠦᠮᠡᠨ ᠮᠥ ᠠᠮᠢ ᠠᠬᠤᠶ ᠶᠢᠨ | ᠵᠠᠰᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠳᠤ᠂ ᠪᠥᠬᠦ ᠤᠯᠤᠰ ᠤᠨ ᠴᠢᠬᠤᠯᠠ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ | 263.81 ᠲᠦᠮᠡᠨ ᠮᠥ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ ᠶᠢᠨ ᠢᠨᠵᠧᠨᠧᠷᠢᠩ 22.79 ᠲᠦᠮᠡᠨ ᠮᠥ᠂ ᠲᠥᠪ ᠤᠨ ᠡᠳ᠋ ᠤᠨ ᠵᠠᠰᠠᠭ ᠤᠨ | ᠲᠥᠷᠥᠯ ᠵᠦᠢᠯ 33.37 ᠲᠦᠮᠡᠨ ᠮᠥ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠬᠡᠷᠡᠯ ᠴᠡᠨᠡᠭ ᠤᠨ ᠨᠢᠭᠡ ᠴᠣᠭᠴᠠᠵᠢᠭᠰᠠᠨ | ᠢᠨᠵᠧᠨᠧᠷᠢᠩ 12.3 ᠲᠦᠮᠡᠨ ᠮᠥ ᠪᠠᠶᠢᠨ᠎ᠠ᠃ | ᠠᠮᠢ ᠠᠬᠤᠢ ᠶᠢᠨ ᠵᠠᠰᠠᠯᠲᠠ ᠶᠢ ᠲᠦᠷᠭᠡᠨ ᠠᠬᠢᠭᠤᠯᠬᠤ ᠶᠢᠨ ᠬᠠᠮᠲᠤ᠂ ᠮᠠᠨ ᠤ ᠬᠤᠲᠠ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠵᠠᠰᠠᠭ ᠵᠠᠬᠢᠷᠭᠠᠨ ᠤ ᠣᠷᠣᠨ ᠠᠯᠤᠰᠯᠠᠨ ᠬᠠᠲᠤᠨ ᠭᠤᠤᠯ ᠤᠨ ᠤᠷᠤᠰᠬᠠᠯ ᠡᠯᠡᠰᠦ ᠶᠢ ᠵᠠᠰᠠᠬᠤ ᠠᠵᠢᠯ ᠢ | ᠥᠷᠨᠢᠭᠦᠯᠬᠦ ᠶᠢ ᠲᠦᠷᠦᠭᠦᠯᠡᠨ ᠰᠠᠨᠠᠭᠠᠴᠢᠯᠠᠵᠤ᠂ ᠬᠥᠷᠰᠢ ᠵᠡᠷᠭᠡᠯᠡᠳᠡᠭᠡ ᠠᠯᠠᠱᠠ ᠠᠶᠢᠮᠠᠭ ᠵᠡᠷᠭᠡ ᠳᠥᠷᠪᠡᠨ ᠠᠶᠢᠮᠠᠭ ᠬᠤᠲᠠ ᠲᠠᠢ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠵᠠᠰᠠᠬᠤ ᠬᠡᠯᠡᠯᠴᠡᠭᠡᠷ ᠲᠣᠭᠲᠠᠵᠤ᠂ ᠨᠡᠭᠦᠳᠡᠯ ᠡᠯᠡᠰᠦ ᠶᠢ ᠭᠠᠷ ᠬᠤᠯᠪᠣᠨ ᠬᠤᠷᠢᠭᠯᠠᠵᠤ ᠪᠠᠶᠢᠨ᠎ᠠ᠃ ᠡᠯᠡᠰᠦ ᠮᠠᠩᠬ᠎ᠠ ᠬᠢᠭᠡᠳ ᠬᠠᠲᠤᠨ ᠭᠤᠤᠯ ᠤᠨ ᠭᠠᠷ | ᠬᠤᠯᠪᠣᠯᠴᠠᠭᠰᠠᠨ ᠳ᠋ᠧᠩᠺᠸᠤ ᠰᠢᠶᠠᠨ ᠤ ᠯᠢᠦ ᠭᠤᠸᠠᠢ ᠡᠯᠡᠰᠦᠨ ᠦᠵᠦᠭᠦᠷ ᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ︽ᠨᠢᠭᠡᠳᠦᠭᠡᠷ ᠥᠨᠳᠥᠷ ᠭᠠᠵᠠᠷ︾ | ᠪᠣᠯᠭᠠᠵᠤ᠂ 10.35 ᠲᠦᠮᠡᠨ ᠮᠥ ᠭᠠᠵᠠᠷ ᠢ ᠵᠠᠰᠠᠵᠤ᠂ 20 ᠮᠧᠳ᠋ᠷ ᠲᠤᠷᠤᠭ ᠮᠣᠳᠣᠨ ᠤ ᠣᠶ ᠶᠢᠨ ᠡᠯᠡᠰᠦ ᠶᠢ ᠬᠠᠰᠢᠬᠤ ᠬᠡᠷᠡᠮ᠂ 100 ᠮᠧᠳ᠋ᠷ ᠤᠨ ᠪᠤᠲᠠᠯᠢᠭ | ᠮᠣᠳᠣᠨ ᠤ ᠣᠶ ᠶᠢᠨ ᠡᠯᠡᠰᠦ ᠶᠢ ᠬᠤᠷᠢᠭᠯᠠᠬᠤ ᠪᠦᠰᠡ ᠶᠢ ᠪᠣᠶ ᠪᠣᠯᠭᠠᠵᠤ᠂ 2000 ᠮᠧᠳ᠋ᠷ ᠤᠨ ᠡᠪᠡᠰᠦ ᠳᠠᠷᠢᠵᠤ ᠡᠯᠡᠰᠦ ᠶᠢ ᠲᠣᠭᠲᠠᠪᠤᠷᠢᠵᠢᠭᠤᠯᠬᠤ ᠲᠣᠤᠷ ᠢ ᠪᠣᠶ | ᠪᠣᠯᠭᠠᠵᠤ᠂ ᠨᠡᠭᠦᠳᠡᠯ ᠡᠯᠡᠰᠦᠨ ᠤ ᠬᠠᠲᠤᠨ ᠭᠤᠤᠯ ᠳᠤ ᠣᠷᠣᠬᠤ ᠶᠢ ᠪᠦᠲᠦᠮᠵᠢᠲᠡᠶ ᠬᠤᠷᠢᠭᠯᠠᠪᠠ᠃ |