ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ | ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ︽ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠠᠬᠢᠭᠤᠯᠬᠤ︾ ᠲᠤᠬᠠᠢ ᠪᠠᠶᠢᠷᠢᠯᠠᠭᠤᠯᠤᠯᠲᠠ | ᠬᠢᠪᠡ᠂ ᠡᠭᠦᠨ ᠳᠤ ︽ᠤᠯᠤᠰ ᠤᠨ ᠪᠠᠷᠢᠮᠵᠢᠶ᠎ᠠ ᠶᠢᠨ ᠳᠡᠭᠡᠭᠰᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠬᠦ ᠶᠢ ᠬᠥᠲᠥᠯᠥᠨ | ᠳᠠᠭᠠᠭᠤᠯᠬᠤ︾ ᠶᠢ ᠲᠤᠰᠬᠠᠶᠢᠯᠠᠨ ᠳᠤᠷᠠᠳᠴᠠᠢ᠃ | ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠪᠣᠯ ᠨᠢᠭᠡ ᠤᠯᠤᠰ ᠴᠢᠨᠠᠷ ᠰᠠᠶᠢᠲᠠᠢ ᠬᠥᠭᠵᠢᠯᠲᠡ ᠶᠢ ᠡᠬᠢᠯᠡᠭᠦᠯᠬᠦ᠂ ᠴᠢᠨᠠᠷ ᠰᠠᠶᠢᠲᠠᠢ ᠥᠷᠢᠰᠦᠯᠳᠦᠭᠡᠨ ᠳᠤ | ᠣᠷᠤᠯᠴᠠᠬᠤ ᠶᠢᠨ ᠴᠢᠬᠤᠯᠠ ᠪᠡᠯᠭᠡ ᠲᠡᠮᠳᠡᠭ ᠮᠥᠨ᠃ ᠣᠶᠢᠷ᠎ᠠ ᠶᠢᠨ ᠵᠢᠯ ᠳᠤ᠂ ᠮᠠᠨ ᠤ ᠤᠯᠤᠰ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ ᠡᠨᠧᠷᠭᠢ ᠶᠢᠨ | ᠠᠰᠢᠭᠯᠠᠮᠵᠢ ᠶᠢᠨ ᠪᠠᠷᠢᠮᠵᠢᠶ᠎ᠠ ᠪᠣᠯᠣᠨ ᠠᠮᠤᠷ ᠲᠦᠪᠰᠢᠨ ᠤ ᠪᠠᠷᠢᠮᠵᠢᠶ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠣᠭᠠᠴᠢᠯᠠᠭᠰᠠᠨ᠂ ᠣᠶᠤᠨᠴᠢᠯᠠᠭᠰᠠᠨ᠂ ᠪᠣᠬᠢᠷᠳᠤᠯ | ᠦᠭᠡᠶᠢᠵᠢᠭᠰᠡᠨ᠂ ᠪᠠᠭ᠎ᠠ ᠨᠡᠭᠦᠷᠡᠰᠦᠲᠥ᠋ᠷᠥᠭᠴᠢᠲᠦ ᠵᠡᠷᠭᠡ ᠬᠦᠷᠢᠶᠡᠨ ᠤ ᠪᠠᠷᠢᠮᠵᠢᠶ᠎ᠠ ᠶᠢ ᠲᠦᠷᠭᠡᠨ ᠲᠣᠭᠲᠠᠭᠠᠨ ᠵᠠᠰᠠᠪᠤᠷᠢ ᠣᠷᠣᠭᠤᠯᠵᠤ᠂ ᠠᠵᠤ ᠦᠢᠯᠡᠳᠪᠦᠷᠢ ᠪᠣᠯᠣᠨ | ᠬᠡᠷᠡᠭᠯᠡᠭᠡᠨ ᠤ ᠵᠦᠢᠯ ᠤᠨ ᠮᠡᠷᠭᠡᠵᠢᠯ ᠢ ᠲᠠᠰᠤᠷᠠᠯᠳᠠ ᠦᠭᠡᠢ ᠲᠡᠰ ᠳᠡᠪᠰᠢᠬᠦ ᠶᠢ ᠬᠥᠲᠥᠯᠥᠨ ᠳᠠᠭᠠᠭᠤᠯᠪᠠ᠃ | ᠮᠠᠨ ᠤ ᠤᠯᠤᠰ ᠤᠨ ᠠᠭᠠᠷ ᠲᠣᠬᠢᠷᠠᠭᠤᠯᠤᠭᠴᠢ ᠶᠢᠨ ᠦᠢᠯᠡᠳᠬᠦᠨ ᠤ ᠭᠠᠷᠤᠯᠲᠠ ᠨᠢ ᠪᠦᠭᠦ ᠳᠡᠯᠡᠬᠡᠢ ᠶᠢᠨ ᠭᠠᠷᠤᠯᠲᠠ ᠶᠢᠨ 80% ᠠᠴᠠ ᠳᠡᠭᠡᠭᠰᠢᠬᠢ ᠶᠢ | ᠡᠵᠡᠯᠡᠵᠦ ᠪᠠᠶᠢᠨ᠎ᠠ᠃ ᠦᠢᠯᠡᠳᠬᠦᠨ ᠤ ᠶᠠᠰᠤ ᠴᠢᠨᠠᠷ ᠲᠦᠷᠦᠭᠦᠯᠡᠭᠰᠡᠨ ᠤ ᠠᠷᠤ ᠳᠤ᠂ ᠮᠠᠨ ᠤ ᠤᠯᠤᠰ ᠭᠡᠷ ᠪᠠᠶᠢᠰᠢᠩ ᠤᠨ ᠠᠭᠠᠷ ᠲᠣᠬᠢᠷᠠᠭᠤᠯᠤᠭᠴᠢ ᠶᠢᠨ | ᠠᠯᠪᠠᠳᠠᠯᠭ᠎ᠠ ᠶᠢᠨ ᠴᠢᠨᠠᠷᠲᠠᠢ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠶᠢ 4 ᠤᠳᠠᠭ᠎ᠠ ᠳᠡᠰ ᠳᠡᠪᠰᠢᠭᠦᠯᠵᠦ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ᠂ | ᠶᠠᠫᠤᠨ ᠵᠡᠷᠭᠡ ᠶᠢᠨ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠶᠢ ᠳᠠᠪᠠᠵᠤ᠂ ᠪᠠᠷᠢᠮᠵᠢᠶ᠎ᠠ ᠶᠢᠨ ᠣᠯᠠᠨ ᠤᠯᠤᠰ ᠤᠨ ︽ᠳᠠᠭᠠᠭᠤᠯᠤᠭᠴᠢ︾ ᠪᠣᠯᠤᠭᠰᠠᠨ ᠢ ᠣᠯᠵᠤ | ᠬᠠᠷᠠᠬᠤ ᠬᠡᠷᠡᠭᠲᠡᠢ᠃ | ᠠᠯᠪᠠᠳᠠᠯᠭ᠎ᠠ ᠶᠢᠨ ᠴᠢᠨᠠᠷᠲᠠᠢ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠪᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ | ᠳᠡᠪᠰᠢᠬᠦ ᠶᠢ ᠭᠡᠳᠡᠷᠭᠦ ᠰᠢᠬᠠᠮᠳᠠᠭᠤᠯᠤᠨ᠎ᠠ᠃ ᠡᠨᠡ ᠵᠢᠯ ᠤᠨ 4 ᠰᠠᠷ᠎ᠠ ᠳᠤ ᠨᠡᠶᠢᠲᠡᠯᠡᠭᠰᠡᠨ︽ᠪᠤᠯᠪᠠᠰᠤᠷᠠᠭᠤᠯᠬᠤ ᠬᠢᠮᠢ ᠶᠢᠨ ᠠᠵᠢᠯ ᠲᠥᠷᠥᠯ ᠤᠨ ᠨᠢᠭᠡᠴᠢ ᠦᠢᠯᠡᠳᠬᠦᠨ ᠤ | ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ︾ ᠶᠢᠨ ᠪᠠᠷᠢᠮᠵᠢᠶ᠎ᠠ ᠳᠤ ᠡᠨᠧᠷᠭᠢ ᠶᠢᠨ ᠬᠤᠷᠣᠭᠳᠠᠯ ᠤᠨ ᠬᠢᠵᠠᠭᠠᠷ ᠲᠣᠭᠠᠨ ᠤ ᠭᠦᠢᠴᠡᠳᠬᠡᠯ ᠲᠤᠭ᠎ᠠ ᠶᠢ ᠶᠡᠭᠡ ᠪᠠᠷ | ᠳᠡᠭᠡᠭᠰᠢᠯᠡᠭᠦᠯᠵᠦ᠂ ᠪᠤᠯᠪᠠᠰᠤᠷᠠᠭᠤᠯᠬᠤ ᠬᠢᠮᠢ ᠶᠢᠨ ᠠᠵᠤ ᠠᠬᠤᠶᠢᠯᠠᠯ ᠤᠨ ᠬᠤᠴᠤᠷᠤᠩᠭᠤᠢ ᠭᠦᠸᠧᠯᠦ᠂ ᠴᠠᠭᠢᠯᠭᠠᠨ ᠮᠠᠰᠢᠨ ᠵᠡᠷᠭᠡ ᠨᠡᠶᠢᠳᠡᠮ ᠬᠡᠷᠡᠭᠯᠡᠬᠦ | ᠲᠥᠬᠦᠭᠡᠷᠦᠮᠵᠢ ᠶᠢ ᠲᠦᠷᠭᠡᠳᠬᠡᠨ ᠰᠢᠨᠡᠳᠬᠡᠬᠦ ᠶᠢ ᠠᠬᠢᠭᠤᠯᠪᠠ᠃ | ︽ᠤᠯᠤᠰ ᠤᠨ ᠪᠠᠷᠢᠮᠵᠢᠶ᠎ᠠ ᠶᠢᠨ ᠳᠡᠭᠡᠭᠰᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠥᠨ | ᠳᠠᠭᠠᠭᠤᠯᠵᠤ᠂ ᠪᠠᠷᠢᠮᠵᠢᠶ᠎ᠠ ᠶᠢᠨ ᠭᠡᠳᠡᠷᠭᠦ ᠰᠢᠬᠠᠮᠳᠠᠭᠤᠯᠬᠤ ᠪᠠ ᠬᠥᠲᠥᠯᠥᠨ ᠳᠠᠭᠠᠭᠤᠯᠬᠤ ᠦᠢᠯᠡᠳᠦᠯ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ | ᠬᠡᠷᠡᠭᠲᠡᠢ︾᠃ ᠳᠤᠮᠳᠠᠳᠤ ᠤᠯᠤᠰ ᠤᠨ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠢ ᠠᠢ ᠰᠢᠶᠠᠨ᠂ ᠲᠠᠷᠠᠭᠠᠴᠢ ᠶᠢᠨ ᠠᠯᠬᠤᠮ ᠳᠤ᠂ | ᠳᠣᠬᠢᠭᠤᠷ ᠲᠤᠯᠤᠭᠠᠨ ᠣᠲᠣ᠂ ᠵᠣᠬᠢᠶᠠᠮᠠᠯ ᠣᠶᠤᠨ ᠴᠢᠳᠠᠪᠤᠷᠢ᠂ ᠪᠠᠷᠠᠭᠠᠨ ᠤ ᠰᠦᠯᠵᠢᠶ᠎ᠡ᠂ ᠠᠵᠤ ᠦᠢᠯᠡᠳᠪᠦᠷᠢ ᠶᠢᠨ ᠮᠠᠰᠢᠨ ᠬᠥᠮᠥᠨ ᠵᠡᠷᠭᠡ ᠭᠤᠣᠯᠳᠠᠯᠭ᠎ᠠ ᠲᠠᠢ | ᠴᠢᠳᠠᠪᠬᠢ ᠣᠯᠭᠤᠬᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ ᠬᠥᠭᠵᠢᠭᠰᠡᠨ ᠮᠡᠷᠭᠡᠵᠢᠯ ᠪᠠ ᠤᠯᠠᠮᠵᠢᠯᠠᠯᠲᠤ ᠠᠵᠤ ᠦᠢᠯᠡᠰ ᠤᠨ ᠪᠠᠷᠢᠮᠵᠢᠶ᠎ᠠ ᠶᠢ | ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ ᠬᠠᠮᠵᠢᠯᠴᠠᠨ ᠠᠬᠢᠭᠤᠯᠵᠤ᠂ ᠪᠠᠷᠢᠮᠵᠢᠶ᠎ᠠ ᠶᠢᠨ ᠰᠢᠰᠲ᠋ᠧᠮ ᠤᠨ ᠨᠡᠭᠡᠭᠡᠯᠲᠡ ᠬᠢᠵᠦ ᠠᠭᠤᠰᠤᠯᠴᠠᠬᠤ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠪᠠᠷ᠂ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ᠂ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ᠂ | ᠨᠡᠭᠦᠷᠡᠰᠦᠲᠥ᠋ᠷᠥᠭᠴᠢ ᠶᠢᠨ ᠤᠯᠠ ᠮᠥᠷ᠂ ᠣᠷᠴᠢᠯ ᠠᠰᠢᠭᠯᠠᠯᠲᠠ ᠵᠡᠷᠭᠡ ᠭᠤᠣᠯᠳᠠᠯᠭ᠎ᠠ ᠲᠠᠢ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠨ ᠵᠠᠰᠠᠪᠤᠷᠢ ᠣᠷᠣᠭᠤᠯᠵᠤ᠂ | ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠬᠦ ᠶᠢ ᠳᠡᠮᠵᠢᠬᠦ ᠶᠠᠰᠤ ᠴᠢᠨᠠᠷ ᠤᠨ ᠰᠠᠭᠤᠷᠢ ᠬᠡᠯᠬᠢᠶ᠎ᠡ ᠶᠢ ᠶᠡᠭᠡ ᠬᠦᠴᠦ ᠣᠷᠣᠭᠤᠯᠤᠨ | ᠨᠡᠪᠲᠡᠷᠡᠭᠦᠯᠦᠨ᠎ᠡ ᠭᠡᠵᠦ ᠢᠯᠡᠳᠬᠡᠪᠡ᠃ | ᠣᠳᠣᠬᠠᠨ ᠳᠤ᠂ ᠰᠢᠨ᠎ᠡ ᠪᠠᠷ ᠬᠥᠭᠵᠢᠭᠰᠡᠨ ᠮᠡᠷᠭᠡᠵᠢᠯ ᠤᠨ ᠪᠠᠷᠢᠮᠵᠢᠶ᠎ᠠ ᠨᠢ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠬᠥᠲᠥᠯᠥᠨ ᠳᠠᠭᠠᠭᠤᠯᠬᠤ ᠲᠠᠯ᠎ᠠ ᠪᠠᠷ ᠪᠠᠶᠠᠯᠢᠭ ᠦᠷ᠎ᠡ ᠪᠦᠲᠦᠭᠡᠯ ᠣᠯᠵᠠᠢ᠃ ᠣᠳᠣᠬᠠᠨ ᠪᠤᠯᠲᠠᠯ᠎ᠠ᠂ ᠮᠠᠨ ᠤ ᠤᠯᠤᠰ ᠣᠶᠤᠨᠴᠢ ᠦᠢᠯᠡᠳᠬᠦ ᠦᠢᠯᠡᠰ ᠤᠨ | ᠤᠯᠤᠰ ᠤᠨ ᠪᠠᠷᠢᠮᠵᠢᠶ᠎ᠠ ᠶᠢ ᠨᠡᠶᠢᠲᠡ 408 ᠵᠦᠢᠯ ᠨᠡᠶᠢᠲᠡᠯᠡᠵᠦ᠂ ᠣᠯᠠᠨ ᠤᠯᠤᠰ ᠤᠨ ᠪᠠᠷᠢᠮᠵᠢᠶ᠎ᠠ ᠶᠢ 48 ᠵᠦᠢᠯ ᠭᠤᠣᠯᠯᠠᠨ ᠲᠣᠭᠲᠠᠭᠠᠵᠤ᠂ ᠮᠠᠨ ᠤ ᠤᠯᠤᠰ ᠤᠨ | ᠣᠶᠤᠨᠴᠢ ᠦᠢᠯᠡᠳᠬᠦ ᠠᠵᠤ ᠦᠢᠯᠡᠰ ᠤᠨ ᠬᠡᠪᠴᠢᠶ᠎ᠡ ᠶᠢ 3.2 ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠤᠯᠤᠰ ᠤᠨ ᠲᠠᠰ ᠤᠨ ᠵᠢᠱᠢᠶ᠎ᠡ ᠦᠵᠡᠭᠦᠯᠭᠦ | 421 ᠦᠢᠯᠡᠳᠪᠦᠷᠢ᠂ ᠮᠤᠵᠢ ᠶᠢᠨ ᠲᠠᠰ ᠤᠨ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠪᠠ ᠣᠶᠤᠨᠴᠢ ᠦᠢᠯᠡᠳᠪᠦᠷᠢ ᠶᠢ ᠲᠦᠮᠡ ᠭᠠᠷᠤᠢ ᠪᠣᠶᠢᠵᠢᠭᠤᠯᠪᠠ᠃ | ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠰᠠᠯᠠᠭ᠎ᠠ ᠮᠥᠴᠢᠷ︽ᠪᠠᠷᠢᠮᠵᠢᠶ᠎ᠠ ᠶᠢᠨ ᠳᠡᠭᠡᠭᠰᠢᠯᠡᠯᠲᠡ ᠪᠠᠷ | ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠥᠲᠥᠯᠥᠨ ᠳᠠᠭᠠᠭᠤᠯᠬᠤ ᠠᠵᠢᠯᠯᠠᠭ᠎ᠠ ᠶᠢᠨ ᠲᠥᠰᠥᠯ︾ | ᠢ ᠨᠡᠶᠢᠲᠡᠯᠡᠵᠦ᠂ 300 ᠰᠢᠬᠠᠮ ᠵᠦᠢᠯ ᠤᠨ ᠪᠠᠷᠢᠮᠵᠢᠶ᠎ᠠ ᠶᠢᠨ ᠨᠠᠷᠢᠨ ᠲᠠᠩᠰᠠ ᠶᠢ ᠪᠦᠭᠦ ᠲᠠᠯ᠎ᠠ ᠪᠠᠷ ᠵᠢᠭᠰᠠᠭᠠᠵᠤ᠂ ᠲᠥᠬᠦᠭᠡᠷᠦᠮᠵᠢ ᠶᠢᠨ ᠰᠢᠨᠡᠴᠢᠯᠡᠯᠲᠡ ᠪᠠ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠬᠡᠷᠡᠭᠵᠢᠭᠦᠯᠬᠦ ᠳᠤ ᠮᠡᠷᠭᠡᠵᠢᠯ ᠤᠨ ᠰᠠᠭᠤᠷᠢ ᠶᠢ ᠪᠠᠬᠢᠵᠢᠭᠦᠯᠵᠦ᠂ ᠪᠠᠷᠢᠮᠵᠢᠶ᠎ᠠ ᠶᠢᠨ | ᠰᠢᠨᠡᠴᠢᠯᠡᠯᠲᠡ ᠶᠢ ᠠᠬᠢᠭᠤᠯᠬᠤ᠂ ᠬᠡᠷᠡᠭᠯᠡᠭᠡ ᠶᠢ ᠥᠷᠭᠡᠳᠬᠡᠬᠦ᠂ ᠣᠷᠴᠢᠯ ᠢ ᠰᠢᠯᠤᠭᠤᠳᠬᠠᠬᠤ ᠲᠠᠯ᠎ᠠ ᠪᠠᠷ ᠦᠢᠯᠡᠳᠦᠯ ᠪᠠᠳᠠᠷᠠᠭᠤᠯᠪᠠ᠃ | ᠳᠤᠮᠳᠠᠳᠤ ᠤᠯᠤᠰ ᠤᠨ ᠮᠧᠬᠠᠨᠢᠭ ᠤᠨ ᠶᠡᠷᠦᠩᠬᠡᠢ ᠬᠦᠷᠢᠶᠡᠯᠡᠩ ᠤᠨ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠰᠢᠶᠣᠣ ᠴᠧᠩ | ᠰᠢᠶᠠᠩ᠂ ᠲᠣᠨᠣᠭᠯᠠᠯ ᠦᠢᠯᠡᠳᠬᠦ ᠬᠦᠷᠢᠶᠡᠨ ᠳᠤ ᠣᠳᠣᠬᠠᠨ ᠤ ᠪᠠᠶᠢᠭ᠎ᠠ ᠤᠯᠤᠰ ᠤᠨ ᠪᠠᠷᠢᠮᠵᠢᠶ᠎ᠠ 8000 ᠰᠢᠬᠠᠮ ᠵᠦᠢᠯ ᠪᠠᠶᠢᠵᠤ᠂ ᠲᠣᠨᠣᠭᠯᠠᠯ ᠦᠢᠯᠡᠳᠬᠦ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠵᠢᠷᠤᠮᠵᠢᠭᠤᠯᠬᠤ ᠳᠤᠮᠳᠠ ᠰᠠᠭᠤᠷᠢ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠦᠢᠯᠡᠳᠦᠯ ᠦᠵᠡᠭᠦᠯᠵᠦ ᠪᠠᠶᠢᠨ᠎ᠠ᠃ | ᠤᠯᠤᠰ ᠤᠨ ᠪᠠᠷᠢᠮᠵᠢᠶ᠎ᠠ ᠶᠢᠨ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠤᠷᠢᠭ᠎ᠠ ᠱᠤᠭᠤᠮ ᠢ ᠪᠠᠲᠤ ᠰᠠᠬᠢᠬᠤ | ᠪᠥᠭᠡᠳ ᠨᠠᠩ ᠴᠤ ᠥᠨᠳᠥᠷ ᠱᠤᠭᠤᠮ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠠᠲᠠᠵᠤ᠂ ᠲᠣᠨᠣᠭᠯᠠᠯ ᠦᠢᠯᠡᠳᠬᠦ ᠦᠢᠯᠡᠰ ᠤᠨ ᠪᠦᠬᠦᠯᠢ ᠴᠣᠭᠴᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠳᠡᠭᠡᠭᠰᠢᠯᠡᠭᠦᠯᠦᠨ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠬᠡᠯᠡᠪᠡ᠃ | ︵ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 8 ᠤ ᠴᠠᠭᠢᠯᠭᠠᠨ ᠮᠡᠳᠡᠭᠡ︶ | | |