— ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ | ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠲᠤᠬᠠᠢ ᠰᠠᠨᠠᠯ︾ ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ | ᠬᠠᠷᠢᠭᠤᠯᠪᠠ | | | ᠣᠶᠢᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠃ ᠰᠠᠨᠠᠯ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ | ᠪᠤᠶ︖ ᠶᠠᠮᠠᠷ ᠶᠠᠮᠠᠷ ᠴᠢᠬᠤᠯᠠ ᠡᠭᠦᠷᠭᠡ ᠶᠢ ᠪᠠᠶᠢᠷᠢᠯᠠᠭᠤᠯᠤᠭᠰᠠᠨ ᠪᠤᠶ︖ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠢ ᠰᠤᠷᠪᠤᠯᠵᠢᠯᠠᠪᠠ᠃ | ᠠᠰᠠᠭᠤᠯᠲᠠ᠄ ᠰᠠᠨᠠᠯ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠶ︖ | ᠬᠠᠷᠢᠭᠤᠯᠲᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠪᠠ᠃ ᠡᠨᠧᠷᠭᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠯᠬᠤᠴᠠ ᠲᠦᠷᠭᠡᠳᠴᠦ᠂ 2024 | ᠣᠨ ᠤ 6 ᠰᠠᠷ᠎ᠠ ᠶᠢᠨ ᠰᠡᠭᠦᠯᠴᠢ ᠪᠤᠯᠲᠠᠯ᠎ᠠ᠂ ᠳᠠᠬᠢᠯᠲᠠ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 16.53 ᠳ᠋ᠦᠩᠰᠢᠭᠤᠷ ᠺᠢᠯᠣᠸᠠᠲ ᠲᠤ ᠬᠦᠷᠴᠦ᠂ | ᠶᠡᠷᠦᠩᠬᠡᠢ ᠮᠠᠰᠢᠨ ᠴᠣᠭᠴᠠᠯᠠᠪᠤᠷᠢ ᠶᠢᠨ 53.8% ᠶᠢ ᠡᠵᠡᠯᠡᠪᠡ; ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠵᠦ᠂ | ᠪᠦᠭᠦ ᠪᠥᠮᠪᠥᠷᠴᠡᠭ ᠤᠨ ᠬᠠᠮᠤᠭ ᠤᠨ ᠶᠡᠭᠡ᠂ ᠬᠠᠮᠤᠭ ᠤᠨ ᠪᠦᠷᠢᠨ ᠪᠦᠲᠦᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠪᠠ; ᠡᠬᠢ ᠪᠠᠶᠠᠯᠢᠭ ᠢ | ᠠᠰᠢᠭᠯᠠᠬᠤ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠵᠦ᠂ 2023 ᠣᠨ ᠳᠤ ᠮᠠᠨ ᠤ ᠤᠯᠤᠰ ᠤᠨ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠦᠴᠦᠯᠡᠴᠡ 2012 ᠣᠨ ᠤ ᠬᠢ ᠠᠴᠠ ᠲᠣᠰ ᠲᠣᠰ | 26%᠂ 35% ᠪᠠᠷ ᠪᠠᠭᠠᠰᠴᠤ᠂ ᠭᠤᠣᠯ ᠪᠤᠯᠬᠤ ᠡᠬᠢ ᠪᠠᠶᠠᠯᠢᠭ ᠢ ᠦᠢᠯᠡᠳᠪᠦᠷᠢᠯᠡᠨ ᠭᠠᠷᠭᠠᠬᠤ ᠨᠣᠷᠮ᠎ᠠ 60% ᠬᠤᠪᠢ ᠢᠯᠡᠭᠦᠦ ᠪᠠᠷ ᠳᠡᠭᠡᠭᠰᠢᠯᠡᠪᠡ;ᠣᠷᠴᠢᠨ | ᠲᠣᠭᠤᠷᠢᠨ ᠤ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠵᠤ᠂ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠪᠣᠯᠵᠠᠢ᠃ | ᠡᠭᠦᠨ ᠤ ᠬᠠᠮᠲᠤ᠂ ᠮᠠᠨ ᠤ ᠤᠯᠤᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠮᠥᠨ ᠬᠦ ᠴᠥᠭᠡᠨ ᠪᠤᠰᠤ ᠬᠦᠴᠢᠷᠳᠡᠯ ᠪᠠ | ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠡᠨᠧᠷᠭᠢ ᠶᠢᠨ ᠪᠦᠲᠦᠴᠡ ᠨᠡᠭᠦᠷᠡᠰᠦ ᠲᠡᠶᠢᠰᠢ ᠬᠡᠯᠪᠡᠶᠢᠭᠰᠡᠨ᠂ ᠠᠵᠤ ᠦᠢᠯᠡᠰ ᠤᠨ ᠪᠦᠲᠦᠴᠡ ᠬᠦᠨᠳᠦ ᠲᠡᠶᠢᠰᠢ | ᠬᠡᠯᠪᠡᠶᠢᠭᠰᠡᠨ᠂ ᠣᠷᠴᠢᠨ ᠲᠣᠭᠤᠷᠢᠨ ᠤ ᠬᠢᠵᠠᠭᠠᠷᠯᠠᠯ ᠴᠢᠩᠭ᠎ᠠ ᠪᠠᠶᠢᠭ᠎ᠠ ᠤᠯᠤᠰ ᠤᠨ ᠪᠠᠶᠢᠳᠠᠯ ᠬᠤᠪᠢᠷᠠᠭ᠎ᠠ ᠦᠭᠡᠢ᠂ ᠴᠢᠯᠠᠭᠤᠵᠢᠮᠠᠯ ᠡᠨᠧᠷᠭᠢ ᠪᠣᠯᠣᠨ ᠤᠯᠠᠮᠵᠢᠯᠠᠯᠲᠤ | ᠠᠵᠤ ᠦᠢᠯᠡᠰ ᠤᠨ ᠡᠵᠡᠯᠡᠬᠦ ᠬᠠᠷᠢᠴᠠᠯ ᠮᠥᠨ ᠨᠡᠯᠢᠶᠡᠳ ᠥᠨᠳᠥᠷ ᠪᠠᠶᠢᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠤ ᠳᠤᠮᠳᠠ | ᠰᠠᠶᠢᠵᠢᠷᠠᠬᠤ ᠰᠠᠭᠤᠷᠢ ᠪᠠᠰᠠ ᠪᠠᠲᠤ ᠪᠠᠬᠢ ᠪᠢᠰᠢ ᠪᠠᠶᠢᠨ᠎ᠠ᠃ ᠡᠭᠦᠨ ᠠᠴᠠ ᠭᠠᠳᠠᠨ᠎ᠠ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠠᠬᠢᠴᠠ ᠳᠤ ᠨᠤᠭᠤᠷᠠᠯ ᠪᠦᠳᠦᠷᠢᠯ ᠲᠤᠯᠭᠠᠷᠠᠵᠤ᠂ ᠣᠷᠴᠢᠨ ᠲᠣᠭᠤᠷᠢᠨ ᠪᠠ ᠠᠭᠤᠷ ᠠᠮᠢᠰᠬᠤᠯ ᠤᠨ ᠵᠥᠪᠯᠡᠬᠦ ᠰᠡᠳᠦᠪ ᠤᠯᠤᠰ ᠲᠥᠷᠥᠴᠢᠯᠡᠬᠦ | ᠬᠠᠨᠳᠤᠰᠢ ᠴᠢᠩᠭᠠᠷᠠᠵᠤ᠂ ᠪᠣᠬᠢᠷᠳᠤᠯ ᠦᠭᠡᠢ ᠠᠷᠠᠯᠵᠢᠶᠠᠨ ᠤ ᠪᠠᠬᠢᠯᠡᠯᠲᠡ ᠲᠠᠰ ᠳᠡᠪᠰᠢᠪᠡ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ | ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠲᠤᠬᠠᠢ ᠪᠠᠶᠢᠷᠢᠯᠠᠭᠤᠯᠤᠯᠲᠠ ᠬᠢᠪᠡ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠰᠠᠨᠠᠯ ᠳᠠᠷᠤᠮᠠᠯᠯᠠᠨ ᠲᠠᠷᠬᠠᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠲᠤᠬᠠᠢ ᠰᠢᠰᠲ᠋ᠧᠮ ᠲᠠᠢ ᠲᠥᠯᠦᠪᠵᠢᠭᠦᠯᠭᠡ ᠪᠠ ᠶᠡᠷᠦᠩᠬᠡᠢ ᠪᠠᠶᠢᠷᠢᠯᠠᠭᠤᠯᠤᠯᠲᠠ ᠬᠢᠵᠦ᠂ ᠶᠡᠷᠦᠩᠬᠡᠢ ᠱᠠᠭᠠᠷᠳᠠᠯᠭ᠎ᠠ᠂ | ᠭᠤᠣᠯ ᠬᠠᠷᠠᠯᠲᠠ᠂ ᠬᠡᠷᠡᠭᠵᠢᠭᠦᠯᠬᠦ ᠠᠷᠭ᠎ᠠ ᠵᠠᠮ ᠢ ᠲᠣᠳᠣᠷᠬᠠᠶᠢᠯᠠᠵᠤ᠂ ᠬᠥᠭᠵᠢᠯᠲᠡ ᠶᠢᠨ ᠠᠷᠭ᠎ᠠ ᠭᠡᠯᠪᠡᠷᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ | ᠶᠢ ᠠᠬᠢᠭᠤᠯᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠠᠰᠠᠭᠤᠯᠲᠠ᠄ ᠰᠠᠨᠠᠯ ᠤᠨ ᠶᠡᠷᠦᠩᠬᠡᠢ ᠱᠠᠭᠠᠷᠳᠠᠯᠭ᠎ᠠ ᠪᠠ ᠠᠵᠢᠯ ᠤᠨ ᠵᠠᠷᠴᠢᠮ ᠨᠢ ᠶᠠᠭᠤ ᠪᠤᠶ︖ | ᠬᠠᠷᠢᠭᠤᠯᠲᠠ᠄ ᠰᠠᠨᠠᠯ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠠᠵᠢᠯ ᠢᠶᠠᠷ ᠵᠢᠯᠣᠭᠤᠳᠤᠮᠵᠢ ᠪᠤᠯᠭᠠᠵᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ | ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ | ᠪᠦᠲᠦᠴᠡ᠂ ᠦᠢᠯᠡᠳᠪᠦᠷᠢᠯᠡᠯ ᠤᠨ ᠠᠷᠭ᠎ᠠ ᠭᠡᠯᠪᠡᠷᠢ᠂ ᠠᠮᠢᠳᠤᠷᠠᠯ ᠤᠨ ᠠᠷᠭ᠎ᠠ ᠭᠡᠯᠪᠡᠷᠢ ᠶᠢ ᠪᠦᠷᠢᠯᠳᠦᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠤᠨ᠎ᠠ ᠭᠡᠵᠦ ᠳᠤᠷᠠᠳᠪᠠ᠃ | ᠰᠠᠨᠠᠯ ᠳᠤ ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠬᠤ᠂ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ᠂ ᠰᠢᠨ᠎ᠡ ᠶᠢ ᠡᠭᠦᠳᠦᠨ ᠭᠡᠯᠪᠡᠷᠢ ᠪᠠᠨ ᠬᠤᠪᠢᠷᠠᠭᠤᠯᠬᠤ᠂ | ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠠᠵᠢᠯ ᠤᠨ ᠵᠠᠷᠴᠢᠮ ᠢ ᠳᠤᠷᠠᠳᠪᠠ᠄ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠳᠤ ᠠᠭᠤᠰᠤᠯᠴᠠᠭᠤᠯᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠪᠦᠭᠦ ᠲᠠᠯ᠎ᠠ᠂ ᠪᠦᠭᠦ ᠬᠦᠷᠢᠶ᠎ᠡ᠂ ᠪᠦᠭᠦ ᠣᠷᠣᠨ ᠪᠦᠰᠡ ᠪᠠᠷ ᠠᠭᠢᠭᠤᠯᠤᠨ᠎ᠠ; ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ | ᠲᠥᠷᠥᠯ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠴᠠᠭ ᠤᠨ ᠬᠦᠰᠦᠨᠦᠭᠲᠦ᠂ | ᠵᠠᠮ ᠱᠤᠭᠤᠮ ᠤᠨ ᠵᠢᠷᠤᠭ᠂ ᠪᠠᠷᠢᠯᠭ᠎ᠠ ᠶᠢᠨ ᠵᠢᠷᠤᠭ ᠢ ᠰᠢᠨᠵᠢᠯᠡᠬᠦ ᠤᠬᠠᠭᠠᠨᠴᠢ ᠪᠠᠷ ᠲᠤᠬᠳᠠᠭᠠᠨ᠎ᠠ; ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠤᠯᠭᠠᠭᠤᠷᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠲᠥᠷᠥ ᠶᠢᠨ ᠪᠣᠳᠣᠯᠭ᠎ᠠ ᠳᠦᠷᠢᠮ ᠤᠨ ᠰᠢᠨ᠎ᠡ ᠡᠭᠦᠳᠦᠯᠲᠡ᠂ ᠬᠤᠳᠠᠯᠳᠤᠭᠠᠨ ᠤ | ᠵᠠᠭᠪᠤᠷ ᠤᠨ ᠰᠢᠨ᠎ᠡ ᠡᠭᠦᠳᠦᠯᠲᠡ ᠶᠢ ᠴᠢᠩᠭᠠᠳᠬᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠨᠠᠩ ᠴᠢᠩᠭ᠎ᠠ ᠰᠢᠨ᠎ᠡ ᠶᠢ ᠡᠭᠦᠳᠬᠦ ᠬᠥᠳᠡᠯᠭᠡᠬᠦ | ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠨ᠎ᠠ; ᠬᠥᠭᠵᠢᠯᠲᠡ ᠪᠠ ᠪᠣᠬᠢᠷᠳᠤᠯ ᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠳᠣᠬᠠᠨ ᠪᠠ ᠠᠯᠤᠰ | ᠭᠡᠲᠦ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠳᠤ ᠲᠤᠯᠭᠠᠷᠠᠵᠤ ᠪᠠᠶᠢᠭ᠎ᠠ ᠳᠣᠲᠣᠭᠠᠳᠤ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠲᠣᠬᠢᠲᠠᠢ ᠰᠡᠷᠭᠡᠶᠢᠯᠡᠨ ᠠᠷᠢᠯᠭᠠᠨ᠎ᠠ᠃ | | ᠠᠰᠠᠭᠤᠯᠲᠠ᠄ ᠰᠠᠨᠠᠯ ᠳᠤ ᠶᠠᠮᠠᠷ ᠶᠠᠮᠠᠷ ᠬᠠᠷᠠᠯᠲᠠ ᠳᠤᠷᠠᠳᠤᠭᠰᠠᠨ ᠪᠤᠶ︖ | ᠬᠠᠷᠢᠭᠤᠯᠲᠠ᠄ ᠰᠠᠨᠠᠯ ᠳᠤ ᠬᠤᠶᠠᠷ ᠱᠠᠲᠤ ᠦᠶ᠎ᠡ ᠶᠢᠨ ᠬᠠᠷᠠᠯᠲᠠ ᠶᠢ ᠳᠤᠷᠠᠳᠪᠠ᠃ 2030 ᠣᠨ ᠪᠤᠯᠲᠠᠯ᠎ᠠ᠂ ᠭᠤᠣᠯᠳᠠᠯᠭ᠎ᠠ ᠲᠠᠢ ᠬᠦᠷᠢᠶ᠎ᠡ ᠶᠢᠨ ᠪᠣᠬᠢᠷᠳᠤᠯ | ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠴᠠ ᠲᠠᠢ ᠪᠤᠯᠭᠠᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠠᠷᠭ᠎ᠠ ᠭᠡᠯᠪᠡᠷᠢ ᠪᠠ | ᠠᠮᠢᠳᠤᠷᠠᠯ ᠤᠨ ᠠᠷᠭ᠎ᠠ ᠭᠡᠯᠪᠡᠷᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢᠨ ᠬᠠᠮᠵᠢᠯᠴᠠᠬᠤ | ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠪᠣᠬᠢᠷᠳᠤᠯ ᠦᠭᠡᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠦᠨ᠂ ᠠᠵᠤ ᠠᠬᠤᠢ ᠨᠡᠶᠢᠭᠡᠮ ᠤᠨ | ᠬᠥᠭᠵᠢᠯᠲᠡ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠢᠯᠡᠳᠲᠡ ᠦᠷ᠎ᠡ ᠪᠦᠲᠦᠮᠵᠢ ᠣᠯᠣᠨ᠎ᠠ᠃ 2035 ᠣᠨ ᠪᠤᠯᠬᠤ ᠳᠤ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠣᠷᠴᠢᠯ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠣᠬᠢᠷᠳᠤᠯ ᠦᠭᠡᠢ | ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠯᠣᠨ ᠠᠮᠢᠳᠤᠷᠠᠯ ᠤᠨ ᠠᠷᠭ᠎ᠠ ᠭᠡᠯᠪᠡᠷᠢ ᠶᠢ ᠥᠷᠭᠡᠨ ᠢᠶᠠᠷ ᠪᠦᠷᠢᠯᠳᠦᠭᠦᠯᠵᠦ᠂ ᠪᠣᠬᠢᠷᠳᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠯᠡᠳᠲᠡ ᠠᠬᠢᠴᠠ ᠲᠠᠢ ᠪᠤᠯᠭᠠᠵᠤ᠂ ᠭᠤᠣᠯ ᠪᠤᠯᠬᠤ ᠡᠬᠢ | ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠵᠠᠮ ᠳᠤ ᠪᠦᠭᠦ ᠲᠠᠯ᠎ᠠ ᠪᠠᠷ ᠣᠷᠣᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤ | ᠬᠦᠷᠦᠭᠦᠯᠦᠭᠰᠡᠨ ᠤ ᠳᠠᠷᠠᠭ᠎ᠠ ᠲᠣᠭᠲᠠᠭᠤᠨ ᠤ ᠳᠤᠮᠳᠠ ᠪᠠᠭᠤᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ | ᠡᠭᠦᠨ ᠤ ᠬᠠᠮᠲᠤ᠂ ᠠᠳᠠᠯᠢ ᠪᠤᠰᠤ ᠬᠦᠷᠢᠶᠡᠨ ᠳᠤ ᠴᠢᠭᠯᠡᠭᠦᠯᠦᠨ᠂ ᠰᠠᠨᠠᠯ ᠳᠤ ᠬᠡᠮᠵᠢᠶᠡᠵᠢᠭᠦᠯᠬᠦ ᠠᠵᠢᠯ ᠤᠨ ᠬᠠᠷᠠᠯᠲᠠ ᠶᠢ ᠳᠤᠷᠠᠳᠪᠠ᠄ 2030 ᠣᠨ | ᠪᠤᠯᠬᠤ ᠳᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠡᠪᠴᠢᠶ᠎ᠡ ᠶᠢ 15 ᠲᠦᠮᠡᠨ ᠳ᠋ᠦᠩᠰᠢᠭᠤᠷ ᠲᠥᠭᠦᠷᠢᠭ ᠣᠷᠴᠢᠮ ᠳᠤ | ᠭᠦᠷᠭᠡᠨ᠎ᠡ; ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ 25% ᠣᠷᠴᠢᠮ ᠪᠤᠯᠲᠠᠯ᠎ᠠ ᠳᠡᠭᠡᠭᠰᠢᠯᠡᠭᠦᠯᠵᠦ᠂ ᠤᠰᠤ ᠲᠠᠲᠠᠵᠤ | ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1.2 ᠳ᠋ᠦᠩᠰᠢᠭᠤᠷ ᠺᠢᠯᠣᠸᠠᠲ ᠠᠴᠠ ᠳᠠᠪᠠᠭᠤᠯᠤᠨ᠎ᠠ; ᠡᠵᠡᠩᠨᠡᠯᠲᠡ ᠶᠢᠨ ᠵᠠᠮ | ᠬᠠᠷᠢᠯᠴᠠᠭᠠᠨ ᠤ ᠪᠠᠭᠠᠵᠢ ᠶᠢᠨ ᠨᠢᠭᠡᠴᠢ ᠶᠢᠨ ᠰᠣᠯᠢᠵᠤ ᠪᠤᠳᠤᠬᠤ ᠡᠷᠭᠢᠯᠲᠡ ᠶᠢᠨ ᠬᠡᠮᠵᠢᠶ᠎ᠡ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ 2020 | ᠣᠨ ᠤ ᠬᠢ ᠠᠴᠠ 9.5% ᠣᠷᠴᠢᠮ ᠪᠠᠭᠤᠷᠠᠭᠤᠯᠤᠨ᠎ᠠ; ᠪᠥᠭᠡᠮ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠯ ᠤᠨ ᠠᠰᠢᠭᠯᠠᠯᠲᠠ ᠶᠢᠨ ᠬᠡᠮᠵᠢᠶ᠎ᠡ ᠶᠢ 45 | ᠳ᠋ᠦᠩᠰᠢᠭᠤᠷ ᠲᠣᠨ ᠣᠷᠴᠢᠮ ᠳᠤ ᠬᠦᠷᠭᠡᠵᠦ᠂ ᠭᠤᠣᠯ ᠪᠤᠯᠬᠤ ᠡᠬᠢ ᠪᠠᠶᠠᠯᠢᠭ ᠤᠨ ᠭᠠᠷᠭᠠᠯᠲᠠ ᠶᠢᠨ ᠨᠤᠷᠮ᠎ᠠ ᠶᠢ 2020 ᠣᠨ ᠤ ᠬᠢ ᠠᠴᠠ 45% ᠣᠷᠴᠢᠮ | ᠳᠡᠭᠡᠭᠰᠢᠯᠡᠭᠦᠯᠭᠦ ᠵᠡᠷᠭᠡ ᠪᠣᠯᠣᠨ᠎ᠠ᠃ | ᠠᠰᠠᠭᠤᠯᠲᠠ᠄ ᠰᠠᠨᠠᠯ ᠳᠤ ᠶᠠᠮᠠᠷ ᠶᠠᠮᠠᠷ ᠭᠤᠣᠯ ᠡᠭᠦᠷᠭᠡ ᠶᠢ ᠪᠠᠶᠢᠷᠢᠯᠠᠭᠤᠯᠤᠭᠰᠠᠨ ᠪᠤᠶ︖ | ᠬᠠᠷᠢᠭᠤᠯᠲᠠ᠄ ᠰᠠᠨᠠᠯ ᠨᠢ 5 ᠶᠡᠭᠡ ᠬᠦᠷᠢᠶ᠎ᠡ᠂ 3 ᠶᠡᠭᠡ ᠭᠤᠭᠴᠤᠭ᠎ᠠ ᠶᠢᠨ ᠲᠣᠭᠤᠷᠢᠨ ᠳᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ | ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠭᠡᠯᠪᠡᠷᠢ᠂ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠨ | ᠪᠦᠷᠢᠯᠳᠦᠭᠦᠯᠬᠦ ᠲᠤᠬᠠᠢ ᠪᠠᠶᠢᠷᠢᠯᠠᠭᠤᠯᠪᠠ᠃ | 5 ᠶᠡᠭᠡ ᠬᠦᠷᠢᠶ᠎ᠡ ᠨᠢ ᠲᠣᠰ ᠲᠣᠰ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ | ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠪᠣᠬᠢᠷᠳᠤᠯ ᠦᠭᠡᠢ | ᠬᠥᠭᠵᠢᠯᠲᠡ ᠶᠢᠨ ᠥᠨᠳᠦᠷᠯᠢᠭ ᠢ ᠪᠠᠶᠢᠭᠤᠯᠤᠨ᠎ᠠ; ᠠᠵᠤ ᠦᠢᠯᠡᠰ ᠤᠨ ᠪᠦᠲᠦᠴᠡ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭᠠᠨ ᠥᠭᠡᠷᠡᠴᠢᠯᠡᠨ ᠲᠡᠰ | ᠳᠡᠪᠰᠢᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠤᠭᠠᠴᠢᠯᠠᠯᠳᠠ᠂ ᠪᠣᠬᠢᠷᠳᠤᠯ | ᠦᠭᠡᠶᠢᠵᠢᠯᠳᠡ ᠬᠠᠮᠵᠢᠯᠴᠠᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠭᠡᠨ᠎ᠡ; ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠴᠢᠯᠠᠭᠤᠵᠢᠮᠠᠯ ᠤᠨ ᠡᠨᠧᠷᠭᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ | ᠠᠰᠢᠭᠯᠠᠬᠤ ᠶᠢ ᠴᠢᠩᠭᠠᠳᠬᠠᠨ᠂ ᠴᠢᠯᠠᠭᠤᠵᠢᠮᠠᠯ ᠤᠨ ᠪᠤᠰᠤ ᠡᠨᠧᠷᠭᠢ ᠶᠢ ᠶᠡᠭᠡ ᠪᠠᠷ ᠬᠥᠭᠵᠢᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ | ᠲᠦᠷᠭᠡᠪᠴᠢᠯᠡᠨ ᠪᠠᠶᠢᠭᠤᠯᠤᠨ᠎ᠠ; ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ᠂ ᠪᠣᠬᠢᠷᠳᠤᠯ ᠦᠭᠡᠢ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ | ᠪᠠᠭ᠎ᠠ ᠨᠡᠭᠦᠷᠡᠰᠦᠲᠥ᠋ᠷᠥᠭᠴᠢᠲᠦ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢ ᠳᠡᠯᠭᠡᠷᠡᠭᠦᠯᠦᠨ᠎ᠡ; ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠠᠷᠭ᠎ᠠ | ᠭᠡᠯᠪᠡᠷᠢ ᠶᠢ ᠬᠡᠷᠡᠭᠵᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠᠷᠢᠯᠭ᠎ᠠ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ | ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ | 3 ᠶᠡᠭᠡ ᠭᠤᠭᠴᠤᠭ᠎ᠠ ᠨᠢ ᠲᠤᠰ ᠲᠤᠰ᠄ ᠪᠦᠭᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ | ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠶᠡᠭᠡ ᠪᠠᠷ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠥᠨᠳᠥᠷ ᠪᠦᠲᠦᠮᠵᠢᠲᠡᠢ | ᠠᠰᠢᠭᠯᠠᠬᠤ ᠶᠢ ᠴᠢᠩᠭᠠᠳᠬᠠᠵᠤ᠂ ᠣᠷᠴᠢᠯ ᠠᠵᠤ ᠠᠬᠤᠢ ᠶᠢ ᠶᠡᠭᠡ ᠪᠠᠷ ᠭᠦᠭᠵᠢᠭᠦᠯᠦᠨ᠎ᠡ; ᠬᠡᠷᠡᠭᠯᠡᠭᠡᠨ ᠤ ᠵᠠᠭᠪᠤᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠭᠡᠯᠪᠡᠷᠢ ᠶᠢ ᠳᠡᠯᠭᠡᠷᠡᠭᠦᠯᠦᠨ᠂ ᠪᠣᠬᠢᠷᠳᠤᠯ ᠦᠭᠡᠢ ᠪᠦᠲᠦᠭᠡᠭᠳᠡᠬᠦᠨ ᠤ ᠬᠠᠩᠭᠠᠯᠭ᠎ᠠ ᠶᠢ | ᠨᠡᠮᠡᠭᠳᠡᠭᠦᠯᠵᠦ᠂ ᠪᠣᠬᠢᠷᠳᠤᠯ ᠦᠭᠡᠢ ᠬᠡᠷᠡᠭᠯᠡᠭᠡ ᠶᠢ ᠢᠳᠡᠪᠬᠢᠲᠡᠢ ᠥᠷᠭᠡᠳᠭᠡᠨ᠎ᠡ; ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠳᠬᠠᠨ᠂ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ | ᠲᠦᠷᠭᠡᠳᠬᠡᠵᠦ᠂ ᠰᠢᠨ᠎ᠡ ᠶᠢ ᠡᠭᠦᠳᠴᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠥᠷᠨᠢᠭᠦᠯᠦᠨ᠎ᠡ᠃ | ᠠᠰᠠᠭᠤᠯᠲᠠ᠄ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠡᠷᠬᠢᠨ ᠲᠡᠭᠦᠯᠳᠡᠷᠵᠢᠭᠦᠯᠬᠦ | ᠪᠤᠶ︖ | ᠬᠠᠷᠢᠭᠤᠯᠲᠠ᠄ ᠰᠠᠨᠠᠯ ᠳᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠭᠡᠵᠦ | ᠳᠤᠷᠠᠳᠪᠠ᠃ | ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢᠨ ᠲᠠᠯ᠎ᠠ ᠪᠠᠷ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠ ᠡᠬᠢ ᠪᠠᠶᠠᠯᠢᠭ ᠢ | ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠬᠤ ᠳᠤ ᠠᠰᠢᠭᠲᠠᠢ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠢᠳᠡᠪᠬᠢᠲᠡᠢ | ᠪᠠᠶᠢᠭᠤᠯᠵᠤ᠂ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠂ ᠪᠣᠬᠢᠷᠳᠤᠯ ᠦᠭᠡᠢ ᠭᠠᠶᠢᠯᠢ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠪᠠᠭᠠᠵᠢ ᠶᠢᠨ | ᠬᠡᠷᠡᠭᠵᠢᠭᠦᠯᠬᠦ ᠬᠤᠭᠤᠴᠠᠭ᠎ᠠ ᠶᠢ 2027 ᠣᠨ ᠤ ᠰᠡᠭᠦᠯᠴᠢ ᠪᠤᠯᠲᠠᠯ᠎ᠠ ᠤᠷᠲᠤᠳᠬᠠᠵᠤ᠂ ᠭᠡᠯᠪᠡᠷᠢ ᠪᠠᠨ ᠬᠤᠪᠢᠷᠠᠭᠤᠯᠬᠤ ᠮᠥᠩᠭᠦᠨ ᠭᠦᠢᠯᠭᠡᠭᠡᠨ ᠤ ᠪᠠᠷᠢᠮᠵᠢᠶ᠎ᠠ ᠶᠢ | ᠰᠤᠳᠤᠯᠤᠨ ᠲᠣᠭᠲᠠᠭᠠᠵᠤ᠂ ᠪᠣᠬᠢᠷᠳᠤᠯ ᠦᠭᠡᠢ ᠰᠲ᠋ᠣᠺ ᠤᠨ ᠡᠷᠬᠡ ᠶᠢᠨ ᠪᠡᠯᠡ ᠬᠤᠷᠠᠮᠳᠤᠭᠤᠯᠭ᠎ᠠ᠂ ᠪᠣᠬᠢᠷᠳᠤᠯ ᠦᠭᠡᠢ ᠪᠡᠯᠡ ᠬᠤᠷᠠᠮᠳᠤᠭᠤᠯᠭ᠎ᠠ ᠶᠢᠨ ᠲᠦᠷᠢᠶᠡᠰᠦᠯᠡᠯ᠂ | ᠪᠣᠬᠢᠷᠳᠤᠯ ᠦᠭᠡᠢ ᠢᠲᠡᠭᠡᠮᠵᠢ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠢᠳᠡᠪᠬᠢᠲᠡᠢ ᠪᠠᠷ ᠬᠥᠭᠵᠢᠭᠦᠯᠦᠨ᠎ᠡ᠃ ᠪᠡᠯᠡ ᠣᠷᠣᠭᠤᠯᠤᠯᠲᠠ ᠶᠢᠨ ᠲᠣᠭᠲᠠᠴᠠ ᠶᠢᠨ | ᠲᠠᠯ᠎ᠠ ᠪᠠᠷ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠨᠢ ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠢ ᠳᠡᠮᠵᠢᠵᠦ᠂ ᠨᠡᠶᠢᠭᠡᠮ ᠤᠨ | ᠬᠥᠷᠥᠩᠭᠡ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠥᠷᠥᠯ ᠵᠦᠢᠯ ᠳᠤ ᠣᠷᠤᠯᠴᠠᠬᠤ ᠶᠢ ᠬᠥᠲᠥᠯᠥᠨ ᠵᠢᠯᠤᠭᠤᠳᠬᠤ ᠪᠠ ᠵᠢᠷᠤᠮᠵᠢᠭᠤᠯᠤᠨ᠎ᠠ᠃ ᠦᠨ᠎ᠡ | ᠬᠠᠩᠰᠢ ᠶᠢᠨ ᠲᠦᠷᠦ ᠶᠢᠨ ᠪᠣᠳᠣᠯᠭ᠎ᠠ ᠶᠢᠨ ᠲᠠᠯ᠎ᠠ ᠪᠠᠷ᠂ ᠴᠠᠭᠢᠯᠭᠠᠨ ᠬᠦᠴᠦᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤᠨ ᠤ | ᠦᠨ᠎ᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢᠨ ᠲᠠᠯ᠎ᠠ ᠪᠠᠷ᠂ ᠡᠬᠢ ᠪᠠᠶᠠᠯᠢᠭ ᠣᠷᠴᠢᠨ ᠠᠬᠤᠢ ᠶᠢᠨ ᠡᠯᠧᠮᠧᠨ᠋ᠲ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ | ᠪᠦᠷᠢᠨᠰᠢᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠤᠯᠤᠰ ᠤᠨ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠪᠣᠯᠣᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠠᠯᠵᠢᠶᠠᠨ ᠤ | ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ ᠴᠠᠭᠢᠯᠭᠠᠨ ᠬᠦᠴᠦᠨ ᠤ ᠦᠨᠡᠮᠯᠡᠯ ᠤᠨ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠦᠨ᠎ᠡ᠃ | ᠪᠠᠷᠢᠮᠵᠢᠶ᠎ᠠ ᠶᠢᠨ ᠰᠢᠰᠲ᠋ᠧᠮ ᠤᠨ ᠲᠠᠯ᠎ᠠ ᠪᠠᠷ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠡᠨᠧᠷᠭᠢ ᠠᠷᠪᠢᠯᠠᠬᠤ ᠪᠠᠷᠢᠮᠵᠢᠶ᠎ᠠ ᠶᠢ ᠰᠢᠨᠡᠳᠬᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠳᠠᠬᠢᠯᠲᠠ | ᠡᠨᠧᠷᠭᠢ ᠶᠢᠨ ᠪᠠᠷᠢᠮᠵᠢᠶ᠎ᠠ ᠶᠢᠨ ᠰᠢᠰᠲ᠋ᠧᠮ ᠪᠠ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠᠷᠢᠮᠵᠢᠶ᠎ᠠ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ | ᠠᠰᠠᠭᠤᠯᠲᠠ᠄ ᠰᠠᠨᠠᠯ ᠢ ᠨᠡᠶᠢᠲᠡᠯᠡᠭᠰᠡᠨ ᠤ ᠳᠠᠷᠠᠭ᠎ᠠ ᠨᠠᠶᠢᠳᠠᠪᠤᠷᠢᠵᠢᠭᠤᠯᠤᠯᠲᠠ ᠶᠢ ᠬᠡᠷᠬᠢᠨ ᠰᠠᠶᠢᠲᠤᠷ ᠠᠳᠬᠤᠬᠤ ᠪᠤᠶ︖ | ᠬᠠᠷᠢᠭᠤᠯᠲᠠ᠄ ᠰᠠᠨᠠᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠬᠦ ᠦᠵᠦ ᠲᠥᠯᠥᠪᠯᠡᠭᠡ ᠶᠢᠨ ᠪᠢᠴᠢᠭ ᠮᠠᠲ᠋ᠧᠷᠢᠶᠠᠯ ᠪᠣᠯᠣᠨ᠎ᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠪᠦᠭᠦ ᠲᠠᠯ᠎ᠠ ᠪᠠᠷ ᠬᠤᠪᠢᠷᠠᠭᠤᠯᠬᠤ ᠰᠢᠨ᠎ᠡ ᠲᠣᠭᠲᠠᠴᠠ ᠶᠢ | ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠶᠡᠷᠦᠩᠬᠡᠶᠢᠯᠡᠭᠰᠡᠨ | ᠦᠨᠡᠯᠡᠵᠦ ᠬᠢᠨᠠᠨ ᠰᠢᠯᠭᠠᠬᠤ ᠳᠦᠷᠢᠮ ᠢ ᠲᠣᠭᠲᠠᠭᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠦᠨᠡᠯᠡᠯᠲᠡ ᠬᠢᠵᠦ ᠬᠢᠨᠠᠨ ᠰᠢᠯᠭᠠᠭᠰᠠᠨ ᠦᠷ᠎ᠡ | ᠳ᠋ᠦᠩ ᠤᠨ ᠬᠡᠷᠡᠭᠯᠡᠭᠡ ᠶᠢ ᠴᠢᠩᠭᠠᠳᠬᠠᠨ᠎ᠠ᠃ | | | ︵ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 11 ᠤ ᠴᠠᠭᠢᠯᠭᠠᠨ ᠮᠡᠳᠡᠭᠡ︶ | | |