ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 5 ᠳ᠋ᠤᠭᠠᠷ ᠲᠣᠭᠠᠲᠤ | | ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ︵ᠳᠣᠷᠣᠭᠰᠢ ᠤᠯᠤᠰ ᠤᠨ ᠳᠡᠰ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠭᠡᠵᠦ ᠲᠣᠪᠴᠢᠯᠠᠨ᠎ᠠ︶ ᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠬᠤᠷᠳᠤ ᠨᠡᠮᠡᠨ ᠠᠬᠢᠭᠤᠯᠵᠤ᠂ ᠨᠡᠩ ᠥᠨᠳᠥᠷ ᠳᠡᠰ | ᠳᠠᠪᠬᠤᠷᠭ᠎ᠠ ᠶᠢᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠭᠠᠵᠠᠷ ᠣᠷᠣᠨ ᠤ | ᠠᠵᠤ ᠠᠬᠤᠢ ᠶᠢ ᠨᠥᠯᠥᠭᠡᠯᠡᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠬᠥᠯᠥᠨ | ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠵᠡᠷᠭᠡ ᠤᠯᠤᠰ ᠤᠨ | ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠬᠥᠲᠥᠯᠥᠨ | ᠳᠠᠭᠠᠭᠤᠯᠬᠤ ᠣᠷᠣᠨ᠂ ᠥᠭᠡᠷᠡᠴᠢᠯᠡᠯᠲᠡ ᠨᠡᠭᠡᠭᠡᠯᠲᠡ ᠶᠢ ᠤᠷᠢᠳ ᠢᠶᠠᠷ ᠬᠡᠷᠡᠭᠵᠢᠭᠦᠯᠬᠦ ᠣᠷᠣᠨ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ | ᠪᠣᠯᠭᠠᠨ ᠴᠣᠭᠴᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠬᠡᠪᠴᠢᠶ᠎ᠡ ᠪᠠ ᠶᠠᠰᠤ ᠴᠢᠨᠠᠷ ᠤᠨ ᠦᠷ᠎ᠡ ᠠᠰᠢᠭ ᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠭᠠᠳᠠᠭᠠᠳᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠪᠠᠳᠠᠷᠠᠭᠠᠨ ᠬᠥᠭᠵᠢᠭᠡᠬᠦ ᠪᠠ ᠠᠵᠤ ᠦᠢᠯᠡᠰ ᠤᠨ ᠪᠣᠳᠠᠲᠤ | ᠬᠦᠴᠦᠨ ᠢ ᠪᠤᠵᠠᠭᠠᠶᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ ᠪᠠᠷ ᠭᠠᠷᠳᠠᠴᠠ ᠪᠣᠯᠭᠠᠨ᠂ ᠡᠬᠢ | ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠬᠤ ᠪᠠᠷ ᠲᠤᠯᠭᠠᠭᠤᠷᠢᠯᠠᠯ ᠪᠣᠯᠭᠠᠵᠤ᠂ ᠨᠡᠩ ᠢᠯᠡᠭᠦᠦ ᠲᠣᠪᠴᠢ ᠠᠪᠰᠠᠷᠬᠠᠨ ᠥᠨᠳᠥᠷ ᠪᠦᠲᠦᠮᠵᠢᠲᠡᠢ | ᠬᠠᠮᠢᠶᠠᠷᠤᠯᠲᠠ ᠶᠢᠨ ᠪᠠᠶᠢᠭᠤᠯᠤᠯ᠂ ᠨᠡᠩ ᠢᠯᠡᠭᠦᠦ ᠠᠮᠢᠳᠤᠯᠢᠭ ᠪᠣᠳᠠᠲᠤ ᠬᠡᠷᠡᠭᠯᠡᠭᠡᠨ ᠤ ᠨᠡᠭᠡᠭᠡᠨ ᠬᠥᠭᠵᠢᠭᠦᠯᠵᠦ ᠡᠵᠡᠩᠨᠡᠨ ᠠᠵᠢᠯᠯᠠᠭᠤᠯᠬᠤ ᠲᠣᠭᠲᠠᠴᠠ᠂ ᠠᠵᠢᠯ | ᠬᠢᠵᠦ ᠦᠢᠯᠡᠰ ᠴᠣᠭᠴᠠᠯᠠᠬᠤ ᠶᠢ ᠨᠡᠩ ᠢᠯᠡᠭᠦᠦ ᠤᠷᠮᠠᠰᠢᠭᠤᠯᠵᠤ ᠳᠡᠶᠢᠯᠬᠦ ᠬᠥᠮᠥᠨ ᠰᠣᠩᠭᠤᠵᠤ ᠬᠥᠮᠥᠨ ᠬᠡᠷᠡᠭᠯᠡᠬᠦ ᠳᠦᠷᠢᠮ᠂ ᠨᠡᠩ ᠢᠯᠡᠭᠦᠦ ᠰᠢᠰᠲ᠋ᠧᠮᠵᠢᠭᠦᠯᠦᠨ | ᠬᠤᠷᠠᠭᠤᠯᠤᠭᠰᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠣᠭᠲᠠᠯᠴᠠᠭ᠎ᠠ ᠪᠠ ᠬᠤᠳᠠᠯᠳᠤᠭᠠᠴᠢᠨ ᠢ ᠨᠡᠩ ᠢᠯᠡᠭᠦᠦ ᠳᠣᠲᠣᠨᠣᠴᠢᠯᠠᠬᠤ ᠬᠤᠳᠠᠯᠳᠤᠭᠠᠴᠢᠨ ᠢ | ᠨᠡᠩ ᠢᠯᠡᠭᠦᠦ ᠰᠠᠨᠠᠭ᠎ᠠ ᠠᠮᠤᠷ ᠪᠠᠶᠢᠯᠭᠠᠬᠤ ᠬᠤᠳᠠᠯᠳᠤᠭᠠᠴᠢᠨ ᠢ ᠨᠡᠩ ᠢᠯᠡᠭᠦᠦ ᠪᠠᠶᠠᠵᠢᠭᠤᠯᠬᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠲᠦᠷᠭᠡᠳᠭᠡᠨ | ᠪᠠᠶᠢᠭᠤᠯᠵᠤ᠂ ᠨᠡᠭᠡᠭᠡᠯᠲᠡ ᠳᠤ ᠰᠢᠨ᠎ᠡ ᠶᠢ ᠡᠭᠦᠳᠬᠦ᠂ ᠳᠦᠷᠢᠮ ᠳᠤ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠶᠢ | ᠬᠦᠴᠦᠯᠡᠨ ᠠᠬᠢᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠳᠠᠭᠠᠳᠤ ᠲᠠᠢ ᠬᠠᠮᠲᠤᠷᠠᠨ ᠠᠵᠢᠯᠯᠠᠬᠤ ᠬᠢᠷᠢ ᠲᠦᠪᠰᠢᠨ ᠪᠠ | ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠬᠦ ᠪᠠᠷ ᠴᠢᠷᠮᠠᠶᠢᠨ᠂ ᠭᠠᠳᠠᠭᠠᠳᠤ ᠨᠡᠭᠡᠭᠡᠯᠲᠡ ᠶᠢᠨ ᠰᠢᠨ᠎ᠡ | ᠥᠨᠳᠦᠷᠯᠢᠭ ᠢ ᠴᠣᠭᠴᠠᠯᠠᠨ᠎ᠠ᠃ | ᠬᠤᠶᠠᠷ᠂ ᠬᠥᠭᠵᠢᠯᠲᠡ ᠶᠢᠨ ᠬᠠᠷᠠᠯᠲᠠ | 2027 ᠣᠨ ᠪᠣᠯᠬᠤ ᠳᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ | ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠡᠭᠡᠭᠡᠯᠲᠡ ᠬᠢᠵᠦ ᠬᠥᠭᠵᠢᠭᠦᠯᠬᠦ ᠬᠢᠷᠢ ᠲᠦᠪᠰᠢᠨ ᠪᠠ ᠣᠷᠣᠨ ᠪᠦᠰᠡ ᠶᠢᠨ ᠠᠵᠤ ᠠᠬᠤᠢ ᠳᠤ ᠨᠡᠮᠡᠷᠢ ᠦᠵᠡᠭᠦᠯᠬᠦ ᠬᠡᠮᠵᠢᠶ᠎ᠡ ᠶᠢ | ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠳᠠᠶᠢᠴᠢᠯᠠᠬᠤ ᠬᠦᠴᠦᠨ ᠪᠠ ᠲᠤᠯᠭᠠᠭᠤᠷᠢᠯᠠᠬᠤ ᠬᠦᠴᠦᠨ ᠢ ᠤᠯᠠᠮ ᠨᠢᠭᠡ | ᠠᠯᠬᠤᠮ ᠴᠢᠩᠭᠠᠷᠠᠭᠤᠯᠤᠨ᠎ᠠ᠃ | — ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠬᠤᠯᠠ | ᠶᠡᠭᠡ ᠦᠷ᠎ᠡ ᠪᠦᠲᠦᠮᠵᠢ ᠲᠠᠢ ᠪᠣᠯᠭᠠᠵᠤ᠂ ᠬᠦᠷᠢᠶᠡᠯᠡᠩ ᠣᠷᠣᠨ ᠤ ᠵᠠᠰᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠪᠠᠶᠢᠭᠤᠯᠤᠯ ᠲᠣᠭᠲᠠᠴᠠ ᠶᠢ ᠨᠡᠩ | ᠪᠣᠯᠪᠠᠰᠤᠷᠠᠩᠭᠤᠢ ᠪᠣᠯᠭᠠᠵᠤ ᠲᠡᠭᠦᠯᠳᠡᠷᠵᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠤᠯᠤᠰ ᠤᠨ ᠳᠣᠲᠣᠭᠠᠳᠤᠬᠢ ᠲᠡᠷᠢᠭᠦᠨ ᠤ ᠬᠢᠷᠢ | ᠲᠦᠪᠰᠢᠨ ᠳᠤ ᠬᠦᠷᠦᠭᠦᠯᠦᠨ᠎ᠡ︔ | — ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ᠂ ᠰᠢᠨ᠎ᠡ ᠶᠢ ᠡᠭᠦᠳᠦᠨ ᠬᠥᠭᠵᠢᠭᠦᠯᠬᠦ ᠴᠢᠳᠠᠪᠤᠷᠢ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ | ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠳᠡᠭ ︵GDP︶ ᠤᠨ ᠵᠢᠯ ᠪᠦᠷᠢ ᠶᠢᠨ ᠨᠡᠮᠡᠭᠳᠡᠯ ᠤᠨ ᠬᠤᠷᠳᠤᠴᠠ ᠶᠢ 8% ᠠᠴᠠ ᠳᠡᠭᠡᠭᠰᠢ ᠪᠠᠶᠢᠯᠭᠠᠵᠤ᠂ ᠠᠵᠤ | ᠦᠢᠯᠡᠳᠪᠦᠷᠢ ᠶᠢᠨ ᠦᠢᠯᠡᠳᠭᠦᠨ ᠤ ᠶᠡᠷᠦᠩᠬᠡᠢ ᠥᠷᠳᠡᠭ ᠤᠨ ᠨᠡᠮᠡᠭᠳᠡᠯ ᠤᠨ ᠬᠡᠮᠵᠢᠶ᠎ᠡ ᠶᠢ 15% ᠠᠴᠠ ᠳᠡᠭᠡᠭᠰᠢ ᠳᠤ ᠬᠦᠷᠦᠭᠦᠯᠵᠦ᠂ ᠪᠠᠶᠢᠭ᠎ᠠ ᠭᠠᠵᠠᠷ | ᠣᠷᠣᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠬᠥᠳᠡᠯᠭᠡᠭᠦᠷ ᠪᠣᠯᠭᠠᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠤ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠰᠢᠯᠭᠠᠨ ᠬᠢᠨᠠᠯᠲᠠ ᠦᠨᠡᠯᠡᠯᠲᠡ ᠳᠠᠬᠢ ᠨᠡᠷᠡᠰ ᠤᠨ ᠵᠢᠭᠰᠠᠭᠠᠯᠲᠠ ᠶᠢ ᠨᠡᠯᠢᠶᠡᠳ ᠤᠷᠤᠭᠰᠢ | ᠳᠡᠪᠰᠢᠭᠦᠯᠬᠦ ᠶᠢ ᠪᠡᠶᠡᠯᠡᠭᠦᠯᠦᠨ᠂ ᠪᠥᠬᠦ ᠤᠯᠤᠰ ᠤᠨ ᠡᠮᠦᠨ᠎ᠡ 150 ᠨᠡᠷᠡᠰ᠂ ᠪᠠᠷᠠᠭᠤᠨ ᠬᠡᠰᠡᠭ ᠭᠠᠵᠠᠷ ᠣᠷᠣᠨ ᠤ ᠡᠮᠦᠨ᠎ᠡ 25 ᠨᠡᠷᠡᠰ ᠲᠤ ᠣᠷᠣᠭᠤᠯᠬᠤ ᠪᠠᠷ | ᠬᠦᠴᠦᠯᠡᠨ ᠴᠢᠷᠮᠠᠶᠢᠨ᠎ᠠ︔ | — ᠣᠳᠣ ᠦᠶ᠎ᠡ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠦ᠂ ᠡᠯ᠎ᠡ ᠭᠤᠣᠯᠯᠠᠬᠤ | ᠠᠵᠤ ᠦᠢᠯᠡᠰ ᠤᠨ ᠪᠦᠬᠦᠯᠢ ᠴᠣᠭᠴᠠ ᠪᠠᠷ ᠰᠢᠨ᠎ᠡ ᠶᠢ ᠡᠭᠦᠳᠦᠨ ᠳᠡᠰ ᠳᠡᠪᠰᠢᠭᠦᠯᠬᠦ ᠶᠢ ᠪᠡᠶᠡᠯᠡᠭᠦᠯᠦᠨ᠂ ᠬᠡᠰᠡᠭ ᠠᠵᠤ ᠦᠢᠯᠡᠰ ᠤᠨ ᠬᠥᠭᠵᠢᠯᠲᠡ ᠶᠢ ᠪᠥᠬᠦ | ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠵᠤ᠂ ᠠᠵᠤ ᠦᠢᠯᠡᠰ ᠤᠨ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ | ᠬᠥᠭᠵᠢᠯᠲᠡ ᠳᠤ ᠰᠢᠨ᠎ᠡ ᠰᠢᠪᠲᠤᠯᠤᠯᠲᠠ ᠭᠠᠷᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠬᠢᠷᠢ ᠲᠦᠪᠰᠢᠨ ᠤ | ᠰᠢᠨ᠎ᠡ ᠳᠠᠪᠠᠯᠲᠠ ᠶᠢ ᠪᠡᠶᠡᠯᠡᠭᠦᠯᠦᠨ᠎ᠡ︔ | — ᠳᠡᠭᠡᠳᠦ ᠳᠡᠰ ᠳᠠᠪᠬᠤᠷᠭ᠎ᠠ ᠶᠢᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠠᠩᠬ᠎ᠠ ᠠᠯᠬᠤᠮ ᠪᠦᠲᠦᠭᠡᠨ ᠪᠠᠶᠢᠭᠤᠯᠵᠦ᠂ ᠭᠠᠳᠠᠭᠠᠳᠤ ᠠᠷᠠᠯᠵᠢᠶ᠎ᠡ | ᠭᠠᠳᠠᠭᠠᠳᠤ ᠪᠡᠯᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠨ ᠶᠡᠬᠡᠰᠭᠡᠵᠦ᠂ ᠭᠠᠳᠠᠭᠰᠢᠯ ᠠᠵᠤ ᠠᠬᠤᠢ ᠶᠢᠨ ᠶᠠᠰᠤ ᠴᠢᠨᠠᠷ ᠤᠨ ᠬᠢᠷᠢ ᠲᠦᠪᠰᠢᠨ ᠢ | ᠨᠡᠯᠢᠶᠡᠳ ᠶᠡᠭᠡ ᠪᠠᠷ ᠳᠡᠭᠡᠭᠰᠢᠯᠡᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠣᠳᠠᠲᠠᠢ ᠬᠡᠷᠡᠭᠯᠡᠬᠦ ᠭᠠᠳᠠᠭᠠᠳᠤ ᠪᠡᠯᠡ ᠶᠢ ᠵᠢᠯ | ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠦᠨ᠂ ᠪᠠᠶᠢᠭ᠎ᠠ ᠠᠶᠢᠮᠠᠭ ᠬᠤᠲᠠ ᠶᠢᠨ ᠢᠶᠠᠨ ᠪᠣᠳᠠᠲᠠᠢ ᠬᠡᠷᠡᠭᠯᠡᠬᠦ ᠭᠠᠳᠠᠭᠠᠳᠤ ᠪᠡᠯᠡ ᠳᠤ ᠡᠵᠡᠯᠡᠬᠦ ᠬᠤᠪᠢ ᠶᠢᠨ | ᠵᠢᠩ ᠢ ᠨᠢ 30% ᠠᠴᠠ ᠳᠡᠭᠡᠭᠰᠢ ᠳᠤ ᠬᠦᠷᠦᠭᠦᠯᠦᠨ᠎ᠡ᠃ | ᠭᠤᠷᠪᠠ᠂ ᠭᠤᠣᠯᠳᠠᠯᠭᠠᠲᠤ ᠡᠭᠦᠷᠭᠡ | ︵ᠨᠢᠭᠡ︶ ᠥᠭᠡᠷᠡᠴᠢᠯᠡᠯᠲᠡ ᠳᠤ ᠤᠯᠠᠮ ᠶᠡᠭᠡ ᠡᠵᠡ ᠮᠡᠳᠡᠬᠦ ᠡᠷᠬᠡ ᠣᠯᠭᠤᠨ᠎ᠠ᠃ | 1. ᠡᠷᠬᠡ ᠶᠢ ᠨᠢ ᠥᠷᠭᠡᠳᠭᠡᠨ ᠬᠦᠴᠦᠨ ᠴᠢᠳᠠᠮᠵᠢ ᠶᠢ ᠡᠷᠴᠢᠮᠯᠡᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠡᠷᠬᠡ ᠪᠠ ᠬᠠᠷᠢᠭᠤᠴᠠᠯᠭ᠎ᠠ ᠶᠢ ᠠᠳᠠᠯᠢ | ᠲᠡᠭᠰᠢ ᠪᠠᠶᠢᠯᠭᠠᠬᠤ᠂ ᠡᠭᠦᠷᠭᠡ ᠴᠢᠳᠠᠪᠤᠷᠢ ᠶᠢ ᠲᠣᠬᠢᠷᠠᠯᠴᠠᠭᠤᠯᠬᠤ᠂ ᠲᠠᠯᠪᠢᠪᠠᠰᠤ ᠵᠣᠬᠢᠬᠤ ᠶᠢ ᠨᠢ ᠪᠥᠬᠦᠨ ᠢ ᠲᠠᠯᠪᠢᠬᠤ︾ ᠵᠠᠷᠴᠢᠮ ᠶᠣᠰᠣᠭᠠᠷ᠂ ᠤᠯᠤᠰ ᠤᠨ | ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠡᠷᠬᠡ ᠶᠢ ᠨᠢ ᠥᠷᠭᠡᠳᠭᠡᠨ ᠬᠦᠴᠦᠨ ᠴᠢᠳᠠᠮᠵᠢ ᠶᠢ ᠨᠢ ᠡᠷᠴᠢᠮᠯᠡᠬᠦ ᠶᠢ ᠲᠦᠷᠭᠡᠳᠬᠡᠨ ᠠᠬᠢᠭᠤᠯᠵᠤ᠂ | ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠳᠡᠰ ᠤᠨ ᠠᠵᠤ ᠠᠬᠤᠢ ᠶᠢᠨ | ᠬᠠᠮᠢᠶᠠᠷᠤᠯᠲᠠ ᠶᠢᠨ ᠬᠢᠨᠠᠨ ᠵᠥᠪᠰᠢᠶᠡᠷᠡᠬᠦ ᠡᠷᠬᠡ ᠣᠯᠭᠤᠵᠤ᠂ ᠦᠨᠡᠨ ᠬᠦ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠵᠠᠰᠠᠭ ᠵᠠᠬᠢᠷᠭᠠᠨ ᠤ | ᠪᠠᠶᠢᠭᠤᠯᠭ᠎ᠠ ᠠᠴᠠ ᠨᠢᠭᠡᠳᠦᠯᠲᠡᠢ ᠵᠣᠬᠢᠴᠠᠭᠤᠯᠤᠨ ᠬᠠᠮᠢᠶᠠᠷᠬᠤ ᠴᠢᠬᠤᠯᠠᠲᠠᠢ ᠵᠦᠢᠯᠡᠰ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠤᠯᠤᠰ ᠤᠨ ᠳᠡᠰ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠳᠤ ᠬᠠᠤᠯᠢ ᠶᠣᠰᠣᠭᠠᠷ ᠡᠷᠬᠡ ᠣᠯᠭᠤᠬᠤ ᠪᠤᠶᠤ ᠨᠠᠶᠢᠳᠠᠨ ᠬᠡᠷᠡᠭᠵᠢᠭᠦᠯᠦᠭᠦᠯᠵᠦ᠂ | ᠬᠡᠷᠡᠭᠵᠢᠭᠦᠯᠬᠦ ᠬᠡᠪᠴᠢᠶ᠎ᠡ ᠨᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠥᠬᠦ ᠬᠠᠷᠢᠶ᠎ᠠ ᠣᠷᠣᠨ ᠪᠦᠰᠡ ᠶᠢ ᠬᠠᠮᠤᠷᠤᠨ᠎ᠠ᠃ ᠨᠦᠭᠦᠴᠡᠯ | ᠪᠦᠷᠢᠳᠦᠭᠦᠯᠦᠭᠰᠡᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠲᠥᠪᠯᠡᠷᠡᠩᠭᠦᠢ ᠬᠡᠷᠡᠭ ᠡᠷᠬᠢᠯᠡᠬᠦ ᠭᠠᠵᠠᠷ ᠲᠣᠬᠢᠷᠠᠭᠤᠯᠬᠤ ᠶᠢ ᠳᠡᠮᠵᠢᠵᠦ᠂ | ᠲᠦᠷ ᠴᠠᠭ ᠲᠤ ᠳᠣᠷᠣᠭᠰᠢ ᠪᠠᠭᠤᠯᠭᠠᠵᠤ ᠳᠡᠶᠢᠯᠬᠦ ᠦᠭᠡᠢ ᠡᠷᠬᠡ ᠶᠢᠨ ᠵᠦᠢᠯᠡᠰ ᠲᠤ᠂ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭ ᠡᠷᠬᠢᠯᠡᠬᠦ | ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠯᠦᠭᠡ ᠰᠢᠭᠤᠳ ᠵᠠᠯᠭᠠᠯᠳᠤᠭᠤᠯᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠠᠭᠠᠳ ᠦᠭᠡᠢ ᠨᠡᠪᠲᠡᠷᠡᠬᠦ | ᠳᠥᠭᠦᠮ ᠨᠦᠭᠦᠴᠡᠯ ᠢ ᠬᠦᠷᠲᠡᠭᠡᠨ᠎ᠡ᠃ ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠨᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠡᠯ᠎ᠡ ᠲᠥᠷᠥᠯ ᠤᠨ ᠣᠷᠣᠨ ᠲᠣᠭᠠᠨ ᠤ ᠡᠬᠢ ᠪᠠᠶᠠᠯᠢᠭ ᠢ ᠲᠣᠭᠲᠠᠭᠠᠯ ᠶᠣᠰᠣᠭᠠᠷ ᠨᠢᠭᠡᠳᠦᠯᠲᠡᠢ ᠲᠥᠯᠥᠪᠯᠡᠨ | ᠬᠡᠷᠡᠭᠯᠡᠵᠦ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ | ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠡᠯᠡ ᠣᠷᠤᠭᠤᠯᠤᠯᠲᠠ ᠶᠢᠨ ᠲᠥᠷᠥᠯ | ᠵᠦᠢᠯ ᠤᠨ ᠵᠥᠪᠰᠢᠶᠡᠷᠡᠨ ᠣᠷᠣᠭᠤᠯᠬᠤ ᠭᠠᠷᠳᠠᠮ ᠢ ᠬᠠᠤᠯᠢ ᠶᠣᠰᠣᠭᠠᠷ ᠴᠣᠮᠬᠠᠳᠬᠠᠨ᠂ ᠬᠢᠨᠠᠨ ᠵᠥᠪᠰᠢᠶᠡᠷᠡᠬᠦ ᠳᠠᠰ ᠳᠠᠷᠠᠭᠠᠯᠠᠯ ᠢ ᠳᠥᠭᠦᠮᠴᠢᠯᠡᠵᠦ᠂ ᠤᠷᠢᠳ ᠢᠶᠠᠷ | ᠪᠠᠶᠢᠭᠤᠯᠵᠤ ᠳᠠᠷᠠᠭ᠎ᠠ ᠨᠢ ᠰᠢᠯᠭᠠᠬᠤ ᠬᠠᠮᠢᠶᠠᠷᠤᠯᠲᠠ ᠶᠢᠨ ᠰᠢᠨ᠎ᠡ ᠵᠠᠭᠪᠤᠷ ᠢ ᠬᠡᠷᠡᠭᠵᠢᠭᠦᠯᠦᠨ᠎ᠡ᠃ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠪᠥᠬᠦ ᠴᠤᠪᠤᠷᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠲᠠᠭᠤ ᠶᠢ ᠬᠦᠯᠢᠶᠡᠨ ᠠᠪᠴᠤ ᠬᠢᠨᠠᠨ ᠵᠥᠪᠰᠢᠶᠡᠷᠡᠬᠦ ᠳᠠᠷᠠᠭᠠᠯᠠᠯ ᠳᠤ ᠣᠷᠣᠭᠤᠯᠬᠤ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ︔ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠦᠨ᠂ ᠬᠢᠨᠠᠨ ᠵᠥᠪᠰᠢᠶᠡᠷᠡᠬᠦ ᠴᠤᠪᠤᠷᠠᠯ ᠢ ᠨᠢᠭᠡᠳᠭᠡᠨ᠂ ᠮᠡᠳᠡᠭᠡ ᠵᠠᠩᠬᠢ ᠶᠢᠨ ᠲᠤᠭ᠎ᠠ ᠪᠠᠷᠢᠮᠲᠠ ᠶᠢᠨ ᠲᠠᠪᠴᠠᠩ ᠢ | ᠨᠢᠭᠡᠳᠭᠡᠨ᠂ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢ ᠨᠢᠭᠡᠳᠭᠡᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠨᠢᠭᠡᠳᠭᠡᠨ᠎ᠡ᠃ | ᠬᠦᠷᠢᠶᠡᠯᠡᠩ ᠣᠷᠣᠨ ᠤ ᠲᠥᠷᠥᠯ ᠵᠦᠢᠯ ᠣᠷᠣᠭᠤᠯᠤᠨ ᠠᠪᠴᠢᠷᠠᠬᠤ ᠲᠥᠯᠥᠪᠵᠢᠭᠦᠯᠭᠡ ᠪᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ | ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠤᠨ ᠭᠤᠣᠯᠳᠠᠯᠭ᠎ᠠ ᠶᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠯᠡᠨ ᠲᠥᠯᠥᠪᠵᠢᠭᠦᠯᠬᠦ᠂ ᠲᠥᠷᠥᠯ | ᠵᠦᠢᠯ ᠢ ᠪᠣᠳᠠᠲᠠᠶᠢᠵᠢᠭᠤᠯᠬᠤ ᠭᠤᠭᠴᠤᠭ᠎ᠠ ᠳᠤ ᠲᠥᠪᠯᠡᠷᠡᠭᠦᠯᠵᠦ᠂ ᠠᠵᠤ ᠠᠬᠤᠶᠢᠯᠠᠯ ᠠᠴᠠ ᠪᠡᠯᠡ ᠣᠷᠣᠭᠤᠯᠤᠨ ᠲᠦᠭᠰᠢᠭᠦᠷᠢ ᠪᠠᠨ ᠥᠪᠡᠰᠦᠪᠡᠨ ᠳᠠᠭᠠᠭᠠᠨ | ᠡᠭᠦᠷᠬᠡᠯᠡᠬᠦ ᠲᠥᠷᠥᠯ ᠵᠦᠢᠯ ᠳᠤ᠂ ᠬᠢᠨᠠᠨ ᠵᠥᠪᠰᠢᠶᠡᠷᠡᠬᠦ ᠶᠠᠪᠤᠴᠠ ᠳᠤ ᠮᠡᠳᠡᠭᠳᠡᠨ ᠠᠮᠠᠯᠳᠠᠬᠤ ᠳᠦᠷᠢᠮ ᠢ ᠬᠡᠷᠡᠭᠵᠢᠭᠦᠯᠦᠨ᠂ ᠠᠮᠠᠯᠳᠠᠭᠰᠠᠨ ᠵᠦᠢᠯᠡᠰ ᠤᠨ ᠠᠵᠢᠯ | ᠶᠠᠪᠤᠳᠠᠯ ᠤᠨ ᠳᠤᠮᠳᠠᠬᠢ᠂ ᠠᠵᠢᠯ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ | ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 3. ᠵᠣᠬᠢᠬᠤ ᠬᠡᠮᠵᠢᠶ᠎ᠡ ᠪᠠᠷ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠠᠴᠠ ᠪᠡᠯᠡ ᠣᠷᠤᠭᠤᠯᠤᠯᠲᠠ ᠶᠢ ᠱᠠᠩᠨᠠᠨ ᠬᠥᠬᠢᠭᠦᠯᠬᠦ᠂ ᠵᠢᠭᠡᠯᠡᠯᠭᠡ ᠶᠢᠨ ᠳᠡᠮ ᠬᠦᠦ ᠥᠭᠬᠦ᠂ ᠲᠥᠬᠦᠭᠡᠷᠦᠮᠵᠢ ᠶᠢᠨ ᠨᠡᠮᠡᠭᠦᠷᠢ ᠣᠯᠭᠤᠬᠤ᠂ ᠪᠣᠯᠪᠠᠰᠤᠷᠠᠯ ᠤᠨ | ᠨᠡᠮᠡᠭᠦᠷᠢ ᠬᠦᠷᠲᠡᠭᠡᠬᠦ ᠵᠡᠷᠭᠡ ᠠᠵᠤ ᠦᠢᠯᠡᠰ ᠢ ᠬᠥᠲᠥᠯᠥᠨ ᠵᠢᠯᠣᠭᠤᠳᠴᠤ ᠲᠡᠳᠭᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠲᠣᠭᠲᠠᠭᠠᠨ | ᠬᠡᠷᠡᠭᠵᠢᠭᠦᠯᠬᠦ ᠶᠢ ᠵᠥᠪᠰᠢᠶᠡᠷᠡᠨ᠎ᠡ︔ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢ ᠪᠣᠳᠠᠲᠤ ᠬᠦᠴᠦᠨ ᠢᠶᠠᠷ ᠴᠢᠩᠭ᠎ᠠ ᠪᠡᠯᠡ | ᠣᠷᠤᠭᠤᠯᠤᠯᠲᠠ ᠶᠢᠨ ᠪᠠᠩᠬᠢ᠂ ᠦᠨᠡᠲᠦ ᠲᠡᠮᠳᠡᠭᠲᠦ ᠶᠢᠨ ᠺᠣᠮᠫᠠᠨᠢ ᠵᠡᠷᠭᠡ ᠯᠦᠭᠡ ᠬᠠᠮᠲᠤ ᠪᠠᠷ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ | ᠭᠤᠶᠤᠴᠢᠯᠠᠨ ᠪᠠᠶᠢᠭᠤᠯᠬᠤ ᠶᠢ ᠵᠥᠪᠰᠢᠶᠡᠷᠡᠵᠦ᠂ ᠤᠷᠢᠳ ᠢᠶᠠᠷ ᠲᠤᠷᠰᠢᠯᠲᠠ ᠶᠢᠨ ᠴᠡᠭ ᠪᠠᠶᠢᠭᠤᠯᠤᠨ᠂ ︽ᠬᠠᠮᠲᠤᠷᠠᠵᠤ ᠪᠡᠯᠡ ᠣᠷᠤᠭᠤᠯᠬᠤ᠂ ᠲᠤᠰᠬᠠᠢ | ᠮᠡᠷᠭᠡᠵᠢᠯᠲᠡᠨ ᠢᠶᠠᠷ ᠬᠠᠮᠢᠶᠠᠷᠤᠭᠤᠯᠬᠤ᠂ ᠲᠦᠭᠰᠢᠭᠦᠷᠢ ᠪᠠᠨ ᠵᠠᠳᠠᠷᠠᠭᠤᠯᠬᠤ᠂ ᠵᠢᠷᠤᠮᠵᠢᠭᠤᠨ ᠠᠵᠢᠯᠯᠠᠭᠤᠯᠬᠤ︾ ᠵᠠᠷᠴᠢᠮ ᠶᠣᠰᠣᠭᠠᠷ᠂ ᠰᠠᠭᠤᠷᠢ ᠮᠥᠩᠭᠦᠨ ᠤ ᠡᠳ᠋ | ᠬᠥᠷᠥᠩᠭᠡ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠲᠡᠳᠭᠦᠨ ᠳᠡᠮᠵᠢᠬᠦ ᠳᠤ ᠪᠦᠲᠦᠮᠵᠢᠲᠡᠢ ᠮᠥᠩᠭᠦᠨ ᠭᠦᠢᠯᠭᠡᠭᠡᠨ ᠤ ᠳᠡᠮᠵᠢᠯᠭᠡ ᠪᠠ | ᠦᠢᠯᠡᠴᠢᠯᠡᠭᠡ ᠬᠠᠩᠭᠠᠨ᠎ᠠ︔ ᠰᠠᠯᠬᠢᠨ ᠭᠦᠴᠦᠨ ᠤ ᠴᠠᠬᠢᠯᠭᠠᠨ᠂ ᠭᠡᠷᠡᠯᠴᠢ ᠴᠡᠨᠡᠭ ᠤᠨ ᠪᠦᠲᠦᠭᠡᠨ ᠪᠠᠶᠢᠭᠤᠯᠤᠯᠲᠠ ᠶᠢᠨ ᠭᠦᠢᠴᠡᠳᠭᠡᠯ ᠲᠤᠭ᠎ᠠ ᠶᠢ ᠤᠷᠢᠳ ᠢᠶᠠᠷ | ᠲᠣᠬᠢᠷᠠᠭᠤᠯᠵᠤ᠂ ᠬᠥᠬᠡᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠢᠨ᠎ᠡ ᠡᠨᠧᠷᠭᠢ ᠶᠢᠨ ᠡᠨᠧᠷᠭᠢ ᠲᠣᠣᠷ ᠳᠠᠭᠠᠭᠠᠴᠠ ᠨᠦᠬᠡᠴᠡ ᠶᠢᠨ ᠨᠢᠭᠡ | ᠴᠣᠭᠴᠠᠵᠢᠭᠤᠯᠬᠤ ᠲᠥᠬᠦᠷ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠨᠢ ᠳᠡᠮᠵᠢᠨ᠎ᠡ︔ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠦᠢᠴᠡᠳᠬᠡᠯ ᠲᠤᠭ᠎ᠠ | ᠵᠡᠷᠭᠡ ᠭᠦᠢᠴᠡᠳᠬᠡᠯ ᠲᠣᠭᠠᠨ ᠤ ᠬᠤᠪᠢᠶᠠᠷᠢᠯᠠᠯ ᠤᠨ ᠲᠠᠯ᠎ᠠ ᠪᠠᠷ ᠭᠦᠢᠴᠡᠳᠬᠡᠯ ᠲᠤᠭ᠎ᠠ ᠶᠢ ᠠᠰ ᠲᠤ ᠨᠢ ᠵᠢᠭᠰᠠᠭᠠᠬᠤ ᠠᠷᠭ᠎ᠠ ᠶᠢ ᠠᠪᠴᠤ ᠬᠥᠳᠡᠯᠦᠩᠭᠦᠢ ᠬᠠᠮᠢᠶᠠᠷᠤᠨ᠎ᠠ | ︔ ᠭᠠᠵᠠᠷ ᠰᠢᠷᠣᠢ ᠬᠡᠷᠡᠭᠯᠡᠬᠦ᠂ ᠡᠨᠧᠷᠭᠢ ᠬᠡᠷᠡᠭᠯᠡᠬᠦ᠂ ᠤᠰᠤ ᠬᠡᠷᠡᠭᠯᠡᠬᠦ ᠵᠡᠷᠭᠡ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠣᠭᠠᠨ ᠤ ᠲᠠᠯ᠎ᠠ ᠪᠠᠷ ᠵᠣᠬᠢᠬᠤ ᠬᠡᠮᠵᠢᠶ᠎ᠡ ᠪᠠᠷ | ᠬᠡᠯᠪᠠᠶᠢᠯᠭᠡᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠡ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ | ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠪᠦᠲᠦᠭᠡᠨ ᠪᠠᠶᠢᠭᠤᠯᠤᠯᠲᠠ ᠡᠵᠡᠩᠨᠡᠬᠦ ᠠᠵᠢᠯᠯᠠᠭᠠᠨ ᠤ ᠵᠠᠭᠪᠤᠷ ᠲᠤ ᠰᠢᠨ᠎ᠡ ᠶᠢ ᠡᠭᠦᠳᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠢ ᠨᠡᠭᠡᠭᠡᠨ ᠬᠥᠭᠵᠢᠭᠦᠯᠦᠨ ᠪᠦᠲᠦᠭᠡᠨ ᠪᠠᠶᠢᠭᠤᠯᠤᠭᠰᠠᠨ ᠭᠤᠣᠯ ᠴᠣᠭᠴᠠ ᠶᠢᠨ ᠡᠳ᠋ ᠬᠥᠷᠥᠩᠭᠡ ᠪᠠᠨ ᠰᠢᠯᠢᠳᠡᠭᠵᠢᠭᠦᠯᠦᠨ ᠳᠠᠬᠢᠨ ᠵᠣᠬᠢᠶᠠᠨ | ᠪᠠᠶᠢᠭᠤᠯᠬᠤ ᠶᠢ ᠨᠢ ᠳᠡᠮᠵᠢᠨ᠎ᠡ︔ ᠨᠦᠭᠦᠴᠡᠯ ᠳᠤ ᠨᠡᠶᠢᠴᠡᠭᠰᠡᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢ ᠨᠡᠭᠡᠭᠡᠨ ᠬᠥᠭᠵᠢᠭᠦᠯᠦᠨ | ᠪᠦᠲᠦᠭᠡᠨ ᠪᠠᠶᠢᠭᠤᠯᠤᠭᠰᠠᠨ ᠭᠤᠣᠯ ᠴᠣᠭᠴᠠ ᠶᠢᠨ ᠠᠩᠬ᠎ᠠ ᠤᠳᠠᠭ᠎ᠠ ᠢᠯᠡ ᠪᠠᠷ ᠰᠲ᠋ᠣᠺ ᠲᠠᠷᠬᠠᠭᠠᠵᠤ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠬᠤ ᠶᠢ ᠨᠢ | ᠳᠡᠮᠵᠢᠨ᠎ᠡ︔ ᠠᠷᠠᠳ ᠠᠴᠠ ᠡᠵᠡᠩᠨᠡᠭᠰᠡᠨ ᠬᠥᠷᠥᠩᠭᠡ ᠪᠠ ᠨᠡᠶᠢᠭᠡᠮ ᠤᠨ ᠬᠥᠷᠥᠩᠭᠡ ᠶᠢᠨ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠢ ᠬᠠᠮᠲᠤ ᠪᠠᠷ ᠨᠡᠭᠡᠭᠡᠨ | ᠬᠥᠭᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠶᠢ ᠨᠢ ᠳᠡᠮᠵᠢᠵᠦ᠂ ᠵᠥᠪᠰᠢᠶᠡᠷᠡᠨ ᠣᠷᠣᠭᠤᠯᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠳᠥᠭᠦᠮ | ᠳᠥᠲᠡ ᠦᠢᠯᠡᠴᠢᠯᠡᠭᠡᠨ ᠬᠦᠷᠲᠡᠭᠡᠬᠦ ᠵᠡᠷᠭᠡ ᠲᠠᠯ᠎ᠠ ᠳᠤ ᠳᠡᠮᠵᠢᠯᠭᠡ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ | ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠣᠳᠣ ᠦᠶ᠎ᠡ ᠶᠢᠨ ᠠᠵᠤ ᠦᠢᠯᠡᠰ ᠢ ᠪᠥᠭᠡᠮᠨᠡᠷᠡᠭᠦᠯᠦᠨ ᠬᠥᠭᠵᠢᠭᠦᠯᠬᠦ ᠶᠢ ᠠᠬᠢᠭᠤᠯᠤᠨ᠎ᠠ᠃ | 5. ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠨᠠᠷ ᠰᠠᠶᠢᠲᠠᠢ | ᠬᠥᠭᠵᠢᠯᠲᠡ ᠶᠢᠨ ᠠᠷᠭ᠎ᠠ ᠵᠠᠮ ᠪᠠ ᠵᠦᠭ ᠴᠢᠭᠯᠡᠯ ᠢ ᠲᠣᠳᠣᠷᠬᠠᠢ ᠪᠣᠯᠭᠠᠨ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠤᠳᠤᠷᠢᠳᠤᠮᠵᠢ | ᠪᠣᠯᠬᠤ ᠠᠵᠤ ᠦᠢᠯᠡᠰ ᠤᠨ ᠪᠥᠬᠦ ᠦᠵᠡᠮᠵᠢ ᠶᠢᠨ ᠵᠢᠷᠤᠭ ᠢ ᠨᠠᠶᠢᠷᠠᠭᠤᠯᠤᠨ ᠵᠣᠬᠢᠶᠠᠵᠤ᠂ ᠣᠳᠣ ᠦᠶ᠎ᠡ ᠶᠢᠨ ᠠᠵᠤ ᠦᠢᠯᠡᠰ ᠤᠨ ᠠᠮᠢ ᠠᠬᠤᠢ ᠶᠢᠨ | ᠲᠣᠭᠲᠠᠯᠴᠠᠭ᠎ᠠ ᠶᠢ ᠴᠣᠭᠴᠠᠯᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠦᠢᠯᠡᠰ ᠤᠨ ᠪᠠᠶᠢᠷᠢᠰᠢᠭᠤᠯᠤᠯᠲᠠ ᠨᠢ ᠥᠪᠡᠷ | ᠥᠪᠡᠷ ᠤᠨ ᠢᠶᠠᠨ ᠭᠤᠣᠯᠳᠠᠯᠭ᠎ᠠ ᠲᠠᠢ ᠪᠠᠶᠢᠵᠤ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠣᠷᠴᠢᠨ ᠲᠣᠭᠤᠷᠢᠨ ᠤ ᠪᠠᠭᠲᠠᠭᠠᠮᠵᠢ ᠵᠡᠷᠭᠡ | ᠬᠦᠴᠦᠨ ᠵᠦᠢᠯ ᠯᠦᠭᠡ ᠤᠶᠠᠯᠳᠤᠭᠤᠯᠤᠨ ᠥᠪᠡᠷ ᠤᠨ ᠣᠨᠴᠠᠯᠢᠭ ᠪᠦᠬᠦᠢ ᠤᠳᠤᠷᠢᠳᠤᠮᠵᠢ ᠪᠣᠯᠬᠤ ᠠᠵᠤ ᠦᠢᠯᠡᠰ ᠢᠶᠠᠨ ᠲᠣᠭᠲᠠᠭᠠᠨ᠂ ᠢᠵᠢᠯᠢᠰᠢᠬᠦ ᠬᠠᠨᠳᠤᠰᠢ ᠠᠴᠠ | ᠵᠠᠶᠢᠯᠠᠰᠬᠢᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠢᠨ ᠤ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠤᠯᠤᠰ ᠤᠨ ᠳᠡᠰ ᠤᠨ | ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠤᠷᠢᠳ ᠢᠶᠠᠷ ᠲᠥᠯᠥᠪᠵᠢᠭᠦᠯᠦᠨ ᠪᠠᠶᠢᠷᠢᠰᠢᠭᠤᠯᠬᠤ ᠶᠢ ᠵᠣᠷᠢᠭᠵᠢᠭᠤᠯᠵᠤ᠂ ᠬᠥᠲᠥᠴᠢ ᠠᠵᠤ ᠠᠬᠤᠶᠢᠯᠠᠯ᠂ | ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠪᠤᠶᠢᠵᠢᠭᠤᠯᠤᠨ᠂ ᠤᠳᠤᠷᠢᠳᠤᠮᠵᠢ ᠪᠣᠯᠬᠤ ᠠᠵᠤ ᠦᠢᠯᠡᠰ ᠤᠨ ᠳᠡᠰ | ᠳᠡᠪᠰᠢᠬᠦ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 6. ᠳᠡᠭᠡᠳᠦ ᠰᠢᠯᠢᠳᠡᠭ ᠣᠬᠢ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠤᠨ᠎ᠠ᠃ ᠠᠮᠢᠳᠤ ᠪᠣᠳᠠᠰ ᠤᠨ ᠮᠡᠷᠭᠡᠵᠢᠯ᠂ ᠳᠡᠭᠡᠳᠦ ᠳᠡᠰ ᠤᠨ ᠲᠣᠨᠤᠭ | ᠲᠥᠬᠦᠭᠡᠷᠦᠮᠵᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳ᠋ᠢᠵᠢᠲ᠋ᠠᠯ ᠠᠵᠤ ᠦᠢᠯᠡᠰ᠂ ᠪᠣᠬᠢᠷᠲᠤᠯ ᠦᠭᠡᠢ ᠢᠳᠡᠭᠡᠨ ᠤ ᠵᠦᠢᠯ ᠢ ᠡᠳ᠋ᠰᠢᠭᠦᠯᠦᠨ ᠪᠣᠯᠪᠠᠰᠤᠷᠠᠭᠤᠯᠬᠤ᠂ | ᠠᠮᠢᠳᠤ ᠪᠣᠳᠠᠰ ᠤᠨ ᠡᠮ ᠡᠮᠨᠡᠯᠭᠡ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠳ᠋ᠢᠵᠢᠲ᠋ᠠᠯ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠠᠵᠤ | ᠦᠢᠯᠡᠰ ᠤᠨ ᠲᠣᠭᠠᠵᠢᠭᠤᠯᠤᠯᠲᠠ ᠪᠠ ᠲᠣᠭᠠᠵᠢᠭᠤᠯᠤᠯᠲᠠ ᠶᠢᠨ ᠠᠵᠤ ᠦᠢᠯᠡᠰᠵᠢᠯᠲᠡ ᠶᠢ ᠠᠬᠢᠭᠤᠯᠤᠨ᠎ᠠ︔ ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ | ᠂ ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ ᠵᠢᠵᠢᠭ ᠠᠲᠠᠯ᠎ᠠ ᠠᠪᠤᠷᠭᠤ ᠠᠵᠤ ᠠᠬᠤᠶᠢᠯᠠᠯ᠂ ᠵᠠᠩᠬᠢᠯᠠᠭ᠎ᠠ ᠶᠢᠨ ᠰᠡᠯᠪᠢᠭ ᠲᠣᠨᠤᠭ ᠪᠠ ᠵᠠᠪᠰᠠᠷ ᠤᠨ | ᠦᠢᠯᠡᠳᠭᠦᠨ ᠦᠢᠯᠡᠳᠬᠦ ᠠᠵᠤ ᠠᠬᠤᠶᠢᠯᠠᠯ ᠢ ᠲᠦᠷᠭᠡᠪᠴᠢᠯᠡᠨ ᠣᠷᠣᠭᠤᠯᠵᠤ ᠠᠪᠴᠢᠷᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ | ᠳᠡᠮᠵᠢᠵᠦ᠂ ᠠᠵᠤ ᠠᠬᠤᠶᠢᠯᠠᠯ ᠤᠨ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠥᠭᠵᠢᠯᠲᠡ ᠶᠢᠨ ᠬᠤᠯᠪᠣᠭ᠎ᠠ ᠪᠠ ᠠᠵᠤ ᠦᠢᠯᠡᠰ ᠤᠨ ᠮᠡᠷᠭᠡᠵᠢᠯ ᠤᠨ ᠰᠢᠨ᠎ᠡ | ᠡᠭᠦᠳᠦᠯᠲᠡ ᠶᠢᠨ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠪᠠᠶᠢᠭᠤᠯᠬᠤ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 7. ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠣᠷᠴᠢᠨ ᠨᠦᠭᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠦᠢᠯᠡᠴᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠴᠦ | ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠬᠦᠷᠲᠡᠬᠦ ᠶᠢ ᠨᠢ ᠳᠡᠮᠵᠢᠨ᠎ᠡ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠡᠪᠴᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠤᠯᠤᠰ ᠤᠨ ᠳᠡᠰ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠳᠤ ᠨᠢᠭᠡ ᠪᠦᠯᠦᠭ ᠤᠯᠤᠰ ᠤᠨ ᠳᠡᠰ ᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭᠠᠲᠤ ᠲᠤᠷᠰᠢᠯᠲᠠ ᠶᠢᠨ | ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡᠨ ᠤ ᠲᠥᠪ | ᠵᠡᠷᠭᠡ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠳᠡᠮᠵᠢᠵᠦ᠂ ᠠᠵᠤ ᠠᠬᠤᠶᠢᠯᠠᠯ ᠢ ᠰᠤᠳᠤᠯᠤᠨ ᠨᠡᠭᠡᠭᠡᠬᠦ ᠣᠷᠤᠭᠤᠯᠤᠯᠲᠠ ᠪᠠᠨ ᠨᠡᠮᠡᠭᠳᠡᠭᠦᠯᠬᠦ ᠪᠠᠷ ᠬᠥᠲᠥᠯᠥᠨ | ᠵᠢᠯᠣᠭᠤᠳᠴᠦ᠂ ᠰᠢᠨ᠎ᠡ ᠶᠢ ᠡᠭᠦᠳᠦᠨ ᠬᠥᠭᠵᠢᠬᠦ ᠴᠢᠳᠠᠪᠤᠷᠢ ᠪᠠᠨ ᠲᠦᠷᠭᠡᠳᠭᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ | ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠨᠦᠭᠦᠴᠡᠯ ᠳᠤ ᠨᠡᠶᠢᠴᠡᠭᠰᠡᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠣᠷᠣᠨ ᠵᠠᠢ | ᠵᠡᠷᠭᠡ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠠᠴᠢᠶᠠᠯᠠᠪᠤᠷᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ | ᠪᠤᠶᠢᠵᠢᠭᠤᠯᠬᠤ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 8. ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠥᠭᠵᠢᠭᠦᠯᠦᠨ᠎ᠡ᠃ ᠲᠤᠰᠬᠠᠢ ᠠᠰᠢᠭ ᠤᠨ ᠵᠠᠮᠴᠢᠯᠠᠭᠤᠷ᠂ ᠮᠡᠳᠡᠯᠭᠡ ᠶᠢᠨ ᠥᠮᠴᠢᠯᠡᠯ ᠤᠨ | ᠡᠷᠬᠡ ᠶᠢ ᠡᠵᠡᠩᠨᠡᠨ ᠠᠵᠢᠯᠯᠠᠭᠤᠯᠬᠤ ᠪᠠ ᠡᠷᠬᠡ ᠠᠰᠢᠭ ᠢᠶᠠᠨ ᠬᠠᠮᠠᠭᠠᠯᠠᠬᠤ ᠲᠤᠰᠠᠯᠠᠮᠵᠢ ᠶᠢᠨ ᠠᠵᠢᠯ ᠢ ᠶᠡᠭᠡ ᠪᠠᠷ ᠥᠷᠨᠢᠭᠦᠯᠦᠨ᠂ ᠠᠵᠤ ᠦᠢᠯᠡᠳᠪᠦᠷᠢ ᠶᠢᠨ ᠵᠢᠷᠤᠭ | ᠲᠥᠯᠥᠪᠯᠡᠭᠡ᠂ ᠪᠠᠷᠠᠭᠠᠨ ᠤ ᠭᠦᠢᠯᠭᠡᠭᠡ᠂ ᠦᠵᠡᠰᠭᠦᠯᠡᠩ ᠴᠤᠭᠯᠠᠭᠠᠨ᠂ ᠮᠥᠩᠭᠦᠨ ᠭᠦᠢᠯᠭᠡᠭᠡ᠂ ᠣᠶᠣᠨ ᠤ ᠬᠥᠮᠥᠷᠭᠡ᠂ ᠬᠠᠤᠯᠢ ᠴᠠᠭᠠᠵᠠ᠂ ᠮᠡᠳᠡᠯᠭᠡ ᠶᠢᠨ | ᠥᠮᠴᠢᠯᠡᠯ ᠤᠨ ᠡᠷᠬᠡ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠭᠡᠷᠡᠴᠢᠯᠡᠯ᠂ ᠬᠥᠮᠥᠨ ᠤ ᠬᠦᠴᠦᠨ ᠤ ᠡᠬᠢ ᠪᠠᠶᠠᠯᠢᠭ ᠵᠡᠷᠭᠡ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠬᠤ ᠪᠠ | ᠥᠷᠳᠡᠭ ᠤᠨ ᠬᠡᠯᠬᠢᠶᠡᠨ ᠤ ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠪᠠ ᠪᠣᠳᠠᠲᠤ ᠴᠣᠭᠴᠠ ᠶᠢᠨ ᠠᠵᠤ | ᠠᠬᠤᠢ ᠶᠢᠨ ᠬᠥᠭᠵᠢᠯᠲᠡ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | 9. ᠭᠠᠳᠠᠭᠠᠳᠤ ᠪᠡᠯᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠪᠠ ᠪᠠᠶᠢᠭ᠎ᠠ ᠭᠠᠵᠠᠷ ᠤᠨ ᠠᠶᠢᠮᠠᠭ ᠬᠤᠲᠠ ᠶᠢ ᠵᠣᠷᠢᠭᠵᠢᠭᠤᠯᠵᠤ ᠪᠠᠶᠢᠭᠠᠳ ᠣᠷᠣᠨ ᠪᠦᠰᠡ ᠶᠢᠨ ᠣᠨᠴᠠᠯᠢᠭ ᠪᠠ ᠡᠬᠢ ᠪᠠᠶᠠᠯᠢᠭ ᠤᠨ | ᠳᠠᠪᠠᠭᠤᠯᠢᠭ ᠲᠠᠢ ᠪᠠᠨ ᠤᠶᠠᠯᠳᠤᠭᠤᠯᠤᠨ᠂ ᠭᠠᠳᠠᠭᠠᠳᠤ ᠪᠡᠯᠡ ᠶᠢᠨ ᠬᠥᠭᠵᠢᠯᠲᠡ ᠶᠢ ᠳᠡᠮᠵᠢᠬᠦ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ | ᠲᠥᠬᠦᠷ ᠠᠷᠭ᠎ᠠ ᠪᠠᠷᠢᠯ ᠢ ᠲᠤᠬᠠᠢ ᠶᠢᠨ ᠭᠠᠵᠠᠷ ᠲᠤ ᠪᠠᠨ ᠲᠣᠬᠢᠷᠠᠭᠤᠯᠤᠨ ᠲᠣᠭᠲᠠᠭᠠᠵᠤ᠂ ᠲᠣᠰ ᠣᠷᠣᠨ ᠪᠦᠰᠡ ᠶᠢᠨ ᠢᠶᠠᠨ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠤᠭᠤᠯᠤᠯᠲᠠ ᠶᠢᠨ ᠵᠢᠯᠣᠭᠤᠳᠤᠮᠵᠢ ᠶᠢ ᠨᠠᠶᠢᠷᠠᠭᠤᠯᠤᠨ ᠵᠣᠬᠢᠶᠠᠬᠤ ᠪᠠ ᠨᠡᠶᠢᠲᠡᠯᠡᠨ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠭᠠᠳᠠᠭᠠᠳᠤ ᠪᠡᠯᠡ ᠶᠢᠨ ᠲᠥᠷᠥᠯ ᠵᠦᠢᠯ ᠤᠨ ᠪᠣᠳᠠᠲᠠᠶᠢᠵᠢᠭᠤᠯᠤᠯᠲᠠ ᠪᠠ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠨ᠎ᠠ᠃ ᠡᠯ᠎ᠡ ᠭᠠᠵᠠᠷ ᠣᠷᠣᠨ ᠤ ᠬᠠᠤᠯᠢ ᠠᠴᠠ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠪᠠᠨ᠂ ︽ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢᠨ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠤᠭᠤᠯᠤᠯᠲᠠ ᠶᠢ ᠲᠠᠲᠠᠨ ᠠᠪᠴᠢᠷᠠᠬᠤ ᠡᠷᠴᠢᠮ ᠢᠶᠠᠨ ᠴᠢᠩᠭᠠᠷᠠᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇ | 2023﹈ 11 ᠳ᠋ᠦ᠋ᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠭᠤᠣᠯᠳᠠᠯᠭ᠎ᠠ ᠲᠠᠢ ᠤᠯᠤᠰ ᠠᠯᠤᠰᠯᠠᠭᠰᠠᠨ ᠺᠣᠮᠫᠠᠨᠢ ᠶᠢᠨ ᠪᠡᠯᠡ ᠣᠷᠤᠭᠤᠯᠤᠯᠲᠠ ᠶᠢᠨ | ᠲᠥᠷᠥᠯ ᠵᠦᠢᠯ ᠳᠤ ᠳᠡᠮᠵᠢᠯᠭᠡ ᠦᠵᠡᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ | ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠶᠢᠨ ᠳᠠᠭᠠᠤ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠪᠠᠶᠢᠭ᠎ᠠ ᠠᠶᠢᠮᠠᠭ ᠬᠤᠲᠠ ᠠᠴᠠ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠭᠤᠨ ᠪᠠᠶᠢᠯᠭᠠᠵᠤ ᠪᠦᠲᠦᠴᠡ ᠶᠢ ᠰᠢᠯᠢᠳᠡᠭᠵᠢᠭᠦᠯᠬᠦ ᠶᠢ | ᠠᠬᠢᠭᠤᠯᠬᠤ ᠬᠠᠮᠢᠶ᠎ᠠ ᠪᠦᠬᠦᠢ ᠬᠥᠭᠵᠢᠭᠦᠯᠦᠯᠲᠡ ᠶᠢᠨ ᠠᠷᠭ᠎ᠠ ᠬᠡᠮᠵᠢᠶ᠎ᠡ ᠲᠣᠭᠲᠠᠭᠠᠬᠤ ᠶᠢ ᠵᠣᠷᠢᠭᠵᠢᠭᠤᠯᠵᠤ᠂ ᠠᠷᠠᠯᠵᠢᠶ᠎ᠠ ᠪᠠ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠤᠨ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠲᠣᠪᠤᠶᠢᠮ᠎ᠠ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ | ᠪᠦᠯᠦᠭᠵᠢᠯ ᠢ ᠴᠣᠭᠴᠠᠯᠠᠨ᠎ᠠ︔ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠭᠠᠳᠠᠭᠰᠢᠯ ᠠᠵᠤ ᠠᠬᠤᠢ ᠶᠢ | ᠬᠥᠭᠵᠢᠭᠦᠯᠬᠦ ᠪᠠᠷ ᠬᠥᠲᠥᠯᠥᠨ ᠵᠢᠯᠣᠭᠤᠳᠬᠤ ᠪᠠ ᠲᠡᠳᠡᠨ ᠳᠤ ᠳᠡᠮᠵᠢᠯᠭᠡ ᠦᠵᠡᠭᠦᠯᠵᠦ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠭᠤᠣᠯ ᠴᠣᠭᠴᠠ ᠶᠢ | ᠪᠤᠶᠢᠵᠢᠭᠤᠯᠤᠨ ᠪᠤᠵᠠᠭᠠᠶᠢᠷᠠᠭᠤᠯᠵᠤ᠂ ᠲᠡᠭᠦᠨ ᠤ ᠵᠠᠬ᠎ᠠ ᠳᠡᠯᠭᠡᠭᠦᠷ ᠢᠶᠠᠨ ᠥᠷᠭᠡᠳᠭᠡᠬᠦ᠂ ᠣᠯᠠᠨ ᠤᠯᠤᠰ ᠤᠨ ᠪᠠᠷᠠᠭᠠᠨ ᠤ ᠭᠦᠢᠯᠭᠡᠭᠡ ᠲᠡᠭᠡᠭᠡᠪᠦᠷᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠲᠣᠭᠲᠠᠯᠴᠠᠭ᠎ᠠ ᠶᠢ ᠪᠦᠲᠦᠭᠡᠨ ᠪᠠᠶᠢᠭᠤᠯᠬᠤ ᠵᠡᠷᠭᠡ ᠳᠤ ᠳᠡᠮᠵᠢᠯᠭᠡ ᠦᠵᠡᠭᠦᠯᠵᠦ᠂ ᠬᠢᠯᠢ ᠶᠢᠨ ᠭᠠᠳᠠᠨᠠᠬᠢ ᠡᠵᠡᠩᠨᠡᠨ | ᠪᠣᠷᠣᠯᠠᠭᠤᠯᠬᠤ ᠲᠣᠣᠷ ᠴᠡᠭ ᠪᠠ ᠭᠠᠳᠠᠭᠠᠳᠤ ᠶᠢᠨ ᠬᠥᠮᠥᠷᠭᠡ ᠲᠣᠬᠢᠷᠠᠭᠤᠯᠬᠤ ᠶᠢ ᠨᠢ ᠳᠡᠮᠵᠢᠵᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ | ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ︔ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠳᠠᠭᠠᠳᠤ ᠠᠷᠠᠯᠵᠢᠶᠠᠨ ᠤ ᠺᠣᠮᠫᠠᠨᠢ ᠶᠢᠨ | ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ᠂ ᠬᠢᠯᠢ ᠠᠯᠤᠰᠯᠠᠭᠰᠠᠨ ᠡᠯᠧᠺᠳ᠋ᠷᠣᠨ | ᠬᠤᠳᠠᠯᠳᠤᠭᠠᠨ ᠤ ᠲᠠᠪᠴᠠᠩ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠵᠡᠷᠭᠡ ᠯᠦᠭᠡ ᠲᠣᠭᠲᠠᠪᠤᠷᠢᠲᠠᠢ ᠦᠢᠯᠡᠴᠢᠯᠡᠭᠡᠨ ᠤ ᠬᠡᠯᠬᠢᠶ᠎ᠡ᠂ | ᠬᠠᠩᠭᠠᠯᠭ᠎ᠠ ᠶᠢᠨ ᠬᠡᠯᠬᠢᠶ᠎ᠡ ᠪᠠᠶᠢᠭᠤᠯᠬᠤ ᠶᠢ ᠨᠢ ᠠᠬᠢᠭᠤᠯᠵᠤ᠂ ᠺᠣᠮᠫᠠᠨᠢ ᠶᠢ ᠬᠠᠪᠰᠤᠷᠴᠤ ᠪᠠᠶᠢᠭᠠᠳ ᠵᠠᠬᠢᠶᠠᠯᠠᠭ᠎ᠠ ᠶᠢᠨ ᠬᠠᠭᠤᠳᠠᠰᠤ ᠶᠢ ᠨᠢ ᠪᠠᠲᠤᠯᠠᠨ᠂ ᠵᠠᠬ᠎ᠠ | ᠳᠡᠯᠭᠡᠭᠦᠷ ᠢ ᠲᠣᠭᠲᠠᠭᠤᠨ ᠪᠠᠶᠢᠯᠭᠠᠨ᠎ᠠ︔ ᠥᠪᠡᠷ ᠢᠶᠠᠨ ᠬᠡᠷᠡᠭᠯᠡᠬᠦ ᠴᠢᠩᠭᠡᠯᠢᠭ ᠤᠨ ᠲᠡᠭᠡᠭᠡᠪᠦᠷᠢ᠂ ᠬᠢᠯᠢ ᠠᠯᠤᠰᠯᠠᠭᠰᠠᠨ ᠡᠭᠡᠯᠵᠢ ᠶᠢᠨ ᠭᠠᠯᠲᠤ ᠲᠡᠷᠭᠡ᠂ ᠠᠴᠢᠶ᠎ᠠ | ᠮᠠᠰᠢᠨ ᠤ ᠡᠭᠡᠯᠵᠢ ᠶᠢᠨ ᠲᠡᠷᠭᠡ ᠵᠡᠷᠭᠡ ᠲᠤᠰᠬᠠᠢ ᠬᠡᠷᠡᠭᠯᠡᠭᠡᠨ ᠤ ᠨᠡᠪᠲᠡᠷᠡᠯ ᠵᠠᠮ ᠤᠨ ᠲᠤᠬᠠᠶᠢᠯᠠᠭᠰᠠᠨ ᠠᠵᠢᠯ ᠢ ᠥᠷᠭᠡᠳᠬᠦ ᠶᠢ ᠳᠡᠮᠵᠢᠵᠦ᠂ ᠤᠯᠤᠰ ᠤᠨ ᠳᠡᠰ ᠤᠨ | ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠤᠳᠤᠷᠢᠳᠤᠮᠵᠢ ᠪᠣᠯᠬᠤ ᠠᠵᠤ ᠦᠢᠯᠡᠰ ᠲᠠᠢ ᠪᠠᠨ ᠤᠶᠠᠯᠳᠤᠭᠤᠯᠤᠨ᠂ ᠡᠳ᠋ᠰᠢᠭᠦᠯᠦᠨ ᠪᠣᠯᠪᠠᠰᠤᠷᠠᠭᠤᠯᠬᠤ | ᠠᠷᠠᠯᠵᠢᠶᠠᠨ ᠤ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ ᠶᠢ ᠢᠳᠡᠪᠬᠢᠲᠡᠢ ᠥᠷᠨᠢᠭᠦᠯᠬᠦ ᠶᠢ ᠨᠢ ᠵᠣᠷᠢᠭᠵᠢᠭᠤᠯᠤᠨ ᠳᠡᠮᠵᠢᠵᠦ᠂ | ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠲᠥᠷᠥᠯ ᠵᠦᠢᠯ ᠢ ᠤᠷᠢᠳ ᠢᠶᠠᠷ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ | ᠪᠥᠭᠡᠮᠨᠡᠷᠡᠭᠦᠯᠬᠦ ᠶᠢ ᠬᠥᠲᠥᠯᠥᠨ ᠵᠢᠯᠣᠭᠤᠳᠬᠤ ᠶᠢᠨ ᠬᠠᠮᠲᠤ ᠬᠢᠯᠢ ᠶᠢᠨ ᠪᠣᠭᠤᠮᠲᠠ ᠪᠠᠷ ᠥᠩᠭᠡᠷᠡᠭᠡᠬᠦ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠳᠤᠮᠳᠠᠳᠤ ᠤᠯᠤᠰ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠳᠬᠠᠯ ᠤᠨ | ᠭᠤᠷᠪᠠᠳᠤᠭᠠᠷ ᠡᠵᠡᠩᠨᠡᠯᠲᠡ ᠶᠢᠨ ᠬᠡᠯᠲᠡᠰ ᠤᠨ ᠥᠪᠥᠷ ᠮᠣᠩᠭᠤᠯ ᠳᠠᠬᠢ ᠲᠤᠬᠠᠶᠢᠯᠠᠭᠰᠠᠨ ᠠᠵᠢᠯ ᠤᠨ ᠭᠠᠵᠠᠷ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠪᠣᠬᠢᠷᠲᠤᠯ ᠦᠭᠡᠢ ᠲᠣᠭᠠᠵᠢᠭᠤᠯᠤᠭᠰᠠᠨ ᠣᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ | 11. ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠳᠠᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ︵ᠠᠮᠢ | ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶᠂ ᠨᠡᠭᠦᠷᠡᠰᠦᠲᠥ᠋ᠷᠥᠭᠴᠢ ᠪᠠᠭᠠᠲᠠᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ | ᠲᠣᠭᠤᠷᠢᠭ ᠡᠭᠦᠳᠦᠨ ᠪᠠᠶᠢᠭᠤᠯᠬᠤ ᠶᠢ ᠳᠡᠮᠵᠢᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠷᠴᠢᠯᠳᠤᠭᠤᠯᠤᠭᠰᠠᠨ | ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ᠬᠦᠷᠢᠶᠡᠯᠡᠩ ᠲᠣᠭᠤᠷᠢᠭ ᠲᠠᠬᠢ ᠠᠵᠤ ᠦᠢᠯᠡᠰ ᠤᠨ ᠬᠥᠨᠳᠡᠯᠡᠨ ᠢᠶᠠᠷ ᠡᠪᠴᠡᠯᠳᠦᠬᠦ᠂ ᠭᠤᠯᠳᠤ ᠪᠠᠷ ᠤᠷᠲᠤᠳᠬᠠᠬᠤ᠂ | ᠣᠷᠴᠢᠯᠳᠤᠭᠤᠯᠤᠨ ᠴᠦᠷᠭᠡᠯᠡᠭᠦᠯᠬᠦ ᠶᠢ ᠬᠡᠷᠡᠭᠵᠢᠭᠦᠯᠦᠨ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠪᠡᠯᠡᠳᠭᠡᠮᠵᠢ ᠶᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ | ᠬᠦᠷᠲᠡᠬᠦ᠂ ᠡᠨᠧᠷᠭᠢ ᠶᠢ ᠱᠠᠲᠤᠯᠢᠭ ᠬᠡᠯᠪᠡᠷᠢ ᠪᠠᠷ ᠠᠰᠢᠭᠯᠠᠬᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠪᠠ ᠪᠣᠬᠢᠷᠲᠤᠯ ᠪᠣᠳᠠᠰ ᠢ ᠲᠥᠪᠯᠡᠷᠡᠭᠦᠯᠦᠨ ᠠᠮᠤᠷ | ᠲᠦᠪᠰᠢᠨ ᠢᠶᠠᠷ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠤᠨ᠂ ᠣᠯᠠᠨ ᠵᠦᠢᠯ ᠤᠨ ᠡᠨᠧᠷᠭᠢ ᠶᠢᠨ ᠬᠠᠮᠵᠢᠯᠴᠠᠭᠤᠯᠤᠨ ᠨᠥᠬᠦᠪᠦᠷᠢᠯᠡᠭᠦᠯᠦᠭᠰᠡᠨ᠂ ᠶᠡᠷᠦᠩᠬᠡᠶᠢᠯᠡᠨ | ᠠᠰᠢᠭᠯᠠᠭᠰᠠᠨ᠂ ᠡᠷᠴᠢᠮᠵᠢᠭᠦᠯᠦᠭᠰᠡᠨ ᠪᠥᠭᠡᠳ ᠥᠨᠳᠥᠷ ᠪᠦᠲᠦᠮᠵᠢᠲᠡᠢ ᠡᠨᠧᠷᠭᠢ ᠬᠠᠩᠭᠠᠬᠤ ᠠᠷᠭ᠎ᠠ ᠮᠠᠶ᠋ᠢᠭ ᠢ ᠲᠦᠷᠭᠡᠳᠭᠡᠨ ᠪᠣᠢ ᠪᠣᠯᠭᠠᠵᠤ᠂ ᠠᠶᠤᠯᠲᠠᠢ | ᠬᠠᠶᠠᠭᠳᠠᠮᠠᠯ ᠪᠣᠳᠠᠰ ᠢ ᠬᠤᠷᠢᠶᠠᠨ ᠲᠡᠭᠡᠭᠡᠪᠦᠷᠢᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠬᠦᠷᠢᠶᠡᠯᠡᠩ ᠲᠣᠭᠤᠷᠢᠭ ᠤᠨ ᠠᠶᠤᠯᠲᠠᠢ ᠬᠠᠶᠠᠭᠳᠠᠮᠠᠯ | ᠪᠣᠳᠠᠰ ᠢ ᠬᠤᠷᠢᠶᠠᠨ ᠴᠤᠭᠯᠠᠭᠤᠯᠬᠤ᠂ ᠬᠠᠳᠠᠭᠠᠯᠠᠨ ᠨᠦᠬᠡᠴᠡᠯᠡᠬᠦ᠂ ᠰᠢᠯᠵᠢᠭᠦᠯᠦᠨ ᠲᠡᠭᠡᠭᠡᠪᠦᠷᠢᠯᠡᠬᠦ᠂ ᠳᠠᠬᠢᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ᠂ ᠴᠡᠪᠡᠷ ᠦᠢᠯᠡᠳᠪᠦᠷᠢᠯᠡᠯ ᠤᠨ ᠠᠵᠤ | ᠦᠢᠯᠡᠰ ᠵᠡᠷᠭᠡ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠳᠤ ᠰᠢᠨ᠎ᠡ ᠶᠢ ᠡᠭᠦᠳᠦᠨ ᠬᠡᠷᠡᠭᠯᠡᠭᠡᠨ ᠳᠤ ᠤᠯᠠᠷᠢᠭᠤᠯᠬᠤ ᠶᠢ | ᠠᠬᠢᠭᠤᠯᠤᠨ᠂ ᠡᠨᠧᠷᠭᠢ ᠶᠢᠨ ᠣᠷᠣᠯᠠᠭᠤᠯᠬᠤ ᠮᠡᠷᠭᠡᠵᠢᠯ᠂ ᠨᠡᠭᠦᠷᠡᠰᠦᠲᠥ᠋ᠷᠥᠭᠴᠢ ᠶᠢ ᠣᠯᠵᠠᠯᠠᠨ ᠴᠤᠭᠯᠠᠭᠤᠯᠬᠤ᠂ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ | ᠮᠡᠷᠭᠡᠵᠢᠯ᠂ ᠤᠷ᠎ᠠ ᠮᠡᠷᠭᠡᠰᠢᠯ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠮᠡᠷᠭᠡᠵᠢᠯ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠲᠠᠯ᠎ᠠ ᠶᠢᠨ ᠬᠠᠮᠢᠶᠠᠷᠤᠯᠲᠠ ᠶᠢᠨ ᠮᠡᠷᠭᠡᠵᠢᠯ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ ᠪᠠ ᠨᠡᠭᠡᠭᠡᠯᠲᠡ ᠶᠢ ᠥᠷᠨᠢᠭᠦᠯᠦᠨ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠲᠠᠯ᠎ᠠ ᠶᠢᠨ ᠮᠡᠷᠭᠡᠵᠢᠯ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠡᠯ᠎ᠡ ᠤᠯᠤᠰ ᠤᠨ ᠳᠡᠰ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12. ᠳ᠋ᠢᠵᠢᠲ᠋ᠠᠯ ᠠᠵᠤ ᠦᠢᠯᠡᠰ ᠤᠨ ᠬᠦᠴᠦᠨ ᠴᠢᠳᠠᠮᠵᠢ ᠶᠢ ᠡᠷᠴᠢᠮᠯᠡᠬᠦ ᠪᠠᠨ ᠠᠬᠢᠭᠤᠯᠤᠨ᠎ᠠ᠃ ᠡᠯ᠎ᠡ ᠲᠥᠷᠥᠯ ᠤᠨ ᠬᠥᠷᠥᠩᠭᠡ ᠶᠢᠨ ᠤᠯᠤᠰ ᠤᠨ ᠳᠡᠰ ᠤᠨ | ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠮᠡᠳᠡᠭᠡ ᠵᠠᠩᠬᠢ ᠶᠢᠨ ᠮᠡᠷᠭᠡᠵᠢᠯ ᠤᠨ ᠰᠠᠭᠤᠷᠢ ᠪᠡᠯᠡᠳᠭᠡᠮᠵᠢ ᠶᠢ ᠪᠦᠲᠦᠭᠡᠨ ᠪᠠᠶᠢᠭᠤᠯᠬᠤ ᠪᠠᠷ ᠪᠡᠯᠡ | ᠣᠷᠣᠭᠤᠯᠬᠤ ᠶᠢ ᠨᠢ ᠵᠣᠷᠢᠭᠵᠢᠭᠤᠯᠤᠨ᠂ ᠴᠢᠮᠡᠭᠡ ᠬᠤᠯᠪᠣᠭᠠᠨ ᠤ ᠠᠵᠤ ᠠᠬᠤᠶᠢᠯᠠᠯ ᠤᠨ 5G ᠲᠣᠣᠷ ᠰᠦᠯᠵᠢᠶ᠎ᠡ ᠶᠢ ᠬᠡᠪᠴᠢᠶᠡᠵᠢᠭᠦᠯᠦᠨ ᠬᠡᠯᠬᠢᠨ | ᠪᠠᠶᠢᠭᠤᠯᠬᠤ ᠶᠢ ᠨᠢ ᠳᠡᠮᠵᠢᠵᠦ᠂ ᠴᠢᠮᠡᠭᠡ ᠬᠤᠯᠪᠣᠭᠠᠨ ᠤ ᠰᠠᠭᠤᠷᠢ ᠥᠷᠲᠡᠭᠡᠨ ᠤ ᠴᠠᠬᠢᠯᠭᠠᠨ ᠬᠡᠷᠡᠭᠯᠡᠬᠦ ᠶᠢᠨ ᠮᠡᠳᠡᠭᠦᠯᠦᠨ ᠬᠢᠨᠠᠭᠤᠯᠵᠤ ᠤᠭᠰᠠᠷᠠᠬᠤ ᠰᠢᠭᠤᠳ | ᠨᠡᠪᠲᠡᠷᠡᠯ ᠵᠠᠮ ᠲᠣᠬᠢᠷᠠᠭᠤᠯᠵᠤ᠂ ᠳ᠋ᠢᠵᠢᠲ᠋ᠠᠯ ᠠᠵᠤ ᠠᠬᠤᠢ ᠶᠢᠨ ᠬᠦᠷᠢᠶᠡᠨ ᠤ ᠠᠵᠤ ᠠᠬᠤᠶᠢᠯᠠᠯ ᠤᠨ ᠴᠠᠬᠢᠯᠭᠠᠨ ᠬᠦᠴᠦᠳᠡᠯ ᠤᠨ ᠳᠡᠰ ᠪᠠ ᠴᠠᠬᠢᠯᠭᠠᠨ ᠬᠡᠷᠡᠭᠯᠡᠬᠦ | ᠬᠢᠵᠠᠭᠠᠷᠯᠠᠯ ᠳᠤ ᠬᠦᠯᠢᠶᠡᠰᠦᠯᠡᠭᠳᠡᠬᠦ ᠦᠭᠡᠢ ᠪᠠᠷ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠳᠤ ᠣᠷᠣᠯᠴᠠᠬᠤ ᠶᠢ ᠨᠢ ᠳᠡᠮᠵᠢᠨ᠎ᠡ᠃ ᠤᠯᠤᠰ ᠤᠨ | ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠤᠬᠠᠭᠠᠯᠢᠭ ᠶᠡᠭᠡ ᠲᠠᠷᠢᠬᠢ︾ ᠶᠢ ᠪᠠᠶᠢᠭᠤᠯᠵᠤ᠂ ᠡᠯ᠎ᠡ ᠲᠥᠷᠥᠯ ᠤᠨ ᠨᠡᠶᠢᠭᠡᠮ ᠤᠨ ᠭᠤᠣᠯ | ᠴᠣᠭᠴᠠ ᠶᠢᠨ ᠵᠣᠬᠢᠶᠠᠮᠠᠯ ᠣᠶᠣᠨ᠂ ᠲᠣᠮᠣ ᠳ᠋ᠠᠶᠢᠲ᠋ᠠ ᠶᠢᠨ ᠲᠥᠪ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠨᠢ ᠵᠣᠷᠢᠭᠵᠢᠭᠤᠯᠵᠤ᠂ ᠵᠠᠰᠠᠭ ᠤᠨ ᠶᠠᠪᠤᠳᠠᠯ᠂ ᠵᠠᠮ ᠬᠠᠷᠢᠯᠴᠠᠭ᠎ᠠ᠂ ᠪᠠᠴᠢᠮ ᠪᠠᠶᠢᠳᠠᠯ ᠢ | ᠠᠷᠭᠠᠴᠠᠭᠠᠬᠤ᠂ ᠶᠡᠷᠦᠩᠬᠡᠶᠢᠯᠡᠨ ᠵᠠᠰᠠᠬᠤ ᠵᠡᠷᠭᠡ ᠬᠦᠷᠢᠶᠡᠨ ᠤ ᠲᠣᠭᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠳ᠋ᠢᠵᠢᠲ᠋ᠠᠯ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠰᠠᠭᠤᠷᠢ ᠪᠡᠯᠡᠳᠭᠡᠮᠵᠢ ᠶᠢᠨ ᠢᠵᠢ ᠪᠦᠷᠢᠳᠦᠭᠦᠯᠦᠭᠰᠡᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ | ᠨᠡᠭᠡᠭᠡᠯᠲᠡ ᠶᠢᠨ ᠣᠷᠣᠨ ᠳᠠᠬᠢ ᠠᠵᠤ ᠠᠬᠤᠶᠢᠯᠠᠯ ᠠᠵᠤ ᠦᠢᠯᠡᠰ ᠤᠨ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠨᠢ ᠠᠬᠢᠭᠤᠯᠤᠨ᠂ ᠰᠢᠨ᠎ᠡ ᠨᠢᠭᠡ | ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠪᠠ ᠬᠠᠮᠢᠶ᠎ᠠ ᠪᠦᠬᠦᠢ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠣᠶᠤᠨᠴᠢ ᠪᠠᠷ | ᠦᠢᠯᠡᠳᠪᠦᠷᠢᠯᠡᠬᠦ ᠬᠠᠮᠲᠤ ᠳᠤ ᠪᠠᠨ ᠬᠦᠷᠲᠡᠬᠦ ᠲᠥᠪ ᠪᠠ ᠳ᠋ᠢᠵᠢᠲ᠋ᠠᠯ ᠠᠵᠤ ᠦᠢᠯᠡᠰ ᠤᠨ ᠰᠢᠨ᠎ᠡ ᠶᠢ ᠡᠭᠦᠳᠬᠦ ᠲᠥᠪ᠂ ᠣᠶᠤᠨᠴᠢ ᠠᠵᠤ ᠦᠢᠯᠡᠳᠪᠦᠷᠢ᠂ ᠣᠶᠤᠨᠴᠢ | ᠦᠢᠯᠡᠳᠪᠦᠷᠢ ᠶᠢᠨ ᠲᠠᠰᠤᠭ ᠡᠭᠦᠳᠦᠨ ᠪᠠᠶᠢᠭᠤᠯᠬᠤ ᠶᠢ ᠳᠡᠮᠵᠢᠵᠦ᠂ ᠢᠵᠢᠯ ᠰᠢᠰᠲ᠋ᠧᠮ ᠤᠨ ᠠᠵᠢᠯ ᠲᠥᠷᠥᠯ ᠪᠠ ᠨᠠᠷᠢᠯᠢᠭ ᠬᠤᠪᠢᠶᠠᠭᠰᠠᠨ ᠬᠦᠷᠢᠶᠠᠨ ᠳᠤ | ᠬᠠᠨᠳᠤᠭᠤᠯᠤᠭᠰᠠᠨ ᠨᠢᠭᠡ ᠪᠦᠯᠦᠭ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠤᠶᠢᠵᠢᠭᠤᠯᠤᠨ᠎ᠠ᠃ ᠠᠵᠤ ᠠᠬᠤᠶᠢᠯᠠᠯ ᠤᠨ ᠬᠤᠭᠤᠷᠣᠨᠳᠤᠬᠢ | ᠬᠠᠩᠭᠠᠯᠭ᠎ᠠ ᠶᠢᠨ ᠬᠡᠯᠬᠢᠶᠡᠨ ᠤ ᠮᠡᠳᠡᠭᠡ ᠵᠠᠩᠬᠢ ᠶᠢ ᠵᠠᠯᠭᠠᠭᠤᠯᠵᠤ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠂ ᠨᠡᠭᠡᠭᠡᠯᠲᠡ ᠶᠢᠨ ᠣᠷᠣᠨ ᠳᠠᠬᠢ ᠠᠵᠤ ᠠᠬᠤᠶᠢᠯᠠᠯ ᠤᠨ | ᠣᠶᠤᠨᠴᠢ ᠪᠠᠷ ᠨᠦᠬᠡᠴᠡᠯᠡᠨ ᠬᠠᠳᠠᠭᠠᠯᠠᠬᠤ ᠵᠡᠷᠭᠡ ᠲᠠᠪᠴᠠᠩ ᠪᠠᠶᠢᠭᠤᠯᠬᠤ ᠶᠢ ᠨᠢ ᠵᠣᠷᠢᠭᠵᠢᠭᠤᠯᠵᠤ᠂ ᠲᠣᠬᠢᠷᠠᠭᠤᠯᠤᠨ ᠬᠦᠷᠭᠡᠭᠴᠢ ᠦᠭᠡᠢ ᠬᠦᠷᠭᠡᠯᠲᠡ ᠵᠡᠷᠭᠡ ᠵᠢᠱᠢᠶ᠎ᠡ | ᠦᠵᠡᠭᠦᠯᠬᠦ ᠲᠥᠷᠥᠯ ᠵᠦᠢᠯ ᠢ ᠰᠦᠪᠡᠭᠴᠢᠯᠡᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠰᠢᠨ᠎ᠡ ᠶᠢ ᠡᠭᠦᠳᠦᠨ ᠬᠥᠭᠵᠢᠭᠦᠯᠬᠦ ᠠᠴᠢᠶᠠᠯᠠᠪᠤᠷᠢ ᠪᠠᠨ ᠥᠷᠭᠡᠳᠬᠡᠨ᠎ᠡ᠃ | 13. ᠣᠯᠠᠨ ᠤᠯᠤᠰ ᠤᠨ ᠰᠣᠯᠢᠯᠴᠠᠭ᠎ᠠ ᠪᠠ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠂ ᠭᠠᠳᠠᠭᠠᠳᠤ ᠤᠯᠤᠰ ᠤᠨ ᠪᠠᠶᠢᠭᠤᠯᠤᠮᠵᠢ᠂ ᠰᠢᠶᠠᠩᠭᠠᠩ ᠣᠣᠮᠧᠨ ᠭᠠᠵᠠᠷ ᠣᠷᠣᠨ᠂ ᠤᠯᠤᠰ ᠤᠨ ᠳᠣᠲᠣᠭᠠᠳᠤᠬᠢ | ᠬᠥᠷᠥᠩᠭᠡ ᠶᠢᠨ ᠬᠢᠨ ᠤ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠤᠯᠤᠰ ᠤᠨ ᠳᠣᠲᠣᠭᠠᠳᠤᠬᠢ ᠣᠷᠣᠨ ᠪᠦᠰᠡ | ᠠᠯᠤᠰᠯᠠᠭᠰᠠᠨ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠤᠯᠤᠰ ᠤᠨ ᠳᠣᠲᠣᠭᠠᠳᠤᠬᠢ ᠠᠵᠤ ᠠᠬᠤᠢ ᠶᠢᠨ ᠶᠡᠭᠡ ᠣᠷᠴᠢᠯ ᠳᠤ ᠭᠦᠨᠵᠡᠭᠡᠢ ᠠᠭᠤᠰᠤᠯᠴᠠᠨ᠎ᠠ᠃ | ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠣᠯᠣᠩ ᠤᠨ ᠣᠷᠣᠨ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠶᠢ ᠳᠡᠮᠵᠢᠵᠦ᠂ ᠪᠡᠭᠡᠵᠢᠩ | ᠲᠢᠶᠠᠨᠵᠢᠨ ᠾᠧᠪᠧᠢ ᠶᠢᠨ ᠠᠵᠤ ᠦᠢᠯᠡᠰ ᠤᠨ ᠢᠵᠢ ᠪᠦᠷᠢᠳᠦᠭᠦᠯᠦᠭᠰᠡᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠬᠠᠭᠠᠯᠠᠨ ᠲᠥᠯᠥᠪᠯᠡᠵᠦ᠂ ︽ | ᠪᠡᠭᠡᠵᠢᠩ ᠲᠢᠶᠠᠨᠵᠢᠨ ᠾᠧᠪᠧᠢ ᠳᠤ ᠰᠤᠳᠤᠯᠤᠨ ᠨᠡᠭᠡᠭᠡᠵᠦ᠂ ᠥᠪᠥᠷ ᠮᠣᠩᠭᠤᠯ ᠳᠤ ᠤᠯᠠᠷᠢᠭᠤᠯᠬᠤ︾ ᠲᠥᠪᠯᠡᠷᠡᠨ ᠳᠠᠭᠠᠭᠠᠴᠢᠯᠠᠬᠤ ᠭᠠᠵᠠᠷ ᠢ ᠪᠦᠲᠦᠭᠡᠨ | ᠪᠠᠶᠢᠭᠤᠯᠬᠤ ᠳᠤ ᠬᠠᠨᠳᠤᠭᠤᠯᠤᠨ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢᠨ ᠲᠥᠷᠥᠯ ᠵᠦᠢᠯ ᠢ | ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠴᠤ ᠵᠠᠯᠭᠠᠭᠤᠯᠵᠤ᠂ ᠳᠡᠭᠡᠳᠦ ᠳᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠪᠠ ᠠᠵᠤ ᠦᠢᠯᠡᠰᠵᠢᠯᠲᠡ ᠶᠢᠨ ᠰᠠᠭᠤᠷᠢᠨ ᠭᠠᠵᠠᠷ ᠢ ᠴᠣᠭᠴᠠᠯᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠤᠯᠤᠰ ᠤᠨ | ᠳᠣᠲᠣᠭᠠᠳᠤᠬᠢ ᠨᠡᠷᠡᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠨᠢᠭᠡ | ᠲᠣᠭᠤᠷᠢᠭ ᠣᠯᠠᠨ ᠬᠦᠷᠢᠶᠡᠯᠡᠩ᠂ ᠶᠡᠷᠦᠩᠬᠡᠢ ᠬᠡᠯᠲᠡᠰ + ᠨᠡᠪᠴᠢᠭᠦᠯᠬᠦ ᠰᠠᠭᠤᠷᠢᠨ ᠭᠠᠵᠠᠷ᠂ ᠪᠦᠬᠦᠯᠢ ᠴᠣᠭᠴᠠ ᠪᠠᠷ ᠨᠠᠶᠢᠳᠠᠨ ᠬᠠᠮᠢᠶᠠᠷᠤᠭᠤᠯᠬᠤ ᠵᠡᠷᠭᠡ ᠵᠠᠭᠪᠤᠷ ᠢᠶᠠᠷ | ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠨᠢᠭᠡ ᠪᠦᠯᠦᠭ ᠬᠠᠮᠲᠤᠷᠠᠯᠴᠠᠭᠠᠨ ᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ | ᠣᠷᠣᠨ ᠪᠦᠰᠡ ᠠᠯᠤᠰᠯᠠᠨ ᠬᠠᠮᠲᠤ ᠪᠠᠷ ᠬᠦᠷᠢᠶᠡᠯᠡᠩ ᠲᠣᠭᠤᠷᠢᠭ᠂ ᠨᠠᠶᠢᠳᠠᠨ ᠬᠠᠮᠢᠶᠠᠷᠤᠭᠤᠯᠬᠤ ᠬᠦᠷᠢᠶᠡᠯᠡᠩ ᠲᠣᠭᠤᠷᠢᠭ ᠪᠠ ᠣᠭᠤᠷᠴᠤᠭ ᠬᠠᠷᠢᠶ᠎ᠠ ᠭᠠᠵᠠᠷ ᠤᠨ | ᠠᠵᠤ ᠠᠬᠤᠢ ᠪᠦᠲᠦᠭᠡᠨ ᠪᠠᠶᠢᠭᠤᠯᠬᠤ ᠵᠡᠷᠭᠡ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠨ᠂ ᠬᠥᠭᠵᠢᠭᠰᠡᠨ ᠭᠠᠵᠠᠷ ᠣᠷᠣᠨ ᠤ ᠰᠢᠯᠵᠢᠯᠲᠡ ᠶᠢᠨ ᠠᠵᠤ ᠦᠢᠯᠡᠰ ᠢ | ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠠᠪᠴᠤ ᠵᠠᠯᠭᠠᠭᠤᠯᠵᠤ᠂ ᠠᠰᠢᠭ ᠲᠤᠰᠠ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠦᠷᠢᠯᠳᠦᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ᠂ ᠡᠯ᠎ᠡ ᠤᠯᠤᠰ ᠤᠨ ᠳᠡᠰ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 14. ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠤᠯᠪᠣᠭᠠᠯᠠᠨ ᠬᠠᠮᠲᠤ ᠪᠠᠷ ᠪᠠᠶᠢᠭᠤᠯᠬᠤ ᠲᠠᠪᠴᠠᠩ ᠢ ᠴᠣᠭᠴᠠᠯᠠᠨ᠎ᠠ᠃ ᠪᠡᠭᠡᠵᠢᠩ | ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠶᠢᠨ ᠨᠡᠭᠡᠭᠡᠯᠲᠡ ᠶᠢᠨ | ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠡᠳᠡᠭᠡᠷ ᠤᠨ ᠪᠡᠯᠡ ᠣᠷᠤᠭᠤᠯᠤᠯᠲᠠ ᠶᠢ ᠠᠬᠢᠭᠤᠯᠬᠤ᠂ ᠠᠵᠤ ᠦᠢᠯᠡᠰ ᠤᠨ ᠰᠢᠯᠵᠢᠯᠲᠡ | ᠬᠢᠬᠦ᠂ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠬᠦ᠂ ᠲᠥᠷᠥᠯ ᠵᠦᠢᠯ ᠢ ᠵᠠᠯᠭᠠᠭᠤᠯᠬᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠵᠡᠷᠭᠡ ᠲᠠᠯ᠎ᠠ ᠶᠢᠨ | ᠳᠠᠪᠠᠭᠤᠯᠢᠭ ᠢ ᠨᠢ ᠪᠠᠳᠠᠷᠠᠭᠤᠯᠤᠨ᠎ᠠ᠃ ᠬᠥᠬᠡᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠪᠠᠶᠠᠨᠨᠠᠭᠤᠷ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠨᠢ ᠬᠠᠳᠤᠨ ᠭᠤᠣᠯ ᠤᠨ ᠰᠠᠪᠠ ᠭᠠᠵᠠᠷ ᠤᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠯᠤᠭ᠎ᠠ᠂ ᠬᠥᠯᠥᠨ ᠪᠤᠶᠢᠷ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠨᠢ ᠵᠡᠭᠦᠨ ᠬᠤᠶᠢᠲᠤ ᠶᠢᠨ ᠭᠤᠷᠪᠠᠨ ᠮᠤᠵᠢ ᠶᠢᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠯᠤᠭ᠎ᠠ | ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠰᠢᠯᠵᠢᠯᠲᠡ ᠬᠢᠬᠦ ᠪᠠ ᠢᠵᠢ ᠪᠦᠷᠢᠳᠦᠭᠦᠯᠦᠨ ᠬᠠᠮᠵᠢᠯᠴᠠᠨ ᠠᠵᠢᠯᠯᠠᠬᠤ ᠪᠠᠨ | ᠴᠢᠩᠭᠠᠳᠬᠠᠵᠤ᠂ ᠳᠡᠭᠡᠳᠦ ᠳᠣᠣᠷᠠᠳᠤ ᠬᠡᠯᠬᠢᠶᠡᠨ ᠤ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠢ ᠬᠠᠮᠠᠭᠠᠯᠠᠨ᠎ᠠ᠃ ᠣᠷᠣᠨ ᠤ ᠳᠣᠲᠣᠭᠠᠳᠤᠬᠢ | ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤᠳ ᠥᠪᠡᠷ ᠥᠪᠡᠷ ᠤᠨ ᠳᠠᠪᠠᠭᠤᠯᠢᠭ ᠢᠶᠠᠨ ᠦᠨᠳᠦᠰᠦᠯᠡᠨ ᠵᠥᠷᠢᠶᠡᠲᠡᠢ ᠥᠷᠢᠰᠦᠯᠳᠦᠭᠡᠨ | ᠥᠷᠨᠢᠭᠦᠯᠵᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ | ᠠᠬᠤᠢ ᠶᠢᠨ ᠬᠠᠮᠲᠤᠷᠠᠯᠴᠠᠭᠠᠨ ᠤ ᠣᠷᠣᠨ ᠯᠤᠭ᠎ᠠ ᠬᠠᠮᠲᠤᠷᠠᠯᠴᠠᠭ᠎ᠠ ᠥᠷᠨᠢᠭᠦᠯᠦᠨ᠂ ᠪᠡᠯᠡ ᠣᠷᠣᠭᠤᠯᠬᠤ ᠪᠢᠯᠢᠭᠲᠡᠨ ᠣᠷᠣᠭᠤᠯᠬᠤ ᠮᠡᠷᠭᠡᠵᠢᠯ ᠣᠷᠣᠭᠤᠯᠬᠤ ᠶᠢ | ᠨᠢᠭᠡᠳᠦᠯᠲᠡᠢ ᠲᠥᠯᠥᠪᠯᠡᠨ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠣᠶᠢᠷ᠎ᠠ ᠬᠠᠪᠢ ᠶᠢᠨ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠬᠦ ᠯᠦᠭᠡ ᠨᠢᠭᠡᠳᠦᠯᠲᠡᠢ | ᠲᠥᠯᠥᠪᠯᠡᠵᠦ᠂ ᠲᠠᠪᠴᠠᠩ ᠤᠨ ᠲᠣᠭᠲᠠᠴᠠ ᠶᠢᠨ ᠪᠦᠲᠦᠭᠡᠨ ᠪᠠᠶᠢᠭᠤᠯᠤᠯᠲᠠ ᠪᠠ ᠴᠢᠳᠠᠪᠤᠷᠢᠲᠠᠨ ᠤ ᠰᠣᠯᠢᠯᠴᠠᠭ᠎ᠠ ᠶᠢ ᠨᠢᠭᠡᠳᠦᠯᠲᠡᠢ ᠲᠥᠯᠥᠪᠯᠡᠬᠦ ᠶᠢ ᠨᠢ ᠳᠡᠮᠵᠢᠨ᠎ᠡ᠃ | ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ | ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 15. ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠭᠠᠳᠠᠭᠠᠳᠤ ᠨᠡᠭᠡᠭᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ᠂ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠬᠥᠭᠵᠢᠯᠲᠡ ᠶᠢᠨ ᠶᠠᠰᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠦᠨ᠂ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ | ᠲᠦᠪᠰᠢᠨ ᠢ ᠯᠠᠪᠳᠠᠭᠤᠨ ᠪᠠᠲᠤᠲᠠᠢ ᠳᠡᠭᠡᠭᠰᠢᠯᠡᠭᠦᠯᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠢᠯᠭᠠᠨ ᠬᠢᠨᠠᠯᠲᠠ ᠳᠤ ᠪᠠᠶᠢᠷᠢ | ᠳᠡᠭᠡᠭᠰᠢᠯᠡᠨ ᠳᠡᠰ ᠳᠡᠪᠰᠢᠬᠦ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠶᠢ ᠳᠡᠮᠵᠢᠨ᠎ᠡ᠃ ᠨᠦᠭᠦᠴᠡᠯ ᠳᠤ ᠨᠡᠶᠢᠴᠡᠭᠰᠡᠨ ᠥᠪᠡᠷᠲᠡᠭᠡᠨ ᠵᠠᠰᠠᠬᠤ ᠣᠷᠣᠨ ᠤ ᠳᠡᠰ ᠤᠨ | ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢᠶᠠᠷ ᠢᠳᠡᠪᠬᠢᠲᠡᠢ ᠭᠤᠶᠤᠴᠢᠯᠠᠨ ᠮᠡᠳᠡᠭᠦᠯᠬᠦ ᠶᠢ | ᠳᠡᠮᠵᠢᠵᠦ᠂ ᠮᠠᠨ ᠤ ᠣᠷᠣᠨ ᠤ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠡᠪᠴᠢᠶ᠎ᠡ ᠪᠠ ᠪᠦᠬᠦᠯᠢ ᠴᠣᠭᠴᠠ ᠶᠢᠨ ᠠᠵᠤ ᠠᠬᠤᠢ ᠶᠢᠨ | ᠪᠣᠳᠠᠲᠤ ᠬᠦᠴᠦᠨ ᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠬᠦᠴᠦᠨ ᠵᠦᠢᠯ ᠤᠨ ᠪᠠᠲᠤᠯᠠᠭ᠎ᠠ ᠪᠠ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠨ᠎ᠠ᠃ | 16. ᠳᠡᠯᠡᠬᠡᠶᠢᠵᠢᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠪᠠᠶᠢᠭᠤᠯᠤᠨ᠎ᠠ᠃ ︽ᠦᠨᠡᠮᠯᠡᠯ ᠤᠳ ᠢ ᠨᠢᠭᠡᠳᠦᠭᠦᠯᠬᠦ᠂ ᠲᠣᠭᠲᠠᠭᠠᠯ ᠤᠳ ᠢ | ᠨᠢᠭᠡᠳᠦᠭᠦᠯᠬᠦ᠂ ᠦᠨᠡᠯᠡᠯᠲᠡ ᠨᠦᠭᠦᠳ ᠢ ᠨᠢᠭᠡᠳᠦᠭᠦᠯᠬᠦ᠂ ᠵᠢᠷᠤᠭ ᠲᠥᠯᠥᠪᠯᠡᠭᠡ ᠨᠦᠭᠦᠳ ᠢ ᠬᠤᠯᠪᠣᠭᠠᠯᠠᠨ ᠬᠢᠨᠠᠬᠤ᠂ ᠰᠢᠯᠭᠠᠨ ᠠᠪᠬᠤ ᠤᠴᠢᠷ ᠤᠳ ᠢ ᠨᠢᠭᠡᠳᠦᠭᠦᠯᠬᠦ᠂ | ᠬᠡᠮᠵᠢᠨ ᠵᠢᠷᠤᠭᠯᠠᠬᠤ ᠤᠴᠢᠷ ᠤᠳ ᠢ ᠨᠢᠭᠡᠳᠦᠭᠦᠯᠬᠦ︾ ᠵᠡᠷᠭᠡ ᠰᠢᠨ᠎ᠡ ᠶᠢ ᠡᠭᠦᠳᠦᠭᠰᠡᠨ ᠠᠵᠢᠯᠯᠠᠬᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ︽ | ᠥᠷᠲᠡᠭᠡᠴᠢᠯᠡᠭᠰᠡᠨ ᠮᠠᠶ᠋ᠢᠭ ᠤᠨ︾ ᠦᠢᠯᠡᠴᠢᠯᠡᠭᠡᠨ ᠤ ᠲᠠᠩᠬᠢᠮ ᠤᠨ ᠪᠦᠲᠦᠭᠡᠨ ᠪᠠᠶᠢᠭᠤᠯᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠢᠳᠡᠪᠬᠢᠲᠡᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ | ᠢᠳᠡᠪᠬᠢᠲᠡᠢ ᠠᠬᠢᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ᠂ ᠪᠠᠶᠢᠭᠠᠯᠢ ᠶᠢᠨ ᠡᠬᠢ ᠪᠠᠶᠠᠯᠢᠭ᠂ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠶᠢ ᠪᠠᠭᠲᠠᠭᠠᠭᠰᠠᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠬᠠᠤᠯᠢ ᠶᠣᠰᠣᠭᠠᠷ ᠪᠠᠶᠢᠭᠤᠯᠵᠤ᠂ | ᠳᠣᠲᠣᠨᠣ ᠴᠢᠭᠡᠴᠢ ᠰᠢᠨ᠎ᠡ ᠬᠡᠯᠪᠡᠷᠢ ᠶᠢᠨ ᠵᠠᠰᠠᠭ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ᠨᠦᠭᠦᠴᠡᠯ ᠲᠠᠢ ᠤᠯᠤᠰ ᠤᠨ ᠳᠡᠰ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠤ ᠬᠢᠨ ᠤ ᠪᠥᠬᠦ ᠶᠠᠪᠤᠴᠠ ᠳᠤ ᠣᠷᠣᠯᠠᠨ ᠭᠦᠢᠴᠡᠳᠭᠡᠬᠦ ᠳᠦᠷᠢᠮ ᠰᠦᠪᠡᠭᠴᠢᠯᠡᠨ ᠥᠷᠨᠢᠭᠦᠯᠬᠦ ᠶᠢ ᠵᠣᠷᠢᠭᠵᠢᠭᠤᠯᠤᠨ᠎ᠠ᠃ ᠡᠯ᠎ᠡ | ᠵᠦᠢᠯ ᠤᠨ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠵᠦ ᠠᠷᠠᠳ ᠲᠤ ᠳᠥᠭᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠠᠮᠠᠯᠠᠯᠲᠠ ᠪᠠᠨ ᠴᠠᠭ ᠲᠤᠬᠠᠢ ᠳᠤ ᠨᠢ ᠪᠡᠶᠡᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠪᠠ ᠡᠷᠬᠡ ᠶᠢᠨ ᠬᠢᠵᠠᠭᠠᠷ ᠤᠨ ᠬᠡᠪᠴᠢᠶᠡᠨ ᠳᠤ ᠪᠠᠨ | ᠥᠷᠢᠰᠦᠯᠳᠦᠬᠦ ᠬᠦᠴᠦᠨ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠴᠢᠬᠤᠯᠠ ᠶᠡᠭᠡ ᠠᠵᠦ ᠦᠢᠯᠡᠰ ᠤᠨ | ᠲᠥᠷᠥᠯ ᠵᠦᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠤᠨ ᠲᠥᠷᠥᠯ ᠵᠦᠢᠯ ᠳᠤ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠨᠢ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ᠂ ᠨᠢᠭᠡ ᠠᠵᠤ ᠦᠢᠯᠡᠰ ᠲᠤ ᠨᠢᠭᠡ ᠲᠥᠷᠥ ᠶᠢᠨ ᠪᠣᠳᠣᠯᠭ᠎ᠠ︾ ᠶᠢᠨ | ᠬᠠᠷᠠᠭᠠᠯᠵᠠᠯ ᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 17. ᠡᠷᠴᠢᠮᠵᠢᠭᠦᠯᠦᠨ ᠥᠨᠳᠥᠷ ᠪᠦᠲᠦᠮᠵᠢᠲᠡᠢ ᠪᠠᠷ ᠭᠠᠵᠠᠷ ᠰᠢᠷᠣᠢ ᠬᠡᠷᠡᠭᠯᠡᠬᠦ ᠶᠢ ᠴᠢᠩᠭᠠᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ ᠯᠦᠭᠡ | ᠵᠣᠯᠭᠠᠭᠤᠯᠬᠤ ᠪᠠᠨ ᠴᠢᠩᠭᠠᠳᠬᠠᠨ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠶᠢᠨ ᠬᠢᠯᠢ ᠵᠠᠭᠠᠭ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ | ᠲᠥᠷᠥᠯ ᠵᠦᠢᠯ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠤᠷᠢᠳᠴᠢᠯᠠᠵᠤ ᠦᠯᠡᠳᠡᠭᠡᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠬᠠᠷᠭᠤᠭᠤᠯᠤᠨ ᠵᠥᠪᠰᠢᠶᠡᠷᠡᠬᠦ ᠬᠡᠪᠴᠢᠶ᠎ᠡ ᠪᠠᠨ ᠬᠤᠪᠢᠷᠠᠭᠠᠬᠤ ᠦᠭᠡᠢ ᠪᠠᠶᠢᠬᠤ ᠤᠷᠢᠳᠠᠯ ᠳᠣᠣᠷ᠎ᠠ᠂ ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠪᠠ ᠬᠠᠷᠢᠮᠠᠬᠠᠢ | ᠲᠣᠬᠢᠷᠠᠭᠤᠯᠤᠯᠲᠠ ᠶᠢ ᠵᠡᠷᠭᠡ ᠳᠤ ᠨᠢ ᠬᠡᠷᠡᠭᠯᠡᠬᠦ ᠲᠣᠭᠲᠠᠴᠠ ᠬᠡᠷᠡᠭᠵᠢᠭᠦᠯᠬᠦ ᠶᠢ ᠵᠥᠪᠰᠢᠶᠡᠷᠡᠨ᠂ ᠲᠥᠷᠥᠯ ᠵᠦᠢᠯ ᠤᠨ ᠪᠣᠳᠠᠲᠠᠶᠢᠵᠢᠬᠤ ᠶᠢ ᠡᠮᠬᠢ ᠳᠢᠭᠯᠢᠮ ᠲᠠᠢ | ᠲᠣᠬᠢᠷᠠᠭᠤᠯᠤᠨ᠎ᠠ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠳᠠᠬᠢ ᠡᠮᠦᠨ᠎ᠡ ᠬᠤᠶᠢᠨᠠᠬᠢ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠪᠠ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠢᠯᠢ ᠵᠠᠭᠠᠭ ᠢ ᠥᠷᠭᠡᠳᠭᠡᠬᠦ ᠳᠠᠬᠢᠨ ᠲᠤᠭ᠎ᠠ ᠶᠢ | ᠰᠢᠪᠲᠤᠯᠬᠤ ᠦᠭᠡᠢ ᠤᠷᠢᠳᠠᠯ ᠳᠣᠣᠷ᠎ᠠ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ | ᠬᠢᠯᠢ ᠵᠠᠭᠠᠭ ᠤᠨ ᠬᠠᠮᠢᠶᠠᠷᠤᠯᠲᠠ ᠶᠢ ᠰᠠᠶᠢᠲᠤᠷ ᠬᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︵ᠲᠤᠷᠰᠢᠨ ᠬᠡᠷᠡᠭᠵᠢᠭᠦᠯᠬᠦ︶︾ ︵ᠪᠠᠶᠢᠭᠠᠯᠢ | ᠪᠠᠶᠠᠯᠢᠭ ᠲᠠᠷᠬᠠᠭᠠᠭᠰᠠᠨ ﹇2023﹈ 193 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠢᠯᠢ ᠵᠠᠭᠠᠭ ᠲᠤ | ᠬᠡᠰᠡᠭ ᠲᠠᠯ᠎ᠠ ᠶᠢᠨ ᠰᠢᠯᠢᠳᠡᠭᠵᠢᠭᠦᠯᠦᠯᠲᠡ ᠬᠢᠬᠦ ᠶᠢ ᠵᠥᠪᠰᠢᠶᠡᠷᠡᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠦᠯᠡᠳᠡᠭᠳᠡᠯ ᠭᠠᠵᠠᠷ | ᠰᠢᠷᠣᠢ ᠶᠢ ᠳᠠᠬᠢᠨ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ᠂ ᠬᠡᠷᠡᠭᠯᠡᠭᠡᠨ ᠤ ᠪᠦᠲᠦᠮᠵᠢ ᠠᠨᠠᠢ ᠭᠠᠵᠠᠷ ᠢ | ᠰᠡᠷᠭᠦᠭᠡᠨ ᠠᠰᠢᠭᠯᠠᠬᠤ ᠶᠢ ᠠᠬᠢᠭᠤᠯᠤᠨ᠎ᠠ᠃ ᠰᠢᠨ᠎ᠡ ᠪᠠᠷ ᠨᠡᠭᠡᠭᠡᠯᠲᠡ ᠶᠢᠨ ᠣᠷᠣᠨ ᠳᠤ ᠰᠠᠭᠤᠷᠢᠰᠢᠭᠰᠠᠨ ᠠᠵᠤ ᠠᠬᠤᠶᠢᠯᠠᠯ ᠪᠠ ᠭᠠᠵᠠᠷ ᠰᠢᠷᠣᠢ ᠬᠡᠷᠡᠭᠯᠡᠬᠦ ᠡᠷᠬᠡ ᠶᠢᠨ | ᠬᠠᠷᠢᠶᠠᠨ ᠤ ᠠᠵᠤ ᠠᠬᠤᠶᠢᠯᠠᠯ ᠬᠤᠷᠰᠢᠨ ᠠᠵᠢᠯᠯᠠᠬᠤ ᠶᠢ ᠵᠣᠷᠢᠭᠵᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠭᠤᠴᠢᠨ | ᠬᠤᠲᠠ ᠪᠠᠯᠭᠠᠰᠤ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠬᠠᠭᠤᠴᠢᠨ ᠠᠶᠢᠯ ᠲᠣᠰᠬᠤᠨ ᠵᠡᠷᠭᠡ ᠶᠢ ᠥᠭᠡᠷᠡᠴᠢᠯᠡᠵᠦ ᠰᠠᠶᠢᠵᠢᠷᠠᠭᠤᠯᠬᠤ ᠶᠢ ᠳᠡᠮᠵᠢᠨ᠎ᠡ︔ | ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠣᠳᠣ ᠪᠠᠶᠢᠭ᠎ᠠ ᠦᠯᠡᠳᠡᠭᠳᠡᠯ ᠭᠠᠵᠠᠷ ᠰᠢᠷᠣᠢ ᠶᠢ ᠠᠰᠢᠭᠯᠠᠨ ᠡᠮᠴᠢᠯᠡᠭᠡ᠂ ᠰᠤᠷᠭᠠᠨ ᠬᠥᠮᠥᠵᠢᠯ᠂ ᠰᠢᠨᠵᠢᠯᠡᠬᠦ | ᠤᠬᠠᠭᠠᠨ ᠤ ᠰᠤᠳᠤᠯᠤᠯ ᠵᠡᠷᠭᠡ ᠲᠥᠷᠥᠯ ᠵᠦᠢᠯ ᠬᠥᠭᠵᠢᠭᠦᠯᠬᠦ ᠶᠢ ᠨᠢ ᠳᠡᠮᠵᠢᠨ᠎ᠡ᠃ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠲᠥᠷᠥᠯ ᠠᠩᠭᠢᠯᠠᠯ ᠳᠤ ᠰᠢᠨ᠎ᠡ ᠶᠢ ᠡᠭᠦᠳᠬᠦ᠂ ᠭᠠᠵᠠᠷ | ᠰᠢᠷᠣᠢ ᠶᠢ ᠬᠤᠯᠢᠯᠳᠤᠭᠤᠯᠤᠨ ᠬᠡᠷᠡᠭᠯᠡᠬᠦ ᠶᠢ ᠵᠣᠷᠢᠭᠵᠢᠭᠤᠯᠬᠤ᠂ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠷ | ᠳᠠᠮᠵᠢᠭᠤᠯᠤᠨ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ | ᠬᠡᠷᠡᠭᠴᠡᠭᠡ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 18. ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ᠂ ᠡᠯ᠎ᠡ ᠲᠥᠷᠥᠯ ᠤᠨ ᠠᠵᠤ | ᠦᠢᠯᠡᠰ ᠤᠨ ᠲᠤᠰᠬᠠᠢ ᠪᠡᠯᠡ ᠮᠥᠩᠭᠦ ᠶᠢ ᠰᠠᠶᠢᠲᠤᠷ ᠠᠰᠢᠭᠯᠠᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠷᠠᠭᠤᠯᠬᠤ ᠶᠢ ᠨᠢ ᠳᠡᠮᠵᠢᠵᠦ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠨᠢ ᠵᠣᠷᠢᠭᠵᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠰᠠᠭᠤᠷᠢ ᠪᠡᠯᠡᠳᠭᠡᠮᠵᠢ ᠵᠢᠴᠢ ᠴᠢᠬᠤᠯᠠ ᠶᠡᠭᠡ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠲᠤᠰᠬᠠᠢ ᠵᠢᠭᠡᠯᠡᠯᠭᠡ ᠶᠢᠨ | ᠲᠡᠮᠳᠡᠭ ᠭᠤᠶᠤᠴᠢᠯᠠᠬᠤ ᠳᠤ ᠨᠢ ᠵᠣᠬᠢᠬᠤ ᠬᠡᠮᠵᠢᠶ᠎ᠡ ᠪᠠᠷ ᠬᠠᠷᠠᠭᠠᠯᠵᠠᠯ ᠦᠵᠡᠭᠦᠯᠵᠦ᠂ ᠡᠯ᠎ᠡ ᠠᠶᠢᠮᠠᠭ ᠬᠤᠲᠠ ᠶᠢ ᠵᠣᠷᠢᠭᠵᠢᠭᠤᠯᠵᠤ ᠪᠠᠶᠢᠭᠠᠳ ᠲᠡᠭᠦᠨ ᠤ ᠬᠠᠷᠢᠶ᠎ᠠ | ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢᠶᠠᠨ ᠡᠮᠬᠢᠯᠡᠨ ᠨᠡᠶᠢᠯᠡᠭᠦᠯᠵᠦ ᠳᠠᠪᠰᠢᠨ ᠳᠡᠭᠡᠭᠰᠢᠯᠡᠭᠦᠯᠬᠦ ᠳᠤ ᠨᠢ ᠬᠠᠷᠠᠭᠠᠯᠵᠠᠭᠰᠠᠨ ᠡᠳ᠋ ᠤᠨ | ᠵᠠᠰᠠᠭ ᠤᠨ ᠳᠡᠮᠵᠢᠯᠭᠡ ᠣᠯᠭᠤᠨ᠎ᠠ︔ ᠨᠦᠭᠦᠴᠡᠯ ᠲᠠᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ᠵᠡᠷᠭᠡ ᠲᠤᠷᠰᠢᠯᠲᠠ ᠶᠢᠨ ᠴᠡᠭ ᠥᠷᠨᠢᠭᠦᠯᠬᠦ ᠶᠢ ᠳᠡᠮᠵᠢᠨ᠎ᠡ︔ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠡᠳ᠋ ᠤᠨ ᠵᠠᠰᠠᠭ ᠤᠨ ᠪᠦᠷᠢᠮᠦᠰᠦᠨ ᠲᠤᠰᠠᠭᠠᠷ ᠪᠠᠶᠢᠬᠤ ᠶᠢ ᠳᠡᠮᠵᠢᠨ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠵᠦᠢᠯ ᠤᠨ ᠲᠤᠰᠬᠠᠢ | ᠰᠢᠯᠵᠢᠭᠦᠯᠦᠨ ᠲᠥᠯᠥᠬᠦ ᠮᠥᠩᠭᠦ ᠪᠠᠭᠤᠯᠭᠠᠬᠤ ᠳᠤ ᠪᠠᠨ᠂ ᠲᠤᠰᠠᠭᠠᠷ ᠵᠢᠭᠰᠠᠭᠠᠵᠤ᠂ ᠲᠤᠰᠠᠭᠠᠷ ᠵᠣᠭᠤᠰ ᠲᠣᠬᠢᠷᠠᠭᠤᠯᠤᠨ᠎ᠠ︔ ᠤᠯᠤᠰ ᠤᠨ ᠳᠡᠰ ᠤᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ | ᠥᠷᠢ ᠥᠭᠴᠡᠭᠡᠨ ᠤ ᠬᠠᠮᠢᠶᠠᠷᠤᠯᠲᠠ ᠶᠢᠨ ᠵᠠᠭᠪᠤᠷ ᠢᠶᠠᠷ ᠯᠠᠪᠯᠠᠯᠲᠠ ᠪᠣᠯᠭᠠᠵᠦ᠂ ᠪᠠᠶᠢᠭ᠎ᠠ ᠭᠠᠵᠠᠷ ᠤᠨ ᠠᠶᠢᠮᠠᠭ ᠬᠤᠲᠠ ᠠᠴᠠ ᠰᠠᠯᠤᠩᠬᠢᠳᠠ ᠪᠠᠶᠢᠯᠭᠠᠵᠤ᠂ | ᠲᠤᠰᠠᠭᠠᠷᠯᠠᠨ ᠠᠵᠢᠯᠯᠠᠭᠤᠯᠬᠤ ᠪᠠ ᠬᠠᠮᠢᠶᠠᠷᠬᠤ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠳᠠᠬᠢ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠳᠠᠬᠢ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 19. ᠡᠨᠧᠷᠭᠢ ᠶᠢᠨ ᠡᠬᠢ ᠪᠠᠶᠠᠯᠢᠭ ᠤᠨ ᠥᠪᠡᠷ ᠤᠨ ᠥᠷᠳᠡᠭ ᠢ ᠪᠠᠭᠤᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ᠂ ᠰᠢᠲᠠᠮᠠᠬᠠᠢ ᠬᠡᠢ ᠶᠢᠨ ᠰᠢᠭᠤᠳ ᠬᠡᠢ ᠬᠠᠩᠭᠠᠬᠤ ᠲᠤᠷᠰᠢᠯᠲᠠ ᠶᠢᠨ ᠴᠡᠭ᠂ ᠤᠰᠤ ᠬᠠᠩᠭᠠᠬᠤ ᠤᠰᠤ | ᠭᠠᠳᠠᠭᠰᠢᠯᠠᠭᠤᠯᠬᠤ ᠭᠤᠷᠪᠠᠳᠤᠭᠠᠷ ᠡᠲᠡᠭᠡᠳ ᠤᠨ ᠦᠢᠯᠡᠴᠢᠯᠡᠭᠡ ᠵᠡᠷᠭᠡ ᠥᠭᠡᠷᠡᠴᠢᠯᠡᠯᠲᠡ ᠥᠷᠨᠢᠭᠦᠯᠬᠦ ᠶᠢ ᠳᠡᠮᠵᠢᠨ᠎ᠡ᠃ ᠨᠡᠭᠡᠭᠡᠯᠲᠡ ᠶᠢᠨ ᠣᠷᠣᠨ ᠳᠠᠬᠢ ᠠᠵᠤ | ᠠᠬᠤᠶᠢᠯᠠᠯ ᠤᠨ ᠴᠠᠬᠢᠯᠭᠠᠨ ᠭᠠᠷᠭᠠᠬᠤ ᠠᠵᠤ ᠠᠬᠤᠶᠢᠯᠠᠯ ᠯᠤᠭ᠎ᠠ ᠰᠢᠭᠤᠳ ᠴᠠᠬᠢᠯᠭᠠᠨ ᠬᠦᠴᠦᠨ ᠤ ᠠᠷᠠᠯᠵᠢᠶ᠎ᠠ ᠬᠢᠬᠦ ᠶᠢ ᠵᠣᠷᠢᠭᠵᠢᠭᠤᠯᠤᠨ᠎ᠠ᠃ ᠤᠯᠤᠰ ᠤᠨ | ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠰᠠᠭᠤᠭᠠᠯᠢ ᠠᠷᠠᠳ ᠤᠨ ᠪᠤᠰᠤ ᠦᠨ᠎ᠡ ᠶᠢᠨ ᠵᠠᠬ᠎ᠠ | ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠲᠣᠭᠲᠠᠭᠠᠯ ᠶᠣᠰᠣᠭᠠᠷ ᠥᠷᠨᠢᠭᠦᠯᠬᠦ ᠶᠢ ᠳᠡᠮᠵᠢᠵᠦ᠂ ᠪᠠᠶᠢᠭᠠᠯᠢ ᠶᠢᠨ ᠰᠢᠲᠠᠮᠠᠬᠠᠢ ᠬᠡᠢ ᠶᠢ ᠵᠥᠭᠡᠭᠡᠪᠦᠷᠢᠯᠡᠬᠦ ᠪᠠ | ᠲᠣᠬᠢᠷᠠᠭᠤᠯᠬᠤ ᠦᠨ᠎ᠡ ᠬᠠᠩᠰᠢ ᠶᠢᠨ ᠲᠠᠯ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠦ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠤᠯᠤᠰ ᠤᠨ | ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 20. ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠨ ᠲᠡᠭᠦᠯᠳᠡᠷᠵᠢᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠤ ︽ᠢᠯᠡᠭᠦᠦ ᠬᠥᠳᠡᠯᠮᠦᠷᠢᠯᠡᠪᠡᠯ ᠢᠯᠡᠭᠦᠦ ᠣᠯᠵᠤ᠂ ᠰᠢᠯᠢᠳᠡᠭ ᠪᠦᠲᠦᠮᠵᠢ ᠭᠠᠷᠭᠠᠪᠠᠯ ᠶᠡᠭᠡ ᠬᠠᠷᠠᠮᠵᠢ ᠣᠯᠭᠤᠬᠤ︾ ᠬᠥᠳᠡᠯᠦᠩᠭᠦᠢ ᠪᠠᠷ ᠤᠷᠮᠠᠰᠢᠭᠤᠯᠵᠤ | ᠴᠢᠳᠠᠪᠤᠷᠢᠲᠠᠨ ᠬᠡᠷᠡᠭᠯᠡᠬᠦ ᠰᠠᠶᠢᠨ ᠳᠠᠮᠵᠢᠯᠭ᠎ᠠ ᠶᠢᠨ ᠲᠣᠭᠲᠠᠴᠠ ᠪᠠᠶᠢᠭᠤᠯᠬᠤ ᠳᠤ ᠨᠢ ᠳᠡᠮᠵᠢᠯᠭᠡ ᠦᠵᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠳᠤ ᠵᠢᠯ ᠤᠨ ᠴᠠᠯᠢᠩ ᠤᠨ ᠳᠦᠷᠢᠮ᠂ ᠲᠥᠷᠥᠯ ᠵᠦᠢᠯ ᠤᠨ ᠴᠠᠯᠢᠩ᠂ ᠵᠥᠪᠯᠡᠯᠴᠡᠭᠡᠷ ᠤᠨ ᠴᠠᠯᠢᠩ ᠵᠡᠷᠭᠡ ᠣᠯᠠᠨ ᠵᠦᠢᠯ ᠤᠨ | ᠬᠤᠪᠢᠶᠠᠷᠢᠯᠠᠬᠤ ᠬᠡᠯᠪᠡᠷᠢ ᠬᠡᠷᠡᠭᠵᠢᠭᠦᠯᠬᠦ ᠶᠢ ᠰᠦᠪᠡᠭᠴᠢᠯᠡᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠷᠣᠭᠤᠯᠵᠤ | ᠠᠪᠴᠢᠷᠠᠬᠤ ᠪᠠᠷ ᠲᠤᠯᠭᠠᠮ ᠱᠠᠭᠠᠷᠳᠠᠭᠳᠠᠵᠤ ᠪᠠᠶᠢᠭ᠎ᠠ ᠡᠯ᠎ᠡ ᠲᠥᠷᠥᠯ ᠤᠨ ᠴᠢᠳᠠᠪᠤᠷᠢᠲᠠᠨ ᠳᠤ ᠡᠷᠦᠬᠡ ᠠᠮᠠ ᠶᠢᠨ ᠳᠠᠩᠰᠠᠯᠠᠯᠲᠠ ᠶᠢ ᠭᠦᠢᠴᠡᠳᠭᠡᠬᠦ᠂ ᠬᠢᠯᠢ ᠪᠠᠷ | ᠭᠠᠷᠴᠤ ᠣᠷᠣᠬᠤ᠂ ᠦᠷ᠎ᠡ ᠬᠡᠦᠬᠡᠳ ᠢᠶᠠᠨ ᠰᠤᠷᠭᠠᠭᠤᠯᠢ ᠳᠤ ᠰᠠᠭᠤᠯᠭᠠᠬᠤ᠂ ᠡᠮᠴᠢᠯᠡᠭᠡᠨ ᠤ ᠳᠠᠭᠠᠳᠬᠠᠯ᠂ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠵᠡᠷᠭᠡ ᠶᠢ | ᠪᠠᠭᠲᠠᠭᠠᠭᠰᠠᠨ ︽ᠥᠷᠲᠡᠭᠡᠴᠢᠯᠡᠭᠰᠡᠨ ᠮᠠᠶ᠋ᠢᠭ ᠤᠨ︾ ᠦᠢᠯᠡᠴᠢᠯᠡᠭᠡ ᠬᠡᠷᠡᠭᠵᠢᠭᠦᠯᠬᠦ ᠶᠢ ᠨᠢ ᠳᠡᠮᠵᠢᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠳᠠᠬᠢ ᠠᠵᠤ ᠠᠬᠤᠶᠢᠯᠠᠯ ᠤᠨ ᠲᠤᠯᠭᠠᠮ ᠱᠠᠭᠠᠷᠳᠠᠭᠳᠠᠬᠤ ᠭᠠᠳᠠᠭᠠᠳᠤ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤ᠂ ᠠᠵᠢᠯᠯᠠᠬᠤ ᠵᠥᠪᠰᠢᠶᠡᠷᠡᠯ ᠢ | ᠭᠤᠶᠤᠴᠢᠯᠠᠬᠤ ᠨᠠᠰᠤ ᠵᠢᠯ ᠤᠨ ᠬᠢᠵᠠᠭᠠᠷᠯᠠᠯ ᠢ ᠲᠣᠭᠲᠠᠭᠠᠯ ᠶᠣᠰᠣᠭᠠᠷ ᠵᠣᠬᠢᠬᠤ ᠬᠡᠮᠵᠢᠶ᠎ᠡ ᠪᠠᠷ ᠰᠤᠯᠠᠷᠠᠭᠤᠯᠵᠤ ᠪᠣᠯᠣᠨ᠎ᠠ᠃ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠳᠤ ᠣᠷᠣᠭᠤᠯᠵᠤ ᠠᠪᠴᠢᠷᠠᠭᠰᠠᠨ ᠭᠠᠳᠠᠭᠠᠳᠤ ᠶᠢᠨ ᠬᠠᠷᠢᠶ᠎ᠠ ᠲᠠᠢ ᠳᠡᠭᠡᠳᠦ ᠳᠡᠰ ᠤᠨ ᠴᠢᠳᠠᠪᠤᠷᠢᠲᠠᠨ ᠳᠤ᠂ ᠬᠢᠯᠢ ᠪᠠᠷ ᠣᠷᠣᠵᠤ ᠢᠷᠡᠬᠦ᠂ | ᠣᠷᠣᠰᠢᠨ ᠰᠠᠭᠤᠬᠤ ᠪᠠ ᠥᠨᠢᠳᠡ ᠣᠷᠣᠰᠢᠨ ᠰᠠᠭᠤᠬᠤ ᠳᠥᠭᠦᠮ ᠨᠦᠭᠦᠴᠡᠯ ᠬᠠᠩᠭᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠠ ᠠᠵᠢᠯ ᠮᠡᠷᠭᠡᠵᠢᠯ ᠤᠨ | ᠪᠣᠯᠪᠠᠰᠤᠷᠠᠯ ᠢ ᠶᠡᠭᠡ ᠪᠠᠷ ᠬᠥᠭᠵᠢᠭᠦᠯᠦᠨ᠂ ᠶᠡᠭᠡ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠨᠡᠶᠢᠭᠡᠮ ᠤᠨ ᠰᠤᠷᠭᠠᠨ ᠬᠥᠮᠥᠵᠢᠯ ᠤᠨ ᠪᠠᠶᠢᠭᠤᠯᠤᠮᠵᠢ ᠶᠢᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠯᠤᠭ᠎ᠠ ᠬᠠᠮᠲᠤ ᠪᠠᠷ | ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠨᠢ ᠵᠣᠷᠢᠭᠵᠢᠭᠤᠯᠤᠨ ᠳᠡᠮᠵᠢᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ | ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ | ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠠᠵᠢᠯ ᠢᠶᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠲᠠ᠂ ᠬᠤᠳᠠᠯᠳᠤᠭᠠᠨ ᠤ ᠶᠠᠪᠤᠳᠠᠯ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠪᠣᠭᠤᠮᠲᠠ ᠵᠡᠷᠭᠡ | ᠰᠠᠯᠠᠭ᠎ᠠ ᠮᠥᠴᠢᠷ ᠨᠢᠭᠡᠴᠢ ᠵᠢᠴᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠠᠶᠢᠭ᠎ᠠ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠬᠤᠷᠰᠢᠨ ᠬᠥᠳᠡᠯᠦᠯᠴᠡᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠢᠯ ᠢ ᠨᠢᠭᠡᠳᠦᠯᠲᠡᠢ ᠲᠥᠯᠥᠪᠯᠡᠨ | ᠵᠢᠯᠣᠭᠤᠳᠬᠤ ᠪᠠᠨ ᠴᠢᠩᠭᠠᠳᠬᠠᠵᠤ᠂ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠠᠬᠢᠭᠤᠯᠵᠤ᠂ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠨᠢ | ᠠᠬᠢᠭᠤᠯᠤᠨ᠂ ᠴᠢᠬᠤᠯᠠ ᠶᠡᠭᠡ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠶᠢ ᠪᠦᠲᠦᠮᠵᠢᠲᠡᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠬᠤᠶᠠᠷ︶ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠠᠯᠳᠠᠰᠢ ᠶᠢ ᠠᠭᠤᠴᠢᠯᠠᠵᠤ ᠵᠠᠯᠠᠷᠠᠭᠤᠯᠬᠤ | ᠲᠣᠭᠲᠠᠴᠠ ᠶᠢ ᠪᠠᠶᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠲᠣᠭᠲᠠᠯᠴᠠᠭ᠎ᠠ ᠶᠢ ᠪᠠᠶᠢᠭᠤᠯᠤᠨ᠂ ᠡᠷᠬᠡ ᠶᠢᠨ ᠠᠵᠢᠯᠯᠠᠭᠠᠨ ᠤ ᠬᠡᠷᠡᠭᠵᠢᠭᠦᠯᠬᠦ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠬᠠᠷᠢᠭᠤᠴᠠᠯᠭ᠎ᠠ | ᠬᠡᠯᠡᠯᠴᠡᠬᠦ ᠳᠤ ᠪᠠᠨ ᠣᠨᠣᠭᠠᠵᠤ᠂ ᠢᠯᠵᠠᠷᠠᠯ ᠤᠨ ᠦᠵᠡᠭᠳᠡᠯ ᠭᠠᠷᠬᠤ ᠠᠴᠠ ᠰᠡᠷᠭᠡᠶᠢᠯᠡᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ ᠬᠠᠮᠠᠭᠠᠯᠠᠨ᠂ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠠᠯᠳᠠᠰᠢ ᠶᠢ ᠠᠭᠤᠴᠢᠯᠠᠵᠤ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠂ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠨᠦᠭᠦᠴᠡᠯ | ᠳᠣᠣᠷ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠭᠠᠷᠤᠭᠰᠠᠨ ᠠᠵᠢᠯ ᠤᠨ ᠣᠰᠣᠯ ᠠᠯᠳᠠᠰᠢ ᠪᠤᠶᠤ | ᠬᠠᠭᠤᠳᠠᠮ ᠴᠠᠯᠠᠭᠠᠢ ᠦᠵᠡᠭᠳᠡᠯ ᠳᠤ ᠠᠯᠳᠠᠰᠢ ᠶᠢ ᠨᠢ ᠵᠠᠯᠠᠷᠠᠭᠤᠯᠬᠤ᠂ ᠠᠯᠳᠠᠰᠢ ᠶᠢ ᠨᠢ ᠠᠭᠤᠴᠢᠯᠠᠨ ᠪᠠᠭᠲᠠᠭᠠᠬᠤ ᠶᠢ ᠵᠥᠪᠰᠢᠶᠡᠷᠡᠨ᠂ ᠰᠢᠨ᠎ᠡ ᠶᠢ ᠡᠭᠦᠳᠬᠦ ᠶᠢ | ᠵᠣᠷᠢᠭᠵᠢᠭᠤᠯᠤᠨ ᠳᠡᠮᠵᠢᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠬᠡᠯᠡᠬᠦ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠬᠥᠬᠡᠬᠤᠲᠠ᠂ ᠬᠥᠯᠥᠨ ᠪᠤᠶᠢᠷ ᠬᠤᠲᠠ᠂ ᠪᠠᠶᠠᠨᠨᠠᠭᠤᠷ ᠬᠤᠲᠠ ᠨᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠡᠭᠡᠭᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠢᠵᠢ ᠪᠦᠷᠢᠳᠦᠭᠦᠯᠦᠭᠰᠡᠨ ᠠᠷᠭ᠎ᠠ ᠪᠠᠷᠢᠯ ᠢ ᠲᠤᠬᠠᠢ ᠶᠢᠨ ᠭᠠᠵᠠᠷ ᠲᠤ ᠪᠠᠨ ᠲᠣᠬᠢᠷᠠᠭᠤᠯᠤᠨ ᠲᠦᠷᠭᠡᠪᠴᠢᠯᠡᠨ ᠨᠡᠶᠢᠲᠡᠯᠡᠵᠦ᠂ ᠲᠥᠷᠥ ᠶᠢᠨ | ᠪᠣᠳᠣᠯᠭ᠎ᠠ ᠶᠢᠨ ᠵᠣᠬᠢᠴᠠᠭᠤᠯᠬᠤ ᠨᠥᠯᠥᠭᠡᠯᠡᠯ ᠢ ᠴᠢᠩᠭᠠᠷᠠᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠬᠢᠷᠢ | ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ | 2024 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠤᠨ ᠤ 1 ᠳ᠋ᠦ᠋ᠭᠡᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ |