ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ︾ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠡᠶᠢᠳᠠᠪᠤᠷᠢᠵᠢᠭᠤᠯᠲᠤᠭᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ | ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ | ︽ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥ᠋ᠷᠥ ᠠᠯᠪᠠᠨ ᠲᠠᠷᠬᠠᠭᠠᠭᠰᠠᠨ ﹇2022﹈ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠡᠶᠢᠳᠠᠪᠤᠷᠢᠵᠢᠭᠤᠯᠵᠤ ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ | ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠨᠡᠩ ᠥᠨᠳᠥᠷ ᠪᠠᠷᠢᠮᠵᠢᠶ᠎ᠠ ᠪᠠᠷ ᠭᠦᠨᠵᠡᠭᠡᠢ ᠰᠠᠶᠢᠲᠤᠷ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠭᠤᠣᠯ ᠬᠠᠷᠠᠯᠲᠠ | 2023 ᠣᠨ ᠪᠣᠯᠬᠤ ᠳᠤ᠂ ᠪᠥᠬᠦ ᠣᠷᠣᠨ ᠤ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠬᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ | ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠯ᠂ ᠬᠡᠷᠡᠭᠯᠡᠯᠲᠡ᠂ ᠭᠠᠳᠠᠭᠰᠢᠯᠠᠭᠤᠯᠤᠯᠲᠠ ᠶᠢᠨ ᠪᠠᠶᠢᠳᠠᠯ ᠢ | ᠦᠨᠳᠦᠰᠦᠨ ᠳᠤ ᠪᠠᠨ ᠣᠶᠢᠯᠠᠭᠠᠨ ᠲᠣᠳᠣᠯᠠᠵᠤ᠂ ᠬᠠᠮᠢᠶᠠᠷᠤᠨ ᠡᠵᠡᠮᠳᠡᠬᠦ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ᠂ | ᠭᠤᠣᠯᠳᠠᠯᠭ᠎ᠠ ᠲᠠᠢ ᠠᠵᠤ ᠠᠬᠤᠢᠢᠯᠠᠯ ᠢ ᠲᠣᠳᠣᠷᠬᠠᠢ ᠲᠣᠭᠲᠠᠭᠠᠨ᠎ᠠ᠃ 2025 ᠣᠨ ᠪᠣᠯᠬᠤ ᠳᠤ᠂ ᠠᠩᠬᠠᠷᠤᠯ ᠳᠤ ᠶᠡᠬᠡᠳᠡ ᠬᠥᠷᠥᠭᠰᠡᠨ᠂ ᠦᠢᠯᠡᠳᠪᠦᠷᠢᠯᠡᠬᠦ ︵ | ᠬᠡᠷᠡᠭᠯᠡᠭᠡ︶ ᠬᠡᠮᠵᠢᠶ᠎ᠡ ᠶᠡᠬᠡᠲᠡᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠰᠢᠭᠰᠢᠨ ᠪᠠᠶᠢᠴᠠᠭᠠᠯᠲᠠ ᠵᠢᠴᠢ ᠨᠢᠭᠡ ᠪᠦᠯᠦᠭ ᠬᠢᠮᠢ ᠶᠢᠨ | ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠰᠢᠨ᠎ᠡ | ᠪᠣᠬᠢᠷᠲᠤᠯ ᠪᠣᠳᠠᠰ ᠢ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠰᠠᠭᠤᠷᠢ ᠴᠢᠳᠠᠪᠤᠷᠢ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠪᠣᠬᠢᠷᠲᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂ ᠦᠨᠡᠯᠡᠨ | ᠵᠢᠱᠢᠬᠦ᠂ ᠬᠠᠮᠢᠶᠠᠷᠤᠨ ᠡᠵᠡᠮᠳᠡᠬᠦ᠂ ᠵᠠᠰᠠᠯᠲᠠ ᠬᠢᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ᠂ ᠠᠵᠢᠯᠯᠠᠬᠤ ᠠᠷᠭ᠎ᠠ ᠠᠪᠴᠠᠯ | ︵ᠨᠢᠭᠡ︶ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠯᠲᠠ ᠬᠢᠨᠠᠨ ᠬᠡᠮᠵᠢᠯᠲᠡ ᠪᠠ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠠ ᠶᠢ | ᠥᠷᠨᠢᠭᠦᠯᠦᠨ᠎ᠡ᠃ | 1. ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠢ ᠨᠡᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠮᠡᠳᠡᠭᠡ ᠵᠠᠩᠬᠢ ᠶᠢᠨ ᠪᠠᠶᠢᠴᠠᠭᠠᠯᠲᠠ ᠶᠢ | ᠥᠷᠨᠢᠭᠦᠯᠦᠨ᠎ᠡ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠦᠨᠳᠦᠰᠦᠨ ᠮᠡᠳᠡᠭᠡ ᠵᠠᠩᠬᠢ ᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ᠂ | ᠭᠤᠣᠯᠳᠠᠯᠭ᠎ᠠ ᠲᠠᠢ ᠠᠵᠢᠯ ᠲᠥᠷᠥᠯ ᠳᠠᠬᠢ ᠭᠤᠣᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠬᠡᠷᠡᠭᠯᠡᠭᠡᠨ ᠤ ᠲᠥᠷᠥᠯ ᠵᠦᠢᠯ᠂ ᠲᠤᠭ᠎ᠠ ᠬᠡᠮᠵᠢᠶ᠎ᠡ᠂ | ᠬᠡᠷᠡᠭᠴᠡᠭᠡ ᠵᠡᠷᠭᠡ ᠮᠡᠳᠡᠭᠡ ᠵᠠᠩᠬᠢ ᠶᠢᠨ ᠪᠠᠶᠢᠴᠠᠭᠠᠯᠲᠠ ᠶᠢ ᠱᠠᠲᠤ ᠬᠤᠪᠢᠶᠠᠨ ᠥᠷᠨᠢᠭᠦᠯᠦᠨ᠎ᠡ᠃ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠦᠨᠳᠦᠰᠦᠯᠡᠨ᠂ | ᠤᠯᠤᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠳᠤ ᠵᠢᠭᠰᠠᠭᠠᠭᠳᠠᠭᠰᠠᠨ ᠬᠢᠮᠢ ᠶᠢᠨ ᠪᠣᠳᠠᠰ ᠲᠤ ᠬᠤᠯᠪᠣᠭᠳᠠᠯ | ᠪᠦᠬᠦᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠲᠤᠭ᠎ᠠ ᠬᠡᠮᠵᠢᠶ᠎ᠡ ᠵᠢᠴᠢ ᠠᠷᠭ᠎ᠠ ᠵᠠᠮ᠂ | ᠬᠤᠣᠷ ᠬᠥᠨᠥᠭᠡᠯ ᠤᠨ ᠣᠨᠴᠠᠭᠠᠢ ᠰᠢᠨᠵᠢ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠢᠢᠯᠠᠯ ᠤᠨ ᠲᠠᠷᠬᠠᠯᠲᠠ ᠶᠢᠨ ᠪᠠᠶᠢᠳᠠᠯ ᠵᠡᠷᠭᠡ ᠨᠠᠷᠢᠨ ᠲᠣᠳᠣᠷᠬᠠᠢ | ᠮᠡᠳᠡᠭᠡ ᠵᠠᠩᠬᠢ ᠶᠢᠨ ᠪᠠᠶᠢᠴᠠᠭᠠᠯᠲᠠ ᠶᠢ ᠤᠯᠠᠮ ᠨᠢᠭᠡ ᠠᠯᠬᠤᠮ ᠥᠷᠨᠢᠭᠦᠯᠦᠨ᠎ᠡ᠃ 2023 ᠣᠨ ᠤ ᠡᠴᠦᠰ ᠠᠴᠠ ᠡᠮᠦᠨ᠎ᠡ᠂ ᠬᠢᠮᠢ ᠶᠢᠨ ᠪᠣᠳᠠᠰ ᠤᠨ ᠦᠨᠳᠦᠰᠦᠨ | ᠮᠡᠳᠡᠭᠡ ᠵᠠᠩᠬᠢ ᠶᠢᠨ ᠲᠡᠷᠢᠭᠦᠨ ᠡᠭᠡᠯᠵᠢ ᠶᠢᠨ ᠪᠠᠶᠢᠴᠠᠭᠠᠯᠲᠠ ᠶᠢ ᠪᠡᠶᠡᠯᠡᠭᠦᠯᠦᠨ᠎ᠡ︔ ᠠᠮᠢ ᠠᠬᠤᠢ ᠣᠷᠴᠢᠨ ᠲᠣᠭᠤᠷᠢᠨ ᠤ ᠶᠠᠮᠤᠨ᠂ ᠤᠯᠤᠰ ᠤᠨ ᠡᠪᠡᠳᠴᠢᠨ ᠡᠮᠬᠡᠭ ᠢ | ᠰᠡᠷᠭᠡᠶᠢᠯᠡᠨ ᠡᠵᠡᠮᠳᠡᠬᠦ ᠲᠣᠪᠴᠢᠶᠠᠨ ᠤ ᠳᠠᠷᠤᠮᠠᠯᠯᠠᠨ ᠲᠠᠷᠬᠠᠭᠠᠭᠰᠠᠨ ︽ᠨᠢᠭᠡᠳᠦᠭᠡᠷ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ | ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ︾ ᠳᠤ ᠵᠢᠭᠰᠠᠭᠠᠭᠳᠠᠭᠰᠠᠨ 20 ᠵᠦᠢᠯ ᠤᠨ ᠬᠢᠮᠢ ᠶᠢᠨ ᠪᠣᠳᠠᠰ ᠲᠤ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ | ᠶᠣᠰᠣᠭᠠᠷ ᠨᠠᠷᠢᠨ ᠲᠣᠳᠣᠷᠬᠠᠢ ᠮᠡᠳᠡᠭᠡ ᠵᠠᠩᠬᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ ᠳᠠᠬᠢ ᠬᠤᠣᠷ | ᠬᠥᠨᠥᠭᠡᠯ ᠲᠠᠢ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠬᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠲᠢᠩᠬᠢᠮ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ | ᠨᠠᠶᠢᠳᠠᠪᠤᠷᠢᠵᠢᠭᠤᠯᠤᠨ᠎ᠠ᠃ ᠳᠣᠷᠣᠭᠰᠢ ᠪᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ | ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠨ ᠵᠢᠭᠰᠠᠭᠠᠬᠤ ᠦᠭᠡᠢ︶ | 2. ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢ | ᠥᠷᠨᠢᠭᠦᠯᠦᠨ᠎ᠡ᠃ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠥᠰᠥᠯ ᠢ ᠨᠡᠶᠢᠷᠠᠭᠤᠯᠤᠨ | ᠵᠣᠬᠢᠶᠠᠵᠤ᠂ ᠣᠳᠣ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠬᠦ ᠲᠣᠣᠷ ᠰᠦᠯᠵᠢᠶ᠎ᠡ ᠶᠢ ᠭᠦᠢᠴᠡᠳ ᠠᠰᠢᠬᠯᠠᠵᠤ᠂ ᠬᠠᠳᠤᠨ ᠭᠤᠣᠯ ᠤᠨ ᠰᠠᠪᠠ | ᠭᠠᠵᠠᠷ᠂ ︽ᠬᠦᠯᠦᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ | ᠨᠡᠶᠢᠲᠡᠯᠢᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ | ᠭᠤᠣᠯᠳᠠᠯᠭ᠎ᠠ ᠲᠠᠢ ᠠᠵᠢᠯ ᠲᠥᠷᠥᠯ᠂ ᠪᠤᠵᠠᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠲᠠᠭᠠᠬᠤ᠂ ᠠᠶᠤᠯ ᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠨ | ᠠᠰᠢᠬᠯᠠᠬᠤ ᠵᠡᠷᠭᠡ ᠭᠤᠣᠯᠳᠠᠯᠭ᠎ᠠ ᠲᠠᠢ ᠠᠵᠤ ᠠᠬᠤᠢᠢᠯᠠᠯ ᠳᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ | ᠲᠤᠷᠰᠢᠯᠲᠠ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠠᠯᠬᠤᠮ | ᠠᠯᠬᠤᠮ ᠢᠶᠠᠷ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | 3. ᠭᠤᠣᠯᠳᠠᠯᠭ᠎ᠠ ᠲᠠᠢ ᠬᠢᠮᠢ ᠶᠢᠨ ᠪᠣᠳᠠᠰ ᠲᠤ ᠴᠢᠭᠯᠡᠭᠦᠯᠦᠨ᠂ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠡᠷᠡᠭᠵᠢᠭᠦᠯᠦᠨ᠎ᠡ᠃ | ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠶᠣᠰᠣᠭᠠᠷ᠂ ᠪᠥᠬᠦ ᠣᠷᠣᠨ ᠤ ᠠᠵᠤ | ᠦᠢᠯᠡᠰ ᠤᠨ ᠪᠦᠲᠦᠴᠡ ᠶᠢᠨ ᠣᠨᠴᠠᠯᠢᠭ ᠲᠠᠢ ᠤᠶᠠᠯᠳᠤᠭᠤᠯᠤᠨ᠂ ᠠᠩᠬᠠᠷᠤᠯ ᠳᠤ ᠶᠡᠬᠡᠳᠡ ᠬᠥᠷᠥᠭᠰᠡᠨ᠂ ᠦᠢᠯᠡᠳᠪᠦᠷᠢᠯᠡᠬᠦ ︵ᠬᠡᠷᠡᠭᠯᠡᠭᠡ︶ ᠬᠡᠮᠵᠢᠶ᠎ᠡ ᠶᠡᠬᠡᠲᠡᠢ᠂ | ᠣᠷᠴᠢᠨ ᠲᠣᠭᠤᠷᠢᠨ ᠤ ᠪᠠᠶᠢᠴᠠᠭᠠᠨ ᠭᠠᠷᠭᠠᠬᠤ ᠲᠣᠬᠢᠶᠠᠯᠳᠤᠮᠵᠢ ᠥᠨᠳᠥᠷ᠂ ᠲᠠᠷᠠᠬᠠᠢ ᠮᠠᠶ᠋ᠢᠭ ᠤᠨ ᠬᠡᠷᠡᠭᠴᠡᠭᠡ ᠲᠠᠢ ᠬᠢᠮᠢ ᠶᠢᠨ ᠪᠣᠳᠠᠰ ᠢᠶᠠᠷ ᠭᠤᠣᠯᠳᠠᠯᠭ᠎ᠠ ᠪᠣᠯᠭᠠᠵᠤ᠂ | ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠲᠤᠷᠰᠢᠯᠲᠠ ᠪᠠ ᠲᠦᠭᠰᠢᠭᠦᠷᠢ ᠶᠢᠨ ᠰᠢᠭᠰᠢᠨ ᠪᠠᠶᠢᠴᠠᠭᠠᠯᠲᠠ ᠶᠢ ᠥᠷᠨᠢᠭᠦᠯᠵᠦ᠂ ᠪᠥᠬᠦ | ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠤᠬᠢᠷᠠᠭᠤᠯᠬᠤ᠂ ᠣᠷᠴᠢᠨ ᠲᠣᠭᠤᠷᠢᠨ ᠤ | ᠲᠦᠭᠰᠢᠭᠦᠷᠢ ᠪᠠᠷ ᠨᠡᠯᠢᠶᠡᠳ ᠶᠡᠭᠡ ᠬᠤᠣᠷ ᠬᠥᠨᠥᠭᠡᠯᠳᠦ ᠬᠢᠮᠢ ᠶᠢᠨ ᠪᠣᠳᠠᠰ ᠢ ᠦᠨᠡᠯᠡᠨ ᠵᠢᠱᠢᠵᠦ ᠢᠯᠭᠠᠨ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 4. ᠰᠢᠨ᠎ᠡ ᠪᠣᠬᠢᠷᠲᠤᠯ ᠪᠣᠳᠠᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠡᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ | ᠨᠥᠬᠦᠪᠦᠷᠢ ᠲᠣᠳᠣᠷᠬᠠᠢ ᠬᠠᠭᠤᠳᠠᠰᠤ ᠶᠢ ᠲᠣᠭᠲᠠᠭᠠᠨ᠎ᠠ᠃ ᠤᠷᠢᠳ ᠢᠶᠠᠷ ᠡᠵᠡᠮᠳᠡᠵᠦ ᠪᠦᠬᠦᠢ ᠬᠢᠮᠢ ᠶᠢᠨ ᠪᠣᠳᠠᠰ ᠵᠢᠴᠢ ᠨᠢᠶᠠᠨ ᠳᠠᠷᠤᠭᠴᠢ᠂ ᠪᠢᠴᠢᠯ ᠰᠦᠯᠢᠶᠣᠣ | ᠵᠡᠷᠭᠡ ᠭᠤᠣᠯᠳᠠᠯᠭ᠎ᠠ ᠲᠠᠢ ᠰᠢᠨ᠎ᠡ ᠪᠣᠬᠢᠷᠲᠤᠯ ᠪᠣᠳᠠᠰ ᠲᠠᠬᠢ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ︽ᠨᠢᠭᠡ ᠪᠣᠳᠠᠰ ᠲᠤ ᠨᠢᠭᠡ | ᠠᠷᠭ᠎ᠠ ᠪᠣᠳᠣᠯᠭ᠎ᠠ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠡᠶᠢᠳᠠᠪᠤᠷᠢᠵᠢᠭᠤᠯᠤᠨ᠎ᠠ᠃ ᠤᠯᠤᠰ ᠠᠴᠠ ᠨᠡᠶᠢᠲᠡᠯᠡᠭᠰᠡᠨ ︽ᠭᠤᠣᠯᠳᠠᠯᠭ᠎ᠠ ᠲᠠᠢ ᠬᠠᠮᠢᠶᠠᠷᠤᠨ | ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ ᠬᠠᠭᠤᠳᠠᠰᠤ︾ ᠶᠢ ᠴᠢᠩᠭ᠎ᠠ ᠨᠡᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠲᠣᠳᠣᠷᠬᠠᠢ | ᠬᠠᠭᠤᠳᠠᠰᠤᠨ ᠳᠤ ᠵᠢᠭᠰᠠᠭᠠᠭᠳᠠᠭᠰᠠᠨ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠵᠡᠷᠭᠡ ᠣᠷᠴᠢᠨ | ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠬᠢ ᠶᠢᠨ | ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠪᠥᠬᠦ ᠣᠷᠣᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠨᠥᠬᠦᠪᠦᠷᠢ ᠲᠣᠳᠣᠷᠬᠠᠢ | ᠬᠠᠭᠤᠳᠠᠰᠤ ᠪᠣᠯᠣᠨ ᠬᠠᠮᠢᠶᠠᠷᠤᠨ ᠡᠵᠡᠮᠳᠡᠬᠦ ᠲᠥᠰᠥᠯ ᠢ ᠬᠥᠳᠡᠯᠦᠩᠭᠦᠢ ᠪᠠᠷ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ | ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ ᠡᠭᠦᠰᠬᠦ ᠶᠢ ᠰᠡᠷᠡᠮᠵᠢᠯᠡᠨ ᠰᠡᠷᠭᠡᠶᠢᠯᠡᠨ᠎ᠡ᠃ | 1. ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠭᠡᠨ ᠳᠠᠩᠰᠠᠯᠠᠬᠤ ᠳᠦᠷᠢᠮ ᠢ ᠨᠡᠶᠢᠳᠠᠪᠤᠷᠢᠵᠢᠭᠤᠯᠤᠨ᠎ᠠ᠃ ︽ | ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠭᠡᠨ ᠳᠠᠩᠰᠠᠯᠠᠬᠤ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠶᠢᠨ | ᠪᠣᠳᠠᠰ ᠢ ᠰᠤᠳᠤᠯᠬᠤ᠂ ᠦᠢᠯᠡᠳᠪᠦᠷᠢᠯᠡᠬᠦ᠂ ᠭᠠᠳᠠᠭᠠᠳᠤ ᠠᠴᠠ ᠣᠷᠣᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠠᠵᠤ ᠠᠬᠤᠢᠢᠯᠠᠯ ᠠᠵᠢᠯ ᠦᠢᠯᠡᠰ ᠤᠨ | ᠨᠢᠭᠡᠴᠢ ᠶᠢ ᠰᠢᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠭᠡᠨ | ᠳᠠᠩᠰᠠᠯᠠᠯᠲᠠ ᠶᠢ ᠥᠷᠨᠢᠭᠦᠯᠵᠤ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠡᠶᠢᠳᠠᠪᠤᠷᠢᠵᠢᠭᠤᠯᠤᠨ᠎ᠠ᠃ ︽ᠬᠤᠶᠠᠷ ᠢ ᠰᠤᠭᠤᠴᠢᠨ᠂ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ᠂ ᠰᠢᠨ᠎ᠡ ᠬᠢᠮᠢ ᠶᠢᠨ ᠪᠣᠳᠠᠰ ᠤᠨ | ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠥᠯᠢ ᠬᠡᠷᠡᠭᠵᠢᠭᠦᠯᠬᠦ ᠣᠨ ᠤ ᠠᠵᠢᠯ ᠤᠨ ᠲᠥᠯᠥᠪᠯᠡᠭᠡ ᠳᠤ ᠣᠷᠣᠭᠤᠯᠤᠨ᠂ | ᠰᠢᠨ᠎ᠡ ᠬᠢᠮᠢ ᠶᠢᠨ ᠪᠣᠳᠠᠰ ᠤᠨ ᠦᠢᠯᠡᠳᠪᠦᠷᠢᠯᠡᠭᠴᠢ᠂ ᠭᠠᠳᠠᠭᠠᠳᠤ ᠠᠴᠠ ᠣᠷᠣᠭᠤᠯᠤᠭᠴᠢ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠭᠴᠢᠳ ᠲᠤ ᠬᠢᠨᠠᠯᠲᠠ | ᠲᠠᠯᠪᠢᠵᠤ ᠬᠠᠥᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠢᠮᠢ ᠶᠢᠨ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠥᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ | ᠬᠠᠷᠢᠭᠤᠴᠠᠨ᠎ᠠ︶ | 2. ᠰᠢᠭᠰᠢᠨ ᠬᠢᠵᠠᠭᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠶᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠤᠨ᠎ᠠ᠃ | ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠨᠡᠶᠢᠳᠠᠪᠤᠷᠢᠵᠢᠭᠤᠯᠵᠤ᠂ ︽ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ︾ ᠲᠤ ᠣᠷᠣᠭᠤᠯᠤᠭᠰᠠᠨ ᠰᠢᠭᠰᠢᠭᠳᠡᠭᠦᠯᠬᠦ ᠲᠥᠷᠥᠯ ᠤᠨ ᠠᠵᠤ ᠦᠢᠯᠡᠳᠪᠦᠷᠢ ᠶᠢᠨ ᠬᠢᠮᠢ ᠶᠢᠨ ᠪᠣᠳᠠᠰ᠂ ᠲᠠᠷᠢᠶᠠᠨ | ᠡᠮ᠂ ᠮᠠᠯ ᠤᠨ ᠡᠮ᠂ ᠵᠠᠰᠠᠯ ᠴᠢᠮᠡᠭᠯᠡᠯ ᠤᠨ ᠡᠳ᠋ ᠵᠡᠷᠭᠡ ᠶᠢ ᠪᠣᠯ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢ ᠴᠠᠭ ᠲᠤᠬᠠᠢ ᠳᠤ ᠨᠢ ᠰᠢᠮᠳᠠᠭᠤᠯᠤᠨ | ᠬᠦᠴᠦᠲᠡᠢ ᠠᠷᠭ᠎ᠠ ᠬᠡᠮᠵᠢᠶ᠎ᠡ ᠠᠪᠴᠤ ᠬᠤᠭᠤᠴᠠᠭ᠎ᠠ ᠬᠢᠵᠠᠭᠠᠷᠯᠠᠨ ᠰᠢᠭᠰᠢᠭᠳᠡᠭᠦᠯᠦᠨ᠎ᠡ᠂ ᠬᠤᠭᠤᠴᠠᠭ᠎ᠠ ᠶᠣᠰᠣᠭᠠᠷ ᠰᠢᠭᠰᠢᠭᠳᠡᠭᠦᠯᠦᠭᠰᠡᠨ ᠦᠭᠡᠢ ᠪᠣᠯ᠂ ᠲᠡᠭᠦᠨ ᠤ | ᠦᠢᠯᠡᠳᠭᠦᠨ ᠤ ᠪᠦᠷᠢᠳᠭᠡᠨ ᠳᠠᠩᠰᠠᠯᠠᠯᠲᠠ ᠪᠤᠶᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠬᠠᠷᠭᠤᠭᠤᠯᠤᠨ ᠲᠠᠷᠬᠠᠭᠠᠬᠤ ᠪᠠᠨ ᠬᠠᠥᠯᠢ ᠶᠣᠰᠣᠭᠠᠷ | ᠵᠣᠭᠰᠣᠭᠠᠨ᠎ᠠ᠃ ᠣᠷᠴᠢᠨ ᠲᠣᠭᠤᠷᠢᠨ ᠤ ᠨᠥᠯᠥᠭᠡᠯᠡᠯ ᠳᠤ ᠦᠨᠡᠯᠡᠯᠲᠡ ᠬᠢᠬᠦ ᠬᠠᠮᠢᠶᠠᠷᠤᠯᠲᠠ ᠪᠠᠨ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠᠨ ᠴᠢᠩᠳᠡᠯᠡᠨᠡ᠃ ᠭᠠᠳᠠᠭᠠᠳᠤ ᠠᠴᠠ ᠣᠷᠣᠭᠤᠯᠬᠤ ︵ | ᠭᠠᠳᠠᠭᠠᠳᠤ ᠳᠤ ᠭᠠᠷᠭᠠᠬᠤ︶ ᠶᠢ ᠴᠠᠭᠠᠵᠠᠯᠠᠬᠤ ᠡᠳ᠋ ᠪᠠᠷᠠᠭ᠎ᠠ ᠶᠢᠨ ᠭᠠᠷᠴᠠᠭ ᠪᠣᠯᠣᠨ ︽ᠳᠤᠮᠳᠠᠳᠤ ᠤᠯᠤᠰ ᠤᠨ ᠴᠢᠩᠭ᠎ᠠ ᠬᠢᠵᠠᠭᠠᠷᠯᠠᠵᠤ ᠪᠠᠶᠢᠭ᠎ᠠ ᠬᠤᠣᠷ ᠲᠠᠢ | ᠬᠢᠮᠢ ᠶᠢᠨ ᠪᠣᠳᠠᠰ ᠤᠨ ᠨᠡᠷ᠎ᠡ ᠶᠢᠨ ᠵᠢᠭᠰᠠᠭᠠᠯᠲᠠ ︾ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ᠃ ᠨᠢᠭᠡᠨᠲᠡ ᠰᠢᠭᠰᠢᠭᠳᠡᠭᠦᠯᠦᠭᠰᠡᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ | ᠵᠡᠷᠭᠡ ᠰᠢᠨ᠎ᠡ ᠪᠣᠬᠢᠷᠲᠤᠯ ᠪᠣᠳᠠᠰ ᠢ ᠬᠠᠥᠯᠢ ᠪᠤᠰᠤ ᠪᠠᠷ ᠦᠢᠯᠡᠳᠪᠦᠷᠢᠯᠡᠬᠦ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠳᠤ ᠴᠢᠩᠭ᠎ᠠ ᠴᠣᠬᠢᠯᠲᠠ ᠥᠭᠴᠦ᠂ | ᠰᠢᠨ᠎ᠡ ᠪᠠᠷ ᠵᠢᠭᠰᠠᠭᠠᠭᠳᠠᠭᠰᠠᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠡᠶᠢᠳᠠᠪᠤᠷᠢᠵᠢᠭᠤᠯᠤᠨ᠎ᠠ᠃ ᠨᠠᠭᠠᠳᠤᠮ ᠤᠨ ᠵᠦᠢᠯ᠂ ᠰᠣᠷᠣᠭᠴᠢ ᠶᠢᠨ ᠬᠡᠷᠡᠭᠰᠡᠯ ᠵᠡᠷᠭᠡ ᠬᠠᠮᠢᠶ᠎ᠠ ᠪᠦᠬᠦᠢ ᠦᠢᠯᠡᠳᠭᠦᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ | ᠰᠢᠨ᠎ᠡ ᠪᠣᠬᠢᠷᠲᠤᠯ ᠪᠣᠳᠠᠰ ᠤᠨ ᠠᠭᠤᠯᠤᠭᠳᠠᠴᠠ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷ ᠲᠠᠢ ᠤᠯᠤᠰ ᠤᠨ ᠪᠠᠷᠢᠮᠵᠢᠶ᠎ᠠ ᠶᠢ ᠨᠡᠶᠢᠳᠠᠪᠤᠷᠢᠵᠢᠭᠤᠯᠬᠤ ᠳᠤ ᠪᠥᠬᠦ | ᠲᠠᠯ᠎ᠠ ᠪᠠᠷ ᠬᠢᠨᠠᠯᠲᠠ ᠲᠠᠯᠪᠢᠵᠤ᠂ ᠦᠢᠯᠡᠳᠭᠦᠨ ᠤ ᠬᠡᠷᠡᠭᠯᠡᠭᠡᠨ ᠤ ᠶᠠᠪᠤᠴᠠ ᠳᠤ ᠪᠣᠢ ᠪᠣᠯᠭᠠᠭᠰᠠᠨ ᠰᠢᠨ᠎ᠡ ᠪᠣᠬᠢᠷᠲᠤᠯ ᠪᠣᠳᠠᠰ ᠢ ᠣᠷᠴᠢᠨ ᠲᠣᠭᠤᠷᠢᠨ ᠳᠤ | ᠭᠠᠳᠠᠭᠰᠢᠯᠠᠭᠤᠯᠬᠤ ᠪᠠᠨ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠠᠮᠢ ᠠᠬᠤᠢ | ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ | ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠶᠠᠪᠤᠴᠠ ᠶᠢᠨ ᠡᠵᠡᠮᠰᠢᠯ ᠢ ᠴᠢᠩᠭᠠᠷᠠᠭᠤᠯᠵᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ | 1. ᠴᠡᠪᠡᠷ ᠦᠢᠯᠡᠳᠪᠦᠷᠢᠯᠡᠯ ᠢ ᠴᠢᠩᠭᠠᠳᠬᠠᠵᠤ᠂ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠵᠦ ᠦᠢᠯᠡᠳᠪᠦᠷᠢᠯᠡᠬᠦ ᠪᠤᠶᠤ ᠦᠢᠯᠡᠳᠪᠦᠷᠢᠯᠡᠬᠦ ᠶᠠᠪᠤᠴᠠ ᠳᠤ ᠬᠤᠣᠷ ᠬᠥᠨᠥᠭᠡᠯ ᠲᠠᠢ ᠬᠢᠮᠢ ᠶᠢᠨ ᠪᠣᠳᠠᠰ | ᠭᠠᠳᠠᠭᠰᠢᠯᠠᠭᠤᠯᠬᠤ ᠠᠵᠤ ᠠᠬᠤᠢᠢᠯᠠᠯ ᠳᠤ ᠴᠡᠪᠡᠷ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠬᠢᠨᠠᠨ ᠬᠠᠷᠭᠤᠭᠤᠯᠤᠯᠲᠠ ᠶᠢ ᠬᠠᠥᠯᠢ ᠶᠣᠰᠣᠭᠠᠷ | ᠬᠡᠷᠡᠭᠵᠢᠭᠦᠯᠵᠦ᠂ ᠠᠵᠤ ᠠᠬᠤᠢᠢᠯᠠᠯ ᠢ ᠰᠢᠮᠳᠠᠭᠤᠯᠤᠨ ᠲᠦᠭᠦᠬᠡᠢ ᠲᠤᠰᠠᠯᠠᠬᠤ ᠮᠠᠲ᠋ᠧᠷᠢᠶᠠᠯ ᠢ ᠬᠥᠨᠥᠭᠡᠯ ᠦᠭᠡᠢ ᠪᠠᠷ ᠣᠷᠣᠯᠠᠭᠤᠯᠬᠤ᠂ ᠦᠢᠯᠡᠳᠪᠦᠷᠢᠯᠡᠬᠦ ᠤᠷ᠎ᠠ | ᠮᠡᠷᠭᠡᠰᠢᠯ ᠢ ᠬᠥᠨᠥᠭᠡᠯ ᠦᠭᠡᠢ ᠪᠣᠯᠭᠠᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠬᠡᠷᠡᠭᠵᠢᠭᠦᠯᠤᠨ᠂ ᠴᠡᠪᠡᠷ ᠦᠢᠯᠡᠳᠪᠦᠷᠢᠯᠡᠯ ᠤᠨ ᠥᠭᠡᠷᠡᠴᠢᠯᠡᠨ ᠰᠢᠨᠡᠳᠬᠡᠬᠦ ᠶᠢ | ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠠᠬᠤᠢᠢᠯᠠᠯ ᠨᠢ ᠬᠤᠣᠷ ᠬᠥᠨᠥᠭᠡᠯ ᠲᠠᠢ ᠲᠦᠭᠦᠬᠡᠢ ᠲᠤᠰᠠᠯᠠᠬᠤ ᠮᠠᠲ᠋ᠧᠷᠢᠶᠠᠯ ᠬᠡᠷᠡᠭᠯᠡᠵᠦ ᠪᠠᠶᠢᠭ᠎ᠠ ᠪᠠᠶᠢᠳᠠᠯ ᠵᠢᠴᠢ | ᠭᠠᠳᠠᠭᠰᠢᠯᠠᠭᠤᠯᠵᠤ ᠪᠠᠶᠢᠭ᠎ᠠ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠨᠡᠷᠡᠶᠢᠳᠦᠯ᠂ ᠥᠳᠭᠡᠴᠡ ᠪᠣᠯᠣᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ | ᠵᠠᠩᠬᠢ ᠶᠢ ᠣᠯᠠᠨ ᠨᠡᠶᠢᠲᠡ ᠶᠢᠨ ᠣᠶᠢᠯᠠᠭᠠᠵᠤ ᠮᠡᠳᠡᠬᠦ ᠳᠤ ᠬᠢᠯᠪᠠᠷᠬᠠᠨ ᠠᠷᠭ᠎ᠠ ᠬᠡᠯᠪᠡᠷᠢ ᠪᠠᠷ ᠨᠡᠶᠢᠲᠡᠯᠡᠬᠦ ᠬᠡᠷᠡᠭᠲᠡᠢ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ | ᠣᠷᠣᠯᠠᠭᠤᠯᠬᠤ ᠪᠠ ᠭᠠᠳᠠᠭᠰᠢᠯᠠᠭᠤᠯᠬᠤ ᠡᠵᠡᠮᠰᠢᠯ ᠤᠨ ᠱᠠᠭᠠᠷᠳᠠᠯᠭ᠎ᠠ ᠶᠢ ᠪᠣᠬᠢᠷᠲᠤᠯ ᠦᠭᠡᠢ ᠦᠢᠯᠡᠳᠭᠦᠨ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ | ᠦᠭᠡᠢ ᠠᠵᠤ ᠦᠢᠯᠡᠳᠪᠦᠷᠢ ᠪᠣᠯᠣᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠵᠡᠷᠭᠡ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠶᠢᠨ ᠲᠣᠭᠲᠠᠯᠴᠠᠭ᠎ᠠ ᠳᠤ | ᠣᠷᠣᠭᠤᠯᠬᠤ ᠵᠡᠷᠭᠡ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠡᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠨᠢᠶᠠᠨ ᠳᠠᠷᠤᠭᠴᠢ ᠶᠢᠨ ᠲᠥᠷᠥᠯ ᠤᠨ ᠡᠮ ᠤᠨ ᠵᠦᠢᠯ ᠢ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ | ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ ᠢ ᠡᠮᠴᠢᠯᠡᠭᠡᠨ ᠳᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ | ᠵᠣᠷ ᠢᠶᠠᠷ ᠢᠶᠠᠨ ᠵᠣᠷ ᠤᠨ ᠡᠮ ᠤᠨ ᠲᠥᠷᠥᠯ ᠤᠨ ᠪᠠᠺᠲ᠋ᠧᠷᠢ ᠳᠠᠷᠤᠬᠤ ᠡᠮ ᠢ ᠪᠣᠷᠣᠯᠠᠭᠤᠯᠬᠤ ᠱᠠᠭᠠᠷᠳᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠤᠨ᠎ᠠ᠃ ᠮᠠᠯ ᠳᠤ | ᠬᠡᠷᠡᠭᠯᠡᠬᠦ ᠪᠠᠺᠲ᠋ᠧᠷᠢ ᠳᠠᠷᠤᠬᠤ ᠡᠮ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠬᠡᠷᠡᠭᠯᠡᠬᠦ ᠬᠡᠮᠵᠢᠶ᠎ᠡ ᠶᠢ | ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠵᠦ᠂ ᠮᠢᠬ᠎ᠠ ᠥᠨᠳᠡᠭᠡ ᠰᠦᠨ ᠭᠠᠷᠤᠯᠲᠠ ᠲᠠᠢ ᠭᠤᠣᠯ ᠪᠣᠯᠬᠤ ᠮᠠᠯ ᠵᠢᠭᠦᠷᠲᠡᠨ ᠤ ᠲᠥᠷᠥᠯ ᠵᠦᠢᠯ ᠢᠶᠠᠷ ᠭᠤᠣᠯᠳᠠᠯᠭ᠎ᠠ | ᠪᠣᠯᠭᠠᠵᠤ᠂ ᠮᠠᠯ ᠤᠨ ᠡᠮ ᠢ ᠬᠡᠷᠡᠭᠯᠡᠭᠰᠡᠨ ᠲᠡᠮᠳᠡᠭᠯᠡᠯ᠂ ᠮᠠᠯ ᠳᠤ ᠬᠡᠷᠡᠭᠯᠡᠬᠦ ᠵᠣᠷ ᠤᠨ ᠡᠮ ᠪᠣᠯᠣᠨ ᠮᠠᠯ ᠤᠨ ᠡᠮ ᠤᠨ ᠡᠮ ᠵᠣᠭᠰᠣᠬᠤ ᠬᠤᠭᠤᠴᠠᠭᠠᠨ ᠤ | ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠮ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠮᠢᠳᠠᠨ ᠤ | ᠠᠰᠢᠭ ᠰᠢᠮ᠎ᠡ ᠶᠢᠨ ᠨᠢᠭᠡᠴᠢ ᠭᠠᠷᠤᠯᠲᠠ ᠳᠤ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠶᠢ ᠳᠣᠷᠣᠭᠰᠢᠯᠠᠬᠤ ᠬᠠᠨᠳᠤᠰᠢ ᠲᠠᠢ ᠪᠠᠶᠢᠯᠭᠠᠬᠤ ᠶᠢ ᠪᠠᠷᠢᠮᠲᠠᠯᠠᠵᠤ | ᠂ ᠮᠠᠯ ᠵᠢᠭᠦᠷᠲᠡᠨ ᠤ ᠠᠰᠢᠭ ᠰᠢᠮ᠎ᠡ ᠳᠠᠬᠢ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠦᠯᠡᠳᠡᠭᠳᠡᠯ ᠤᠨ ᠬᠡᠮᠵᠢᠶ᠎ᠡ ᠶᠢ ᠪᠠᠭᠤᠷᠠᠭᠤᠯᠤᠨ᠎ᠠ᠃ 2025 ᠣᠨ | ᠪᠣᠯᠬᠤ ᠳᠤ᠂ 50% ᠠᠴᠠ ᠳᠡᠭᠡᠭᠰᠢᠬᠢ ᠲᠣᠭᠠᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠳᠤ ᠲᠡᠵᠢᠭᠡᠨ ᠦᠷᠡᠵᠢᠭᠦᠯᠬᠦ ᠶᠢᠨ ᠪᠠᠺᠲ᠋ᠧᠷᠢ ᠳᠠᠷᠤᠬᠤ | ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠲᠠᠷᠢᠶᠠᠨ ᠡᠮ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ | ᠡᠭᠡᠭᠦᠯᠦᠨ ᠬᠤᠷᠢᠶᠠᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠡᠮ ᠬᠡᠷᠡᠭᠯᠡᠬᠦ ᠶᠢ ᠬᠢᠵᠠᠭᠠᠷᠯᠠᠵᠤ ᠬᠥᠨᠥᠭᠡᠯ ᠢ ᠪᠠᠭᠠᠰᠬᠠᠬᠤ ᠠᠵᠢᠯᠯᠠᠭᠠᠨ ᠢ ᠦᠷᠭᠦᠯᠵᠢᠯᠡᠨ | ᠥᠷᠨᠢᠭᠦᠯᠵᠦ᠂ ᠥᠨᠳᠥᠷ ᠪᠦᠲᠦᠮᠵᠢᠲᠡᠢ ᠳᠣᠣᠷ᠎ᠠ ᠲᠦᠭᠰᠢᠭᠦᠷᠢᠲᠦ ᠲᠠᠷᠢᠶᠠᠨ ᠡᠮ ᠦᠢᠯᠡᠳᠦᠨ ᠬᠥᠭᠵᠢᠭᠦᠯᠬᠦ ᠶᠢ ᠵᠣᠷᠢᠬᠵᠢᠭᠤᠯᠵᠤ᠂ ᠥᠨᠳᠥᠷ ᠪᠦᠲᠦᠮᠵᠢᠲᠦ | ᠤᠷᠭᠤᠮᠠᠯ ᠤᠨ ᠬᠠᠮᠠᠭᠠᠯᠠᠯ ᠤᠨ ᠮᠧᠬᠠᠨᠢᠭ ᠢ ᠳᠡᠯᠭᠡᠷᠡᠭᠦᠯᠦᠨ᠂ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠶᠢ ᠪᠣᠬᠢᠷᠲᠤᠯ ᠦᠭᠡᠢ ᠪᠠᠷ ᠰᠡᠷᠭᠡᠶᠢᠯᠡᠨ | ᠡᠵᠡᠮᠳᠡᠬᠦ ᠯᠦᠭᠡ ᠠᠭᠤᠰᠤᠯᠴᠠᠭᠤᠯᠬᠤ ᠶᠢ ᠠᠬᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠵᠦ ᠡᠵᠡᠮᠳᠡᠬᠦ ᠵᠣᠬᠢᠶᠠᠨ | ᠪᠠᠶᠢᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠨ ᠡᠮ ᠬᠡᠷᠡᠭᠯᠡᠬᠦ ᠡᠷᠴᠢᠮ ᠢ ᠰᠤᠯᠠᠷᠠᠭᠤᠯᠤᠨ᠎ᠠ᠃ | ᠲᠤᠬᠠᠢ ᠶᠢᠨ ᠭᠠᠵᠠᠷ ᠲᠤ ᠨᠢ ᠲᠣᠬᠢᠷᠠᠭᠤᠯᠤᠨ ᠠᠮᠢ ᠠᠬᠤᠢ ᠪᠠᠷ ᠲᠣᠬᠢᠷᠠᠭᠤᠯᠤᠨ ᠡᠵᠡᠮᠳᠡᠬᠦ᠂ ᠡᠭᠡᠯᠢᠯᠡᠭᠡ ᠶᠢᠨ ᠪᠠᠺᠲ᠋ᠧᠷᠢ ᠳᠠᠷᠤᠬᠤ ᠶᠢ ᠥᠳᠥᠭᠡᠬᠦ᠂ ᠠᠮᠢᠳᠤ | ᠪᠣᠳᠠᠰ ᠢᠶᠠᠷ ᠰᠡᠷᠭᠡᠶᠢᠯᠡᠨ ᠵᠠᠰᠠᠬᠤ᠂ ᠹᠢᠽᠢᠺ ᠬᠢᠮᠢ ᠪᠠᠷ ᠥᠳᠥᠭᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠡᠮᠬᠢᠳᠭᠡᠨ ᠳᠡᠯᠭᠡᠷᠡᠭᠦᠯᠵᠦ᠂ ᠬᠢᠮᠢ ᠶᠢᠨ ᠲᠠᠷᠢᠶᠠᠨ ᠡᠮ ᠢ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠲᠠᠷᠢᠶᠠᠨ | ᠡᠮ ᠤᠨ ᠪᠣᠭᠤᠳᠠᠯ ᠪᠠᠭᠯᠠᠭᠠᠨ ᠤ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠦᠢᠯᠡᠳᠪᠦᠷᠢᠯᠡᠬᠦ | ᠭᠤᠭᠴᠤᠭ᠎ᠠ ᠳᠤ ᠡᠭᠡᠭᠦᠯᠦᠨ ᠬᠤᠷᠢᠶᠠᠬᠤ ᠳᠤ ᠳᠥᠭᠦᠮ ᠪᠦᠬᠦᠢ ᠪᠠᠭᠲᠠᠭᠠᠮᠵᠢ ᠶᠡᠬᠡᠲᠡᠢ ᠪᠣᠭᠤᠳᠠᠯ ᠪᠠᠭᠯᠠᠭ᠎ᠠ ᠬᠡᠷᠡᠭᠯᠡᠬᠦ ᠶᠢ ᠵᠣᠷᠢᠬᠵᠢᠭᠤᠯᠵᠤ᠂ ᠲᠠᠷᠢᠶᠠᠨ ᠡᠮ ᠤᠨ | ᠦᠢᠯᠡᠳᠪᠦᠷᠢᠯᠡᠭᠴᠢ᠂ ᠡᠵᠡᠩᠨᠡᠭᠴᠢ ᠶᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠡᠭᠦᠷᠭᠡ ᠪᠠᠨ ᠪᠡᠶᠡᠯᠡᠭᠦᠯᠬᠦ | ᠲᠠᠯ᠎ᠠ ᠪᠠᠷ ᠰᠢᠮᠳᠠᠭᠤᠯᠤᠨ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ | 2025 ᠣᠨ ᠪᠣᠯᠬᠤ ᠳᠤ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠭᠡᠨ᠎ᠡ᠃ ︵ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠦᠵᠦᠭᠦᠷ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ | ᠪᠠᠭᠤᠷᠠᠭᠤᠯᠤᠨ᠎ᠠ᠃ | 1. ᠰᠢᠨ᠎ᠡ ᠪᠣᠬᠢᠷᠲᠤᠯ ᠪᠣᠳᠠᠰ ᠢ ᠣᠯᠠᠨ ᠣᠷᠴᠢᠨ ᠲᠣᠭᠤᠷᠢᠨ ᠤ ᠵᠠᠭᠤᠴᠢ ᠪᠠᠷ ᠬᠠᠮᠵᠢᠯᠴᠠᠨ ᠵᠠᠰᠠᠬᠤ ᠶᠢ ᠴᠢᠩᠭᠠᠳᠬᠠᠨ᠎ᠠ᠃ ︽ᠭᠤᠣᠯᠳᠠᠯᠭ᠎ᠠ ᠲᠠᠢ | ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ ᠬᠠᠭᠤᠳᠠᠰᠤ︾ ᠳᠤ ᠵᠢᠭᠰᠠᠭᠠᠭᠰᠠᠨ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠡᠳ᠋ᠰᠢᠭᠦᠯᠦᠨ | ᠪᠣᠯᠪᠠᠰᠤᠷᠠᠭᠤᠯᠬᠤ᠂ ᠬᠡᠷᠡᠭᠯᠡᠬᠦ ᠪᠤᠶᠤ ᠭᠠᠳᠠᠭᠰᠢᠯᠠᠭᠤᠯᠬᠤ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢ ᠪᠣᠯ ᠭᠤᠣᠯᠳᠠᠯᠭ᠎ᠠ ᠲᠠᠢ ᠪᠣᠬᠢᠷᠲᠤᠯ | ᠭᠠᠳᠠᠭᠰᠢᠯᠠᠭᠤᠯᠬᠤ ᠨᠢᠭᠡᠴᠢ ᠳᠤ ᠣᠷᠣᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠠᠵᠤ | ᠠᠬᠤᠢᠢᠯᠠᠯ ᠠᠵᠢᠯ ᠦᠢᠯᠡᠰ ᠤᠨ ᠨᠢᠭᠡᠴᠢ ᠶᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠭᠤᠯᠵᠤ᠂ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠤᠨ ᠦᠨᠡᠮᠯᠡᠯ ᠢ ᠬᠠᠥᠯᠢ ᠶᠣᠰᠣᠭᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠵᠤ᠂ | ᠬᠡᠷᠡᠭᠵᠢᠭᠦᠯᠵᠦ ᠪᠠᠶᠢᠭ᠎ᠠ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ ᠱᠠᠭᠠᠷᠳᠠᠯᠭ᠎ᠠ ᠵᠢᠴᠢ ᠠᠪᠴᠤ ᠪᠠᠶᠢᠭ᠎ᠠ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠳᠣᠷᠬᠠᠢ | ᠲᠡᠮᠳᠡᠭᠯᠡᠵᠦ᠂ ᠭᠠᠳᠠᠭᠰᠢᠯᠠᠭᠤᠯᠬᠤ ︵ᠪᠣᠬᠢᠷᠲᠤᠯ ᠪᠣᠳᠠᠰ ᠭᠠᠳᠠᠭᠰᠢᠯᠠᠭᠤᠯᠬᠤ︶ ᠠᠮᠠᠰᠠᠷ ᠵᠢᠴᠢ ᠡᠷᠭᠢᠨ ᠲᠣᠭᠤᠷᠢᠨ ᠤ ᠣᠷᠴᠢᠨ ᠠᠬᠤᠢ ᠳᠤ ᠣᠷᠴᠢᠨ ᠲᠣᠭᠤᠷᠢᠨ ᠤ | ᠬᠢᠨᠠᠨ ᠰᠢᠨᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ ᠲᠣᠭᠤᠷᠢᠨ ᠤ | ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠢᠨ᠎ᠡ ᠪᠣᠬᠢᠷᠲᠤᠯ ᠪᠣᠳᠠᠰ ᠤᠨ ᠮᠡᠳᠡᠭᠡ ᠵᠠᠩᠬᠢ ᠶᠢ ᠬᠠᠥᠯᠢ ᠶᠣᠰᠣᠭᠠᠷ ᠢᠯᠡ | ᠪᠣᠯᠭᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠬᠥᠷᠥᠰᠥ ᠰᠢᠷᠣᠢ ᠶᠢᠨ ᠪᠣᠬᠢᠷᠲᠤᠯ ᠢ | ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠨᠢ ᠬᠤᠣᠷ ᠬᠥᠨᠥᠭᠡᠯ ᠲᠠᠢ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠥᠷᠥᠰᠥ ᠰᠢᠷᠣᠢ ᠶᠢᠨ | ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠳᠦᠷᠢᠮ ᠢ ᠪᠠᠶᠢᠭᠤᠯᠤᠨ᠂ ᠬᠤᠣᠷ ᠬᠥᠨᠥᠭᠡᠯ ᠲᠠᠢ ᠪᠣᠳᠠᠰ ᠤᠨ ᠨᠡᠪᠴᠢᠬᠦ᠂ ᠤᠷᠤᠰᠬᠤ᠂ ᠰᠠᠷᠨᠢᠬᠤ ᠠᠴᠠ | ᠰᠡᠷᠭᠡᠶᠢᠯᠡᠬᠦ ᠬᠡᠷᠡᠭᠲᠡᠢ᠃ ᠬᠤᠣᠷ ᠬᠥᠨᠥᠭᠡᠯ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ᠂ ᠤᠰᠤᠨ ᠤ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠵᠠᠰᠠᠯᠲᠠ ᠶᠢ | ᠦᠨᠡᠨ ᠬᠦ ᠴᠢᠩᠭᠠᠳᠬᠠᠵᠤ᠂ ᠬᠠᠮᠢᠶ᠎ᠠ ᠪᠦᠬᠦᠢ ᠪᠣᠬᠢᠷᠲᠤᠯ ᠢ ᠬᠢᠵᠠᠭᠠᠷᠯᠠᠬᠤ ᠱᠠᠭᠠᠷᠳᠠᠯᠭ᠎ᠠ ᠶᠢ ᠨᠡᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | 2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ ᠢ ᠠᠭᠤᠯᠬᠤ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠬᠯᠠᠵᠤ ᠰᠢᠢᠳᠪᠦᠷᠢᠯᠡᠬᠦ ᠶᠢ | ᠴᠢᠩᠭᠠᠷᠠᠭᠤᠯᠤᠨ᠎ᠠ᠃ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠶᠢ ᠦᠢᠯᠡᠳᠪᠦᠷᠢᠯᠡᠬᠦ ᠶᠠᠪᠤᠴᠠ ᠳᠤ ᠡᠭᠦᠰᠦᠭᠰᠡᠨ | ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ ᠤᠷᠪᠠᠯ ᠤᠨ ᠪᠦᠯᠦᠭ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠬᠯᠠᠵᠤ | ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠳᠣ | ᠪᠠᠶᠢᠭ᠎ᠠ ᠱᠦᠢᠨᠢ ᠶᠢᠨ ᠤᠭᠤᠷᠭᠠᠢ ᠵᠡᠷᠭᠡ ᠰᠢᠲᠠᠭᠠᠵᠤ ᠰᠢᠢᠳᠪᠦᠷᠢᠯᠡᠬᠦ ᠪᠡᠯᠡᠳᠭᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠶᠠᠭᠳᠠᠮᠠᠯ ᠡᠮ ᠤᠨ ᠵᠦᠢᠯ᠂ | ᠬᠠᠶᠠᠭᠳᠠᠮᠠᠯ ᠲᠠᠷᠢᠶᠠᠨ ᠡᠮ ᠢ ᠬᠠᠮᠵᠢᠯᠴᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠬᠡᠬᠤᠲᠠ ᠪᠠᠶᠠᠨᠨᠠᠭᠤᠷ ᠬᠤᠲᠠ ᠶᠢᠨ ᠨᠢᠶᠠᠨ ᠳᠠᠷᠤᠭᠴᠢ | ᠪᠠᠺᠲ᠋ᠧᠷᠢ ᠶᠢᠨ ᠰᠢᠭᠠᠷᠤ ᠶᠢ ᠬᠤᠣᠷ ᠦᠭᠡᠶᠢᠳᠡᠭᠦᠯᠦᠨ ᠶᠡᠷᠥᠩᠬᠡᠶᠢᠯᠡᠨ ᠠᠰᠢᠬᠯᠠᠬᠤ ᠢᠨᠵᠧᠨᠧᠷᠢᠩ ᠢ ᠶᠡᠭᠡ ᠪᠠᠷ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ | ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠵᠦ᠂ ᠪᠣᠬᠢᠷᠲᠤᠯ ᠢ ᠵᠠᠰᠠᠬᠤ ᠶᠢ ᠠᠬᠢᠭᠤᠯᠤᠨ᠎ᠠ | ᠃ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠳ᠋ᠦᠩ ᠢ ᠦᠨᠳᠦᠰᠦᠯᠡᠨ᠂ | ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠤ ᠠᠬᠤᠢᠢᠯᠠᠯ ᠢ ᠰᠣᠩᠭᠤᠨ | ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠦᠨ᠎ᠡ᠃ ᠤᠯᠤᠰ ᠤᠨ ᠬᠤᠣᠷ ᠬᠥᠨᠥᠭᠡᠯ ᠲᠠᠢ ᠬᠢᠮᠢ ᠶᠢᠨ | ᠪᠣᠳᠠᠰ ᠢ ᠪᠣᠬᠢᠷᠲᠤᠯ ᠦᠭᠡᠢ ᠪᠠᠷ ᠣᠷᠣᠯᠠᠭᠤᠯᠬᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠢᠴᠢ ᠪᠣᠬᠢᠷ ᠤᠰᠤ ᠪᠤᠵᠠᠷ ᠰᠢᠪᠠᠷ᠂ | ᠬᠠᠶᠠᠭᠳᠠᠮᠠᠯ ᠰᠢᠩᠭᠡᠨ ᠬᠠᠶᠠᠭᠳᠠᠮᠠᠯ ᠰᠢᠭᠠᠷᠤ ᠶᠢᠨ ᠳᠤᠮᠳᠠᠬᠢ ᠰᠢᠨ᠎ᠡ ᠪᠣᠬᠢᠷᠲᠤᠯ ᠪᠣᠳᠠᠰ ᠢ ᠵᠠᠰᠠᠬᠤ ᠵᠢᠱᠢᠶ᠎ᠡ ᠦᠵᠡᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ | ᠨᠦᠭᠦᠴᠡᠯ ᠲᠠᠢ ᠠᠵᠤ ᠠᠬᠤᠢᠢᠯᠠᠯ ᠤᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠬᠵᠢᠭᠤᠯᠵᠤ᠂ ᠰᠢᠨ᠎ᠡ ᠪᠣᠬᠢᠷᠲᠤᠯ ᠪᠣᠳᠠᠰ ᠡᠭᠦᠰᠭᠡᠬᠦ ᠪᠠ | ᠭᠠᠳᠠᠭᠰᠢᠯᠠᠭᠤᠯᠬᠤ ᠶᠢ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠠᠮᠢ ᠠᠬᠤᠢ | ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠪᠠᠨ ᠪᠠᠬᠢᠵᠢᠭᠦᠯᠦᠨ᠎ᠡ᠃ | 1. ᠰᠢᠨ᠎ᠡ ᠪᠣᠬᠢᠷᠲᠤᠯ ᠪᠣᠳᠠᠰ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ | ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠳᠤ ᠲᠦᠰᠢᠭᠯᠡᠨ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠢ | ᠥᠷᠨᠢᠭᠦᠯᠵᠦ᠂ ᠬᠤᠣᠷ ᠬᠥᠨᠥᠭᠡᠯ ᠲᠠᠢ ᠰᠢᠨ᠎ᠡ ᠪᠣᠬᠢᠷᠲᠤᠯ ᠪᠣᠳᠠᠰ ᠢ ᠬᠢᠨᠠᠨ ᠬᠡᠮᠵᠢᠵᠦ ᠵᠠᠳᠠᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠭᠠᠳᠠᠭᠰᠢᠯᠠᠭᠤᠯᠤᠯᠲᠠ ᠶᠢᠨ | ᠤᠭ ᠦᠨᠳᠦᠰᠦ ᠶᠢ ᠨᠢ ᠡᠷᠢᠬᠦ᠂ ᠪᠦᠲᠦᠮᠵᠢᠲᠡᠢ ᠠᠷᠢᠯᠭᠠᠬᠤ ᠵᠡᠷᠭᠡ ᠮᠡᠷᠭᠡᠵᠢᠯ ᠢ ᠰᠤᠳᠤᠯᠤᠨ ᠨᠡᠭᠡᠭᠡᠬᠦ ᠬᠢᠭᠡᠳ ᠦᠨᠡᠯᠡᠬᠦ ᠳᠤ ᠳᠡᠮᠵᠢᠯᠭᠡ ᠦᠵᠡᠭᠦᠯᠦᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠯᠡᠴᠡ ᠶᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠠᠭᠤᠷᠢ ᠶᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠰᠢᠨ᠎ᠡ | ᠪᠣᠬᠢᠷᠲᠤᠯ ᠪᠣᠳᠠᠰ ᠤᠨ ᠵᠠᠰᠠᠯᠲᠠ ᠳᠤ ᠬᠢᠨᠠᠯᠲᠠ ᠲᠠᠯᠪᠢᠬᠤ᠂ ᠬᠠᠥᠯᠢ ᠬᠡᠷᠡᠭᠵᠢᠭᠦᠯᠬᠦ᠂ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ | ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠬᠢᠷᠢ ᠭᠡᠮ ᠪᠣᠯᠣᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨ᠎ᠡ | ᠪᠣᠬᠢᠷᠲᠤᠯ ᠪᠣᠳᠠᠰ ᠤᠨ ᠨᠡᠶᠢᠭᠡᠮᠴᠢᠯᠡᠭᠰᠡᠨ ᠬᠢᠨᠠᠨ ᠬᠡᠮᠵᠢᠯᠲᠡ ᠶᠢ ᠵᠣᠷᠢᠬᠵᠢᠭᠤᠯᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠪᠠ ᠲᠤᠰᠬᠠᠢ ᠵᠦᠢᠯ ᠤᠨ ᠪᠣᠯᠪᠠᠰᠤᠷᠠᠯ ᠢ ᠥᠷᠨᠢᠭᠦᠯᠵᠦ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ | ᠬᠢᠬᠦ ᠪᠠ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠮᠡᠷᠭᠡᠵᠢᠯ ᠤᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠴᠢᠩᠭᠠᠷᠠᠭᠤᠯᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠮᠡᠳᠡᠭᠡ ᠵᠠᠩᠬᠢ ᠶᠢᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠰᠢᠨ᠎ᠡ ᠪᠣᠬᠢᠷᠲᠤᠯ ᠪᠣᠳᠠᠰ ᠤᠨ | ᠵᠠᠰᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠬᠡᠯᠡᠵᠦ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠣᠳᠠᠲᠠᠢ ᠨᠡᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠰᠢᠨ᠎ᠡ ᠪᠣᠬᠢᠷᠲᠤᠯ ᠪᠣᠳᠠᠰ ᠤᠨ | ᠵᠠᠰᠠᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠪᠥᠬᠦ | ᠲᠠᠯ᠎ᠠ ᠪᠠᠷ ᠨᠡᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢ ᠲᠦᠷᠦᠭᠦᠯᠡᠨ ᠬᠠᠷᠢᠭᠤᠴᠠᠵᠤ | ᠶᠡᠷᠦᠩᠬᠡᠶᠢᠯᠡᠨ ᠠᠳᠬᠤᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠶᠢ | ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠵᠥᠪᠳᠡᠯᠴᠡᠨ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ ᠪᠡᠷᠬᠡᠰᠢᠶᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠭᠠᠵᠠᠷ | ᠣᠷᠣᠨ ᠤ ᠪᠠᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠨᠡᠶᠢᠲᠡᠯᠡᠵᠦ᠂ ᠬᠠᠷᠠᠯᠲᠠ ᠡᠭᠦᠷᠭᠡ ᠶᠢ ᠨᠠᠷᠢᠯᠢᠬᠵᠢᠭᠤᠯᠤᠨ | ᠵᠠᠳᠠᠯᠵᠤ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠤᠯᠪᠣᠭᠠᠯᠠᠨ ᠪᠠᠶᠢᠴᠠᠭᠠᠵᠤ ᠬᠠᠥᠯᠢ ᠬᠡᠷᠡᠭᠵᠢᠭᠦᠯᠬᠦ ᠶᠢ ᠥᠷᠨᠢᠭᠦᠯᠵᠦ᠂ ᠮᠡᠳᠡᠭᠡ ᠵᠠᠩᠬᠢ ᠶᠢ ᠬᠠᠮᠲᠤ ᠪᠠᠷ | ᠬᠦᠷᠲᠡᠬᠦ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ 2025 | ᠣᠨ ᠳᠤ ᠲᠣᠰ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠬᠦ ᠬᠡᠷᠡᠭᠲᠡᠢ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ | ᠳᠤᠮᠳᠠ ᠣᠷᠣᠰᠢᠵᠤ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠲᠣᠪᠦ᠋ᠮ᠎ᠠ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠬᠢᠨᠠᠨ ᠬᠠᠮᠢᠶᠠᠷᠴᠤ ᠬᠠᠥᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠠᠵᠤ ᠠᠬᠤᠢᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠡᠶᠢᠳᠠᠪᠤᠷᠢᠵᠢᠭᠤᠯᠬᠤ ᠶᠢ ᠰᠢᠮᠳᠠᠭᠤᠯᠤᠨ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ | ᠮᠥᠴᠢᠷ ᠨᠢᠭᠡᠴᠢ ᠨᠢ ᠬᠢᠨᠠᠨ ᠬᠠᠮᠢᠶᠠᠷᠴᠤ ᠬᠠᠥᠯᠢ ᠬᠡᠷᠡᠭᠵᠢᠭᠦᠯᠬᠦ ᠮᠡᠳᠡᠭᠡ ᠵᠠᠩᠬᠢ ᠶᠢᠨ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠬᠢ ᠶᠢᠨ | ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠦᠷᠲᠡᠬᠦ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢᠨ ᠬᠠᠤᠯᠢ ᠬᠡᠷᠡᠭᠵᠢᠭᠦᠯᠬᠦ ᠬᠢᠨᠡᠨ ᠬᠡᠮᠵᠢᠯᠲᠡ ᠪᠣᠯᠣᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ | ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠠᠵᠤ ᠠᠬᠤᠢᠢᠯᠠᠯ ᠠᠵᠢᠯ ᠦᠢᠯᠡᠰ ᠤᠨ | ᠨᠢᠭᠡᠴᠢ ᠳᠤ ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠡᠶᠢᠳᠠᠪᠤᠷᠢᠵᠢᠭᠤᠯᠤᠭᠰᠠᠨ ᠦᠭᠡᠢ ᠠᠵᠤ ᠠᠬᠤᠢᠢᠯᠠᠯ ᠳᠤ ᠬᠢᠨᠠᠯᠲᠠ ᠲᠠᠯᠪᠢᠵᠤ ᠬᠠᠥᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠤᠨ᠎ᠠ᠃ ᠴᠠᠭᠠᠵᠠᠯᠠᠬᠤ ᠪᠤᠶᠤ ᠬᠢᠵᠠᠭᠠᠷᠯᠠᠬᠤ ᠲᠥᠷᠥᠯ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠵᠢᠴᠢ ᠬᠠᠮᠢᠶ᠎ᠠ ᠪᠦᠬᠦᠢ ᠦᠢᠯᠡᠳᠭᠦᠨ ᠢ | ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠨᠠᠯᠲᠠ ᠲᠠᠯᠪᠢᠵᠤ ᠬᠠᠥᠯᠢ | ᠬᠡᠷᠡᠭᠵᠢᠭᠦᠯᠬᠦ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ | ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠪᠡᠯᠡ ᠮᠥᠩᠭᠦᠨ ᠤ ᠣᠷᠤᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ | ᠪᠣᠬᠢᠷᠲᠤᠯ ᠪᠣᠳᠠᠰ ᠤᠨ ᠵᠠᠰᠠᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠵᠤ ᠬᠢᠨᠠᠨ ᠬᠡᠮᠵᠢᠬᠦ᠂ ᠰᠢᠭᠰᠢᠨ | ᠪᠠᠶᠢᠴᠠᠭᠠᠵᠤ ᠦᠨᠡᠯᠡᠨ ᠵᠢᠱᠢᠬᠦ᠂ ᠲᠤᠷᠰᠢᠯᠲᠠ ᠶᠢᠨ ᠴᠡᠭ ᠪᠠᠶᠢᠭᠤᠯᠵᠤ ᠵᠢᠱᠢᠶ᠎ᠡ ᠦᠵᠡᠭᠦᠯᠬᠦ᠂ ᠬᠠᠮᠢᠶᠠᠷᠤᠨ ᠡᠵᠡᠮᠳᠡᠵᠦ ᠵᠠᠰᠠᠬᠤ ᠵᠡᠷᠭᠡ ᠠᠵᠢᠯ ᠥᠷᠨᠢᠭᠦᠯᠬᠦ ᠶᠢ | ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠤᠭᠤᠯᠤᠯᠲᠠ ᠪᠠᠷ | ᠬᠦᠲᠦᠯᠦᠮᠵᠢ ᠪᠣᠯᠭᠠᠭᠰᠠᠨ ᠣᠯᠠᠨ ᠡᠰᠢᠵᠢᠭᠰᠡᠨ ᠪᠡᠯᠡ ᠮᠥᠩᠭᠦᠨ ᠤ ᠪᠠᠲᠤᠯᠠᠭ᠎ᠠ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠪᠡᠯᠡ ᠮᠥᠩᠭᠦᠨ ᠤ ᠣᠷᠤᠭᠤᠯᠤᠯᠲᠠ ᠶᠢᠨ | ᠠᠷᠭ᠎ᠠ ᠵᠠᠮ ᠢ ᠥᠷᠭᠡᠳᠬᠡᠵᠦ᠂ ᠨᠡᠩ ᠣᠯᠠᠨ ᠨᠡᠶᠢᠭᠡᠮ᠂ ᠮᠥᠩᠭᠦᠨ ᠭᠦᠢᠯᠭᠡᠭᠡᠨ ᠤ ᠬᠥᠷᠥᠩᠭᠡ ᠶᠢ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠦᠷᠢᠶᠡᠨ ᠳᠤ | ᠣᠷᠣᠭᠤᠯᠬᠤ ᠪᠠᠷ ᠵᠢᠯᠣᠭᠤᠳᠬᠤ ᠪᠠ ᠵᠣᠷᠢᠬᠵᠢᠭᠤᠯᠤᠨ᠎ᠠ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠨᠢ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ | ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠤᠬᠠᠭᠤᠯᠤᠨ ᠵᠢᠯᠣᠭᠤᠳᠬᠤ ᠶᠢ ᠴᠢᠩᠭᠠᠳᠬᠠᠨ᠎ᠠ᠃ ᠬᠠᠥᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠶᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠥᠵᠢᠯ ᠢ | ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠮᠠᠭᠤᠳᠠᠭᠤᠯᠬᠤ ᠪᠠ ᠡᠷᠡᠭᠦᠯ ᠮᠡᠨᠳᠦ ᠶᠢ ᠬᠤᠬᠢᠷᠠᠭᠤᠯᠬᠤ | ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡᠨ ᠤ ᠣᠨᠣᠯᠵᠢᠬᠤᠨ ᠢ ᠨᠢ ᠴᠢᠩᠭᠠᠷᠠᠭᠤᠯᠤᠨ᠎ᠠ | ᠃ ᠣᠯᠠᠨ ᠨᠡᠶᠢᠲᠡ ᠶᠢᠨ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠵᠣᠷᠢᠬᠵᠢᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠣᠯᠠᠨ ᠤᠯᠤᠰ ᠤᠨ ᠨᠡᠶᠢᠲᠡ ᠶᠢᠨ ᠭᠡᠷ᠎ᠡ ᠭᠦᠢᠴᠡᠳᠭᠡᠬᠦ ᠠᠵᠢᠯᠯᠠᠭ᠎ᠠ ᠪᠠ ᠤᠬᠠᠭᠤᠯᠬᠤ | ᠠᠵᠢᠯᠯᠠᠭ᠎ᠠ ᠳᠤ ᠢᠳᠡᠪᠬᠢᠲᠡᠢ ᠣᠷᠣᠯᠴᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠡᠷ᠎ᠡ ᠭᠦᠢᠴᠠᠳᠭᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | |