ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠶᠡᠷᠦᠩᠬᠡᠢ ᠱᠦᠵᠢ ᠰᠢ ᠶᠢᠨ ᠫᠢᠩ ᠤᠨ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠦᠨᠡᠨ ᠬᠦ ᠠᠳᠬᠤᠵᠤ ᠦᠷ᠎ᠡ | ᠪᠦᠳᠦᠬᠡᠮᠵᠢ ᠭᠠᠷᠭᠠᠬᠤ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠦᠷ᠎ᠡ ᠡᠭᠦᠯᠳᠡᠷ ᠤᠨ | ᠦᠢᠯᠡᠰ ᠤᠨ ᠠᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠣᠳᠠᠲᠠᠢ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠲᠦᠷᠭᠡᠪᠴᠢᠯᠡᠨ ᠠᠬᠢᠭᠤᠯᠵᠤ᠂ ︽ᠦᠷ᠎ᠡ ᠡᠭᠦᠯᠳᠡᠷ ᠢ ᠬᠠᠮᠠᠭᠠᠯᠠᠬᠤ᠂ ᠦᠷ᠎ᠡ ᠡᠭᠦᠯᠳᠡᠷ ᠪᠤᠶᠢᠵᠢᠭᠤᠯᠬᠤ᠂ ᠰᠠᠶᠢᠨ ᠦᠷ᠎ᠡ ᠪᠤᠶᠢᠵᠢᠭᠤᠯᠬᠤ᠂ ᠦᠷ᠎ᠡ ᠡᠭᠦᠯᠳᠡᠷ ᠢ | ᠬᠡᠷᠡᠭᠯᠡᠬᠦ︾ 4 ᠵᠠᠩᠭᠢᠯᠠᠭ᠎ᠠ ᠶᠢᠨ ᠭᠤᠭᠴᠤᠭ᠎ᠠ ᠶᠢ ᠳᠣᠪᠤᠶᠢᠯᠭᠠᠨ᠂ ︽ᠭᠠᠵᠠᠷ ᠰᠢᠷᠣᠢ᠂ ᠤᠰᠤ᠂ ᠦᠷ᠎ᠡ ᠡᠭᠦᠯᠳᠡᠷ᠂ ᠠᠮᠤ ᠪᠤᠳᠠᠭ᠎ᠠ᠂ ᠮᠢᠬ᠎ᠠ᠂ ᠰᠦ︾ 6 | ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠡᠵᠡᠮᠳᠡᠵᠦ᠂ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢ ᠭᠦᠯᠢᠶᠡᠰᠦᠯᠡᠵᠦ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠵᠠᠰᠠᠭ ᠤᠨ ᠣᠷᠳᠣᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠠᠵᠤ ᠠᠬᠤᠶᠢᠯᠠᠯ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠲᠠᠷᠢᠶᠠᠯᠠᠬᠤ | ᠮᠠᠯᠵᠢᠬᠤ ᠡᠷᠦᠬᠡ ᠶᠢᠨ ᠰᠠᠭᠠᠳ ᠦᠭᠡᠢ ᠵᠣᠯᠭᠠᠬᠤ ᠪᠠ ᠨᠢᠭᠲᠠ ᠬᠠᠮᠲᠤᠷᠠᠯᠴᠠᠬᠤ ᠶᠢ ᠠᠬᠢᠭᠤᠯᠤᠨ᠂ ᠦᠷ᠎ᠡ ᠡᠭᠦᠯᠳᠡᠷ ᠤᠨ ᠦᠢᠯᠡᠰ ᠤᠨ ᠡᠯ᠎ᠡ ᠭᠤᠣᠯ ᠴᠣᠭᠴᠠ᠂ | ᠡᠯ᠎ᠡ ᠭᠤᠨᠨᠴᠤᠭᠠᠨ ᠤ ᠭᠦᠴᠥ ᠶᠢ ᠬᠠᠮᠳᠤᠳᠬᠠᠨ ᠪᠥᠬᠦ ᠬᠡᠯᠬᠢᠶ᠎ᠡ ᠪᠠᠷ ᠬᠥᠭᠵᠢᠬᠦ ᠶᠢ ᠠᠬᠢᠭᠤᠯᠵᠤ᠂ ᠨᠡᠩ ᠣᠯᠠᠨ ᠰᠠᠶᠢᠨ ᠦᠷ᠎ᠡ ᠡᠭᠦᠯᠳᠡᠷ ᠢ ᠪᠤᠶᠢᠵᠢᠭᠤᠯᠤᠨ | ᠦᠷᠡᠵᠢᠭᠦᠯᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠬᠦ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠳᠤ ᠬᠦᠴᠦᠲᠦ ᠲᠤᠯᠭᠠᠭᠤᠷᠢᠯᠠᠯ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠬᠢᠨᠠᠨ ᠲᠣᠭᠲᠠᠭᠠᠬᠤ ᠶᠢ ᠠᠳᠬᠤᠨ ᠬᠠᠮᠲᠤ ᠪᠠᠷ ᠬᠦᠷᠲᠡᠬᠦ ᠶᠢ ᠠᠬᠢᠭᠤᠯᠵᠤ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ | ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ | ︵ᠨᠢᠭᠡ︶ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠪᠠ ᠬᠢᠨᠠᠨ ᠲᠣᠭᠲᠠᠭᠠᠵᠤ ᠦᠨᠡᠯᠡᠬᠦ ᠠᠵᠢᠯ ᠢ ᠥᠷᠨᠢᠭᠦᠯᠦᠨ᠎ᠡ᠃ ᠡᠭᠦᠯᠳᠡᠷ | ᠪᠤᠶᠢᠵᠢᠭᠤᠯᠬᠤ ᠶᠢ ᠲᠤᠯᠭᠠᠮ ᠱᠠᠭᠠᠷᠳᠠᠭᠳᠠᠵᠤ ᠪᠦᠬᠦᠢ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠵᠤ᠂ ᠣᠳᠣ ᠪᠠᠶᠢᠭ᠎ᠠ ᠪᠥᠭᠡᠳ ᠦᠷ᠎ᠡ ᠡᠭᠦᠯᠳᠡᠷ | ᠪᠤᠶᠢᠵᠢᠭᠤᠯᠬᠤ ᠯᠤᠭ᠎ᠠ ᠨᠢᠭᠲᠠ ᠬᠤᠯᠪᠣᠭᠳᠠᠬᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠠᠷᠠᠨ ᠬᠤᠸᠠᠷ᠂ ᠨᠠᠷᠢᠮᠤ᠂ ᠨᠣᠬᠠᠢ ᠶᠢᠨ ᠬᠤᠰᠢᠭᠤ ᠵᠡᠷᠭᠡ ᠦᠷ᠎ᠡ | ᠡᠳ᠋ ᠤᠨ ᠡᠬᠢ ᠪᠠᠶᠠᠯᠢᠭ ᠲᠤ ᠲᠠᠷᠢᠶᠠᠨ ᠭᠠᠵᠠᠷ ᠤᠨ ᠰᠢᠨᠵᠢ ᠲᠥᠷᠬᠦ᠂ ᠰᠥᠷᠬᠦ ᠶᠢ ᠳᠠᠭᠠᠭᠠᠬᠤ ᠴᠢᠨᠠᠷ ᠪᠠ ᠵᠠᠩᠭᠢᠯᠠᠭ᠎ᠠ ᠶᠢᠨ ᠭᠧᠨ ᠤ ᠬᠢᠨᠠᠨ ᠲᠣᠭᠲᠠᠭᠠᠯᠲᠠ ᠬᠢᠨ᠎ᠡ᠃ | ᠥᠪᠡᠷᠲᠡᠭᠡᠨ ᠵᠠᠰᠠᠬᠤ ᠣᠷᠣᠨ ᠠᠴᠠ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ᠂ ᠬᠢᠨᠠᠨ ᠲᠣᠭᠲᠠᠭᠠᠵᠤ ᠦᠨᠡᠯᠡᠬᠦ ᠮᠡᠷᠭᠡᠵᠢᠯ ᠤᠨ ᠪᠠᠷᠢᠮᠵᠢᠶ᠎ᠠ᠂ ᠲᠦᠷᠢᠮᠯᠡᠯ | ᠵᠡᠷᠭᠡ ᠶᠢ ᠲᠣᠭᠲᠠᠭᠠᠵᠤ᠂ ᠵᠢᠯ ᠪᠦᠷᠢ ᠳᠤ ᠦᠷ᠎ᠡ ᠡᠳ᠋ ᠤᠨ ᠡᠬᠢ ᠪᠠᠶᠠᠯᠢᠭ ᠢ 2000 ᠬᠤᠪᠢ ᠠᠴᠠ ᠳᠤᠲᠠᠭᠤ ᠦᠭᠡᠢ ᠬᠢᠨᠠᠨ ᠲᠣᠭᠲᠠᠭᠠᠨ ᠦᠨᠡᠯᠡᠵᠦ᠂ ᠦᠷ᠎ᠡ | ᠡᠭᠦᠯᠳᠡᠷ ᠪᠤᠶᠢᠵᠢᠭᠤᠯᠬᠤ ᠲᠠᠯ᠎ᠠ ᠶᠢᠨ ᠰᠢᠨ᠎ᠡ ᠡᠭᠦᠳᠦᠯᠲᠡ ᠳᠤ ᠣᠨᠴᠠ ᠰᠠᠶᠢᠨ ᠦᠷ᠎ᠡ ᠡᠳ᠋ ᠤᠨ ᠳᠡᠮᠵᠢᠯᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠳᠣᠣᠷᠠᠬᠢ ᠡᠯ᠎ᠡ ᠵᠦᠢᠯ ᠤᠨ ᠡᠭᠦᠷᠭᠡ ᠶᠢ ᠴᠥᠮ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠡᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠵᠤ ᠵᠢᠭᠰᠠᠭᠠᠬᠤ ᠦᠭᠡᠢ︶ | ︵ᠬᠤᠶᠠᠷ︶ ᠮᠠᠯ ᠵᠢᠭᠦᠷᠲᠡᠨ ᠤ ᠦᠷ᠎ᠡ ᠡᠭᠦᠯᠳᠡᠷ ᠢ ᠬᠠᠮᠠᠭᠠᠯᠠᠬᠤ ᠪᠠ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠵᠤ ᠬᠢᠨᠠᠨ ᠲᠣᠭᠲᠠᠭᠠᠬᠤ ᠠᠵᠢᠯ ᠢ | ᠥᠷᠨᠢᠭᠦᠯᠦᠨ᠎ᠡ᠃ ᠮᠠᠭᠠᠳᠯᠠᠨ ᠲᠤᠨᠨᠳᠠᠭᠠᠨᠨᠳ᠋ᠬᠠᠰᠠᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠦᠷ᠎ᠡ ᠡᠭᠦᠯᠳᠡᠷ ᠬᠠᠮᠠᠭᠠᠯᠠᠬᠤ ᠲᠠᠯᠠᠪᠠᠢ ︵ | ᠲᠣᠭᠤᠷᠢᠭ︶ ᠠᠴᠠ ᠥᠪᠡᠷᠮᠢᠴᠡ ᠣᠨᠴᠠᠯᠢᠭ ᠲᠠᠢ᠂ ᠬᠤᠪᠣᠷ ᠴᠤᠬᠠᠭ᠂ ᠮᠥᠬᠦᠬᠦ ᠰᠢᠬᠠᠭᠰᠠᠨ ᠨᠤᠲᠤᠭ ᠤᠨ ᠦᠷ᠎ᠡ ᠡᠭᠦᠯᠳᠡᠷ ᠲᠤ ᠠᠮᠢᠳᠤ ᠪᠡᠶᠡᠲᠦ ᠶᠢᠨ | ᠬᠠᠮᠠᠭᠠᠯᠠᠯᠲᠠ ᠬᠢᠬᠦ ᠶᠢ ᠲᠡᠮᠵᠢᠵᠦ᠂ ᠮᠣᠩᠭᠤᠯ ᠦᠬᠡᠷ᠂ ᠮᠣᠩᠭᠤᠯ ᠮᠣᠷᠢ᠂ ᠬᠤᠣᠰ ᠪᠥᠬᠦᠲᠦ ᠲᠡᠮᠡᠭᠡ᠂ ᠪᠣᠷᠣᠲᠣᠬᠤᠢ ᠶᠢᠨ ᠳᠡᠯᠳᠡᠦ ᠭᠠᠭ᠋ᠠᠢ ᠵᠡᠷᠭᠡ ᠳᠤ 80 | ᠲᠦᠮᠡᠨ ᠲᠥᠭᠦᠷᠢᠭ᠂ ᠮᠣᠩᠭᠤᠯ ᠬᠤᠨᠢ ᠢᠮᠠᠭ᠎ᠠ᠂ ᠨᠣᠣᠯᠣᠭᠤᠷ ᠤᠨ ᠢᠮᠠᠭ᠎ᠠ᠂ ᠴᠠ ᠪᠤᠭᠤ ᠵᠡᠷᠭᠡ ᠳᠤ 40 ᠲᠦᠮᠡᠨ ᠲᠥᠭᠦᠷᠢᠭ᠂ ᠪᠢᠶᠠᠨᠵᠢ ᠲᠠᠬᠢᠶ᠎ᠠ᠂ ᠵᠥᠭᠡᠢ᠂ | ᠬᠦᠷᠢ ᠵᠡᠷᠭᠡ ᠳᠤ 20 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠡ᠃ ᠤᠳᠤᠮᠯᠠᠯ ᠤᠨ ᠮᠠᠲ᠋ᠧᠷᠢᠶᠠᠯ ᠢ ᠴᠤᠭᠯᠠᠭᠤᠯᠤᠨ ᠨᠠᠶᠢᠷᠠᠭᠤᠯᠬᠤ ᠪᠠ | ᠭᠧᠨ ᠢ ᠢᠯᠡᠷᠡᠭᠦᠯᠦᠨ ᠬᠢᠨᠠᠨ ᠲᠣᠭᠲᠠᠭᠠᠬᠤ ᠠᠵᠢᠯ ᠥᠷᠨᠢᠭᠦᠯᠬᠦ ᠶᠢ ᠳᠡᠮᠵᠢᠨ᠎ᠡ᠃ ︵ᠥ ᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠦᠷ᠎ᠡ ᠡᠳ᠋ ᠤᠨ ᠡᠬᠢ ᠪᠠᠶᠠᠯᠢᠭ ᠤᠨ ᠲᠤᠭᠠᠵᠢᠭᠤᠯᠤᠨᠨᠰᠠᠨ ᠬᠥᠮᠥᠷᠭᠡ ᠶᠢ ᠪᠠᠶᠢᠭᠤᠯᠤᠨ᠎ᠠ᠃ ᠦᠷ᠎ᠡ | ᠡᠳ᠋ ᠤᠨ ᠡᠬᠢ ᠪᠠᠶᠠᠯᠢᠭ ᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠬᠥᠮᠥᠷᠭᠡ ᠶᠢ ᠬᠠᠮᠲᠤ ᠪᠠᠷ ᠪᠠᠶᠢᠭᠤᠯᠵᠤ | ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠴᠤᠭᠯᠠᠭᠤᠯᠤᠭᠰᠠᠨ᠂ ᠬᠢᠨᠠᠨ ᠲᠣᠭᠲᠠᠭᠠᠵᠤ ᠦᠨᠡᠯᠡᠭᠰᠡᠨ ᠦᠷ᠎ᠡ | ᠡᠳ᠋ ᠤᠨ ᠡᠬᠢ ᠪᠠᠶᠠᠯᠢᠭ ᠤᠨ ᠲᠤᠭ᠎ᠠ ᠪᠠᠷᠢᠮᠲᠠ ᠪᠥᠬᠦᠨ ᠢ ᠨᠢᠭᠡᠳᠦᠯᠲᠡᠢ ᠦᠷ᠎ᠡ ᠡᠳ᠋ ᠤᠨ ᠡᠬᠢ ᠪᠠᠶᠠᠯᠢᠭ ᠤᠨ ᠲᠤᠭᠠᠵᠢᠭᠤᠯᠤᠨᠨᠰᠠᠨ ᠬᠥᠮᠥᠷᠭᠡ ᠳᠤ ᠰᠢᠩᠭᠡᠭᠡᠨ | ᠣᠷᠣᠭᠤᠯᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠠᠴᠠ ᠣᠳᠣ ᠪᠠᠶᠢᠭ᠎ᠠ | ᠦᠷ᠎ᠡ ᠡᠳ᠋ ᠤᠨ ᠡᠬᠢ ᠪᠠᠶᠠᠯᠢᠭ ᠤᠨ ᠮᠡᠳᠡᠭᠡ ᠵᠠᠩᠭᠢ ᠶᠢ ᠲᠠᠪᠴᠠᠩ ᠳᠤ ᠰᠢᠩᠭᠡᠭᠡᠨ ᠣᠷᠣᠭᠤᠯᠬᠤ ᠶᠢ ᠵᠣᠷᠢᠬᠵᠢᠭᠤᠯᠵᠤ᠂ ︽ᠨᠢᠭᠡ ᠵᠦᠢᠯ ᠤᠨ ᠡᠬᠢ ᠪᠠᠶᠠᠯᠢᠭ ᠲᠤ | ᠨᠢᠭᠡᠨ ᠪᠡᠶ᠎ᠡ ᠶᠢᠨ ᠭᠠᠷᠤᠯ ᠲᠠᠢ ᠪᠠᠶᠢᠬᠤ︾ ᠶᠢ ᠪᠡᠶᠡᠯᠡᠭᠦᠯᠦᠨ᠎ᠡ᠃ ᠦᠷ᠎ᠡ ᠡᠳ᠋ ᠤᠨ ᠡᠬᠢ ᠪᠠᠶᠠᠯᠢᠭ ᠢ ᠬᠠᠮᠲᠤ ᠪᠠᠷ ᠬᠦᠷᠲᠡᠵᠦ ᠠᠰᠢᠬᠯᠠᠬᠤ ᠲᠣᠭᠲᠠᠴᠠ ᠶᠢ | ᠪᠠᠶᠢᠭᠤᠯᠵᠤ᠂ ᠡᠬᠢ ᠪᠠᠶᠠᠯᠢᠭ ᠢ ᠬᠠᠮᠲᠤ ᠪᠠᠷ ᠬᠦᠷᠲᠡᠵᠦ ᠠᠰᠢᠬᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠦᠷ᠎ᠡ ᠡᠳ᠋ ᠤᠨ ᠡᠬᠢ ᠪᠠᠶᠠᠯᠢᠭ ᠤᠨ ᠢᠯᠡ ᠪᠠᠷ | ᠠᠷᠠᠯᠵᠢᠶᠠᠯᠠᠬᠤ ᠶᠢ ᠠᠬᠢᠭᠤᠯᠵᠤ᠂ ᠰᠣᠯᠢᠯᠴᠠᠬᠤ᠂ ᠰᠢᠯᠵᠢᠭᠦᠯᠦᠨ ᠥᠭᠬᠦ᠂ ᠵᠥᠪᠰᠢᠶᠡᠷᠡᠬᠦ᠂ ᠦᠨ᠎ᠡ ᠬᠠᠩᠰᠢ ᠲᠣᠭᠲᠠᠭᠠᠵᠤ ᠬᠤᠪᠢ ᠣᠷᠣᠭᠤᠯᠬᠤ ᠵᠡᠷᠭᠡ ᠠᠷᠭ᠎ᠠ | ᠮᠠᠶ᠋ᠢᠭ ᠢᠶᠠᠷ ᠬᠠᠮᠲᠤ ᠪᠠᠷ ᠬᠦᠷᠲᠡᠵᠦ ᠠᠰᠢᠬᠯᠠᠬᠤ ᠶᠢ ᠵᠣᠷᠢᠬᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠠᠭᠠᠳᠯᠠᠨ ᠲᠣᠭᠲᠠᠭᠠᠭᠰᠠᠨ ᠦᠷ᠎ᠡ ᠡᠳ᠋ ᠤᠨ ᠡᠬᠢ | ᠪᠠᠶᠠᠯᠢᠭ ᠤᠨ ᠬᠥᠮᠥᠷᠭᠡ ᠶᠢᠨ ᠵᠢᠯ ᠪᠦᠷᠢ ᠬᠤᠪᠢᠶᠠᠨ ᠲᠠᠷᠬᠠᠭᠠᠬᠤ ᠪᠤᠶᠤ ᠰᠣᠯᠢᠯᠴᠠᠬᠤ ᠡᠬᠢ ᠪᠠᠶᠠᠯᠢᠭ ᠢ 50 ᠬᠤᠪᠢ ᠠᠴᠠ ᠳᠣᠣᠷᠠᠳᠠᠬᠤ ᠦᠭᠡᠢ ᠪᠠᠶᠢᠯᠭᠠᠨ᠎ᠠ᠃ ︵ | ᠥ ᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ᠳᠠᠪᠠᠭᠤᠯᠢᠭ ᠢᠶᠠᠨ ᠳᠠᠪᠲᠠᠵᠤ ᠳᠤᠲᠠᠭᠤᠳᠠᠯ ᠢᠶᠠᠨ ᠨᠥᠬᠦᠪᠦᠷᠢᠯᠡᠨ᠂ ᠲᠣᠭᠲᠠᠭᠤᠨ ᠪᠥᠭᠡᠳ ᠥᠨᠳᠥᠷ ᠪᠦᠲᠦᠮᠵᠢᠲᠡᠢ ᠣᠳᠣ ᠦᠶ᠎ᠡ ᠶᠢᠨ | ᠦᠷ᠎ᠡ ᠡᠭᠦᠯᠳᠡᠷ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠎ᠠ | ︵ᠳᠥᠷᠪᠡ︶ ᠰᠢᠯᠢᠳᠡᠭ ᠠᠵᠤ ᠠᠬᠤᠶᠢᠯᠠᠯ ᠢ ᠲᠡᠳᠭᠦᠬᠦ ᠠᠵᠢᠯᠯᠠᠭᠠᠨ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠭᠤᠣᠯ ᠴᠣᠭᠴᠠ ᠶᠢᠨ | ᠴᠢᠳᠠᠮᠵᠢ ᠶᠢ ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠪᠠ ᠵᠠᠩᠭᠢᠯᠠᠭ᠎ᠠ ᠶᠢᠨ ᠭᠤᠣᠯᠯᠠᠭᠴᠢ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠳᠡᠮᠵᠢᠨ᠎ᠡ᠃ ᠤᠯᠤᠰ ᠤᠨ ᠦᠷ᠎ᠡ ᠡᠭᠦᠯᠳᠡᠷ ᠤᠨ ᠦᠢᠯᠡᠰ ᠤᠨ ᠵᠢᠭᠰᠠᠭᠠᠯ ᠤᠨ ᠬᠡᠯᠪᠡᠷᠢ ᠪᠦᠬᠦᠢ ᠠᠵᠤ | ᠠᠬᠤᠶᠢᠯᠠᠯ ᠤᠨ ︽ᠨᠢᠭᠡ ᠳᠤ ᠨᠢᠭᠡ ᠶᠢ ᠴᠢᠭᠯᠡᠬᠦᠯᠬᠦ︾ ᠬᠠᠷᠢᠯᠴᠠᠬᠤ ᠲᠣᠭᠲᠠᠴᠠ ᠶᠢ ᠪᠠᠶᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ | ᠬᠡᠷᠡᠭᠵᠢᠭᠦᠯᠬᠦ︾ ᠱᠠᠲᠤᠯᠢᠭ ᠪᠤᠶᠢᠵᠢᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ | ᠬᠢᠯᠢ ᠶᠢᠨ ᠳᠣᠲᠣᠭᠠᠳᠤ ᠳᠤ ᠵᠠᠬ᠎ᠠ ᠳᠤ ᠭᠠᠷᠬᠤ ᠶᠢ ᠵᠣᠷᠢᠬᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠤ ᠭᠠᠷᠴᠤ ᠫᠠᠶᠢᠰᠠ | ᠡᠯᠭᠦᠬᠦ ᠳᠤ ᠱᠠᠩᠨᠠᠨ ᠨᠥᠬᠦᠪᠦᠷᠢᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠦᠷ᠎ᠡ ᠡᠭᠦᠯᠳᠡᠷ ᠤᠨ ᠦᠢᠯᠡᠰ ᠤᠨ | ᠵᠢᠭᠰᠠᠭᠠᠯ ᠤᠨ ᠬᠡᠯᠪᠡᠷᠢ ᠪᠦᠬᠦᠢ ᠠᠵᠤ ᠠᠬᠤᠶᠢᠯᠠᠯ᠂ ᠳᠤᠮᠳᠠᠳᠤ ᠤᠯᠤᠰ ᠤᠨ ᠦᠷ᠎ᠡ ᠶᠢᠨ ᠠᠵᠢᠯ ᠲᠥᠷᠥᠯ ᠤᠨ ᠨᠡᠶᠢᠭᠡᠮᠯᠢᠭ ᠤᠨ ᠥᠷᠨᠢᠭᠦᠯᠦᠭᠰᠡᠨ ᠢᠲᠡᠭᠡᠮᠵᠢ ᠶᠢᠨ | ᠦᠨᠡᠯᠡᠯᠲᠡ ᠳᠠᠬᠢ ᠳᠡᠰ ᠨᠢ 3A ᠤᠨ ᠠᠵᠤ ᠠᠬᠤᠶᠢᠯᠠᠯ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠵᠡᠷᠭᠡ | ᠦᠷ᠎ᠡ ᠡᠭᠦᠯᠳᠡᠷ ᠤᠨ ᠦᠢᠯᠡᠰ ᠤᠨ ᠬᠥᠲᠥᠴᠢ ᠠᠵᠤ ᠠᠬᠤᠶᠢᠯᠠᠯ ᠢ ᠪᠤᠶᠢᠵᠢᠭᠤᠯᠬᠤ ᠶᠢ ᠳᠡᠮᠵᠢᠨ᠎ᠡ᠃ ᠳᠠᠪᠠᠭᠤᠯᠢᠭ ᠦᠷ᠎ᠡ ᠡᠭᠦᠯᠳᠡᠷ ᠤᠨ ᠦᠢᠯᠡᠰ ᠤᠨ ᠠᠵᠤ | ᠠᠬᠤᠶᠢᠯᠠᠯ ᠤᠨ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠬᠦ᠂ ᠭᠠᠳᠠᠭᠠᠳᠤ ᠶᠢᠨ ᠵᠠᠬ᠎ᠠ ᠳᠡᠯᠭᠡᠭᠦᠷ ᠢ ᠢᠳᠡᠪᠬᠢᠲᠡᠢ ᠥᠷᠭᠡᠳᠭᠡᠬᠦ᠂ ᠣᠯᠠᠨ | ᠤᠯᠤᠰᠵᠢᠭᠰᠠᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠵᠣᠷᠢᠬᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠲᠠᠷᠢᠮᠠᠯ ᠤᠨ ᠦᠷ᠎ᠡ ᠡᠭᠦᠯᠳᠡᠷ ᠪᠤᠶᠢᠵᠢᠭᠤᠯᠬᠤ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠳᠡᠮᠵᠢᠨ᠎ᠡ᠃ ᠥᠪᠡᠷᠲᠡᠭᠡᠨ ᠵᠠᠰᠠᠬᠤ | ᠣᠷᠣᠨ ᠤ ᠦᠷ᠎ᠡ ᠡᠭᠦᠯᠳᠡᠷ ᠪᠤᠶᠢᠵᠢᠭᠤᠯᠬᠤ ᠰᠤᠳᠤᠯᠤᠨ ᠨᠡᠭᠡᠭᠡᠬᠦ ᠰᠠᠭᠤᠷᠢ᠂ ᠣᠷᠣᠨ ᠪᠦᠰᠡ ᠶᠢᠨ ᠬᠠᠷᠢᠴᠠᠩᠭᠤᠢ ᠳᠠᠪᠠᠭᠤᠯᠢᠭ ᠪᠠ ᠠᠵᠤ ᠦᠢᠯᠡᠰ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠷ᠎ᠠ ᠪᠤᠷᠴᠠᠭ᠂ ᠨᠠᠷᠢᠮᠦ᠂ ᠨᠠᠷᠠᠨ ᠬᠤᠸᠠᠷ᠂ ᠡᠷᠳᠡᠨᠢ ᠰᠢᠰᠢ᠂ ᠲᠥᠮᠥᠰᠥ᠂ | ᠤᠰᠤᠨ ᠲᠤᠲᠤᠷᠭ᠎ᠠ᠂ ᠪᠤᠭᠤᠳᠠᠢ᠂ ᠰᠢᠬᠢᠷ ᠯᠤᠤᠪᠠᠩ᠂ ᠨᠣᠬᠠᠢ ᠶᠢᠨ ᠬᠤᠰᠢᠭᠤ ᠵᠡᠷᠭᠡ ᠳᠠᠪᠠᠭᠤᠯᠢᠭ ᠤᠨᠴᠠᠯᠢᠨᠨᠳᠤ ᠲᠠᠷᠢᠮᠠᠯ ᠢᠶᠠᠷ ᠭᠤᠣᠯᠳᠠᠭᠤᠯᠤᠨ᠂ ᠦᠷ᠎ᠡ | ᠡᠭᠦᠯᠳᠡᠷ ᠪᠤᠶᠢᠵᠢᠭᠤᠯᠬᠤ ᠲᠠᠯ᠎ᠠ ᠪᠠᠷ ᠬᠤᠯᠪᠣᠭᠠᠯᠠᠨ ᠪᠣᠭᠤᠮᠲᠠ ᠰᠢᠪᠲᠤᠯᠬᠤ ᠪᠠ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠶᠢ ᠬᠡᠷᠡᠭᠵᠢᠭᠦᠯᠦᠨ᠂ ᠦᠷ᠎ᠡ | ᠡᠭᠦᠯᠳᠡᠷ ᠪᠤᠶᠢᠵᠢᠭᠤᠯᠬᠤ ᠰᠤᠳᠤᠯᠤᠨ ᠨᠡᠭᠡᠭᠡᠬᠦ ᠲᠣᠭᠲᠠᠴᠠ ᠳᠤ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠶᠡᠭᠡ | ᠳᠡᠭᠡᠳᠦ ᠰᠤᠷᠭᠠᠭᠤᠯᠢ᠂ ᠬᠥᠲᠥᠴᠢ ᠠᠵᠤ ᠠᠬᠤᠶᠢᠯᠠᠯ᠂ ᠠᠵᠢᠯ ᠲᠥᠷᠥᠯ ᠤᠨ ᠳᠠᠭᠠᠭᠤᠯᠤᠭᠴᠢ ᠰᠢᠨᠵᠢᠯᠡᠬᠦ ᠤᠬᠠᠭᠠᠨᠲᠠᠨ ᠤ ᠦᠷ᠎ᠡ ᠡᠭᠦᠯᠳᠡᠷ ᠪᠤᠶᠢᠵᠢᠭᠤᠯᠬᠤ ᠳᠤ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠵᠣᠬᠢᠶᠠᠨ ᠪᠠᠶᠢᠭᠤᠯᠬᠤ ᠶᠢ ᠨᠢ ᠳᠡᠮᠵᠢᠵᠦ᠂ ᠡᠯ᠎ᠡ ᠲᠠᠯ᠎ᠠ ᠶᠢᠨ ᠦᠷ᠎ᠡ ᠡᠳ᠋ ᠤᠨ ᠡᠬᠢ ᠪᠠᠶᠠᠯᠢᠭ᠂ ᠴᠢᠳᠠᠪᠤᠷᠢᠲᠠᠨ ᠤ ᠡᠬᠢ | ᠪᠠᠶᠠᠯᠢᠭ᠂ ᠲᠠᠪᠴᠠᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠦᠢᠯᠡᠰᠵᠢᠭᠰᠡᠨ ᠵᠠᠭᠪᠤᠷ ᠶᠣᠰᠣᠭᠠᠷ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ᠂ | ᠬᠡᠷᠡᠭᠯᠡᠭᠡᠨ ᠤ ᠰᠤᠳᠤᠯᠤᠯ᠂ ᠦᠷ᠎ᠡ ᠡᠭᠦᠯᠳᠡᠷ ᠪᠤᠶᠢᠵᠢᠭᠤᠯᠬᠤ ᠮᠡᠷᠭᠡᠵᠢᠯ ᠵᠡᠷᠭᠡ ᠲᠠᠯ᠎ᠠ ᠪᠠᠷ ᠲᠥᠪᠯᠡᠷᠡᠭᠦᠯᠦᠨ ᠪᠣᠭᠤᠮᠲᠠ ᠰᠢᠪᠲᠤᠯᠵᠤ᠂ ᠦᠢᠯᠡᠳᠪᠦᠷᠢᠯᠡᠬᠦ ᠵᠢᠭᠠᠬᠤ | ᠰᠤᠳᠤᠯᠬᠤ ᠬᠡᠷᠡᠭᠯᠡᠬᠦ ᠪᠠᠨ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠂ ᠵᠠᠩᠭᠢᠯᠠᠭ᠎ᠠ ᠶᠢᠨ ᠮᠡᠷᠭᠡᠵᠢᠯ᠂ ᠤᠰᠤ ᠠᠷᠪᠢᠯᠠᠵᠤ ᠭᠠᠩ ᠢ ᠳᠠᠭᠠᠭᠠᠬᠤ ᠪᠠ ᠬᠤᠵᠢᠷ ᠲᠤ | ᠲᠡᠰᠪᠦᠷᠢᠲᠡᠢ ᠰᠢᠨ᠎ᠡ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠨ᠎ᠠ᠃ ᠨᠠᠷᠠᠨ ᠬᠤᠸᠠᠷ᠂ ᠰᠢᠷ᠎ᠠ ᠪᠤᠷᠴᠠᠭ᠂ | ᠨᠠᠷᠢᠮᠤ ᠶᠢᠨ ᠦᠷ᠎ᠡ ᠡᠭᠦᠯᠳᠡᠷ ᠤᠨ ᠪᠥᠬᠦ ᠤᠯᠤᠰ ᠤᠨ ᠲᠡᠷᠢᠭᠦᠨ ᠳᠤ ᠪᠠᠶᠢᠬᠤ ᠪᠠᠶᠢᠷᠢ ᠰᠠᠭᠤᠷᠢ ᠶᠢ ᠪᠠᠲᠤᠯᠠᠵᠤ᠂ ᠪᠤᠰᠤᠳ ᠲᠠᠷᠢᠮᠠᠯ ᠤᠨ ᠦᠷ᠎ᠡ ᠡᠭᠦᠯᠳᠡᠷ ᠤᠨ | ᠦᠪᠡᠷ ᠢ ᠪᠠᠨ ᠬᠠᠩᠭᠠᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠠᠪᠠᠭᠤᠯᠢᠭ ᠢᠶᠠᠨ ᠳᠠᠪᠲᠠᠵᠤ᠂ ᠲᠡᠷᠢᠬᠦᠨ ᠤ ᠪᠠᠶᠢᠷᠢ ᠰᠠᠭᠤᠷᠢ ᠪᠠᠨ ᠪᠠᠲᠤᠯᠠᠨ᠂ | ᠳᠤᠲᠠᠭᠤᠳᠠᠯ ᠢᠶᠠᠨ ᠨᠥᠬᠦᠪᠦᠷᠢᠯᠡᠵᠦ᠂ ᠵᠥᠷᠢᠶ᠎ᠡ ᠪᠠᠨ ᠪᠠᠭᠠᠰᠬᠠᠨ᠎ᠠ᠃ ᠡᠷᠳᠡᠨᠢ ᠰᠢᠰᠢ᠂ ᠲᠥᠮᠥᠰᠥ᠂ ᠢᠳᠡᠰᠢᠨ ᠨᠣᠭᠤᠭ᠎ᠠ᠂ ᠰᠢᠷ᠎ᠠ ᠪᠤᠷᠴᠠᠭ᠂ ᠠᠮᠢᠳᠤ ᠪᠣᠳᠠᠰ ᠤᠨ | ᠦᠷ᠎ᠡ ᠡᠭᠦᠯᠳᠡᠷ ᠪᠤᠶᠢᠵᠢᠭᠤᠯᠬᠤ ᠶᠢᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ᠃ ︵ᠥ ᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠮᠠᠯ ᠵᠢᠭᠦᠷᠲᠡᠨ ᠤ ᠡᠭᠦᠯᠳᠡᠷ ᠪᠤᠶᠢᠵᠢᠭᠤᠯᠬᠤ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠳᠡᠮᠵᠢᠨ᠎ᠡ᠃ ᠠᠯᠠᠰᠢᠨ ᠦᠬᠡᠷ᠂ ᠠᠯᠠᠰᠢᠨ | ᠬᠤᠨᠢ᠂ ᠠᠮᠢᠳᠤ ᠭᠠᠭ᠋ᠠᠢ ᠵᠡᠷᠭᠡ ᠶᠢᠨ ᠡᠭᠦᠯᠳᠡᠷ ᠪᠤᠶᠢᠵᠢᠭᠤᠯᠬᠤ ᠲᠠᠯ᠎ᠠ ᠪᠠᠷ ᠬᠤᠯᠪᠣᠭᠠᠯᠠᠨ ᠪᠣᠭᠤᠮᠲᠠ ᠰᠢᠪᠲᠤᠯᠬᠤ ᠪᠠ ︽ᠵᠠᠷᠯᠠᠯ ᠨᠡᠶᠢᠲᠡᠯᠡᠵᠦ ᠬᠤᠰᠢᠭᠤᠷᠠᠨ | ᠠᠵᠢᠯᠯᠠᠬᠤ︾ ᠶᠢ ᠥᠷᠨᠢᠭᠦᠯᠵᠦ᠂ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ | ᠰᠢᠪᠲᠤᠯᠬᠤ ᠪᠠᠨ ᠴᠢᠩᠭᠠᠳᠬᠠᠨ᠎ᠠ᠃ ᠣᠷᠣᠨ ᠪᠦᠰᠡ ᠶᠢᠨ ᠴᠢᠨᠠᠷᠲᠠᠢ ᠪᠠᠷ ᠬᠤᠯᠪᠣᠭᠠᠯᠠᠨ ᠦᠷ᠎ᠡ ᠡᠭᠦᠯᠳᠡᠷ ᠪᠤᠶᠢᠵᠢᠭᠤᠯᠬᠤ ᠠᠵᠢᠯ ᠥᠷᠨᠢᠭᠦᠯᠬᠦ ᠶᠢ ᠵᠣᠷᠢᠬᠵᠢᠭᠤᠯᠵᠤ᠂ | ᠦᠢᠯᠡᠳᠪᠦᠷᠢᠯᠡᠬᠦ ᠴᠢᠨᠰᠠᠭ᠎ᠠ ᠶᠢ ᠬᠡᠮᠵᠢᠨ ᠲᠣᠭᠲᠠᠭᠠᠬᠤ ᠠᠵᠢᠯ ᠢ ᠰᠢᠨᠵᠢᠯᠡᠬᠦ ᠤᠬᠠᠭᠠᠨᠴᠢ᠂ ᠰᠢᠰᠲ᠋ᠧᠮ ᠲᠠᠢ᠂ ᠵᠢᠷᠤᠮᠵᠢᠭᠤᠨ ᠪᠠᠶᠢᠬᠤ ᠲᠦᠷᠢᠮᠯᠡᠯ ᠢ ᠴᠢᠩᠭ᠎ᠠ | ᠵᠢᠷᠤᠮᠯᠠᠨ ᠥᠷᠨᠢᠭᠦᠯᠵᠦ᠂ ᠬᠡᠪᠴᠢᠶᠡᠵᠢᠭᠦᠯᠦᠭᠰᠡᠨ᠂ ᠬᠠᠮᠵᠢᠯᠴᠠᠭᠰᠠᠨ᠂ ᠣᠶᠤᠨᠴᠢᠯᠠᠭᠰᠠᠨ ᠣᠳᠣ ᠦᠶ᠎ᠡ ᠶᠢᠨ ᠡᠭᠦᠯᠳᠡᠷ ᠪᠤᠶᠢᠵᠢᠭᠤᠯᠬᠤ ᠰᠢᠨ᠎ᠡ ᠵᠠᠭᠪᠤᠷ | ᠪᠠᠶᠢᠭᠤᠯᠬᠤ ᠶᠢ ᠠᠬᠢᠭᠤᠯᠤᠨ᠎ᠠ᠃ ᠠᠯᠠᠰᠢᠨ ᠦᠬᠡᠷ ᠤᠨ ᠲᠠᠯ᠎ᠠ ᠪᠠᠷ ᠬᠤᠸᠠᠰᠢ ᠦᠬᠡᠷ ᠵᠡᠷᠭᠡ ᠰᠠᠶᠢᠨ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠪᠥᠭᠡᠳ | ᠴᠢᠨᠰᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠦᠪᠡᠰᠦᠪᠡᠨ ᠡᠵᠡᠮᠳᠡᠵᠦ ᠪᠣᠯᠬᠤ ᠪᠠᠷ | ᠭᠦᠴᠦᠯᠡᠨ ᠴᠢᠷᠮᠠᠶᠢᠨ᠎ᠠ︔ ᠠᠯᠠᠰᠢᠨ ᠬᠤᠨᠢᠨ ᠤ ᠲᠠᠯ᠎ᠠ ᠪᠠᠷ ᠨᠤᠲᠤᠭ ᠤᠨ ᠦᠷ᠎ᠡ ᠡᠭᠦᠯᠳᠡᠷ ᠤᠨ ᠳᠠᠪᠠᠭᠤᠯᠢᠭ ᠥᠪᠡᠷᠮᠢᠴᠡ ᠰᠢᠨᠵᠢ ᠶᠢ ᠭᠦᠢᠴᠡᠳ ᠠᠭᠤᠳᠠᠯᠵᠦ᠂ | ᠦᠢᠯᠡᠳᠪᠦᠷᠢᠯᠡᠬᠦ ᠴᠢᠨᠰᠠᠭ᠎ᠠ ᠶᠢ ᠨᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠬᠦᠪᠦᠷᠡᠯᠳᠦ ᠢᠯᠡᠭᠦᠦ ᠲᠥᠯᠯᠡᠬᠦ ᠲᠤᠰᠬᠠᠶᠢᠵᠢᠭᠰᠠᠨ ᠰᠢᠨ᠎ᠡ ᠦᠷ᠎ᠡ ᠡᠭᠦᠯᠳᠡᠷ ᠢ | ᠪᠤᠶᠢᠵᠢᠭᠤᠯᠤᠨ᠎ᠠ︔ ᠠᠮᠢᠳᠤ ᠭᠠᠭ᠋ᠠᠢ ᠶᠢᠨ ᠲᠠᠯ᠎ᠠ ᠪᠠᠷ ᠤᠳᠤᠮᠯᠠᠯ ᠤᠨ ᠦᠨᠡᠯᠡᠨ ᠵᠢᠱᠢᠯᠲᠡ᠂ ᠪᠥᠬᠦ ᠭᠧᠨ ᠤ ᠪᠦᠯᠦᠭ ᠤᠨ ᠰᠣᠩᠭᠤᠯᠲᠠ ᠵᠡᠷᠭᠡ ᠮᠡᠷᠭᠡᠵᠢᠯ ᠢᠶᠠᠷ | ᠲᠤᠷᠦ᠋ᠢᠯᠠᠬᠤ ᠨᠣᠷᠮ᠎ᠠ᠂ ᠡᠪᠡᠳᠴᠢᠨ ᠢ ᠳᠠᠷᠤᠬᠤ ᠴᠢᠨᠠᠷ ᠢ ᠲᠡᠬᠡᠭᠰᠢᠯᠡᠬᠦᠯᠦᠨ᠎ᠡ᠃ ᠪᠥᠬᠦ ᠤᠯᠤᠰ ᠲᠤ ᠣᠷᠦ᠋ᠢᠯᠠᠭᠰᠠᠨ ᠦᠬᠡᠷ᠂ ᠬᠤᠨᠢ ᠪᠠ ᠠᠮᠢᠳᠤ ᠭᠠᠭ᠋ᠠᠢ ᠶᠢᠨ | ᠡᠭᠦᠯᠳᠡᠷ ᠪᠤᠶᠢᠵᠢᠭᠤᠯᠬᠤ ᠲᠣᠭᠲᠠᠯᠴᠠᠭ᠎ᠠ ᠶᠢ ᠴᠣᠭᠴᠠᠯᠠᠵᠤ᠂ ᠡᠭᠦᠯᠳᠡᠷ ᠤᠨ ᠮᠠᠯ ᠵᠢᠭᠦᠷᠲᠡᠨ ᠤ ᠦᠢᠯᠡᠳᠪᠦᠷᠢᠯᠡᠯ ᠤᠨ ᠴᠢᠨᠰᠠᠭ᠎ᠠ ᠪᠠ ᠶᠠᠰᠤ ᠴᠢᠨᠠᠷ ᠤᠨ ᠬᠢᠷᠢ | ᠲᠦᠪᠰᠢᠨ ᠤ ᠬᠤᠣᠰᠯᠠᠨ ᠳᠡᠭᠡᠭᠰᠢᠯᠡᠬᠦ ᠶᠢ ᠪᠡᠶᠡᠯᠡᠭᠦᠯᠦᠨ᠎ᠡ᠃ ᠨᠣᠣᠯᠣᠭᠤᠷ ᠤᠨ ᠢᠮᠠᠭ᠎ᠠ᠂ ᠠᠳᠤᠭᠤ᠂ ᠲᠡᠮᠡᠭᠡ᠂ ᠰᠠᠭᠠᠯᠢ ᠶᠢᠨ ᠢᠮᠠᠭ᠎ᠠ᠂ ᠭᠡᠷ ᠤᠨ ᠵᠢᠭᠦᠷᠲᠡᠨ | ᠵᠡᠷᠭᠡ ᠶᠢᠨ ᠥᠪᠡᠷᠮᠢᠴᠡ ᠣᠨᠴᠠᠯᠢᠭ ᠲᠠᠢ ᠡᠭᠦᠯᠳᠡᠷ ᠢ ᠨᠢ ᠰᠣᠩᠭᠤᠨ ᠪᠤᠶᠢᠵᠢᠭᠤᠯᠬᠤ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠣᠢ ᠮᠣᠳᠣ ᠡᠪᠡᠰᠦᠨ ᠤ ᠦᠷ᠎ᠡ ᠶᠢᠨ ᠴᠢᠬᠢ ᠪᠤᠶᠢᠵᠢᠭᠤᠯᠬᠤ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠳᠡᠮᠵᠢᠨ᠎ᠡ᠃ ᠤᠯᠤᠰ ᠤᠨ | ᠳᠣᠲᠣᠭᠠᠳᠤ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ᠂ ᠰᠢᠨᠵᠢᠯᠡᠬᠦ ᠤᠬᠠᠭᠠᠨ ᠤ ᠰᠤᠳᠤᠯᠤᠯ ᠤᠨ | ᠨᠢᠭᠡᠴᠢ᠂ ᠶᠡᠭᠡ ᠳᠡᠭᠡᠳᠦ ᠰᠤᠷᠭᠠᠭᠤᠯᠢ ᠵᠡᠷᠭᠡ ᠡᠬᠢ ᠪᠠᠶᠠᠯᠢᠭ ᠢ ᠬᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠪᠡᠰᠦᠨ ︵ᠦᠷ᠎ᠡ︶ ᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠢᠳᠡᠪᠬᠢᠲᠡᠢ ᠡᠭᠦᠳᠦᠨ ᠪᠠᠶᠢᠭᠤᠯᠵᠤ᠂ ᠣᠢ ᠮᠣᠳᠣ ᠡᠪᠡᠰᠦᠨ ᠤ ᠦᠷ᠎ᠡ ᠶᠢᠨ ᠦᠢᠯᠡᠰ ᠤᠨ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ | ᠪᠣᠭᠤᠮᠲᠠ ᠰᠢᠪᠲᠤᠯᠬᠤ ᠠᠵᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠢ ᠮᠣᠳᠣ ᠡᠪᠡᠰᠦᠨ ᠤ ᠦᠷ᠎ᠡ ᠡᠭᠦᠯᠳᠡᠷ ᠲᠤ ᠰᠢᠨ᠎ᠡ ᠶᠢ ᠡᠭᠦᠳᠴᠦ | ᠬᠥᠭᠵᠢᠭᠦᠯᠬᠦ ᠶᠢ ᠠᠬᠢᠭᠤᠯᠤᠨ᠎ᠠ᠃ ᠬᠢᠶᠠᠭ᠂ ᠶᠦᠷᠬᠦᠭ ᠤᠨ ᠲᠠᠯ᠎ᠠ ᠪᠠᠷ ᠭᠤᠣᠯᠳᠠᠭᠤ ᠦᠷ᠎ᠡ ᠡᠭᠦᠯᠳᠡᠷ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠥᠨᠳᠥᠷ | ᠮᠥᠷᠲᠡᠭᠡᠨ ᠪᠠᠬᠢᠯᠢᠭ᠌᠂ ᠰᠥᠷᠬᠦ ᠶᠢ ᠳᠠᠭᠠᠭᠠᠬᠤ ᠥᠨᠳᠥᠷ ᠤᠨᠠᠯᠲᠠᠲᠤ ᠰᠢᠨ᠎ᠡ ᠦᠷ᠎ᠡ ᠡᠭᠦᠯᠳᠡᠷ ᠢ ᠲᠦᠷᠭᠡᠪᠴᠢᠯᠡᠨ ᠪᠤᠶᠢᠵᠢᠭᠤᠯᠵᠤ᠂ ᠦᠷ᠎ᠡ ᠶᠢᠨ ᠨᠢᠭᠡᠴᠢ | ᠲᠠᠯᠠᠪᠠᠢ ᠶᠢᠨ ᠬᠤᠷᠢᠶᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠠᠵᠤ ᠦᠢᠯᠡᠰ ᠤᠨ ᠲᠣᠭᠲᠠᠯᠴᠠᠭ᠎ᠠ ᠶᠢ | ᠪᠦᠷᠢᠨᠰᠢᠭᠦᠯᠵᠦ ᠲᠡᠭᠦᠯᠳᠡᠷᠵᠢᠭᠦᠯᠦᠨ᠎ᠡ︔ ᠴᠠᠷᠭᠠᠰᠤ ᠶᠢᠨ ᠲᠠᠯ᠎ᠠ ᠪᠠᠷ ᠡᠪᠡᠰᠦᠨ ᠤ ᠦᠷ᠎ᠡ ᠡᠭᠦᠯᠳᠡᠷ ᠢ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠬᠦ ᠠᠴᠠ | ᠠᠩᠬᠢᠵᠢᠷᠠᠬᠤ ᠪᠠᠷ ᠭᠦᠴᠦᠯᠡᠨ ᠴᠢᠷᠮᠠᠶᠢᠵᠤ᠂ ᠤᠯᠤᠰ ᠤᠨ ᠭᠠᠷᠤᠯᠲᠠᠲᠤ ᠦᠷ᠎ᠡ ᠶᠢᠨ ᠤᠨᠠᠯᠲᠠ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ︔ ᠨᠣᠬᠠᠢ ᠶᠢᠨ | ᠬᠤᠰᠢᠭᠤᠨ ᠤ ᠲᠠᠯ᠎ᠠ ᠪᠠᠷ ᠨᠢᠭᠡᠴᠢ ᠤᠨᠠᠯᠲᠠ ᠶᠢᠨ ᠬᠢᠷᠢ ᠲᠦᠪᠰᠢᠨ ᠥᠨᠳᠥᠷ᠂ ᠮᠧᠬᠠᠨᠢᠬᠵᠢᠭᠰᠠᠨ ᠦᠢᠯᠡᠳᠪᠦᠷᠢᠯᠡᠯ ᠳᠤ ᠲᠣᠬᠢᠷᠠᠬᠤ᠂ ᠡᠳ᠋ᠰᠢᠭᠦᠯᠦᠨ | ᠪᠣᠯᠪᠠᠰᠤᠷᠠᠭᠤᠯᠬᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠴᠢᠨᠠᠷ ᠪᠦᠬᠦᠢ ᠰᠢᠨ᠎ᠡ ᠦᠷ᠎ᠡ ᠡᠭᠦᠯᠳᠡᠷ ᠢ ᠪᠤᠶᠢᠵᠢᠭᠤᠯᠬᠤ ᠪᠠᠷ ᠭᠤᠣᠯ ᠬᠠᠷᠠᠯᠲᠠ ᠪᠠᠨ ᠪᠣᠯᠭᠠᠨ᠎ᠠ︔ | ᠨᠠᠷᠠᠰᠤ᠂ ᠴᠠᠭᠠᠨ ᠬᠠᠷᠭᠠᠨ᠎ᠠ᠂ ᠵᠠᠭ ᠮᠣᠳᠣ᠂ ᠡᠯᠡᠰᠦᠨ ᠪᠣᠷᠭᠠᠰᠣᠨ ᠤ ᠲᠠᠯ᠎ᠠ ᠪᠠᠷ ᠭᠠᠩ ᠢ ᠳᠠᠭᠠᠭᠠᠬᠤ᠂ ᠬᠤᠵᠢᠷ ᠲᠤ ᠲᠡᠰᠪᠦᠷᠢᠳᠠᠢ᠂ ᠡᠯᠡᠰᠦ ᠶᠢ | ᠲᠣᠭᠲᠠᠪᠤᠷᠢᠵᠢᠭᠤᠯᠬᠤ ᠴᠢᠳᠠᠪᠤᠷᠢ ᠪᠠᠷ ᠴᠢᠩᠭ᠎ᠠ ᠪᠠᠶᠢᠭ᠎ᠠ ᠰᠠᠶᠢᠨ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠪᠠᠷ ᠭᠤᠣᠯ ᠬᠠᠷᠠᠯᠲᠠ ᠪᠠᠨ ᠪᠣᠯᠭᠠᠨ᠎ᠠ︔ ᠬᠠᠲᠠᠭᠤ | ᠴᠠᠭᠠᠨ᠂ ᠬᠡᠭᠡᠷ᠎ᠡ ᠶᠢᠨ ᠭᠦᠢᠯᠡᠰᠦ᠂ ᠪᠤᠶᠢᠯᠠᠰᠤ᠂ ᠰᠡᠩᠳᠡᠩ ᠮᠣᠳᠣᠨ ᠤ ᠲᠠᠯ᠎ᠠ ᠪᠠᠷ ᠥᠨᠳᠥᠷ ᠤᠨᠠᠯᠲᠠᠲᠤ ᠴᠢᠨᠠᠷ ᠰᠠᠶᠢᠳᠠᠢ ᠮᠣᠳᠣᠯᠢᠭ ᠲᠣᠰᠣᠯᠢᠭ ᠲᠠᠷᠢᠮᠠᠯ ᠤᠨ | ᠰᠠᠶᠢᠨ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠪᠠᠷ ᠭᠤᠣᠯ ᠬᠠᠷᠠᠯᠲᠠ ᠪᠠᠨ ᠪᠣᠯᠭᠠᠨ᠎ᠠ︔ ᠴᠢᠴᠠᠷᠭᠠᠨ᠎ᠠ᠂ ᠴᠠᠭᠠᠨ ᠭᠤᠶᠣᠣ᠂ ᠴᠢᠨ᠋ᠸ᠎ᠠ ᠶᠢᠨ ᠬᠠᠷᠮᠠᠭ ᠲᠤ | ᠥᠨᠳᠥᠷ ᠨᠡᠮᠡᠯᠲᠡ ᠥᠷᠳᠡᠭ ᠪᠦᠬᠦᠢ ᠠᠵᠤ ᠠᠬᠤᠢ ᠶᠢᠨ ᠣᠢ ᠶᠢᠨ ᠵᠢᠮᠢᠰ ᠤᠨ ᠰᠠᠶᠢᠨ ᠦᠷ᠎ᠡ ᠡᠭᠦᠯᠳᠡᠷ ᠢ ᠰᠣᠩᠭᠤᠨ ᠪᠤᠶᠢᠵᠢᠭᠤᠯᠬᠤ ᠪᠠᠷ ᠭᠤᠣᠯ ᠬᠠᠷᠠᠯᠲᠠ ᠪᠠᠨ | ᠪᠣᠯᠭᠠᠵᠤ᠂ ᠣᠢ ᠮᠣᠳᠣ ᠡᠪᠡᠰᠦᠨ ᠤ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠥᠪᠡᠰᠦᠪᠡᠨ ᠬᠦᠴᠦᠷᠬᠡᠭᠵᠢᠬᠦ᠂ ᠦᠷ᠎ᠡ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠵᠤ ᠥᠪᠡᠰᠦᠪᠡᠨ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠦᠷ᠎ᠡ ᠡᠭᠦᠯᠳᠡᠷ ᠤᠨ ᠬᠢᠨᠠᠨ ᠲᠣᠭᠲᠠᠭᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠲᠠᠷᠢᠮᠠᠯ ᠤᠨ ᠦᠷ᠎ᠡ ᠡᠭᠦᠯᠳᠡᠷ ᠤᠨ ᠬᠢᠨᠠᠨ | ᠲᠣᠭᠲᠠᠭᠠᠬᠤ ᠪᠠᠷᠢᠮᠵᠢᠶ᠎ᠠ ᠶᠢ ᠴᠢᠩᠳᠠᠯᠠᠵᠤ᠂ DNA ᠤᠨ ᠪᠠᠶᠢᠷᠢ ᠴᠡᠭ ᠤᠨ ᠲᠤᠭ᠎ᠠ᠂ ᠤᠨᠠᠯᠲᠠ ᠪᠠ ᠰᠦᠷᠭᠦ ᠶᠢ ᠳᠠᠭᠠᠭᠠᠬᠤ ᠴᠢᠨᠠᠷ ᠤᠨ ᠱᠠᠭᠠᠷᠳᠠᠯᠭ᠎ᠠ ᠶᠢ | ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠦᠷ᠎ᠡ ᠡᠭᠦᠯᠳᠡᠷ ᠤᠨ ᠴᠢᠬᠤᠯᠠ ᠭᠦᠢᠴᠡᠳᠭᠡᠯ ᠲᠤᠭ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠲᠤᠷᠰᠢᠯᠲᠠ ᠳᠤ ᠣᠷᠣᠯᠴᠠᠭᠰᠠᠨ ᠦᠷ᠎ᠡ ᠡᠭᠦᠯᠳᠡᠷ ᠤᠨ DNA ᠬᠤᠷᠤᠭᠤᠨ ᠤ ᠣᠷᠣᠮ᠂ ᠰᠦᠷᠭᠦ ᠶᠢ ᠳᠠᠭᠠᠭᠠᠬᠤ ᠴᠢᠨᠠᠷ᠂ ᠴᠢᠨᠠᠷ ᠪᠠ ᠭᠧᠨ ᠬᠤᠪᠢᠷᠠᠭᠤᠯᠤᠭᠰᠠᠨ | ᠪᠦᠷᠢᠯᠳᠦᠭᠦᠨ ᠵᠡᠷᠭᠡ ᠶᠢ ᠪᠥᠬᠦᠨ ᠢ ᠬᠠᠮᠤᠷᠤᠭᠤᠯᠤᠨ ᠪᠠᠶᠢᠴᠠᠭᠠᠨ ᠬᠡᠮᠵᠢᠵᠦ᠂ ᠬᠢᠨᠠᠨ ᠲᠣᠭᠲᠠᠭᠠᠭᠰᠠᠨ ᠦᠷ᠎ᠡ ᠡᠭᠦᠯᠳᠡᠷ ᠤᠨ ᠲᠤᠭ᠎ᠠ ᠬᠡᠮᠵᠢᠶ᠎ᠡ ᠶᠢ ᠨᠢ ᠪᠠᠭᠤᠷᠠᠭᠤᠯᠵᠤ | ᠂ ᠴᠢᠨᠠᠷ ᠢ ᠨᠢ ᠦᠨᠡᠨ ᠬᠦ ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠦᠷ᠎ᠡ ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠴᠢᠨᠠᠷ ᠰᠠᠶᠢᠲᠠᠢ ᠴᠣᠭᠴᠠᠯᠠᠨ᠎ᠠ᠃ ᠣᠷᠣᠭᠤᠯᠤᠭᠰᠠᠨ ᠦᠷ᠎ᠡ ᠡᠭᠦᠯᠳᠡᠷ ᠢ ᠪᠦᠷᠢᠳᠬᠡᠨ | ᠳᠠᠩᠰᠠᠯᠠᠵᠤ ᠬᠠᠮᠢᠶᠠᠷᠬᠤ ᠪᠠᠨ ᠴᠢᠩᠭᠠᠳᠬᠠᠵᠤ᠂ ᠣᠷᠣᠭᠤᠯᠤᠭᠰᠠᠨ ᠦᠷ᠎ᠡ ᠡᠭᠦᠯᠳᠡᠷ ᠤᠨ ᠲᠤᠷᠰᠢᠯᠲᠠ ᠶᠢ ᠮᠡᠳᠡᠭᠦᠯᠦᠨ ᠳᠠᠩᠰᠠᠯᠠᠭᠤᠯᠬᠤ ᠪᠠᠨ ᠵᠢᠷᠤᠮᠵᠢᠭᠤᠯᠬᠤ ᠶᠢᠨ | ᠬᠠᠮᠲᠤ ᠦᠷ᠎ᠡ ᠡᠭᠦᠯᠳᠡᠷ ᠲᠤ ᠮᠥᠷᠳᠡᠵᠦ ᠦᠨᠡᠯᠡᠯᠲᠡ ᠬᠢᠬᠦ ᠠᠵᠢᠯ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠪᠠᠨ ᠴᠢᠩᠭᠠᠳᠬᠠᠵᠤ ᠳᠠᠪᠠᠭᠤᠯᠢᠭ ᠢᠶᠠᠨ ᠪᠠᠳᠠᠷᠠᠭᠤᠯᠤᠨ᠂ ᠰᠠᠶᠢᠨ ᠦᠷ᠎ᠡ ᠡᠭᠦᠯᠳᠡᠷ ᠦᠷᠡᠵᠢᠭᠦᠯᠦᠨ ᠪᠤᠶᠢᠵᠢᠭᠤᠯᠬᠤ ᠤᠯᠤᠰ ᠤᠨ | ᠳᠡᠰ ᠤᠨ ᠰᠠᠭᠤᠷᠢᠨ ᠭᠠᠵᠠᠷ ᠢ ᠴᠣᠭᠴᠠᠯᠠᠨ᠎ᠠ | ︵ᠶᠢᠰᠦ︶ ᠲᠠᠷᠢᠮᠠᠯ ᠤᠨ ᠰᠠᠶᠢᠨ ᠦᠷ᠎ᠡ ᠡᠭᠦᠯᠳᠡᠷ ᠢ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠎ᠠ᠃ | ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠰᠠᠶᠢᠨ ᠦᠷ᠎ᠡ ᠡᠭᠦᠯᠳᠡᠷ ᠪᠤᠶᠢᠵᠢᠭᠤᠯᠬᠤ ᠲᠣᠮᠣ ᠰᠢᠶᠠᠨ ᠤ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠪᠠᠶᠢᠷᠢᠰᠢᠭᠤᠯᠬᠤ ᠶᠢ ᠨᠢ ᠵᠢᠯᠣᠭᠤᠳᠴᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ᠂ ᠰᠡᠳᠭᠢᠴᠡ ᠠᠷᠭ᠎ᠠ | ᠬᠡᠮᠵᠢᠶ᠎ᠡ ᠶᠢ ᠨᠢ ᠲᠣᠳᠣᠷᠬᠠᠶᠢᠯᠠᠵᠤ᠂ ᠬᠠᠮᠤᠷᠬᠤ ᠬᠡᠪᠴᠢᠶ᠎ᠡ ᠪᠠᠷ ᠨᠡᠩ ᠥᠷᠭᠡᠨ᠂ ᠳᠡᠮᠵᠢᠬᠦ ᠡᠷᠴᠢᠮ ᠨᠡᠩ ᠴᠢᠩᠭ᠎ᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ | ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠣᠢ᠂ ᠡᠳ᠋ ᠤᠨ ᠵᠠᠰᠠᠭ ᠭᠠᠶᠢᠯᠢ ᠲᠠᠲᠠᠪᠤᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ᠰᠠᠶᠢᠨ ᠰᠠᠶᠢᠬᠠᠨ ᠦᠢᠯᠡᠳᠪᠦᠷᠢᠯᠡᠯ ᠤᠨ ᠨᠦᠭᠦᠴᠡᠯ ᠪᠠ ᠬᠥᠭᠵᠢᠯᠲᠡ ᠶᠢᠨ ᠣᠷᠴᠢᠨ ᠢᠶᠠᠷ ᠢᠶᠠᠨ ᠣᠷᠣᠨ ᠤ ᠳᠣᠲᠣᠨ᠎ᠠ | ᠭᠠᠳᠠᠨᠠᠬᠢ ᠨᠡᠷᠡᠲᠦ ᠦᠷ᠎ᠡ ᠡᠭᠦᠯᠳᠡᠷ ᠤᠨ ᠠᠵᠤ ᠠᠬᠤᠶᠢᠯᠠᠯ ᠢ ᠲᠠᠲᠠᠨ ᠠᠪᠴᠢᠷᠠᠵᠤ ᠥᠪᠥᠷ ᠮᠣᠩᠭᠤᠯ ᠳᠤ ᠨᠤᠲᠤᠭᠰᠢᠭᠤᠯᠤᠨ᠎ᠠ᠃ ᠤᠯᠤᠰ ᠤᠨ ᠡᠷᠳᠡᠨᠢ ᠰᠢᠰᠢ ᠶᠢᠨ | ᠰᠠᠶᠢᠨ ᠦᠷ᠎ᠡ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠪᠠᠷ ᠭᠤᠣᠯᠳᠠᠯᠭ᠎ᠠ ᠪᠣᠯᠭᠠᠵᠤ᠂ ᠪᠥᠬᠦ | ᠤᠯᠤᠰ ᠤᠨ ᠭᠤᠣᠯ ᠪᠣᠯᠬᠤ ᠠᠮᠢ ᠠᠬᠤᠢ ᠶᠢᠨ ᠣᠷᠣᠨ ᠤ ᠦᠷ᠎ᠡ ᠡᠭᠦᠯᠳᠡᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠮᠤᠷᠴᠤ᠂ ᠵᠢᠮᠢᠰ ᠤᠨ ᠲᠦᠷᠦᠭᠦᠦ ᠶᠢ | ᠬᠠᠳᠠᠭᠠᠬᠤ᠂ ᠮᠧᠬᠠᠨᠢᠬᠵᠢᠭᠤᠯᠤᠯᠲᠠ ᠪᠠᠷ ᠡᠷ᠎ᠡ ᠲᠣᠭᠤᠷᠴᠤᠭ ᠢ ᠨᠢ ᠠᠷᠢᠯᠭᠠᠬᠤ᠂ ᠨᠠᠷᠢᠯᠢᠬ ᠢᠯᠭᠠᠨ ᠰᠢᠯᠢᠬᠦ ᠵᠡᠷᠭᠡ ᠲᠥᠬᠦᠭᠡᠷᠦᠮᠵᠢ ᠪᠡᠯᠡᠳᠭᠡᠮᠵᠢ ᠶᠢᠨ | ᠳᠤᠲᠠᠭᠤᠳᠠᠯ ᠢ ᠨᠥᠬᠦᠪᠦᠷᠢᠯᠡᠵᠦ᠂ ᠣᠷᠣᠨ ᠤ ᠳᠣᠲᠣᠨ᠎ᠠ ᠭᠠᠳᠠᠨᠠᠬᠢ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠳᠤ ᠢᠷᠡᠵᠦ ᠰᠠᠶᠢᠨ ᠦᠷ᠎ᠡ | ᠪᠤᠶᠢᠵᠢᠭᠤᠯᠬᠤ ᠪᠠᠷ ᠲᠠᠲᠠᠵᠤ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠠᠶᠢᠨ ᠦᠷ᠎ᠡ ᠡᠭᠦᠯᠳᠡᠷ ᠪᠤᠶᠢᠵᠢᠭᠤᠯᠬᠤ ᠠᠵᠢᠯ ᠢ ᠳᠠᠭᠠᠭᠠᠨ ᠵᠠᠯᠭᠠᠭᠤᠯᠤᠨ᠎ᠠ᠃ | ᠤᠯᠤᠰ ᠤᠨ ᠰᠢᠷ᠎ᠠ ᠪᠤᠷᠴᠠᠭ ᠤᠨ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠬᠥᠯᠥᠨ ᠪᠤᠶᠢᠷ ᠬᠤᠲᠠ᠂ ᠬᠢᠩᠭᠠᠨ | ᠠᠶᠢᠮᠠᠭ ᠢᠶᠠᠷ ᠭᠤᠣᠯᠳᠠᠯᠭ᠎ᠠ ᠪᠣᠯᠭᠠᠨ᠂ ᠦᠷ᠎ᠡ ᠶᠢᠨ ᠥᠩᠭᠡ ᠶᠢᠨ ᠰᠣᠩᠭᠤᠯᠲᠠ ᠨᠠᠷᠢᠯᠢᠬ ᠰᠣᠩᠭᠤᠯᠲᠠ᠂ ᠴᠢᠨᠠᠷ ᠰᠠᠶᠢᠲᠠᠢ ᠥᠩᠭᠡᠯᠡᠯᠲᠡ᠂ ᠣᠶᠤᠨᠯᠢᠭ ᠲᠤᠰᠠᠯᠠᠬᠤ | ᠪᠡᠯᠡᠳᠭᠡᠮᠵᠢ ᠶᠢᠨ ᠬᠡᠷᠡᠭᠯᠡᠭᠡ ᠶᠢ ᠲᠡᠭᠦᠯᠳᠡᠷᠵᠢᠭᠦᠯᠵᠦ᠂ ᠤᠯᠤᠰ ᠤᠨ ᠠᠮᠢᠳᠤ ᠪᠣᠳᠠᠰ ᠤᠨ ᠦᠷ᠎ᠡ ᠡᠭᠦᠯᠳᠡᠷ ᠪᠤᠶᠢᠵᠢᠭᠤᠯᠬᠤ ᠰᠢᠷ᠎ᠠ ᠪᠤᠷᠴᠠᠭ ᠤᠨ ᠦᠷ᠎ᠡ ᠡᠭᠦᠯᠳᠡᠷ | ᠦᠷᠡᠵᠢᠭᠦᠯᠦᠨ ᠪᠤᠶᠢᠵᠢᠭᠤᠯᠬᠤ ᠡᠭᠦᠷᠭᠡ ᠶᠢ ᠳᠠᠭᠠᠭᠠᠨ ᠵᠠᠯᠭᠠᠭᠤᠯᠤᠨ᠎ᠠ᠃ ᠤᠯᠤᠰ ᠤᠨ ᠲᠥᠮᠥᠰᠥ ᠶᠢᠨ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠢ ᠴᠣᠭᠴᠠᠯᠠᠵᠤ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ ᠪᠠᠷ ᠭᠤᠣᠯᠳᠠᠯᠭ᠎ᠠ ᠪᠣᠯᠭᠠᠨ᠂ ᠰᠠᠭᠤᠷᠢᠨ ᠭᠠᠵᠠᠷ ᠤᠨ ᠡᠪᠡᠳᠴᠢᠨ ᠬᠤᠷᠣᠬᠠᠢ ᠶᠢᠨ | ᠬᠥᠨᠥᠭᠡᠯ ᠤᠨ ᠣᠶᠤᠨᠯᠢᠭ ᠬᠢᠨᠠᠨ ᠬᠡᠮᠵᠢᠯᠲᠡ᠂ ᠬᠥᠷᠥᠰᠥ ᠪᠠᠷ ᠲᠠᠷᠬᠠᠬᠤ ᠪᠠᠺᠲ᠋ᠧᠷᠢ ᠬᠡᠮ ᠤᠨ ᠬᠥᠨᠥᠭᠡᠯ ᠤᠨ ᠰᠡᠷᠭᠡᠶᠢᠯᠡᠯᠲᠡ ᠵᠠᠰᠠᠯᠲᠠ᠂ ᠴᠢᠨᠠᠷ ᠴᠢᠨᠰᠠᠭᠠᠨ ᠤ | ᠪᠠᠶᠢᠴᠠᠭᠠᠨ ᠬᠡᠮᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠨᠠᠷᠢᠮᠤ ᠪᠠ ᠨᠣᠬᠠᠢ ᠶᠢᠨ ᠬᠤᠰᠢᠭᠤ ᠶᠢᠨ ᠦᠷ᠎ᠡ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠰᠠᠭᠤᠷᠢᠨ ᠢ ᠴᠣᠭᠴᠠᠯᠠᠵᠤ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠪᠠᠷ ᠭᠤᠣᠯᠳᠠᠯᠭ᠎ᠠ ᠪᠣᠯᠭᠠᠨ᠂ ᠦᠷ᠎ᠡ ᠶᠢᠨ ᠨᠠᠷᠢᠯᠢᠬ ᠰᠣᠩᠭᠤᠯᠲᠠ᠂ | ᠬᠠᠳᠠᠭᠠᠬᠤ᠂ ᠥᠩᠭᠡᠯᠡᠬᠦ᠂ ᠦᠷ᠎ᠡ ᠶᠢᠨ ᠬᠥᠮᠥᠷᠭᠡ ᠵᠡᠷᠭᠡ ᠲᠥᠬᠦᠭᠡᠷᠦᠮᠵᠢ ᠪᠡᠯᠡᠳᠭᠡᠮᠵᠢ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠮᠦᠨ᠎ᠡ | ᠤᠷᠤᠨ ᠳᠠᠬᠢ ᠦᠷᠡᠵᠢᠬᠦᠯᠵᠦ ᠪᠤᠶᠢᠵᠢᠭᠤᠯᠤᠨ ᠲᠠᠷᠢᠬᠤ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠ︶ ᠮᠠᠯ ᠵᠢᠭᠦᠷᠲᠡᠨ ᠤ ᠦᠷ᠎ᠡ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠮᠠᠯ ᠵᠢᠭᠦᠷᠲᠡᠨ ᠤ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠲᠥᠬᠦᠭᠡᠷᠦᠮᠵᠢ ᠪᠡᠯᠡᠳᠭᠡᠮᠵᠢ ᠶᠢ ᠲᠡᠭᠦᠯᠳᠡᠷᠵᠢᠭᠦᠯᠦᠨ᠂ ᠲᠡᠵᠢᠭᠡᠨ ᠪᠣᠷᠳᠣᠬᠤ ᠬᠠᠮᠢᠶᠠᠷᠤᠯᠲᠠ ᠶᠢᠨ ᠠᠦ᠋ᠲ᠋ᠤᠴᠢᠯᠠᠯᠲᠠ᠂ ᠬᠡᠮᠵᠢᠨ ᠲᠣᠭᠲᠠᠭᠠᠯᠲᠠ ᠦᠨᠡᠯᠡᠨ | ᠵᠢᠱᠢᠯᠲᠡ ᠶᠢᠨ ᠣᠶᠤᠨᠴᠢᠯᠠᠯᠲᠠ᠂ ᠬᠢᠵᠢᠭ ᠡᠪᠡᠳᠴᠢᠨ ᠢ ᠰᠡᠷᠭᠡᠶᠢᠯᠡᠨ ᠳᠠᠷᠤᠬᠤ ᠶᠢᠨ ᠪᠣᠰᠤᠭ᠎ᠠ ᠴᠣᠭᠴᠠᠲᠤ ᠪᠠᠶᠢᠭᠤᠯᠤᠯᠲᠠ ᠶᠢ ᠴᠢᠩᠭᠠᠳᠬᠠᠵᠤ᠂ | ᠦᠢᠯᠡᠳᠪᠦᠷᠢᠯᠡᠯ ᠤᠨ ᠴᠢᠨᠰᠠᠭ᠎ᠠ ᠶᠢᠨ ᠬᠡᠮᠵᠢᠨ ᠲᠣᠭᠲᠠᠭᠠᠯᠲᠠ ᠵᠢᠴᠢ ᠤᠳᠤᠮᠯᠠᠯ ᠤᠨ ᠦᠨᠡᠯᠡᠨ ᠵᠢᠱᠢᠯᠲᠡ ᠶᠢ ᠵᠢᠷᠤᠮᠵᠢᠭᠤᠨ ᠪᠥᠭᠡᠳ ᠨᠢᠭᠡᠳᠦᠯᠲᠡᠢ ᠥᠷᠨᠢᠭᠦᠯᠦᠨ᠂ | ᠵᠢᠯ ᠪᠣᠯᠭᠠᠨ ᠲᠠᠯᠠᠪᠠᠢ ᠪᠦᠷᠢ ᠳᠤ ᠦᠬᠡᠷ ᠢ 200 ᠠᠴᠠ ᠳᠡᠭᠡᠭᠰᠢ᠂ ᠬᠤᠨᠢ ᠢᠮᠠᠭ᠎ᠠ ᠶᠢ 800 ᠠᠴᠠ ᠳᠡᠭᠡᠭᠰᠢ᠂ ᠭᠠᠭ᠋ᠠᠢ ᠶᠢ 1000 ᠠᠴᠠ ᠳᠡᠭᠡᠭᠰᠢ ᠬᠡᠮᠵᠢᠨ | ᠲᠣᠭᠲᠠᠭᠠᠵᠤ᠂ ᠡᠭᠦᠯᠳᠡᠷ ᠤᠨ ᠮᠠᠯ ᠤᠨ ᠲᠤᠭ᠎ᠠ ᠬᠡᠮᠵᠢᠶ᠎ᠡ ᠶᠢ ᠥᠷᠭᠡᠳᠭᠡᠨ᠂ ᠡᠭᠦᠯᠳᠡᠷ ᠤᠨ ᠮᠠᠯ ᠤᠨ ᠴᠢᠨᠠᠷ ᠢ ᠨᠢ ᠳᠡᠭᠡᠭᠰᠢᠯᠡᠭᠦᠯᠵᠦ᠂ ᠦᠷ᠎ᠡ ᠡᠭᠦᠯᠳᠡᠷ ᠬᠠᠩᠭᠠᠬᠤ | ᠴᠢᠳᠠᠪᠤᠷᠢ ᠶᠢ ᠵᠢᠯ ᠳᠤ 10% ᠪᠠᠷ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤᠬᠢ ᠲᠡᠷᠢᠭᠦᠨ ᠳᠡᠰ ᠤᠨ ᠮᠠᠯ ᠵᠢᠭᠦᠷᠲᠡᠨ ᠤ ᠡᠭᠦᠯᠳᠡᠷ ᠤᠨ ᠢᠷᠡᠯᠲᠡ ᠶᠢᠨ | ᠰᠠᠭᠤᠷᠢᠨ ᠢ ᠴᠣᠭᠴᠠᠯᠠᠨ᠎ᠠ᠃ ᠦᠬᠡᠷ᠂ ᠬᠤᠨᠢ ᠢᠮᠠᠭᠠᠨ ᠤ ᠡᠭᠦᠯᠳᠡᠷ ᠪᠤᠶᠢᠵᠢᠭᠤᠯᠬᠤ ᠭᠤᠣᠯᠯᠠᠭᠴᠢ ᠲᠠᠯᠠᠪᠠᠢ ᠳᠤ ᠵᠢᠯ ᠪᠣᠯᠭᠠᠨ ᠲᠣᠰ ᠪᠦᠷᠢ 60 ᠲᠦᠮᠡᠨ | ᠲᠥᠭᠦᠷᠢᠭ᠂ 40 ᠲᠦᠮᠡᠨ ᠲᠥᠭᠦᠷᠢᠭ ᠠᠴᠠ ᠳᠡᠭᠡᠭᠰᠢᠬᠢ ᠨᠥᠬᠦᠪᠦᠷᠢ ᠣᠯᠭᠤᠵᠤ᠂ ᠬᠢᠨᠠᠨ ᠬᠡᠮᠵᠢᠯᠲᠡ ᠦᠨᠡᠯᠡᠨ ᠵᠢᠱᠢᠯᠲᠠ ᠳᠤ ᠬᠢᠷᠢ ᠲᠡᠩᠴᠡᠭᠰᠡᠨ ᠦᠭᠡᠢ ᠶᠢ ᠨᠢ | ᠬᠥᠳᠡᠯᠦᠩᠭᠦᠢ ᠪᠠᠷ ᠪᠤᠴᠠᠭᠠᠨ ᠭᠠᠷᠭᠠᠬᠤ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠢᠭᠡ︶ ᠣᠢ ᠮᠣᠳᠣ ᠡᠪᠡᠰᠦᠨ ᠤ ᠦᠷ᠎ᠡ ᠶᠢᠨ ᠴᠢᠬᠢ ᠶᠢᠨ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠨ ᠴᠢᠩᠭᠠᠳᠬᠠᠨ᠎ᠠ᠃ ᠡᠪᠡᠰᠦᠨ ᠤ ᠦᠷ᠎ᠡ ᠶᠢ ᠦᠷᠡᠵᠢᠭᠦᠯᠵᠦ ᠪᠤᠶᠢᠵᠢᠭᠤᠯᠬᠤ ᠳᠤ ᠨᠥᠬᠦᠪᠦᠷᠢ ᠥᠭᠭᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠡᠪᠡᠰᠦᠨ ᠤ ᠦᠷ᠎ᠡ ᠦᠷᠡᠵᠢᠭᠦᠯᠵᠦ ᠪᠤᠶᠢᠵᠢᠭᠤᠯᠬᠤ ᠭᠤᠣᠯᠳᠠᠯᠭ᠎ᠠ ᠲᠠᠢ ᠭᠠᠵᠠᠷ ᠣᠷᠣᠨ ᠤ ᠨᠢᠭᠡ ᠪᠦᠯᠦᠭ ᠥᠨᠳᠥᠷ ᠪᠠᠷᠢᠮᠵᠢᠶᠠᠲᠤ | ᠡᠪᠡᠰᠦᠨ ᠤ ᠦᠷ᠎ᠡ ᠦᠷᠡᠵᠢᠭᠦᠯᠵᠦ ᠪᠤᠶᠢᠵᠢᠭᠤᠯᠬᠤ ᠰᠠᠭᠤᠷᠢᠨ ᠭᠠᠵᠠᠷ ᠢ ᠰᠢᠨᠵᠢᠯᠡᠬᠦ ᠤᠬᠠᠭᠠᠨᠴᠢ ᠤᠨᠤᠴᠠᠳᠠᠢ ᠪᠠᠷ ᠪᠠᠶᠢᠷᠢᠰᠢᠭᠤᠯᠬᠤ ᠶᠢ ᠨᠢ ᠵᠣᠷᠢᠬᠵᠢᠭᠤᠯᠤᠨ | ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠠᠮᠢ ᠠᠬᠤᠢ ᠶᠢᠨ ᠰᠡᠯᠪᠢᠯᠲᠡ ᠳᠤ ᠬᠡᠷᠡᠭᠰᠡᠬᠦ ᠦᠷ᠎ᠡ ᠡᠭᠦᠯᠳᠡᠷ ᠤᠨ | ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ ᠬᠠᠷᠠᠯᠲᠠ ᠪᠠᠨ ᠪᠣᠯᠭᠠᠵᠤ᠂ ᠭᠠᠵᠠᠷ ᠰᠢᠷᠣᠢ᠂ ᠪᠡᠯᠡ ᠮᠥᠩᠭᠦ᠂ ᠲᠥᠷᠥᠯ ᠵᠦᠢᠯ ᠵᠡᠷᠭᠡ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠪᠠᠷᠢᠮᠵᠢᠶᠠᠵᠢᠭᠰᠠᠨ᠂ ᠡᠷᠴᠢᠮᠵᠢᠭᠰᠡᠨ᠂ ᠬᠡᠪᠴᠢᠶᠡᠵᠢᠭᠰᠡᠨ ᠡᠪᠡᠰᠦᠨ ᠤ ᠦᠷ᠎ᠡ ᠦᠷᠡᠵᠢᠭᠦᠯᠵᠦ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠤᠨ᠎ᠠ᠃ ᠬᠢᠶᠠᠭ ᠤᠨ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ | ᠬᠤᠲᠠ ᠪᠠᠷ ᠭᠤᠣᠯᠳᠠᠯᠭ᠎ᠠ ᠪᠣᠯᠭᠠᠨ᠂ ᠬᠤᠵᠢᠷᠯᠢᠬ ᠭᠠᠵᠠᠷ᠂ ᠡᠯᠡᠰᠦᠷᠬᠡᠭ ᠭᠠᠵᠠᠷ ᠤᠨ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠦ᠂ ᠭᠠᠵᠠᠷ ᠰᠣᠩᠭᠤᠬᠤ ᠭᠠᠵᠠᠷ | ᠬᠡᠷᠡᠭᠯᠡᠬᠦ ᠪᠠᠲᠤᠯᠠᠭ᠎ᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠢᠶᠠᠷ ᠲᠤᠯᠭᠠᠭᠤᠷᠢᠯᠠᠵᠤ᠂ ᠲᠠᠷᠢᠬᠤ᠂ | ᠬᠤᠷᠢᠶᠠᠬᠤ᠂ ᠢᠯᠭᠠᠷᠠᠭᠤᠯᠤᠨ ᠰᠣᠩᠭᠤᠬᠤ ᠳᠤ ᠲᠤᠰᠬᠠᠢ ᠬᠡᠷᠡᠭᠯᠡᠬᠦ ᠮᠧᠬᠠᠨᠢᠭ ᠢ ᠰᠤᠳᠤᠯᠤᠨ ᠦᠢᠯᠡᠳᠬᠦ ᠶᠢ ᠵᠣᠬᠢᠶᠠᠨ ᠪᠠᠶᠢᠭᠤᠯᠤᠨ᠎ᠠ︔ ᠴᠠᠷᠭᠠᠰᠤᠨ ᠤ | ᠦᠷᠡᠵᠢᠭᠦᠯᠵᠦ ᠪᠤᠶᠢᠵᠢᠭᠤᠯᠬᠤ ᠰᠠᠭᠤᠷᠢᠨ ᠭᠠᠵᠠᠷ ᠢ ᠴᠣᠭᠴᠠᠯᠠᠵᠤ᠂ ᠬᠥᠬᠡᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠠᠷ | ᠭᠤᠣᠯᠳᠠᠯᠭ᠎ᠠ ᠪᠣᠯᠭᠠᠨ᠂ ᠲᠥᠪᠯᠡᠷᠡᠨ ᠵᠠᠯᠭᠠᠯᠳᠤᠭᠰᠠᠨ ᠬᠡᠪᠴᠢᠶᠡᠵᠢᠭᠰᠡᠨ ᠦᠢᠯᠡᠳᠪᠦᠷᠢᠯᠡᠯ ᠢ ᠬᠥᠭᠵᠢᠭᠦᠯᠵᠦ᠂ ᠦᠷ᠎ᠡ ᠶᠢᠨ ᠶᠠᠰᠤ ᠴᠢᠨᠠᠷ ᠢ ᠮᠥᠷᠳᠡᠨ ᠬᠠᠮᠢᠶᠠᠷᠬᠤ ᠶᠢ | ᠥᠷᠨᠢᠭᠦᠯᠦᠨ᠂ ᠰᠠᠶᠢᠨ ᠦᠷ᠎ᠡ ᠡᠭᠦᠯᠳᠡᠷ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠲᠦᠭᠦᠷ ᠦᠢᠯᠡᠳᠪᠦᠷᠢᠯᠡᠯ ᠤᠨ ᠮᠧᠬᠠᠨᠢᠭ ᠢ ᠳᠡᠰ ᠳᠡᠪᠰᠢᠭᠦᠯᠵᠦ | ᠥᠭᠡᠷᠡᠴᠢᠯᠡᠨ ᠰᠢᠨᠡᠳᠬᠡᠨ᠎ᠡ︔ ᠠᠮᠢ ᠠᠬᠤᠢ ᠶᠢᠨ ᠰᠡᠯᠪᠢᠯᠲᠡ ᠳᠤ ᠬᠡᠷᠡᠭᠰᠡᠬᠦ ᠡᠪᠡᠰᠦᠨ ᠤ ᠦᠷ᠎ᠡ ᠶᠢ ᠦᠷᠡᠵᠢᠭᠦᠯᠵᠦ ᠪᠤᠶᠢᠵᠢᠭᠤᠯᠬᠤ ᠰᠠᠭᠤᠷᠢᠨ ᠢ ᠴᠣᠭᠴᠠᠯᠠᠵᠤ᠂ | ᠤᠯᠠᠭᠠᠨᠬᠠᠳᠠ ᠬᠤᠲᠠ ᠪᠠ ᠰᠢᠯᠢ ᠶᠢᠨ ᠭᠤᠣᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢᠶᠠᠷ ᠭᠤᠣᠯᠳᠠᠯᠭ᠎ᠠ ᠪᠣᠯᠭᠠᠨ᠂ ᠰᠥᠷᠬᠦ ᠶᠢ | ᠳᠠᠭᠠᠭᠠᠬᠤ ᠴᠢᠳᠠᠪᠤᠷᠢ ᠪᠠᠷ ᠴᠢᠩᠭ᠎ᠠ᠂ ᠳᠤᠬᠢᠷᠠᠯᠴᠠᠬᠤ ᠬᠡᠪᠴᠢᠶ᠎ᠡ ᠪᠠᠷ ᠥᠷᠭᠡᠨ ᠠᠮᠢ ᠠᠬᠤᠢ ᠶᠢᠨ ᠬᠡᠷᠡᠭᠯᠡᠭᠡᠨ ᠤ ᠡᠪᠡᠰᠦᠨ ᠤ ᠦᠷ᠎ᠡ ᠶᠢ ᠨᠡᠩ ᠣᠯᠠᠨ ᠦᠷᠡᠵᠢᠭᠦᠯᠵᠦ | ᠪᠤᠶᠢᠵᠢᠭᠤᠯᠤᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠯᠪᠢᠯᠲᠡ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠪᠠ ᠡᠯᠡᠰᠦᠷᠬᠡᠭ ᠭᠠᠵᠠᠷ ᠤᠨ ᠵᠠᠰᠠᠯᠲᠠ᠂ ᠬᠤᠵᠢᠷᠯᠢᠬ | ᠭᠠᠵᠠᠷ ᠲᠤ ᠳᠡᠯᠭᠡᠷᠡᠭᠦᠯᠬᠦ ᠳᠤ ᠲᠣᠬᠢᠷᠠᠬᠤ ᠠᠳᠠᠯᠢ ᠪᠤᠰᠤ ᠲᠥᠷᠥᠯ ᠤᠨ ᠠᠮᠢ ᠠᠬᠤᠢ ᠶᠢᠨ ᠰᠡᠯᠪᠢᠯᠲᠡ ᠳᠤ ᠬᠡᠷᠡᠭᠰᠡᠬᠦ ᠦᠷ᠎ᠡ ᠶᠢᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ᠂ ᠥᠪᠥᠷ ᠮᠣᠩᠭᠤᠯ ᠢ ᠪᠥᠬᠦ ᠤᠯᠤᠰ ᠤᠨ ᠬᠠᠮᠤᠭ ᠤᠨ ᠶᠡᠭᠡ ᠡᠪᠡᠰᠦᠨ ᠤ ᠦᠷ᠎ᠡ ᠦᠷᠡᠵᠢᠭᠦᠯᠵᠦ ᠪᠤᠶᠢᠵᠢᠭᠤᠯᠬᠤ ᠰᠠᠭᠤᠷᠢᠨ ᠭᠠᠵᠠᠷ ᠪᠣᠯᠭᠠᠨ ᠪᠦᠲᠦᠭᠡᠨ | ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠰᠢᠨ᠎ᠡ ᠪᠠᠷ ᠪᠠᠶᠢᠭᠤᠯᠤᠭᠰᠠᠨ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠳᠤ ᠨᠥᠬᠦᠪᠦᠷᠢ ᠱᠠᠩᠨᠠᠯ | ᠣᠯᠭᠤᠬᠤ ᠶᠢ ᠳᠡᠮᠵᠢᠨ᠎ᠡ᠃ ᠰᠢᠬᠢᠷ ᠡᠪᠡᠰᠦ᠂ ᠬᠤᠨᠴᠢᠷ᠂ ᠤᠯᠠᠭᠠᠨ ᠴᠠᠨ᠎ᠠ᠂ ᠴᠠᠭᠠᠨ ᠭᠤᠶᠣᠣ᠂ ᠤᠯᠠᠭᠠᠨ ᠭᠤᠶᠣᠣ᠂ ᠬᠤᠷᠳᠤᠨ ᠴᠠᠭᠠᠨ᠂ ᠴᠢᠴᠠᠷᠭᠠᠨ᠎ᠠ᠂ | ᠴᠠᠭᠠᠨ ᠰᠣᠷᠣᠯᠣ᠂ ᠱᠦᠬᠦᠷᠭᠡᠨᠡ ᠵᠡᠷᠭᠡ ᠥᠪᠡᠷᠮᠢᠴᠡ ᠣᠨᠴᠠᠯᠢᠭ ᠲᠠᠢ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠰᠠᠶᠢᠨ ᠦᠷ᠎ᠡ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠠᠵᠢᠯ ᠥᠷᠨᠢᠭᠦᠯᠬᠦ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠰᠠᠭᠤᠷᠢᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠎ᠠ᠃ ᠲᠥᠷᠥ ᠶᠢᠨ | ᠪᠣᠳᠣᠯᠭ᠎ᠠ ᠪᠠ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠤᠷᠢᠳ ᠢᠶᠠᠷ ᠨᠦᠭᠦᠴᠡᠯ ᠳᠤ ᠨᠡᠶᠢᠴᠡᠬᠦ ᠲᠠᠷᠢᠮᠠᠯ ᠤᠨ ᠦᠷ᠎ᠡ ᠶᠢᠨ | ᠰᠠᠭᠤᠷᠢᠨ ᠭᠠᠵᠠᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠳᠡᠭᠡᠭᠰᠢᠯᠡᠭᠦᠯᠵᠦ᠂ ᠦᠷ᠎ᠡ ᠦᠢᠯᠡᠳᠪᠦᠷᠢᠯᠡᠬᠦ | ᠲᠠᠪᠠᠭᠤᠯᠢᠭ ᠰᠠᠭᠤᠷᠢᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ ᠬᠤᠪᠢᠶᠠᠷᠢᠯᠠᠨ ᠣᠷᠣᠭᠤᠯᠬᠤ ᠶᠢᠨ ᠬᠠᠮᠲᠤ ᠦᠨᠳᠦᠰᠦᠨ | ᠲᠠᠷᠢᠶᠠᠨ ᠭᠠᠵᠠᠷ ᠤᠨ ᠬᠡᠪᠴᠢᠶᠡᠨ ᠳᠤ ᠣᠷᠣᠭᠤᠯᠵᠤ ᠬᠠᠮᠠᠭᠠᠯᠠᠨ᠎ᠠ᠃ ᠲᠠᠷᠢᠶᠠᠯᠠᠬᠤ ᠭᠠᠵᠠᠷ ᠤᠨ ᠥᠨᠵᠢᠭᠦᠯᠦᠨ ᠲᠠᠷᠢᠬᠤ ᠲᠥᠷᠥᠯ ᠵᠦᠢᠯ ᠢ ᠬᠡᠷᠡᠭᠵᠢᠭᠦᠯᠬᠦ | ᠱᠠᠭᠠᠷᠳᠠᠯᠭ᠎ᠠ ᠳᠤ ᠨᠡᠶᠢᠴᠡᠭᠰᠡᠨ ᠰᠠᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠲᠤ ᠪᠣᠯ ᠲᠠᠷᠢᠶᠠᠯᠠᠬᠤ ᠭᠠᠵᠠᠷ ᠤᠨ ᠥᠨᠵᠢᠭᠦᠯᠦᠨ ᠲᠠᠷᠢᠬᠤ ᠲᠥᠷᠥᠯ ᠵᠦᠢᠯ | ᠪᠥᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠰᠠᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ ᠤᠷᠢᠳ ᠢᠶᠠᠷ | ᠬᠠᠮᠤᠷᠤᠭᠤᠯᠵᠤ᠂ ᠬᠠᠭᠠᠯᠪᠤᠷᠢᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ᠂ ᠨᠦᠬᠡᠴᠡᠯᠡᠬᠦ ᠵᠡᠷᠭᠡ ᠦᠢᠯᠡᠴᠢᠯᠡᠭᠡ ᠥᠷᠨᠢᠭᠦᠯᠦᠨ᠎ᠡ᠃ ᠬᠡᠪᠴᠢᠶ᠎ᠡ ᠲᠠᠢ ᠢᠲᠡᠭᠡᠮᠵᠢ | ᠣᠯᠭᠤᠬᠤ ᠳᠦᠷᠢᠮ ᠢ ᠬᠡᠷᠡᠭᠵᠢᠭᠦᠯᠵᠦ᠂ ᠬᠢᠨᠠᠨ ᠬᠠᠮᠢᠶᠠᠷᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠠᠶᠢᠨ ᠦᠷ᠎ᠡ ᠪᠤᠶᠢᠵᠢᠭᠤᠯᠬᠤ ᠰᠠᠭᠤᠷᠢᠨ | ᠭᠠᠵᠠᠷ ᠢ ᠬᠠᠮᠢᠶᠠᠷᠬᠤ ᠦᠢᠯᠡᠴᠢᠯᠡᠭᠡᠨ ᠤ ᠲᠡᠭᠦᠯᠳᠡᠷ ᠲᠣᠭᠲᠠᠴᠠ ᠶᠢ ᠪᠦᠷᠢᠯᠳᠦᠭᠦᠯᠦᠨ᠎ᠡ᠃ ᠡᠪᠡᠰᠦᠨ ᠦᠷ᠎ᠡ ᠶᠢᠨ ᠦᠢᠯᠡᠳᠪᠦᠷᠢᠯᠡᠯ ᠤᠨ ᠣᠷᠣᠨ ᠢ ᠦᠨᠳᠦᠰᠦᠯᠡᠨ | ᠤᠰᠤ ᠠᠷᠪᠢᠯᠠᠵᠤ ᠤᠰᠤᠯᠠᠬᠤ ᠨᠦᠭᠦᠴᠡᠯ ᠲᠠᠢ᠂ ᠲᠥᠪᠯᠡᠷᠡᠨ ᠵᠠᠯᠭᠠᠯᠳᠤᠭᠰᠠᠨ ᠮᠥᠷᠲᠡᠭᠡᠨ ᠮᠧᠬᠠᠨᠢᠬᠵᠢᠭᠰᠠᠨ ᠦᠢᠯᠡᠳᠪᠦᠷᠢᠯᠡᠯ ᠳᠤ ᠲᠣᠬᠢᠷᠠᠬᠤ ᠡᠩ ᠤᠨ | ᠲᠠᠷᠢᠶᠠᠯᠠᠬᠤ ᠭᠠᠵᠠᠷ᠂ ᠲᠡᠵᠢᠭᠡᠯ ᠡᠪᠡᠰᠦᠨ ᠤ ᠭᠠᠵᠠᠷ ᠪᠠ ᠲᠠᠷᠢᠶᠠᠯᠠᠬᠤ ᠪᠠᠨ ᠵᠣᠭᠰᠣᠵᠤ ᠪᠡᠯᠴᠢᠭᠡᠷ ᠢ ᠰᠡᠷᠭᠦᠭᠡᠬᠦ ᠭᠠᠵᠠᠷ ᠵᠡᠷᠭᠡ ᠭᠠᠵᠠᠷ ᠤᠨ ᠲᠥᠷᠥᠯ ᠢ | ᠬᠤᠪᠢᠶᠠᠷᠢᠯᠠᠨ ᠲᠣᠭᠲᠠᠭᠠᠵᠤ᠂ ᠥᠨᠳᠥᠷ ᠪᠠᠷᠢᠮᠵᠢᠶᠠᠲᠤ ᠡᠪᠡᠰᠦᠨ ᠦᠷ᠎ᠡ ᠦᠷᠡᠵᠢᠭᠦᠯᠵᠦ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠱᠠᠩᠨᠠᠯ ᠬᠥᠬᠢᠭᠦᠯᠦᠯ ᠢ ᠡᠯᠪᠡᠭᠵᠢᠭᠦᠯᠦᠨ ᠲᠣᠭᠲᠠᠴᠠ ᠪᠠᠶᠢᠭᠤᠯᠵᠤ᠂ ᠰᠢᠯᠢᠳᠡᠭ ᠰᠠᠶᠢᠨ ᠦᠷ᠎ᠡ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ | ᠠᠬᠢᠴᠠ ᠪᠠᠨ ᠲᠦᠷᠭᠡᠳᠭᠡᠨ᠎ᠡ | ︵ᠠᠷᠪᠠᠨ ᠭᠤᠷᠪᠠ︶ ᠰᠠᠶᠢᠨ ᠦᠷ᠎ᠡ ᠡᠭᠦᠯᠳᠡᠷ ᠲᠠᠢ ᠪᠤᠯᠭᠠᠬᠤ ᠬᠢᠷᠢ ᠲᠦᠪᠰᠢᠨ ᠢᠶᠠᠨ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠲᠠᠷᠢᠶ᠎ᠠ ᠦᠵᠡᠵᠦ | ᠦᠷ᠎ᠡ ᠰᠣᠩᠭᠤᠬᠤ ᠲᠠᠪᠴᠠᠩ ᠢ ᠪᠠᠶᠢᠭᠤᠯᠵᠤ᠂ ᠪᠥᠬᠦ ᠣᠷᠣᠨ ᠳᠤ ᠲᠠᠷᠢᠮᠠᠯ ᠤᠨ ᠥᠨᠳᠥᠷ ᠤᠨᠠᠯᠲᠠᠲᠤ᠂ ᠴᠢᠨᠠᠷ ᠰᠠᠶᠢᠲᠠᠢ᠂ ᠪᠣᠬᠢᠷᠲᠤᠯ ᠦᠭᠡᠢ ᠰᠢᠨ᠎ᠡ ᠦᠷ᠎ᠡ | ᠡᠭᠦᠯᠳᠡᠷ ᠤᠨ ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ 60 ᠪᠠᠶᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠠᠷᠠᠨ ᠬᠤᠸᠠᠷ᠂ | ᠡᠯᠳᠡᠪ ᠠᠮᠤ ᠬᠤᠯᠢᠮᠠᠭ ᠪᠤᠷᠴᠠᠭ ᠤᠨ ᠥᠪᠡᠷᠲᠡᠭᠡᠨ ᠵᠠᠰᠠᠬᠤ ᠣᠷᠣᠨ ᠤ ᠲᠡᠰ ᠤᠨ ᠣᠷᠣᠨ ᠪᠦᠰᠡ ᠶᠢᠨ ᠴᠢᠨᠠᠷᠲᠠᠢ 5 ᠲᠠᠪᠴᠠᠩ ᠢ ᠭᠤᠣᠯᠳᠠᠯᠭ᠎ᠠ ᠲᠠᠢ ᠴᠣᠭᠴᠠᠯᠠᠨ᠂ | ᠰᠢᠨ᠎ᠡ ᠦᠷ᠎ᠡ ᠡᠭᠦᠯᠳᠡᠷ ᠢ ᠳᠡᠯᠭᠡᠨ ᠦᠵᠡᠭᠦᠯᠵᠦ ᠦᠨᠡᠯᠡᠬᠦ ᠪᠠ ᠠᠮᠤᠷ ᠲᠦᠪᠰᠢᠨ ᠴᠢᠨᠠᠷ ᠢ ᠨᠢ ᠬᠢᠨᠠᠨ ᠰᠢᠨᠵᠢᠬᠦ ᠠᠵᠢᠯ ᠢ ᠲᠥᠪᠯᠡᠷᠡᠭᠦᠯᠦᠨ ᠥᠷᠨᠢᠭᠦᠯᠵᠦ᠂ ᠰᠠᠶᠢᠨ | ᠦᠷ᠎ᠡ ᠡᠭᠦᠯᠳᠡᠷ ᠢ ᠲᠠᠨᠢᠯᠴᠠᠭᠤᠯᠬᠤ ᠨᠡᠷᠡᠰ ᠤᠨ ᠭᠠᠷᠴᠠᠭ ᠢ ᠨᠠᠶᠢᠷᠠᠭᠤᠯᠤᠨ ᠨᠡᠶᠢᠲᠡᠯᠡᠵᠦ᠂ ᠦᠷ᠎ᠡ ᠡᠭᠦᠯᠳᠡᠷ ᠬᠡᠷᠡᠭᠯᠡᠬᠦ ᠦᠷ᠎ᠡ ᠡᠭᠦᠯᠳᠡᠷ ᠬᠠᠩᠭᠠᠬᠤ ᠤᠬᠠᠭᠤᠯᠭ᠎ᠠ | ᠪᠣᠯᠪᠠᠰᠤᠷᠠᠯ ᠢᠶᠠᠨ ᠴᠢᠩᠭᠠᠳᠬᠠᠵᠤ᠂ ᠲᠠᠷᠢᠶᠠᠴᠢᠳ ᠤᠨ ᠦᠢᠯᠡᠳᠪᠦᠷᠢᠯᠡᠯ ᠳᠤ ᠦᠷ᠎ᠡ ᠡᠭᠦᠯᠳᠡᠷ ᠰᠣᠩᠭᠤᠬᠤ ᠦᠷ᠎ᠡ ᠡᠭᠦᠯᠳᠡᠷ ᠬᠡᠷᠡᠭᠯᠡᠬᠦ ᠳᠤ ᠰᠢᠨᠵᠢᠯᠡᠬᠦ ᠤᠬᠠᠭᠠᠨᠴᠢ | ᠦᠨᠳᠦᠰᠦᠯᠡᠯ ᠬᠠᠩᠭᠠᠨ᠎ᠠ᠃ ᠦᠷ᠎ᠡ ᠶᠢᠨ ᠴᠢᠨᠠᠷ ᠤᠨ ᠭᠡᠷᠡᠴᠢᠯᠡᠭᠡ ᠶᠢ ᠥᠷᠨᠢᠭᠦᠯᠵᠦ᠂ ᠰᠢᠯᠢᠳᠡᠭ ᠠᠵᠤ ᠠᠬᠤᠶᠢᠯᠠᠯ ᠤᠨ ᠴᠢᠨᠠᠷ ᠰᠠᠶᠢᠳᠠᠢ ᠦᠷ᠎ᠡ ᠡᠭᠦᠯᠳᠡᠷ ᠨᠢ | ᠭᠡᠷᠡᠴᠢᠯᠡᠯᠲᠡ ᠪᠠᠷ ᠳᠠᠮᠵᠢᠭᠠᠳ ᠴᠢᠨᠠᠷ ᠰᠠᠶᠢᠲᠠᠢ ᠶᠢ ᠨᠢ ᠦᠨ᠎ᠡ ᠳᠤ ᠤᠷᠤᠭᠤᠯᠬᠤ ᠶᠢ ᠪᠡᠶᠡᠯᠡᠭᠦᠯᠬᠦ ᠶᠢ ᠵᠣᠷᠢᠬᠵᠢᠭᠤᠯᠵᠤ᠂ ᠦᠷ᠎ᠡ ᠶᠢᠨ ᠲᠦᠮᠦᠰᠦᠨ ᠳᠤ ᠴᠢᠨᠠᠷ ᠤᠨ | ᠭᠡᠷᠡᠴᠢᠯᠡᠯᠲᠡ ᠬᠢᠭᠰᠡᠨ ᠲᠠᠯᠠᠪᠠᠢ ᠶᠢ ᠵᠢᠯ ᠪᠦᠷᠢ 4000 ᠮᠦ ᠠᠴᠠ ᠳᠣᠣᠷ᠎ᠠ ᠦᠭᠡᠢ ᠪᠠᠶᠢᠯᠭᠠᠨ᠂ ᠮᠦ ᠪᠦᠷᠢ ᠳᠤ ᠨᠢ 1000 ᠲᠥᠭᠦᠷᠢᠭ ᠤᠨ ᠨᠡᠮᠡᠭᠦᠷᠢ ᠤᠯᠭᠤᠵᠦ᠂ | ᠡᠷᠳᠡᠨᠢ ᠰᠢᠰᠢ ᠶᠢᠨ ᠦᠷ᠎ᠡ ᠳᠤ ᠴᠢᠨᠠᠷ ᠤᠨ ᠭᠡᠷᠡᠴᠢᠯᠡᠯᠲᠡ ᠬᠢᠭᠰᠡᠨ ᠲᠠᠯᠠᠪᠠᠢ ᠶᠢ ᠵᠢᠯ ᠪᠦᠷᠢ 2 ᠲᠦᠮᠡᠨ ᠮᠦ ᠠᠴᠠ ᠳᠣᠣᠷ᠎ᠠ ᠦᠭᠡᠢ ᠪᠠᠶᠢᠯᠭᠠᠨ᠂ ᠮᠦ ᠪᠦᠷᠢ ᠳᠤ ᠨᠢ | 200 ᠲᠥᠭᠦᠷᠢᠭ ᠤᠨ ᠨᠡᠮᠡᠭᠦᠷᠢ ᠤᠯᠭᠤᠵᠦ᠂ ᠰᠢᠷ᠎ᠠ ᠪᠤᠷᠴᠠᠭ ᠤᠨ ᠦᠷ᠎ᠡ ᠳᠤ ᠴᠢᠨᠠᠷ ᠤᠨ ᠭᠡᠷᠡᠴᠢᠯᠡᠯᠲᠡ ᠬᠢᠭᠰᠡᠨ ᠲᠠᠯᠠᠪᠠᠢ ᠶᠢ ᠵᠢᠯ ᠪᠦᠷᠢ 1 ᠲᠦᠮᠡᠨ ᠮᠦ ᠠᠴᠠ | ᠳᠣᠣᠷ᠎ᠠ ᠦᠭᠡᠢ ᠪᠠᠶᠢᠯᠭᠠᠨ᠂ ᠮᠦ ᠪᠦᠷᠢ ᠳᠤ ᠨᠢ 200 ᠲᠥᠭᠦᠷᠢᠭ ᠤᠨ ᠨᠡᠮᠡᠭᠦᠷᠢ ᠤᠯᠭᠤᠨ᠎ᠠ᠃ ᠮᠠᠯ ᠵᠢᠭᠦᠷᠲᠡᠨ ᠤ ᠰᠠᠶᠢᠨ ᠡᠭᠦᠯᠳᠡᠷ ᠢ ᠳᠡᠯᠭᠡᠷᠡᠭᠦᠯᠬᠦ ᠶᠢ | ᠲᠦᠷᠭᠡᠳᠬᠡᠵᠦ᠂ ᠭᠠᠭ᠋ᠠᠢ ᠦᠬᠡᠷ ᠬᠤᠨᠢ ᠢᠮᠠᠭᠠᠨ ᠤ ᠰᠠᠶᠢᠨ ᠡᠭᠦᠯᠳᠡᠷ ᠲᠤ ᠨᠡᠮᠡᠭᠦᠷᠢ ᠣᠯᠭᠤᠬᠤ ᠶᠢ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢᠨ | ᠰᠠᠶᠢᠨ ᠡᠭᠦᠯᠳᠡᠷ ᠤᠨ ᠢᠴᠡᠭᠡᠯ ᠦᠷ᠎ᠡ᠂ ᠴᠢᠨᠠᠷ ᠰᠠᠶᠢᠲᠠᠢ ᠤᠬᠤᠨ᠎ᠠ ᠬᠤᠴᠠ ᠪᠠᠷ ᠦᠷᠡᠵᠢᠭᠦᠯᠵᠦ ᠪᠤᠶᠢᠵᠢᠭᠤᠯᠬᠤ ᠶᠢ ᠳᠡᠮᠵᠢᠨ᠎ᠡ᠃ ᠰᠦ ᠰᠠᠭᠠᠯᠢ ᠶᠢᠨ ᠦᠢᠯᠡᠰ ᠤᠨ | ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠵᠤ ᠳᠡᠯᠭᠡᠷᠡᠭᠦᠯᠦᠭᠰᠡᠨ ᠱᠠᠩᠨᠠᠯ ᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠰᠠᠭᠠᠯᠢ ᠶᠢᠨ ᠦᠨᠢᠶᠡᠨ ᠤ ᠬᠦᠢᠰᠦ ᠶᠢᠨ | ᠢᠯᠭᠠᠯ ᠪᠦᠬᠦᠢ ᠬᠥᠪᠥᠷᠡᠯ᠂ ᠢᠴᠡᠭᠡᠯ ᠦᠷ᠎ᠡ ᠶᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠥᠷᠪᠡ︶ ᠲᠠᠷᠢᠮᠠᠯ ᠣᠢ ᠮᠣᠳᠣ ᠡᠪᠡᠰᠦᠨ ᠤ ᠦᠷ᠎ᠡ ᠡᠭᠦᠯᠳᠡᠷ ᠲᠤ ᠬᠤᠵᠢᠭᠤ ᠨᠥᠬᠦᠪᠦᠷᠢᠯᠡᠨ ᠱᠠᠩᠨᠠᠬᠤ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠪᠤᠶᠢᠵᠢᠭᠤᠯᠬᠤ ᠨᠢᠭᠡᠴᠢ ᠶᠢᠨ ᠰᠢᠨ᠎ᠡ ᠪᠠᠷ ᠪᠤᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠪᠠᠷ | ᠪᠠᠲᠤᠯᠠᠭᠳᠠᠭᠰᠠᠨ ᠭᠤᠣᠯ ᠪᠣᠯᠬᠤ ᠲᠠᠷᠢᠮᠠᠯ ᠪᠠ ᠣᠢ ᠮᠣᠳᠣ ᠡᠪᠡᠰᠦᠨ ᠤ ᠦᠷ᠎ᠡ ᠡᠭᠦᠯᠳᠡᠷ ᠪᠦᠷᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ 10 ᠲᠦᠮᠡᠨ | ᠲᠥᠭᠦᠷᠢᠭ ᠤᠨ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠪᠤᠶᠢᠵᠢᠭᠤᠯᠬᠤ ᠨᠢᠭᠡᠴᠢ ᠶᠢᠨ ᠰᠢᠨ᠎ᠡ ᠪᠠᠷ ᠪᠤᠶᠢᠵᠢᠭᠤᠯᠤᠭᠰᠠᠨ | ᠤᠷᠭᠤᠮᠠᠯ ᠤᠨ ᠰᠢᠨ᠎ᠡ ᠦᠷ᠎ᠡ ᠡᠭᠦᠯᠳᠡᠷ ᠢ ᠬᠠᠮᠠᠭᠠᠯᠠᠬᠤ ᠡᠷᠬᠡ ᠣᠯᠣᠭᠰᠠᠨ ᠦᠷ᠎ᠡ ᠡᠭᠦᠯᠳᠡᠷ ᠪᠦᠷᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ 5 ᠲᠦᠮᠡᠨ | ᠲᠥᠭᠦᠷᠢᠭ ᠤᠨ ᠱᠠᠩᠨᠠᠯ ᠣᠯᠭᠤᠨ᠎ᠠ︔ ᠴᠢᠬᠤᠯᠠ ᠶᠡᠭᠡ ᠦᠷ᠎ᠡ ᠡᠭᠦᠯᠳᠡᠷ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠪᠡᠯ ᠬᠤᠵᠢᠭᠤ ᠨᠥᠬᠦᠪᠦᠷᠢᠯᠡᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠯᠭᠡᠷᠡᠭᠦᠯᠦᠭᠰᠡᠨ ᠲᠠᠯᠠᠪᠠᠢ ᠨᠢ ᠶᠡᠭᠡ᠂ ᠨᠢᠭᠡᠴᠢ ᠤᠨᠠᠯᠲᠠ ᠶᠢᠨ ᠬᠢᠷᠢ ᠲᠦᠪᠰᠢᠨ ᠢᠶᠠᠷ ᠥᠨᠳᠥᠷ᠂ | ᠤᠨᠠᠯᠲᠠ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ᠂ ᠴᠢᠨᠠᠷ ᠰᠠᠶᠢᠲᠠᠢ ᠲᠤᠰᠬᠠᠢ ᠬᠡᠷᠡᠭᠯᠡᠭᠡᠨ ᠤ ᠴᠢᠨᠠᠷ ᠢᠶᠠᠷ ᠰᠠᠶᠢᠨ ᠡᠷᠳᠡᠨᠢ ᠰᠢᠰᠢ᠂ ᠰᠢᠷ᠎ᠠ ᠪᠤᠷᠴᠠᠭ᠂ | ᠲᠥᠮᠥᠰᠥ ᠶᠢᠨ ᠦᠷ᠎ᠡ ᠡᠭᠦᠯᠳᠡᠷ ᠲᠤ ᠡᠭᠦᠯᠳᠡᠷ ᠳᠡᠯᠭᠡᠷᠡᠭᠦᠯᠦᠭᠰᠡᠨ ᠱᠠᠩᠨᠠᠯ ᠣᠯᠭᠤᠵᠤ᠂ ᠦᠢᠯᠡᠰ ᠤᠨ ᠰᠠᠶᠢᠨ ᠦᠷ᠎ᠡ ᠡᠭᠦᠯᠳᠡᠷ ᠪᠣᠯᠭᠠᠬᠤ ᠬᠢᠷᠢ ᠲᠦᠪᠰᠢᠨ ᠤ | ᠯᠠᠪᠳᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠠᠷᠪᠠᠨ ᠲᠠᠪᠤ︶ ᠮᠠᠯ ᠵᠢᠭᠦᠷᠲᠡᠨ ᠤ ᠦᠷ᠎ᠡ ᠡᠭᠦᠯᠳᠡᠷ ᠲᠤ ᠬᠤᠵᠢᠭᠤ ᠨᠥᠬᠦᠪᠦᠷᠢᠯᠡᠨ ᠱᠠᠩᠨᠠᠬᠤ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠰᠢᠨ᠎ᠡ ᠪᠠᠷ ᠪᠤᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠪᠠᠷ ᠪᠠᠲᠤᠯᠠᠭᠳᠠᠭᠰᠠᠨ ᠮᠠᠯ ᠵᠢᠭᠦᠷᠲᠡᠨ ᠤ ᠰᠢᠨ᠎ᠡ ᠡᠭᠦᠯᠳᠡᠷ ︵ᠢᠵᠢ ᠤᠳᠤᠮᠯᠠᠯ︶ | ᠪᠦᠷᠢ ᠳᠤ 100 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ᠬᠢᠨᠠᠨ ᠲᠣᠭᠲᠠᠭᠠᠵᠤ | ᠪᠠᠲᠤᠯᠠᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠪᠦᠷᠢ ᠳᠤ 50 ᠲᠦᠮᠡᠨ ᠲᠥᠭᠦᠷᠢᠭ ᠱᠠᠩᠨᠠᠨ᠎ᠠ︔ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠨᠡᠷᠡᠰ ᠤᠨ ᠵᠢᠭᠰᠠᠭᠠᠯᠲᠠ ᠶᠢ ᠦᠨᠳᠦᠰᠦᠯᠡᠵᠦ᠂ ᠳᠡᠯᠡᠬᠡᠢ ᠪᠠ ᠤᠯᠤᠰ ᠤᠨ ᠳᠣᠲᠣᠭᠠᠳᠤᠬᠢ ᠨᠡᠷᠡᠰ ᠤᠨ ᠵᠢᠭᠰᠠᠭᠠᠯᠲᠠ ᠳᠤ ᠡᠮᠦᠨᠡᠭᠦᠷ ᠣᠷᠣᠭᠰᠠᠨ ᠬᠤᠰᠲ᠋ᠠᠨ ᠦᠬᠡᠷ᠂ | ᠰᠢᠮᠧᠨ᠋ᠲᠠᠷ ᠦᠬᠡᠷ᠂ ᠰᠠᠨ ᠡᠾᠧ ᠦᠬᠡᠷ ᠤᠨ ᠡᠭᠦᠯᠳᠡᠷ ᠤᠨ ᠪᠤᠬ᠎ᠠ ᠶᠢᠨ ᠦᠷ᠎ᠡ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠢ ᠪᠣᠯ ᠰᠢᠯᠭᠠᠨ ᠬᠢᠨᠠᠭᠠᠳ | ᠪᠠᠷᠢᠮᠵᠢᠶᠠᠨ ᠳᠤ ᠬᠥᠷᠥᠭᠰᠡᠨ ᠤ ᠳᠠᠷᠠᠭ᠎ᠠ ᠬᠥᠬᠢᠭᠦᠯᠦᠨ ᠱᠠᠩᠨᠠᠨ᠎ᠠ︔ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠷᠡᠲᠦ ᠲᠡᠮᠳᠡᠭ ᠤᠨ ᠥᠷᠢᠰᠦᠯᠳᠦᠬᠦ | ᠬᠦᠴᠦᠨ ᠤ ᠵᠢᠭᠠᠯᠲᠠ ᠲᠤᠭ᠎ᠠ ᠶᠢᠨ ︵CBI︶ ᠨᠡᠷᠡᠰ ᠤᠨ ᠵᠢᠭᠰᠠᠭᠠᠯᠲᠠ ᠳᠤ ᠤᠯᠤᠰ ᠤᠨ ᠳᠣᠲᠣᠭᠠᠳᠤ ᠶᠢᠨ ᠡᠮᠦᠨ᠎ᠡ 100 ᠨᠡᠷᠡᠰ ᠲᠤ ᠪᠠᠶᠢᠷᠢᠯᠠᠭᠰᠠᠨ | ᠠᠯᠠᠰᠢᠨ ᠤ ᠡᠭᠦᠯᠳᠡᠷ ᠤᠨ ᠪᠤᠬ᠎ᠠ ᠶᠢ ᠪᠤᠶᠢᠵᠢᠭᠤᠯᠤᠭᠰᠠᠨ ᠦᠷ᠎ᠡ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠤᠨ ᠪᠤᠬ᠎ᠠ ᠪᠦᠷᠢ ᠳᠤ 5 ᠲᠦᠮᠡᠨ ᠲᠥᠭᠦᠷᠢᠭ | ᠱᠠᠩᠨᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠮᠥᠩᠭᠦᠨ ᠭᠦᠢᠯᠭᠡᠭᠡᠨ ᠤ ᠳᠡᠮᠵᠢᠯᠭᠡ ᠦᠵᠡᠬᠦᠯᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠲᠤᠰᠬᠠᠢ ᠵᠦᠢᠯ ᠤᠨ | ᠮᠥᠩᠭᠦᠨ ᠭᠦᠢᠯᠭᠡᠭᠡᠨ ᠤ ᠨᠡᠷᠡᠳᠬᠦᠨ ᠨᠡᠶᠢᠲᠡᠯᠡᠬᠦ ᠶᠢ ᠳᠡᠮᠵᠢᠵᠦ᠂ ᠦᠷ᠎ᠡ ᠡᠭᠦᠯᠳᠡᠷ ᠤᠨ ᠦᠢᠯᠡᠰ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ | ᠱᠠᠭᠠᠷᠳᠠᠯᠭ᠎ᠠ ᠶᠢ ᠤᠷᠢᠳ ᠢᠶᠠᠷ ᠪᠠᠲᠤᠯᠠᠵᠤ᠂ ᠦᠷ᠎ᠡ ᠡᠭᠦᠯᠳᠡᠷ ᠤᠨ ᠦᠢᠯᠡᠰ ᠤᠨ ᠰᠤᠳᠤᠯᠤᠨ ᠨᠡᠭᠡᠭᠡᠬᠦ ᠦᠶᠡᠯᠡᠯ ᠤᠨ ᠬᠤᠭᠤᠴᠠᠭ᠎ᠠ ᠤᠷᠳᠤ ᠪᠠᠶᠢᠬᠤ ᠣᠨᠴᠠᠯᠢᠭ ᠲᠤ | ᠲᠣᠬᠢᠷᠠᠭᠤᠯᠤᠨ 3 — 5 ᠵᠢᠯ ᠤᠨ ᠦᠶᠡᠯᠡᠯ ᠤᠨ ᠬᠤᠭᠤᠴᠠᠭ᠎ᠠ ᠤᠷᠳᠤ ᠮᠥᠩᠭᠦᠨ ᠭᠦᠢᠯᠭᠡᠭᠡᠨ ᠤ ᠨᠡᠷᠡᠳᠭᠦᠨ ᠢ ᠲᠣᠭᠲᠠᠭᠠᠵᠤ᠂ ᠦᠷ᠎ᠡ ᠡᠭᠦᠯᠳᠡᠷ | ᠪᠤᠶᠢᠵᠢᠭᠤᠯᠬᠤ ᠠᠵᠤ ᠠᠬᠤᠶᠢᠯᠠᠯ᠂ ᠦᠷ᠎ᠡ ᠶᠢ ᠨᠠᠷᠢᠯᠢᠬ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ | ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠨᠦᠭᠦᠴᠡᠯ ᠳᠤ ᠨᠡᠶᠢᠴᠡᠭᠰᠡᠨ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠦᠷ᠎ᠡ | ᠡᠭᠦᠯᠳᠡᠷ ᠤᠨ ᠦᠢᠯᠡᠰ ᠤᠨ ᠬᠥᠲᠥᠴᠢ ᠠᠵᠤ ᠠᠬᠤᠶᠢᠯᠠᠯ ᠤᠨ ᠦᠷ᠎ᠡ ᠡᠭᠦᠯᠳᠡᠷ ᠢ ᠰᠤᠳᠤᠯᠤᠨ ᠨᠡᠭᠡᠭᠡᠬᠦ᠂ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠪᠠ ᠵᠢᠱᠢᠶ᠎ᠡ | ᠦᠵᠡᠭᠦᠯᠦᠨ ᠳᠡᠯᠭᠡᠷᠡᠭᠦᠯᠬᠦ ᠵᠡᠷᠭᠡ ᠠᠵᠢᠯ ᠥᠷᠨᠢᠭᠦᠯᠬᠦ ᠶᠢ ᠨᠢ ᠲᠡᠮᠵᠢᠨ᠎ᠡ᠃ ︵ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠦᠪᠡᠷᠳᠡᠬᠡᠨ | ᠵᠠᠰᠠᠬᠤ ᠤᠷᠤᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠦᠷ᠎ᠡ ᠡᠭᠦᠯᠳᠡᠷ ᠤᠨ ᠦᠢᠯᠡᠰ ᠤᠨ ᠵᠠᠬ᠎ᠠ ᠳᠡᠯᠭᠡᠭᠦᠷ ᠤᠨ ᠣᠷᠴᠢᠨ ᠨᠦᠭᠦᠴᠡᠯ ᠢ ᠴᠡᠪᠡᠷᠰᠢᠭᠦᠯᠦᠨ᠎ᠡ᠃ ᠦᠷ᠎ᠡ ᠡᠭᠦᠯᠳᠡᠷ ᠤᠨ | ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠡᠭᠦᠯᠳᠡᠷ ᠤᠨ | ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ ᠭᠠᠵᠠᠷ | ᠣᠷᠣᠨ᠂ ᠰᠠᠯᠠᠭ᠎ᠠ ᠮᠥᠴᠢᠷ ᠠᠯᠤᠰᠯᠠᠭᠰᠠᠨ ᠬᠤᠯᠪᠣᠭᠠᠯᠠᠨ ᠬᠥᠳᠡᠯᠦᠯᠴᠡᠵᠦ ᠬᠠᠮᠠᠭᠠᠯᠠᠬᠤ ᠪᠠ ᠵᠠᠰᠠᠭ ᠵᠠᠬᠢᠷᠭᠠᠨ ᠬᠠᠤᠯᠢ ᠴᠠᠭᠠᠵᠠ ᠶᠢᠨ ᠬᠠᠮᠵᠢᠯᠴᠠᠨ ᠬᠠᠮᠠᠭᠠᠯᠠᠬᠤ | ᠲᠣᠭᠲᠠᠴᠠ ᠶᠢ ᠪᠠᠶᠢᠭᠤᠯᠵᠤ᠂ ᠬᠤᠳᠠᠯ ᠬᠠᠭᠤᠷᠮᠠᠭ ᠴᠢᠨᠠᠷ ᠮᠠᠭᠤ ᠵᠦᠢᠯ ᠢᠶᠠᠷ ᠨᠡᠷᠡᠲᠦ ᠲᠡᠮᠳᠡᠭ ᠢ ᠣᠷᠣᠯᠠᠬᠤ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠦᠷ᠎ᠡ ᠡᠭᠦᠯᠳᠡᠷ ᠤᠨ ᠦᠢᠯᠡᠰ ᠤᠨ ᠠᠩᠬᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠢ ᠬᠥᠭᠵᠢᠭᠡᠨ᠎ᠡ᠃ ᠦᠷ᠎ᠡ | ᠡᠭᠦᠯᠳᠡᠷ ᠤᠨ ᠦᠢᠯᠡᠰ ᠤᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠᠨ ᠴᠢᠩᠭᠠᠳᠬᠠᠵᠤ᠂ ᠦᠷ᠎ᠡ ᠡᠭᠦᠯᠳᠡᠷ ᠤᠨ ᠶᠠᠰᠤ ᠴᠢᠨᠠᠷ ᠢ | ᠰᠢᠯᠭᠠᠨ ᠪᠠᠶᠢᠴᠠᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠮᠠᠰᠢᠭᠤᠯᠬᠤ ᠲᠣᠭᠲᠠᠴᠠ ᠶᠢ ᠴᠢᠩᠭᠠᠷᠠᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠢᠳᠡᠪᠬᠢᠵᠢᠯ ᠰᠠᠨᠠᠭᠠᠴᠢᠯᠠᠭᠠᠲᠤ ᠴᠢᠨᠠᠷ ᠢ | ᠳᠠᠶᠢᠴᠢᠯᠠᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠮᠧᠩ ᠺᠧ ᠵᠢᠥᠢ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ | ᠲᠠᠪᠴᠠᠩ ᠢ ᠰᠠᠶᠢᠲᠤᠷ ᠠᠰᠢᠬᠯᠠᠵᠤ᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠲᠥᠷᠥᠯ ᠵᠦᠢᠯ᠂ ᠪᠡᠯᠡ ᠮᠥᠩᠭᠦ ᠶᠢ ᠪᠦᠲᠦᠮᠵᠢᠲᠡᠢ ᠵᠣᠯᠭᠠᠭᠤᠯᠵᠤ᠂ | ᠣᠨᠣᠴᠠᠲᠠᠢ ᠪᠠᠷ ︽ᠭᠠᠷ ᠬᠤᠯᠪᠣᠭᠤᠯᠤᠨᠠ︾᠃ ᠰᠢᠯᠢᠳᠡᠭ ᠠᠴᠠ ᠰᠢᠯᠢᠳᠡᠭ ᠢ ᠨᠢ ᠰᠣᠩᠭᠤᠬᠤ ᠶᠢ ᠪᠠᠷᠢᠮᠲᠠᠯᠠᠵᠤ᠂ ᠡᠭᠦᠳᠡ ᠪᠠᠨ ᠨᠡᠭᠡᠭᠡᠵᠦ ᠬᠠᠮᠲᠤ ᠪᠠᠷ | ᠭᠦᠷᠳᠡᠯᠴᠡᠨ ᠰᠢᠨ᠎ᠡ ᠡᠭᠦᠳᠦᠯᠲᠡ ᠶᠢ ᠰᠡᠳᠦᠵᠦ᠂ ᠨᠡᠭᠡᠭᠡᠯᠲᠡ ᠲᠠᠢ ᠬᠠᠮᠲᠤᠷᠠᠯᠴᠠᠵᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠣᠷᠣᠨ ᠤ ᠳᠣᠲᠣᠨ᠎ᠠ ᠭᠠᠳᠠᠨᠠᠬᠢ | ᠲᠤᠰᠬᠠᠢ ᠮᠡᠷᠭᠡᠵᠢᠯᠲᠡᠨ ᠤ ᠪᠦᠯᠬᠦᠮ ᠨᠡᠶᠢᠲᠡ ᠠᠴᠠ ᠦᠷ᠎ᠡ ᠡᠭᠦᠯᠳᠡᠷ ᠤᠨ ᠦᠢᠯᠡᠰ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠶᠢ ᠨᠢ ᠳᠡᠮᠵᠢᠵᠦ᠂ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠦᠷ᠎ᠡ | ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠣᠯᠴᠠᠬᠤ ᠶᠢ ᠵᠣᠷᠢᠬᠵᠢᠭᠤᠯᠵᠤ᠂ ᠦᠷ᠎ᠡ ᠡᠭᠦᠯᠳᠡᠷ ᠤᠨ ᠲᠠᠯ᠎ᠠ ᠪᠠᠷ ᠬᠢ ᠰᠢᠨᠵᠢᠯᠡᠬᠦ | ᠤᠬᠠᠭᠠᠨ ᠤ ᠰᠤᠳᠤᠯᠤᠯ ᠤᠨ ᠨᠣᠳᠤᠭ ᠤᠨ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠦᠨ᠎ᠡ᠃ ᠦᠷ᠎ᠡ ᠡᠭᠦᠯᠳᠡᠷ ᠤᠨ ᠦᠢᠯᠡᠰ ᠤᠨ ᠳᠡᠭᠡᠳᠦ ᠳᠡᠰ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠤᠷᠢᠨ ᠲᠣᠮᠢᠯᠠᠬᠤ ᠳᠦᠷᠢᠮ᠂ ᠬᠤᠣᠰ ᠤᠷᠢᠯᠭ᠎ᠠ ᠶᠢᠨ ᠳᠦᠷᠢᠮ ᠤᠨ ᠬᠡᠯᠪᠡᠷᠢ ᠪᠠᠷ | ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠬᠤ ᠶᠢ ᠵᠣᠷᠢᠬᠵᠢᠭᠤᠯᠵᠤ᠂ ︽ᠨᠢᠭᠡ ᠨᠢᠭᠡ ᠠᠵᠢᠯ | ᠶᠠᠪᠤᠳᠠᠯ ᠢᠶᠠᠷ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠴᠢᠳᠠᠪᠤᠷᠢᠲᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤᠷᠢᠳᠤᠯᠭ᠎ᠠ ᠶᠢᠨ ᠲᠤᠰᠢᠶᠠᠯ ᠡᠭᠦᠷᠬᠡᠯᠡᠬᠦ ᠦᠭᠡᠢ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠲᠠᠨ ᠤ ᠠᠵᠤ ᠠᠬᠤᠶᠢᠯᠠᠯ ᠳᠤ ᠬᠦᠷᠴᠦ ᠲᠤᠰᠢᠶᠠᠯ ᠪᠠ ᠴᠠᠯᠢᠩ ᠬᠠᠪᠰᠤᠷᠭᠠᠬᠤ ᠶᠢ ᠵᠣᠷᠢᠬᠵᠢᠭᠤᠯᠵᠤ᠂ ᠠᠵᠤ ᠠᠬᠤᠶᠢᠯᠠᠯ ᠤᠨ ᠬᠢᠨ ᠤ ᠠᠰᠢᠭ ᠲᠤᠰᠠ ᠶᠢ | ᠬᠤᠯᠪᠤᠨᠨᠳᠠᠭᠤᠯᠬᠤ ᠲᠣᠭᠲᠠᠴᠠ ᠪᠠᠷ ᠰᠢᠨ᠎ᠡ ᠶᠢ ᠡᠭᠦᠳᠬᠦ ᠴᠢᠳᠠᠪᠤᠷᠢᠲᠠᠨ ᠢ ᠰᠢᠩᠭᠡᠭᠡᠨ ᠣᠷᠣᠭᠤᠯᠬᠤ ᠶᠢ ᠨᠢ ᠳᠡᠮᠵᠢᠵᠦ᠂ ᠦᠷ᠎ᠡ ᠡᠭᠦᠯᠳᠡᠷ ᠤᠨ ᠦᠢᠯᠡᠰ ᠤᠨ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠵᠠᠮ ᠮᠥᠷ ᠢ ᠰᠢᠯᠤᠭᠤᠳᠬᠠᠨ᠎ᠠ᠃ ᠦᠷ᠎ᠡ | ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠵᠣᠷᠢᠬᠵᠢᠭᠤᠯᠵᠤ ᠪᠠᠲᠤᠯᠠᠬᠤ ᠪᠠᠨ ᠴᠢᠩᠭᠠᠷᠠᠭᠤᠯᠵᠤ᠂ ᠰᠢᠯᠵᠢᠭᠦᠯᠦᠨ ᠥᠭᠬᠦ᠂ | ᠵᠥᠪᠰᠢᠶᠡᠷᠡᠬᠦ᠂ ᠦᠨ᠎ᠡ ᠬᠠᠩᠰᠢ ᠲᠣᠭᠲᠠᠭᠠᠵᠤ ᠬᠤᠪᠢ ᠣᠷᠣᠭᠤᠯᠬᠤ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠣᠳᠠᠲᠠᠶᠢᠵᠢᠭᠤᠯᠤᠨ | ᠤᠯᠠᠷᠢᠭᠤᠯᠤᠭᠰᠠᠨ ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠳᠤ ᠱᠠᠩᠨᠠᠯ | ᠣᠯᠭᠤᠨ᠎ᠠ᠃ ᠵᠠᠬᠢᠶᠠᠯᠠᠭ᠎ᠠ ᠶᠢᠨ ᠮᠠᠶ᠋ᠢᠭ᠂ ᠦᠢᠯᠡᠴᠢᠯᠡᠭᠡᠨ ᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠤᠯ ᠢ ᠰᠦᠪᠡᠭᠴᠢᠯᠡᠵᠦ᠂ ᠦᠷ᠎ᠡ ᠡᠭᠦᠯᠳᠡᠷ ᠤᠨ | ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠥᠨᠳᠥᠷ ᠪᠦᠲᠦᠮᠵᠢᠲᠡᠢ ᠪᠠᠷ ᠵᠣᠯᠭᠠᠭᠤᠯᠬᠤ ᠶᠢ | ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠦᠷ᠎ᠡ ᠪᠦᠲᠦᠭᠡᠯ ᠭᠠᠷᠭᠠᠬᠤ᠂ ᠠᠵᠤ ᠠᠬᠤᠶᠢᠯᠠᠯ ᠦᠷ᠎ᠡ ᠪᠦᠲᠦᠭᠡᠯ ᠢ ᠬᠤᠳᠠᠯᠳᠤᠨ ᠠᠪᠴᠤ | ᠦᠷᠡᠵᠢᠭᠦᠯᠵᠦ ᠪᠤᠶᠢᠵᠢᠭᠤᠯᠤᠨ ᠳᠡᠯᠭᠡᠷᠡᠭᠦᠯᠬᠦ᠂ ᠲᠠᠷᠢᠶᠠᠴᠢᠨ ᠮᠠᠯᠴᠢᠳ ᠬᠠᠮᠤᠭ ᠤᠨ ᠰᠢᠯᠢᠳᠡᠭ ᠬᠠᠮᠤᠭ ᠠᠴᠠ ᠲᠣᠬᠢᠷᠠᠮᠵᠢᠲᠠᠢ ᠦᠷ᠎ᠡ ᠡᠭᠦᠯᠳᠡᠷ ᠢ ᠬᠡᠷᠡᠭᠯᠡᠬᠦ ᠶᠢ | ᠪᠡᠶᠡᠯᠡᠭᠦᠯᠵᠦ᠂ ᠦᠷ᠎ᠡ ᠡᠭᠦᠯᠳᠡᠷ ᠤᠨ ᠦᠢᠯᠡᠰ ᠤᠨ ᠡᠯ᠎ᠡ ᠭᠤᠣᠯ ᠴᠣᠭᠴᠠ᠂ ᠡᠯ᠎ᠡ ᠭᠤᠨᠨᠴᠤᠭᠠᠨ ᠤ ᠭᠦᠴᠥ ᠶᠢ ᠬᠠᠮᠳᠤᠳᠬᠠᠨ ᠪᠥᠬᠦ ᠬᠡᠯᠬᠢᠶᠡᠰᠦ ᠪᠠᠷ ᠬᠥᠭᠵᠢᠬᠦ ᠶᠢ | ᠠᠬᠢᠭᠤᠯᠤᠨ᠎ᠠ᠃ ︵ᠥ ᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠴᠠᠭ ᠬᠤᠭᠤᠴᠠᠭ᠎ᠠ ᠨᠢ 2023 ᠣᠨ ᠠᠴᠠ 2025 ᠣᠨ ᠤ | ᠬᠤᠭᠤᠷᠣᠨᠳᠤ ᠪᠠᠶᠢᠵᠤ᠂ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ︾ ᠠᠷᠭ᠎ᠠ ᠮᠠᠶ᠋ᠢᠭ ᠢᠶᠠᠷ ᠬᠡᠷᠡᠭᠵᠢᠬᠦᠯᠪᠡᠯ᠂ ᠡᠯ᠎ᠡ ᠲᠦᠷᠦᠭᠦᠯᠡᠨ ᠠᠵᠢᠯᠯᠠᠬᠤ | ᠰᠠᠯᠠᠭ᠎ᠠ ᠮᠥᠴᠢᠷ ᠨᠢ ᠪᠡᠯᠡ ᠮᠥᠩᠭᠦᠨ ᠤ ᠬᠠᠮᠢᠶᠠᠷᠤᠯᠲᠠ ᠪᠠ ᠰᠢᠯᠭᠠᠨ ᠬᠤᠷᠢᠶᠠᠬᠤ ᠰᠢᠯᠭᠠᠨ ᠬᠢᠨᠠᠬᠤ ᠠᠷᠭ᠎ᠠ ᠪᠠᠨ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢᠨ ᠣᠨᠣᠴᠠᠲᠠᠢ ᠪᠣᠳᠠᠲᠠᠶᠢᠵᠢᠭᠤᠯᠤᠨ ᠬᠡᠷᠡᠭᠵᠢᠬᠦᠯᠦᠭᠳᠡᠬᠦ ᠶᠢ ᠦᠨᠡᠨ ᠬᠦ ᠪᠠᠳᠣᠯᠠᠬᠤ ᠬᠡᠷᠡᠭᠳᠡᠢ᠃ | | | | | |