2024 ᠣᠨ ᠤ 3 ᠳ᠋ᠤᠭᠠᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ | ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠨᠡᠶᠢᠲᠡ 4 ᠪᠦᠯᠦᠭ 72 ᠵᠦᠢᠯ ᠬᠤᠪᠢᠶᠠᠵᠤ᠂ ᠭᠤᠣᠯᠳᠠᠭᠤ ᠶᠡᠷᠦᠩᠬᠡᠢ | ᠱᠠᠭᠠᠷᠳᠠᠯᠭ᠎ᠠ᠂ ᠭᠤᠣᠯ ᠡᠭᠦᠷᠭᠡ᠂ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ | ᠳᠥᠷᠪᠡᠨ ᠲᠠᠯ᠎ᠠ ᠪᠠᠷ ᠲᠣᠳᠣᠷᠬᠠᠶᠢᠯᠠᠨ ᠦᠭᠦᠯᠡᠪᠡ᠃ ᠡᠨᠡ ᠨᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ | ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ︽ᠶᠠᠭᠤ ᠬᠢᠬᠦ᠂ ᠶᠠᠭᠠᠬᠢᠵᠤ ᠬᠢᠬᠦ︾ ᠲᠤᠬᠠᠢ ᠰᠢᠰᠲ᠋ᠧᠮ ᠲᠠᠢ ᠲᠦᠯᠦᠪᠯᠡᠭᠡ ᠪᠠ ᠲᠣᠬᠢᠷᠠᠭᠤᠯᠤᠯᠲᠠ | ᠪᠠᠶᠢᠷᠢᠯᠠᠭᠤᠯᠤᠯᠲᠠ ᠪᠣᠯᠣᠨ᠎ᠠ᠂ ᠡᠳᠦᠭᠡ ᠨᠡᠶᠢᠲᠡᠯᠡᠭᠰᠡᠨ ᠠᠬᠤᠢ ᠪᠠᠶᠢᠳᠠᠯ ᠪᠠ ᠠᠭᠤᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ ︽ᠬᠡᠷᠡᠭᠵᠢᠭᠦᠯᠬᠦ ᠲᠥᠰᠥᠯ︾ ᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ︖ | 2022 ᠣᠨ ᠤ 6 ᠳ᠋ᠤᠭᠠᠷ ᠰᠠᠷ᠎ᠠ ᠶᠢᠨ 6 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇ 2022﹈ 14 ᠳ᠋ᠦ᠋ᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠨ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ 14.5﹀ ᠶᠢᠨ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠦᠯᠦᠪᠯᠡᠭᠡ︾ ︽ᠥ ᠪᠥ᠋ᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ︵2021 — 2023 ᠣᠨ︶︾ ᠵᠡᠷᠭᠡ ᠪᠢᠴᠢᠭ | ᠮᠠᠲ᠋ᠧᠷᠢᠶᠠᠯ ᠤᠳ ᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠬᠤᠶᠠᠷ᠂ ︽ᠬᠡᠷᠡᠭᠵᠢᠭᠦᠯᠬᠦ ᠲᠥᠰᠥᠯ︾ ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ ᠨᠢ ᠶᠠᠭᠤ ᠪᠤᠢ︖ | ︽ᠬᠡᠷᠡᠭᠵᠢᠭᠦᠯᠬᠦ ᠲᠥᠰᠥᠯ︾ ᠢ ᠨᠡᠶᠢᠲᠡ 4 ᠬᠡᠰᠡᠭ ᠬᠤᠪᠢᠶᠠᠵᠤ᠂ ᠲᠣᠰ ᠲᠣᠰ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠳ᠋ᠢᠵᠢᠲ᠋ᠠᠯᠴᠢᠯᠠᠭᠰᠠᠨ | ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠤᠯᠤᠰ ᠤᠨ ᠵᠢᠯᠤᠭᠤᠳᠬᠤ ᠰᠠᠨᠠᠯ ᠤᠨ ᠶᠣᠰᠣᠭᠠᠷ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠨᠡᠶᠢᠴᠡᠭᠰᠡᠨ 72 ᠵᠤᠷᠪᠤᠰ ᠪᠣᠳᠠᠲᠠᠢ | ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠳᠤᠷᠠᠳᠬᠤ ᠶᠢᠨ ᠬᠠᠮᠲᠤ ᠵᠣᠬᠢᠴᠠᠭᠰᠠᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠦᠰᠦᠨᠦᠭᠲᠦ ᠶᠢ ᠲᠣᠭᠲᠠᠭᠠᠵᠤ᠂ | ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ᠃ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ᠂ 2025 ᠣᠨ ᠪᠠ 2035 ᠣᠨ ᠪᠣᠯᠳᠠᠯᠠᠬᠢ | ᠶᠡᠷᠦᠩᠬᠡᠢ ᠬᠠᠷᠠᠯᠲᠠ ᠶᠢ ᠳᠤᠷᠠᠳᠪᠠ᠃ | ᠬᠤᠶᠠᠳᠤᠭᠠᠷ ᠬᠡᠰᠡᠭ ᠭᠤᠣᠯ ᠡᠭᠦᠷᠭᠡ᠃ ᠵᠠᠰᠠᠭ ᠤᠨ ᠣᠷᠳᠣᠨ ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠬᠦ᠂ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠬᠦ᠂ ᠳ᠋ᠠᠶᠢᠲ᠋ᠠ ᠶᠢᠨ ᠡᠬᠢ ᠪᠠᠶᠠᠯᠢᠭ ᠢ | ᠬᠤᠪᠢᠶᠠᠯᠴᠠᠨ ᠨᠡᠭᠡᠭᠡᠯᠲᠡ ᠲᠠᠢ ᠪᠣᠯᠭᠠᠬᠤ ᠶᠢ ᠠᠬᠢᠭᠤᠯᠬᠤ᠂ ᠲᠠᠪᠴᠠᠩ ᠤᠨ ᠲᠤᠰᠠᠯᠠᠮᠵᠢ ᠶᠢᠨ ᠴᠢᠳᠠᠪᠤᠷᠢ ᠶᠢ ᠴᠢᠩᠭᠠᠳᠬᠠᠬᠤ᠂ ᠳ᠋ᠢᠵᠢᠲ᠋ᠠᠯ ᠵᠠᠰᠠᠭ ᠤᠨ ᠣᠷᠳᠣᠨ ᠤ | ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠶᠢᠨ ᠡᠭᠦᠷᠭᠡ ᠶᠢ ᠲᠣᠳᠣᠷᠬᠠᠶᠢᠯᠠᠪᠠ᠃ | ᠭᠤᠷᠪᠠᠳᠤᠭᠠᠷ ᠬᠡᠰᠡᠭ ᠳ᠋ᠢᠵᠢᠲ᠋ᠠᠯᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ᠃ ᠳ᠋ᠢᠵᠢᠲ᠋ᠠᠯ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ᠂ ᠰᠠᠶᠢᠨ ᠰᠠᠶᠢᠬᠠᠨ ᠳ᠋ᠢᠵᠢᠲ᠋ᠠᠯ ᠠᠮᠢ ᠠᠬᠤᠢ ᠶᠢ ᠪᠤᠢ ᠪᠣᠯᠭᠠᠬᠤ | ᠭᠤᠷᠪᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠪᠠ᠃ | ᠳᠥᠷᠪᠡᠳᠦᠭᠡᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ᠂ ᠠᠬᠢᠭᠤᠯᠬᠤ ᠲᠣᠭᠲᠠᠴᠠ ᠶᠢ | ᠪᠦᠷᠢᠨᠰᠢᠭᠦᠯᠬᠦ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠬᠢᠨᠠᠨ ᠰᠢᠯᠭᠠᠯᠲᠠ ᠦᠨᠡᠯᠡᠨ ᠵᠢᠱᠢᠯᠲᠡ ᠶᠢ ᠴᠢᠩᠭᠠᠳᠬᠠᠬᠤ ᠵᠡᠷᠭᠡ ᠳᠥᠷᠪᠡᠨ | ᠲᠠᠯ᠎ᠠ ᠶᠢᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ᠃ | ᠭᠤᠷᠪᠠ᠂ ︽ᠬᠡᠷᠡᠭᠵᠢᠭᠦᠯᠬᠦ ᠲᠥᠰᠥᠯ︾ ᠤᠨ ᠭᠤᠣᠯ ᠡᠭᠦᠷᠭᠡ ᠨᠢ ᠶᠠᠭᠤ ᠪᠤᠢ︖ | ︵ᠨᠢᠭᠡ︶ ᠵᠠᠰᠠᠭ ᠤᠨ ᠣᠷᠳᠣᠨ ᠤ ᠳ᠋ᠢᠵᠢᠲ᠋ᠠᠯᠴᠢᠯᠠᠭᠰᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠠᠵᠤ ᠠᠬᠤᠢ ᠶᠢᠨ | ᠲᠣᠬᠢᠷᠠᠭᠤᠯᠬᠤ ᠴᠢᠳᠠᠪᠤᠷᠢ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠴᠢᠳᠠᠪᠤᠷᠢ᠂ ᠨᠡᠶᠢᠭᠡᠮ ᠤᠨ ᠬᠠᠮᠢᠶᠠᠷᠤᠯᠲᠠ ᠶᠢᠨ ᠴᠢᠳᠠᠪᠤᠷᠢ᠂ ᠣᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠳᠠᠪᠤᠷᠢ᠂ ᠵᠠᠰᠠᠭ ᠤᠨ ᠶᠠᠪᠤᠳᠠᠯ ᠤᠨ ᠠᠵᠢᠯᠯᠠᠭᠠᠨ ᠤ ᠬᠦᠴᠦᠨ | ᠴᠢᠳᠠᠪᠤᠷᠢ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ 26 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃ | ︵ᠬᠤᠶᠠᠷ︶ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠦᠷᠢᠮ ᠲᠣᠭᠲᠠᠭᠠᠯ ᠢ ᠲᠡᠭᠦᠯᠳᠡᠷᠵᠢᠭᠦᠯᠦᠨ᠎ᠡ᠃ ᠳᠦᠷᠢᠮ ᠢ ᠤᠷᠢᠳ ᠢᠶᠠᠷ | ᠬᠡᠷᠡᠭᠵᠢᠭᠦᠯᠬᠦ ᠵᠠᠷᠴᠢᠮ ᠢᠶᠠᠷ᠂ ᠳ᠋ᠢᠵᠢᠲ᠋ᠠᠯᠴᠢᠯᠠᠭᠰᠠᠨ ᠥᠭᠡᠷᠡᠴᠢᠯᠡᠯᠲᠡ ᠪᠠᠷ ᠳᠦᠷᠢᠮ ᠤᠨ ᠰᠢᠨᠡᠴᠢᠯᠡᠯᠲᠡ ᠶᠢ ᠠᠬᠢᠭᠤᠯᠵᠤ᠂ ᠳ᠋ᠢᠵᠢᠲ᠋ᠠᠯ ᠵᠠᠰᠠᠭ ᠤᠨ ᠣᠷᠳᠣᠨ ᠤ | ᠪᠠᠶᠢᠭᠤᠯᠤᠯᠲᠠ ᠪᠠ ᠠᠵᠢᠯᠯᠠᠭᠠᠨ ᠤ ᠪᠦᠬᠦᠯᠢ ᠴᠣᠭᠴᠠ ᠪᠠᠷ ᠬᠠᠮᠵᠢᠯᠴᠠᠭᠰᠠᠨ᠂ ᠤᠶᠤᠨᠲᠦ ᠥᠨᠳᠥᠷ ᠪᠦᠲᠦᠮᠵᠢᠲᠡᠢ᠂ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ | ᠪᠠᠲᠤᠯᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠬᠤᠪᠢᠰᠤᠯᠲᠠ ᠪᠣᠯᠣᠨ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠬᠦ | ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠤ᠂ 5 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃ | ︵ᠭᠤᠷᠪᠠ︶ ᠳ᠋ᠠᠶᠢᠲ᠋ᠠ ᠶᠢᠨ ᠡᠬᠢ ᠪᠠᠶᠠᠯᠢᠭ ᠢ ᠬᠤᠪᠢᠶᠠᠯᠴᠠᠨ ᠨᠡᠭᠡᠭᠡᠯᠲᠡ ᠲᠠᠢ ᠪᠣᠯᠭᠠᠬᠤ ᠶᠢ ᠠᠬᠢᠭᠤᠯᠤᠨ᠎ᠠ᠃ ᠳ᠋ᠠᠶᠢᠲ᠋ᠠ ᠶᠢᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠠᠭᠤᠷᠢ ᠲᠤᠰᠠᠯᠠᠮᠵᠢ ᠶᠢᠨ ᠴᠢᠳᠠᠪᠤᠷᠢ ᠶᠢ ᠴᠢᠩᠭᠠᠳᠬᠠᠬᠤ᠂ | ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠲᠣᠳᠣᠷᠬᠠᠢ | ᠬᠠᠭᠤᠳᠠᠰᠤᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠳ᠋ᠠᠶᠢᠲ᠋ᠠ ᠬᠤᠪᠢᠶᠠᠯᠴᠠᠬᠤ ᠲᠦᠪᠰᠢᠨ ᠢ ᠳᠡᠭᠡᠭᠰᠢᠯᠡᠭᠦᠯᠬᠦ᠂ ᠤᠯᠠᠨ | ᠨᠡᠶᠢᠲᠡ ᠶᠢᠨ ᠳ᠋ᠠᠶᠢᠲ᠋ᠠ ᠶᠢ ᠨᠡᠭᠡᠭᠡᠨ ᠠᠰᠢᠬᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠵᠡᠷᠭᠡ ᠲᠠᠯ᠎ᠠ ᠪᠠᠷ 7 | ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃ | ︵ᠳᠥᠷᠪᠡ︶ ᠲᠠᠪᠴᠠᠩ ᠤᠨ ᠲᠤᠰᠠᠯᠠᠮᠵᠢ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠡᠭᠦᠯᠡᠨ ᠲᠠᠪᠴᠠᠩ ᠤᠨ ᠲᠣᠭᠲᠠᠯᠴᠠᠭ᠎ᠠ ᠶᠢ ᠪᠠᠶᠢᠭᠤᠯᠬᠤ᠂ ᠡᠷᠴᠢᠮᠵᠢᠭᠦᠯᠦᠭᠰᠡᠨ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠬᠤ᠂ ᠡᠷᠴᠢᠮᠵᠢᠭᠦᠯᠦᠭᠰᠡᠨ ᠨᠠᠶᠢᠳᠠᠪᠤᠷᠢᠲᠠᠢ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠪᠠᠶᠢᠭᠤᠯᠬᠤ᠂ ᠰᠠᠯᠠᠭ᠎ᠠ ᠮᠥᠴᠢᠷ ᠤᠨ | ᠲᠤᠬᠠᠶᠢᠯᠠᠭᠰᠠᠨ ᠠᠵᠢᠯ ᠤᠨ ᠲᠤᠰᠬᠠᠢ ᠰᠦᠯᠵᠢᠶ᠎ᠡ ᠶᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶᠢᠲᠡᠴᠢ ᠴᠢᠨᠠᠷᠲᠠᠢ ᠬᠡᠷᠡᠭᠯᠡᠭᠡᠨ ᠤ | ᠡᠷᠴᠢᠮᠵᠢᠭᠦᠯᠦᠭᠰᠡᠨ ᠪᠠᠶᠢᠭᠤᠯᠤᠯᠲᠠ ᠶᠢ ᠠᠬᠢᠭᠤᠯᠬᠤ᠂ ᠳ᠋ᠢᠵᠢᠲ᠋ᠠᠯᠴᠢᠯᠠᠭᠰᠠᠨ ᠨᠡᠶᠢᠲᠡᠴᠢ ᠴᠢᠨᠠᠷᠲᠠᠢ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ 6 | ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃ | ︵ᠲᠠᠪᠤ︶ ᠳ᠋ᠢᠵᠢᠲ᠋ᠠᠯ ᠵᠠᠰᠠᠭ ᠤᠨ ᠣᠷᠳᠣᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠣᠭᠲᠠᠯᠴᠠᠭ᠎ᠠ ᠶᠢ ᠪᠦᠷᠢᠨᠰᠢᠭᠦᠯᠬᠦ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠤᠯᠤᠰ ᠤᠨ ᠨᠢᠭᠤᠴᠠ ᠳᠤ ᠬᠤᠯᠪᠣᠭᠳᠠᠬᠤ ᠰᠢᠰᠲ᠋ᠧᠮ ᠤᠨ ᠬᠠᠮᠢᠶ᠎ᠠ | ᠪᠦᠬᠦᠢ ᠳᠦᠷᠢᠮ ᠢ ᠨᠠᠶᠢᠳᠠᠪᠤᠷᠢᠵᠢᠭᠤᠯᠬᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠳᠦᠷᠢᠮ ᠢ ᠨᠠᠶᠢᠳᠠᠪᠤᠷᠢᠵᠢᠭᠤᠯᠬᠤ᠂ ᠰᠦᠯᠵᠢᠶᠡᠨ ᠤ | ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ᠂ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠬᠤ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠬᠠᠮᠠᠭᠠᠯᠠᠯᠲᠠ ᠶᠢ | ᠴᠢᠩᠭᠠᠳᠬᠠᠬᠤ᠂ ᠠᠮᠤᠷ ᠲᠦᠪᠰᠢᠨ ᠤ ᠦᠨᠡᠯᠡᠨ ᠵᠢᠱᠢᠯᠲᠡ ᠶᠢ ᠴᠢᠩᠭᠠᠳᠬᠠᠬᠤ ᠵᠡᠷᠭᠡ ᠲᠠᠯ᠎ᠠ ᠪᠠᠷ 9 ᠵᠦᠢᠯ ᠤᠨ ᠠᠷᠭ᠎ᠠ ᠪᠠᠷᠢᠯ ᠢ ᠨᠠᠷᠢᠯᠢᠭᠵᠢᠭᠤᠯᠪᠠ᠃ | ᠳᠥᠷᠪᠡ᠂ ︽ᠬᠡᠷᠡᠭᠵᠢᠭᠦᠯᠬᠦ ᠲᠥᠰᠥᠯ︾ ᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠬᠡᠷᠬᠢᠨ ᠪᠠᠲᠤᠯᠠᠬᠤ ᠪᠣᠶ︖ | ︽ᠬᠡᠷᠡᠭᠵᠢᠭᠦᠯᠬᠦ ᠲᠥᠰᠥᠯ︾ ᠨᠢ ᠨᠠᠮ ᠤᠨ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠳᠠᠬᠢ ᠤᠳᠤᠷᠢᠳᠤᠯᠭ᠎ᠠ ᠶᠢ | ᠴᠢᠩᠭᠠᠳᠬᠠᠬᠤ ᠶᠢᠨ ᠲᠣᠭᠤᠷᠢᠨ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠂ ᠤᠳᠤᠷᠢᠳᠬᠤ ᠲᠣᠭᠲᠠᠴᠠ ᠶᠢ ᠪᠦᠷᠢᠨᠰᠢᠭᠦᠯᠬᠦ᠂ ᠠᠬᠢᠭᠤᠯᠬᠤ ᠲᠣᠭᠲᠠᠴᠠ ᠶᠢ ᠪᠠᠶᠢᠭᠤᠯᠬᠤ᠂ ᠳ᠋ᠢᠵᠢᠲ᠋ᠠᠯᠴᠢᠯᠠᠭᠰᠠᠨ ᠬᠡᠪ ᠪᠣᠯᠪᠠᠰᠤᠷᠠᠯ ᠪᠠ ᠤᠷ᠎ᠠ ᠮᠡᠷᠭᠡᠰᠢᠯ ᠤᠨ | ᠬᠥᠮᠦᠵᠢᠯ ᠢ ᠴᠢᠩᠭᠠᠳᠬᠠᠬᠤ᠂ ᠺᠠᠳ᠋ᠷ ᠤᠨ ᠪᠣᠯᠪᠠᠰᠤᠷᠠᠯ ᠢ ᠴᠢᠩᠭᠠᠳᠬᠠᠬᠤ᠂ ᠣᠨᠣᠯ ᠤᠨ ᠰᠤᠳᠤᠯᠭᠠᠨ ᠢ ᠴᠢᠩᠭᠠᠳᠬᠠᠬᠤ᠂ ᠬᠢᠨᠠᠨ ᠰᠢᠯᠭᠠᠬᠤ ᠲᠣᠭᠲᠠᠴᠠ ᠶᠢ | ᠪᠠᠶᠢᠭᠤᠯᠬᠤ᠂ ᠦᠨᠡᠯᠡᠨ ᠵᠢᠱᠢᠬᠦ ᠲᠣᠭᠲᠠᠯᠴᠠᠭ᠎ᠠ ᠶᠢ ᠪᠦᠷᠢᠯᠳᠦᠭᠦᠯᠬᠦ 9 ᠵᠦᠢᠯ ᠤᠨ ᠠᠷᠭ᠎ᠠ ᠪᠠᠷᠢᠯ ᠢ ᠳᠤᠷᠠᠳᠤᠨ ᠭᠠᠷᠭᠠᠵᠤ᠂ ᠡᠯ᠎ᠡ ᠵᠦᠢᠯ ᠤᠨ ᠡᠭᠦᠷᠭᠡ ᠶᠢ | ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠪᠠ᠃ | | | |