ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄ | ︽ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠠᠵᠢᠯ ᠤᠨ | ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠠᠵᠢᠯ ᠤᠨ ᠲᠦᠰᠦᠯ | ︽ᠲᠣᠭᠠᠵᠢᠭᠤᠯᠤᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ | ᠰᠠᠨᠠᠯ︾ ︵ᠲᠥᠷᠥ ᠲᠠᠷᠬᠠᠭᠠᠭᠰᠠᠨ ﹇2022﹈ 14 ᠳ᠋ᠤᠭᠡᠷ ᠲᠣᠭᠠᠲᠤ︶᠂ ︽ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠵᠦᠭᠯᠡᠭᠦᠷ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇ 2022 ﹈ 102 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠠᠷᠢᠮᠵᠢᠶ᠎ᠠ ᠨᠢ ᠨᠢᠭᠡᠳᠦᠯᠲᠡᠶ᠂ ᠪᠠᠶᠢᠷᠢᠰᠢᠭᠤᠯᠤᠯᠲᠠ ᠨᠢ ᠵᠦᠶ ᠵᠣᠬᠢᠰᠲᠠᠶ᠂ ᠬᠠᠮᠵᠢᠯᠴᠠᠨ ᠬᠠᠮᠢᠶᠠᠷᠤᠨᠨᠰᠠᠨ᠂ ᠠᠮᠤᠷ ᠲᠦᠪᠰᠢᠨ ᠪᠥᠭᠡᠳ | ᠨᠠᠶᠢᠳᠠᠪᠤᠷᠢᠲᠠᠶ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢ ᠡᠮᠬᠢᠯᠡᠨ ᠨᠡᠶᠢᠯᠡᠭᠦᠯᠵᠦ | ᠴᠤᠭᠴᠠᠯᠠᠨ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠨᠢᠭᠡᠳᠦᠯᠲᠡᠶ ᠲᠥᠯᠥᠪᠯᠡᠬᠦ ᠪᠠ ᠬᠠᠮᠢᠶᠠᠷᠬᠤ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠨᠢᠭᠡ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ | ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ᠂ | ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ᠂ | ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ᠂ | ᠲᠣᠰ ᠠᠵᠢᠯ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠢᠶᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ | ᠳ᠋ᠠᠶᠢᠲ᠋ᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠣᠢᠢᠯᠠᠭᠠᠨ ᠲᠣᠳᠣᠯᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ | ᠵᠣᠬᠢᠶᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ ᠡᠯ᠎ᠡ ᠠᠶᠢᠮᠠᠭ ᠬᠤᠲᠠ᠂ | ᠡᠯ᠎ᠡ ᠰᠠᠯᠠᠭ᠎ᠠ ᠮᠥᠴᠢᠷ ᠯᠦᠭᠡ ᠳ᠋ᠠᠶᠢᠲ᠋ᠠ ᠶᠢ ᠬᠠᠮᠲᠤ ᠪᠠᠷ ᠭᠥᠷᠳᠡᠵᠦ ᠬᠡᠷᠡᠭᠯᠡᠬᠦ ᠶᠢ ᠦᠷᠨᠢᠭᠦᠯᠬᠦ ᠬᠡᠷᠡᠭᠲᠡᠢ᠂ ᠰᠠᠯᠠᠭ᠎ᠠ ᠮᠥᠴᠢᠷ ᠠᠯᠤᠰᠯᠠᠭᠰᠠᠨ ᠳ᠋ᠠᠶᠢᠲ᠋ᠠ ᠶᠢ ᠬᠠᠮᠲᠤ ᠪᠠᠷ | ᠭᠥᠷᠳᠡᠵᠦ ᠰᠣᠯᠢᠯᠴᠠᠬᠤ ᠨᠡᠪᠲᠡᠷᠡᠯ ᠵᠠᠮ ᠢ ᠠᠰᠲᠠᠭᠠᠨ ᠪᠠᠶᠢᠭᠤᠯᠵᠤ ᠪᠣᠯᠬᠤ ᠥᠬᠡᠶ᠂ ᠨᠢᠭᠡᠨᠲᠡ ᠪᠠᠶᠢᠭ᠎ᠠ ᠨᠡᠪᠲᠡᠷᠡᠯ ᠵᠠᠮ ᠢ ᠪᠣᠯ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠬᠠᠮᠲᠤ ᠪᠠᠷ ᠭᠥᠷᠳᠡᠵᠦ ᠰᠣᠯᠢᠯᠴᠠᠬᠤ ᠰᠢᠰᠲ᠋ᠧᠮ ᠤᠨ ᠬᠠᠮᠢᠶᠠᠷᠤᠯᠲᠠ ᠳᠤ ᠣᠷᠤᠭᠤᠯᠬᠤ ᠬᠡᠷᠡᠭᠲᠡᠶ᠃ ︵ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ | ᠭᠠᠵᠠᠷ ᠣᠷᠣᠨ ᠤ ᠪᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠲᠠᠨᠢᠨ ᠮᠡᠳᠡᠵᠦ ᠠᠪᠬᠤ ᠪᠠ ᠨᠠᠶᠢᠷᠠᠭᠤᠯᠤᠨ ᠵᠣᠬᠢᠶᠠᠬᠤ ᠠᠵᠢᠯ ᠢᠶᠠᠨ ᠨᠢᠭᠡᠳᠦᠯᠲᠡᠶ | ᠲᠥᠯᠥᠪᠯᠡᠬᠦ ᠶᠢ ᠬᠠᠷᠢᠭᠤᠴᠠᠵᠤ᠂ ᠬᠡᠷᠡᠭᠴᠡᠭᠡ ᠪᠠᠨ ᠦᠨᠳᠦᠰᠦᠯᠡᠵᠦ ᠲᠣᠰ ᠭᠠᠵᠠᠷ ᠣᠷᠣᠨ ᠤ ᠪᠠᠨ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠵᠦ᠂ ᠣᠷᠣᠨ ᠪᠦᠰᠡ ᠲᠠᠰ | ᠱᠠᠲᠤ ᠠᠯᠤᠰᠯᠠᠨ ᠳ᠋ᠠᠶᠢᠲ᠋ᠠ ᠶᠢ ᠬᠠᠮᠲᠤ ᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠲᠠ ᠶᠢ | ᠴᠢᠩᠭᠠᠳᠬᠠᠬᠤ ᠬᠡᠷᠡᠭᠲᠡᠶ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠶᠠᠷ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠡ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠬᠦ ᠠᠵᠢᠯ ᠢ ᠨᠢᠭᠡᠲᠦᠯᠲᠡᠢ ᠲᠥᠯᠥᠪᠯᠡᠨ ᠠᠬᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠭᠥᠷᠳᠡᠬᠦ ᠴᠢᠬᠤᠯᠠ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ | ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠬᠦ ᠲᠠᠯ᠎ᠠ ᠶᠢᠨ ᠬᠠᠤᠯᠢ | ᠲᠣᠭᠲᠠᠭᠠᠯ ᠲᠦᠷᠢᠮ ᠭᠤᠷᠢᠮ᠂ ᠪᠠᠷᠢᠮᠵᠢᠶ᠎ᠠ ᠵᠢᠷᠤᠮᠵᠢᠯ᠂ ᠠᠮᠤᠷ ᠲᠦᠪᠰᠢᠨ ᠤ ᠲᠣᠭᠲᠠᠴᠠ ᠶᠢᠨ ᠪᠠᠶᠢᠭᠤᠯᠤᠯᠲᠠ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠠᠬᠢᠭᠤᠯᠤᠨ᠎ᠠ︔ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠪᠠ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠲᠤᠨᠨᠳᠠᠯᠴᠠᠭᠠᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠲᠣᠭᠠᠵᠢᠭᠤᠯᠤᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠨᠢ ᠲᠣᠰ ᠭᠠᠵᠠᠷ | ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠬᠠᠮᠢᠶᠠᠷᠤᠯᠲᠠ ᠶᠢᠨ ᠪᠠᠶᠢᠭᠤᠯᠤᠮᠵᠢ ᠪᠠ ᠭᠤᠤᠯ ᠪᠣᠯᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢ ᠬᠠᠮᠲᠤ ᠪᠠᠷ ᠬᠦᠷᠲᠡᠬᠦ ᠳᠤ ᠵᠣᠬᠢᠴᠠᠭᠤᠯᠭ᠎ᠠ ᠨᠢ ᠡᠷᠴᠢᠮᠲᠡᠢ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠠᠵᠢᠯᠯᠠᠭᠠᠨ ᠨᠢ ᠤᠷᠤᠭᠰᠢᠲᠠᠶ᠂ | ᠬᠠᠮᠢᠶᠠᠷᠤᠯᠲᠠ ᠨᠢ ᠵᠢᠷᠤᠮᠵᠢᠭᠤᠨ᠂ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠰᠢᠰᠲ᠋ᠧᠮ ᠤᠨ ᠦᠵᠡᠯᠲᠡ ᠶᠢ | ᠪᠠᠷᠢᠮᠲᠠᠯᠠᠵᠤ᠂ ᠨᠢᠭᠡ ᠴᠤᠭᠴᠠᠵᠢᠭᠤᠯᠤᠨ ᠪᠠᠶᠢᠷᠢᠰᠢᠭᠤᠯᠵᠤ᠂ ᠪᠦᠬᠦᠯᠢ ᠴᠣᠭᠴᠠᠲᠤ ᠴᠢᠨᠠᠷᠲᠠᠶ ᠪᠠᠷ ᠠᠬᠢᠭᠤᠯᠤᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠴᠤᠭᠯᠠᠭᠤᠯᠤᠨ ᠨᠡᠶᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ | ᠳᠠᠩᠰᠠᠨ ᠳᠤ ᠣᠷᠣᠭᠤᠯᠬᠤ ᠡᠯ᠎ᠡ ᠭᠤᠭᠴᠤᠭ᠎ᠠ ᠪᠥᠬᠦ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠴᠠᠭ ᠤᠨ ᠬᠠᠮᠢᠶᠠᠷᠤᠯᠲᠠ᠂ ᠳ᠋ᠠᠶᠢᠲ᠋ᠠ ᠶᠢ ᠴᠤᠭᠯᠠᠭᠤᠯᠤᠨ | ᠨᠡᠶᠢᠯᠡᠭᠦᠯᠬᠦ᠂ ᠳ᠋ᠠᠶᠢᠲ᠋ᠠ ᠶᠢᠨ ᠵᠠᠰᠠᠯᠲᠠ᠂ ᠲᠣᠮᠣ ᠳ᠋ᠠᠶᠢᠲ᠋ᠠ ᠪᠠᠷ ᠵᠠᠳᠠᠯᠤᠯᠲᠠ ᠬᠢᠬᠦ᠂ ᠠᠮᠤᠷ ᠲᠦᠪᠰᠢᠨ ᠢ ᠬᠠᠮᠠᠭᠠᠯᠠᠬᠤ ᠵᠡᠷᠭᠡ ᠴᠢᠳᠠᠪᠤᠷᠢ ᠶᠢ ᠦᠨᠳᠦᠰᠦᠨ ᠳᠤ ᠪᠠᠨ | ᠪᠦᠷᠢᠳᠦᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ᠬᠤᠶᠠᠷ᠂ ᠳ᠋ᠠᠶᠢᠲ᠋ᠠ ᠶᠢᠨ ᠭᠠᠷᠴᠠᠭ ᠤᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠭᠤᠷᠪᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠭᠦᠢᠴᠡᠳ ᠬᠡᠮᠵᠢᠶ᠎ᠡ ᠪᠠᠷ ᠨᠠᠶᠢᠷᠠᠭᠤᠯᠤᠨ ᠵᠣᠬᠢᠶᠠᠨ᠎ᠠ᠃ ᠪᠦᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠣᠷᠣᠨ ᠤ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠢᠭᠡᠲᠦᠯᠲᠡᠢ ᠲᠦᠯᠦᠪᠯᠡᠨ ᠬᠠᠮᠢᠶᠠᠷᠴᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ | ᠪᠦᠬᠦ ᠲᠠᠯ᠎ᠠ ᠪᠠᠷ ᠣᠢᠢᠯᠠᠭᠠᠨ ᠲᠣᠳᠣᠯᠠᠵᠤ᠂ ᠥᠪᠡᠷᠲᠡᠭᠡᠨ ᠵᠠᠰᠠᠬᠤ ᠣᠷᠣᠨ — ᠠᠶᠢᠮᠠᠭ ᠬᠤᠲᠠ — ᠬᠤᠰᠢᠭᠤ ᠰᠢᠶᠠᠨ ︵ᠬᠤᠲᠠ᠂ ᠲᠣᠭᠤᠷᠢᠭ︶ — | ᠰᠣᠮᠣ ᠰᠢᠶᠠᠩ ᠪᠠᠯᠭᠠᠰᠤ ᠵᠡᠷᠭᠡ ᠳᠡᠰ ᠱᠠᠲᠤ ᠶᠢ ᠬᠠᠮᠤᠷᠤᠭᠰᠠᠨ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ | ᠪᠠᠶᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠤᠨ | ᠵᠢᠷᠤᠮᠵᠢᠭᠤᠯᠤᠭᠰᠠᠨ ᠪᠣᠯᠪᠠᠰᠤᠷᠠᠯ ᠢ ᠴᠢᠩᠭᠠᠳᠬᠠᠨ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ︽ᠨᠢᠭᠡᠳᠪᠦᠷᠢ ᠲᠠᠩᠰᠠ︾ ᠶᠢ ᠪᠣᠶ ᠪᠣᠯᠭᠠᠵᠤ᠂ | ᠲᠠᠰ ᠱᠠᠲᠤ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ | ᠠᠯᠤᠰᠯᠠᠭᠰᠠᠨ ᠳ᠋ᠠᠶᠢᠲ᠋ᠠ ᠶᠢ ᠡᠮᠬᠢ ᠵᠢᠷᠤᠮ ᠲᠠᠢ ᠭᠦᠢᠯᠬᠡᠬᠡᠯᠡᠬᠦ ᠪᠠ ᠬᠠᠮᠲᠤ ᠪᠠᠷ ᠭᠥᠷᠳᠡᠵᠦ ᠬᠡᠷᠡᠭᠯᠡᠬᠦ ᠳᠤ ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ | ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ ᠡᠯ᠎ᠡ ᠠᠶᠢᠮᠠᠭ ᠬᠤᠲᠠ ᠶᠢᠨ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠪᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ | ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ᠂ ᠮᠡᠳᠡᠭᠦᠯᠦᠨ ᠬᠦᠷᠭᠡᠬᠦ ᠪᠠ ᠨᠡᠶᠢᠲᠡᠯᠡᠬᠦ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠭᠠᠷᠴᠠᠭ ᠤᠨ ᠺᠣᠳ᠋ ᠤᠨ ᠲᠦᠷᠢᠮ᠂ ᠳ᠋ᠠᠶᠢᠲ᠋ᠠ ᠶᠢᠨ ᠡᠬᠢ ᠪᠠᠶᠠᠯᠢᠭ ᠢ ᠨᠤᠮᠧᠷᠯᠠᠬᠤ ᠲᠦᠷᠢᠮ᠂ ᠡᠰᠢ ᠳ᠋ᠠᠶᠢᠲ᠋ᠠ ᠶᠢᠨ ᠵᠢᠷᠤᠮᠵᠢᠯ ᠵᠡᠷᠭᠡ ᠱᠠᠭᠠᠷᠳᠠᠯᠭ᠎ᠠ ᠶᠢ ᠦᠨᠳᠦᠰᠦᠯᠡᠨ | ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢ ᠬᠢᠨᠠᠨ ᠬᠠᠷᠭᠤᠭᠤᠯᠬᠤ ᠪᠠᠨ ᠴᠢᠩᠭᠠᠳᠬᠠᠬᠤ ᠬᠡᠷᠡᠭᠲᠡᠶ᠃ ︵ | ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ ᠤ ᠵᠢᠯ ᠤᠨ | ᠡᠴᠦᠰ ᠠᠴᠠ ᠡᠮᠦᠨ᠎ᠡ ᠪᠡᠶᠡᠯᠡᠭᠦᠯᠦᠨ᠎ᠡ︶ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠲᠣᠰ ᠠᠵᠢᠯ | ᠲᠥᠷᠥᠯ ᠤᠨ ᠢᠶᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠡᠮᠬᠢᠯᠡᠨ ᠲᠢᠭᠯᠡᠬᠦ᠂ ᠤᠷᠢᠳᠴᠢᠯᠠᠨ ᠨᠠᠶᠢᠷᠠᠭᠤᠯᠬᠤ ᠶᠢ ᠬᠠᠷᠢᠭᠤᠴᠠᠨ᠎ᠠ᠃ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ︽ᠭᠤᠷᠪᠠ ᠶᠢ ᠲᠣᠭᠲᠠᠭᠠᠬᠤ︾ ᠲᠥᠰᠦᠯ ᠤᠨ ᠶᠣᠰᠣᠭᠠᠷ ᠲᠤᠰ ᠰᠠᠯᠠᠭ᠎ᠠ ᠮᠥᠴᠢᠷ ᠤᠨ ᠢᠶᠠᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠭᠤᠣᠯ ᠪᠣᠯᠬᠤ ᠲᠤᠬᠠᠶᠢᠯᠠᠭᠰᠠᠨ ᠠᠵᠢᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠠᠪᠤᠴᠠ ᠳᠤ ᠪᠣᠶ ᠪᠣᠯᠤᠭᠰᠠᠨ᠂ ᠴᠤᠭᠯᠠᠭᠤᠯᠤᠭᠰᠠᠨ ᠪᠠ ᠬᠠᠮᠢᠶᠠᠷᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠯᠠᠭ᠎ᠠ ᠮᠥᠴᠢᠷ ᠤᠨ ᠳ᠋ᠠᠶᠢᠲ᠋ᠠ ᠶᠢᠨ ᠭᠠᠷᠴᠠᠭ ᠤᠨ ᠠᠭᠤᠯᠭ᠎ᠠ᠂ ᠲᠥᠷᠥᠯ ᠠᠩᠬᠢᠯᠠᠵᠤ ᠲᠠᠰ ᠬᠤᠪᠢᠶᠠᠬᠤ ᠵᠡᠷᠭᠡ ᠬᠠᠮᠢᠶ᠎ᠠ ᠪᠥᠬᠦᠶ ᠪᠠᠷᠢᠮᠵᠢᠶ᠎ᠠ | ᠱᠠᠭᠠᠷᠳᠠᠯᠭ᠎ᠠ ᠶᠣᠰᠣᠭᠠᠷ ᠭᠦᠢᠴᠡᠳ ᠬᠡᠮᠵᠢᠶ᠎ᠡ ᠪᠠᠷ ᠭᠠᠷᠴᠠᠭᠯᠠᠵᠤ᠂ ᠭᠠᠷᠴᠠᠭ ᠲᠠᠬᠢ ᠭᠤᠤᠯ ᠳ᠋ᠠᠶᠢᠲ᠋ᠠ᠂ ᠰᠡᠷᠭᠡᠭ ᠳ᠋ᠠᠶᠢᠲ᠋ᠠ ᠶᠢ ᠬᠠᠮᠲᠤ ᠪᠠᠷ ᠬᠦᠷᠲᠡᠬᠦ ᠲᠦᠷᠢᠮ ᠢ | ᠲᠣᠳᠣᠷᠬᠠᠢ ᠲᠣᠭᠲᠠᠭᠠᠵᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠬᠢᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ | ᠮᠥᠴᠢᠷ ᠤᠨ ᠳ᠋ᠠᠶᠢᠲ᠋ᠠ ᠶᠢᠨ ᠭᠠᠷᠴᠠᠭ ᠲᠤ ᠠᠭᠤᠯᠤᠭᠳᠠᠵᠤ ᠪᠠᠶᠢᠭ᠎ᠠ ᠮᠡᠳᠡᠭᠡ ᠵᠠᠩᠭᠢ ᠶᠢ ᠦᠨᠳᠦᠰᠦᠨ ᠳᠤ ᠪᠠᠨ ᠨᠢᠭᠡᠳᠦᠯᠲᠡᠶ ᠪᠠᠶᠢᠯᠭᠠᠬᠤ ᠶᠢ ᠦᠨᠡᠨ ᠬᠦ ᠪᠠᠲᠤᠯᠠᠬᠤ | ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ︵ᠳᠥᠷᠪᠡ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠵᠢᠷᠤᠮᠵᠢᠭᠤᠯᠤᠨ ᠨᠠᠶᠢᠷᠠᠭᠤᠯᠤᠨ ᠵᠣᠬᠢᠶᠠᠨ᠎ᠠ᠃ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠭᠠᠷᠴᠠᠭ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠤᠯᠤᠰ ᠠᠴᠠ ᠪᠠᠭᠤᠯᠭᠠᠭᠰᠠᠨ ᠲᠤᠷᠰᠢᠯᠲᠠ ᠶᠢᠨ ᠴᠡᠭ ᠤᠨ | ᠡᠭᠦᠷᠭᠡ ᠶᠢ ᠪᠡᠶᠡᠯᠡᠭᠦᠯᠦᠨ᠂ ᠳ᠋ᠠᠶᠢᠲ᠋ᠠ ᠶᠢᠨ ᠢᠷᠡᠯᠲᠡ ᠶᠢ ᠢᠯᠭᠠᠨ ᠳᠣᠲᠣᠯᠠᠬᠤ᠂ ᠳ᠋ᠠᠶᠢᠲ᠋ᠠ ᠶᠢ ᠲᠥᠷᠥᠯ ᠠᠩᠬᠢᠯᠠᠵᠤ ᠲᠠᠰ ᠬᠤᠪᠢᠶᠠᠬᠤ᠂ ︽ᠨᠢᠭᠡ ᠳ᠋ᠠᠶᠢᠲ᠋ᠠ ᠨᠢᠭᠡ | ᠢᠷᠡᠯᠲᠡ︾ ︽ᠭᠠᠷᠴᠠᠭ — ᠳ᠋ᠠᠶᠢᠲ᠋ᠠ︾ ᠶᠢ ᠬᠤᠯᠪᠣᠭᠳᠠᠭᠤᠯᠬᠤ᠂ ︽ᠳ᠋ᠠᠶᠢᠲ᠋ᠠ — ᠰᠢᠰᠲ᠋ᠧᠮ︾ ᠢ ᠬᠤᠯᠪᠣᠭᠳᠠᠭᠤᠯᠬᠤ ᠵᠡᠷᠭᠡ ᠱᠠᠭᠠᠷᠳᠠᠯᠭ᠎ᠠ ᠶᠢᠨ ᠪᠣᠳᠠᠲᠠᠶ | ᠬᠡᠷᠡᠭᠵᠢᠭᠦᠯᠬᠦ ᠠᠷᠭ᠎ᠠ ᠵᠠᠮ ᠢ ᠰᠦᠪᠡᠭᠴᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ᠂ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 | ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠭᠠᠷᠴᠠᠭ ᠢ ᠨᠠᠷᠢᠨ | ᠬᠠᠭᠤᠳᠠᠰᠤ ᠪᠣᠯᠭᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠳ᠋ᠠᠶᠢᠲ᠋ᠠ ᠶᠢᠨ ᠡᠬᠢ ᠪᠠᠶᠠᠯᠢᠭ ᠪᠣᠢ ᠪᠣᠯᠣᠭᠰᠠᠨ ᠤ ᠳᠠᠷᠠᠭ᠎ᠠ ᠳ᠋ᠠᠶᠢᠲ᠋ᠠ ᠶᠢᠨ ᠢᠷᠡᠯᠲᠡ ᠶᠢ ᠢᠯᠭᠠᠨ | ᠳᠣᠲᠣᠯᠠᠬᠤ᠂ ᠳ᠋ᠠᠶᠢᠲ᠋ᠠ ᠶᠢ ᠲᠥᠷᠥᠯ ᠠᠩᠬᠢᠯᠠᠵᠤ ᠲᠠᠰ ᠬᠤᠪᠢᠶᠠᠬᠤ ᠵᠢᠴᠢ ᠲᠣᠭᠲᠠᠭᠠᠯ ᠳᠤ ᠨᠡᠶᠢᠴᠡᠬᠦ ᠴᠢᠨᠠᠷ᠂ ᠠᠮᠤᠷ ᠲᠦᠪᠰᠢᠨ ᠴᠢᠨᠠᠷ᠂ ᠬᠡᠷᠡᠭᠯᠡᠵᠦ ᠪᠣᠯᠬᠤᠶᠢᠴᠠ | ᠴᠢᠨᠠᠷ ᠲᠤ ᠥᠪᠡᠰᠦᠪᠡᠨ ᠪᠠᠶᠢᠴᠠᠭᠠᠯᠲᠠ ᠬᠢᠵᠦ᠂ ᠳ᠋ᠠᠶᠢᠲ᠋ᠠ ᠶᠢᠨ ᠡᠬᠢ ᠪᠠᠶᠠᠯᠢᠭ ᠤᠨ ᠳᠠᠩᠰᠠᠯᠠᠯᠲᠠ ᠶᠢ ᠪᠡᠶᠡᠯᠡᠭᠦᠯᠵᠦ᠂ ︽ᠭᠠᠷᠴᠠᠭ — ᠳ᠋ᠠᠶᠢᠲ᠋ᠠ︾ ︽ᠳ᠋ᠠᠶᠢᠲ᠋ᠠ | — ᠰᠢᠰᠲ᠋ᠧᠮ︾ ᠤᠨ ᠬᠤᠯᠪᠤᠭᠳᠠᠬᠤ ᠬᠠᠷᠢᠴᠠᠭ᠎ᠠ ᠶᠢ ᠪᠠᠶᠢᠭᠤᠯᠤᠨ᠂ ᠳ᠋ᠠᠶᠢᠲ᠋ᠠ ᠶᠢᠨ ᠢᠷᠡᠯᠲᠡ ᠶᠢ ᠲᠣᠳᠣᠷᠬᠠᠢ ᠲᠣᠨᠨᠳᠠᠭᠠᠵᠦ᠂ ᠳ᠋ᠠᠶᠢᠲ᠋ᠠ ᠶᠢ ᠳᠠᠬᠢᠨ ᠳᠠᠪᠲᠠᠨ | ᠴᠤᠭᠯᠠᠭᠤᠯᠬᠤ ᠠᠴᠠ ᠵᠠᠶᠢᠯᠠᠰᠬᠢᠵᠦ᠂ ᠳ᠋ᠠᠶᠢᠲ᠋ᠠ ᠶᠢᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠳᠤ ᠲᠥᠬᠦᠮ ᠦᠵᠡᠭᠦᠯᠦᠨ᠂ ︽ᠨᠢᠭᠡ ᠳ᠋ᠠᠶᠢᠲ᠋ᠠ ᠳᠤ ᠨᠢᠭᠡ | ᠢᠷᠡᠯᠲᠡ ᠲᠠᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠥᠬᠡᠶ ᠭᠠᠷᠴᠠᠭ ᠢ ᠪᠤᠴᠠᠭᠠᠨ ᠵᠠᠯᠠᠷᠠᠭᠤᠯᠤᠭᠤᠯᠵᠤ᠂ | ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ ᠦᠨᠡᠨ ᠬᠦ ᠵᠢᠷᠤᠮᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ | ᠪᠡᠶᠡᠯᠡᠭᠦᠯᠦᠨ᠎ᠡ︶ | ︵ᠲᠠᠪᠤ︶ ᠭᠠᠷᠴᠠᠭ ᠢ ᠵᠡᠷᠭᠡ ᠪᠠᠷ ᠰᠢᠨᠡᠳᠬᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠭᠠᠷᠴᠠᠭ ᠢ ᠵᠡᠷᠭᠡ ᠪᠠᠷ ᠰᠢᠨᠡᠳᠬᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠳ᠋ᠠᠶᠢᠲ᠋ᠠ ᠶᠢᠨ ᠭᠠᠷᠴᠠᠭ ᠲᠤ ᠲᠣᠬᠢᠷᠠᠭᠤᠯᠤᠯᠲᠠ ᠬᠢᠬᠦ ᠳᠤ ᠪᠠᠨ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠴᠠᠭ ᠲᠤᠬᠠᠶ ᠳᠤ ᠨᠢ ᠵᠡᠷᠭᠡ ᠪᠠᠷ ᠰᠢᠨᠡᠳᠬᠡᠬᠦ ᠬᠡᠷᠡᠭᠲᠡᠶ᠃ | ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠪᠠᠯ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠲᠤ ᠴᠠᠭ | ᠲᠤᠬᠠᠶ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ︔ ᠨᠢᠭᠡᠨᠲᠡ ᠳᠠᠩᠰᠠᠯᠠᠭᠤᠯᠤᠭᠰᠠᠨ ᠳ᠋ᠠᠶᠢᠲ᠋ᠠ ᠶᠢᠨ ᠡᠬᠢ ᠪᠠᠶᠠᠯᠢᠭ ᠢ ᠴᠠᠭ ᠲᠤᠬᠠᠶ ᠳᠤ ᠨᠢ ᠰᠢᠨᠡᠳᠬᠡᠬᠦ ᠶᠢᠨ ᠬᠠᠮᠲᠤ | ᠂ ︽ᠳ᠋ᠠᠶᠢᠲ᠋ᠠ — ᠰᠢᠰᠲ᠋ᠧᠮ︾ ᠤᠨ ᠬᠤᠯᠪᠣᠭᠳᠠᠬᠤ ᠬᠠᠷᠢᠴᠠᠭ᠎ᠠ ᠶᠢ ᠵᠡᠷᠭᠡ ᠪᠠᠷ ᠰᠢᠨᠡᠳᠬᠡᠬᠦ ᠬᠡᠷᠡᠭᠲᠡᠶ᠃ ᠵᠠᠷᠴᠢᠮ ᠳᠡᠭᠡᠷ᠎ᠡ ᠪᠠᠨ᠂ ᠭᠠᠷᠴᠠᠭ ᠲᠤ ᠬᠤᠯᠪᠣᠭᠳᠠᠯ | ᠪᠥᠬᠦᠶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠰᠢᠨ᠎ᠡ ᠪᠠᠷ ᠨᠡᠮᠡᠭᠳᠡᠭᠰᠡᠨ ᠪᠠᠶᠢᠪᠠᠯ᠂ 20 ᠠᠵᠢᠯᠯᠠᠬᠤ ᠡᠳᠦᠷ ᠤᠨ ᠳᠣᠲᠣᠷ᠎ᠠ ᠳᠡᠩᠰᠡᠯᠡᠵᠦ | ᠳᠠᠭᠤᠰᠬᠠᠬᠤ ᠬᠡᠷᠡᠭᠲᠡᠶ︔ ᠭᠠᠷᠴᠠᠭ ᠤᠨ ᠮᠡᠳᠡᠭᠡ ᠵᠠᠩᠭᠢ ᠳᠤ ᠬᠤᠪᠢᠷᠠᠯᠲᠠ ᠭᠠᠷᠪᠠᠯ᠂ 20 ᠠᠵᠢᠯᠯᠠᠬᠤ ᠡᠳᠦᠷ ᠤᠨ ᠳᠣᠲᠣᠷ᠎ᠠ ᠰᠢᠨᠡᠳᠬᠡᠵᠦ ᠳᠠᠭᠤᠰᠬᠠᠬᠤ ᠬᠡᠷᠡᠭᠲᠡᠶ᠃ | ︵ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠭᠤᠷᠪᠠ᠂ ᠳ᠋ᠠᠶᠢᠲ᠋ᠠ ᠶᠢᠨ ᠡᠬᠢ ᠪᠠᠶᠠᠯᠢᠭ ᠤᠨ ᠨᠢᠭᠡ ᠴᠣᠭᠴᠠᠵᠢᠭᠤᠯᠤᠯᠲᠠ ᠶᠢ ᠴᠢᠩᠭᠠᠷᠠᠭᠤᠯᠤᠨ᠎ᠠ | ︵ᠵᠢᠷᠭᠤᠭ᠎ᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢᠶᠠᠷ ᠰᠠᠭᠤᠷᠢ ᠪᠣᠯᠭᠠᠵᠤ᠂ ᠳ᠋ᠠᠶᠢᠲ᠋ᠠ ᠶᠢᠨ ᠡᠬᠢ | ᠪᠠᠶᠠᠯᠢᠭ ᠢ ︽ᠬᠡᠷᠡᠭᠴᠡᠭᠡ ᠪᠠᠨ ᠦᠨᠳᠦᠰᠦᠯᠡᠵᠦ ᠴᠤᠭᠯᠠᠭᠤᠯᠤᠨ ᠨᠡᠶᠢᠯᠡᠭᠦᠯᠵᠦ᠂ ᠴᠤᠭᠯᠠᠭᠤᠯᠬᠤ ᠵᠣᠬᠢᠰᠲᠠᠢ ᠶᠢ ᠨᠢ ᠪᠦᠬᠦᠨ ᠢ ᠴᠤᠭᠯᠠᠭᠤᠯᠬᠤ︾ ᠶᠢ ᠠᠬᠢᠭᠤᠯᠤᠨ᠂ | ᠯᠣᠬᠢᠭᠲᠤ ᠵᠠᠯᠭᠠᠨ ᠣᠷᠣᠭᠤᠯᠬᠤ ᠠᠷᠭ᠎ᠠ ᠮᠠᠶ᠋ᠢᠭ ᠪᠠ ᠹᠢᠽᠢᠺ ᠴᠤᠭᠯᠠᠷᠠᠯ ᠤᠨ ᠠᠷᠭ᠎ᠠ ᠮᠠᠶ᠋ᠢᠭ ᠢᠶᠠᠷ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ | ᠪᠠᠶᠠᠯᠢᠭ ᠢ ᠴᠤᠭᠯᠠᠭᠤᠯᠤᠨ ᠨᠡᠶᠢᠯᠡᠭᠦᠯᠬᠦ ᠶᠢᠨ ᠬᠠᠮᠲᠤ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠯᠣᠭᠢᠭ ᠳᠡᠭᠡᠷ᠎ᠡ ᠪᠠᠨ ᠡᠯ᠎ᠡ ᠠᠶᠢᠮᠠᠭ ᠬᠤᠲᠠ᠂ ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠥᠮᠥᠷᠭᠡ ᠶᠢ ᠪᠥᠬᠦ ᠬᠡᠮᠵᠢᠶ᠎ᠡ ᠪᠠᠷ ᠵᠠᠯᠭᠠᠨ ᠣᠷᠣᠭᠤᠯᠤᠨ᠎ᠠ︔ | ᠹᠢᠽᠢᠺ ᠤᠨ ᠲᠠᠯ᠎ᠠ ᠪᠠᠷ ᠬᠡᠷᠡᠭᠴᠡᠭᠡ ᠪᠠᠨ ᠦᠨᠳᠦᠰᠦᠯᠡᠵᠦ ᠬᠥᠮᠦᠨ ᠠᠮᠠ᠂ ᠬᠠᠤᠯᠢ ᠶᠢᠨ ᠡᠷᠬᠡᠲᠡᠨ᠂ ᠢᠲᠡᠭᠡᠮᠵᠢ ᠶᠢᠨ ᠮᠡᠳᠡᠭᠡ ᠵᠠᠩᠭᠢ᠂ ᠡᠯᠧᠺᠲᠷᠣᠨ ᠭᠡᠷᠡᠴᠢ | ᠦᠨᠡᠮᠯᠡᠯ ᠵᠡᠷᠭᠡ ᠰᠠᠭᠤᠷᠢ ᠬᠥᠮᠥᠷᠭᠡ ᠶᠢ ᠴᠤᠭᠯᠠᠭᠤᠯᠤᠨ᠎ᠠ᠃ ᠬᠡᠷᠡᠭᠴᠡᠭᠡ ᠪᠠᠨ ᠦᠨᠳᠦᠰᠦᠯᠡᠵᠦ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ | ᠵᠡᠷᠭᠡ ᠪᠠᠶᠢᠭᠤᠯᠤᠮᠵᠢ ᠶᠢᠨ ᠳ᠋ᠠᠶᠢᠲ᠋ᠠ ᠵᠢᠴᠢ ᠣᠯᠠᠨ ᠨᠡᠶᠢᠲᠡ ᠶᠢᠨ ᠳ᠋ᠠᠶᠢᠲ᠋ᠠ ᠪᠠ ᠨᠡᠶᠢᠭᠡᠮ ᠤᠨ ᠳ᠋ᠠᠶᠢᠲ᠋ᠠ ᠶᠢ ᠵᠠᠯᠭᠠᠨ ᠣᠷᠣᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠥᠪᠡᠷᠲᠡᠭᠡᠨ ᠵᠠᠰᠠᠬᠤ ᠣᠷᠣᠨ ᠤ ᠡᠭᠴᠡ ᠪᠠᠶᠢᠭᠤᠯᠤᠭᠰᠠᠨ | ᠰᠢᠰᠲ᠋ᠧᠮ ᠤᠨ ᠳ᠋ᠠᠶᠢᠲ᠋ᠠ ᠶᠢ ᠦᠨᠳᠦᠰᠦᠨ ᠱᠠᠲᠤᠨ ᠳᠤ ᠪᠠᠭᠤᠯᠭᠠᠵᠤ ᠪᠤᠴᠠᠭᠠᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠮᠡᠳᠡᠭᠡ ᠵᠠᠩᠭᠢ ᠶᠢᠨ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ | ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠭᠦᠢᠴᠡᠳᠬᠡᠬᠦ ᠲᠠᠪᠴᠠᠩ ᠵᠡᠷᠭᠡ ᠣᠷᠣᠨ ᠤ ᠡᠭᠴᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠨᠢ | ᠬᠡᠷᠡᠭᠴᠡᠭᠡ ᠪᠠᠨ ᠦᠨᠳᠦᠰᠦᠯᠡᠵᠦ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠪᠠᠷ ᠭᠥᠷᠳᠡᠵᠦ᠂ ᠬᠤᠤᠰ ᠴᠢᠭᠯᠡᠯ ᠤᠨ ᠳ᠋ᠠᠶᠢᠲ᠋ᠠ ᠶᠢᠨ ᠵᠠᠯᠭᠠᠭᠠᠰᠤ ᠶᠢ ᠣᠨᠣᠴᠠᠲᠠᠶ ᠪᠠᠷ | ᠨᠡᠶᠢᠲᠡᠯᠡᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠪᠥᠬᠦ ᠴᠤᠪᠤᠷᠠᠯ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠳᠤ ᠲᠤᠯᠭᠠᠭᠤᠷᠢᠯᠠᠨ᠎ᠠ | ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠳᠣᠯᠤᠭ᠎ᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠵᠠᠰᠠᠯᠲᠠ ᠶᠢ ᠴᠢᠩᠭᠠᠳᠬᠠᠨ᠎ᠠ᠃ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ᠂ ᠰᠢᠢᠳᠪᠦᠷᠢᠯᠡᠬᠦ᠂ | ᠬᠠᠮᠲᠤ ᠪᠠᠷ ᠬᠥᠷᠲᠡᠬᠦ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠵᠡᠷᠭᠡ ᠡᠯ᠎ᠡ | ᠭᠤᠭᠴᠤᠭ᠎ᠠ ᠶᠢ ᠬᠠᠮᠤᠷᠤᠭᠰᠠᠨ ᠳ᠋ᠠᠶᠢᠲ᠋ᠠ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠳ᠋ᠠᠶᠢᠲ᠋ᠠ ᠶᠢᠨ ᠵᠠᠰᠠᠯᠲᠠ ᠶᠢᠨ ᠲᠦᠷᠢᠮ ᠢ ᠲᠤᠳᠤᠷᠬᠠᠢ ᠲᠣᠭᠲᠠᠭᠠᠨ᠂ | ᠴᠤᠭᠯᠠᠭᠤᠯᠤᠨ ᠨᠡᠶᠢᠯᠡᠭᠦᠯᠦᠭᠰᠡᠨ ᠳ᠋ᠠᠶᠢᠲ᠋ᠠ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠵᠢᠷᠤᠮᠵᠢᠭᠰᠠᠨ ᠵᠠᠰᠠᠯᠲᠠ ᠬᠢᠨ᠎ᠠ᠃ ︽ᠬᠡᠨ ᠬᠠᠮᠢᠶᠠᠷᠪᠠᠯ | ᠲᠡᠷᠡ ᠬᠠᠷᠢᠭᠤᠴᠠᠬᠤ᠂ ᠬᠡᠨ ᠬᠠᠩᠭᠠᠪᠠᠯ ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠳ᠋ᠠᠶᠢᠲ᠋ᠠ ᠶᠢᠨ ᠶᠠᠰᠤ ᠴᠢᠨᠠᠷ ᠢ | ᠬᠠᠷᠢᠭᠤ ᠲᠤᠰᠬᠠᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠳ᠋ᠠᠶᠢᠲ᠋ᠠ ᠶᠢᠨ ᠶᠠᠰᠤ ᠴᠢᠨᠠᠷ ᠲᠤ ᠠᠵᠢᠯ ᠶᠠᠪᠤᠳᠠᠯ ᠤᠨ ᠡᠮᠦᠨ᠎ᠡ᠂ ᠠᠵᠢᠯ ᠶᠠᠪᠤᠳᠠᠯ ᠤᠨ ᠳᠤᠮᠳᠠ ᠪᠠ ᠠᠵᠢᠯ ᠶᠠᠪᠤᠳᠠᠯ ᠤᠨ ᠳᠠᠷᠠᠭ᠎ᠠ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠨ᠂ ᠠᠰᠠᠭᠤᠳᠠᠯ ᠲᠠᠢ ᠳ᠋ᠠᠶᠢᠲ᠋ᠠ ᠶᠢ ᠬᠠᠷᠢᠭᠤ ᠲᠤᠰᠬᠠᠵᠤ ᠪᠣᠯᠬᠤ᠂ ᠬᠠᠮᠲᠤ ᠪᠠᠷ ᠭᠥᠷᠳᠡᠬᠦ ᠶᠠᠪᠤᠴᠠ ᠶᠢ ᠮᠦᠷᠳᠡᠨ ᠤᠬᠤᠴᠢᠯᠠᠵᠤ ᠪᠣᠯᠬᠤ | ᠂ ᠳ᠋ᠠᠶᠢᠲ᠋ᠠ ᠶᠢᠨ ᠶᠠᠰᠤ ᠴᠢᠨᠠᠷ ᠤᠨ ᠠᠰᠠᠭᠤᠳᠠᠯ ᠤᠨ ᠬᠠᠷᠢᠭᠤᠴᠠᠯᠭ᠎ᠠ ᠶᠢ ᠲᠣᠭᠲᠠᠭᠠᠵᠤ ᠪᠣᠯᠬᠤ ᠶᠢ ᠪᠡᠶᠡᠯᠡᠭᠦᠯᠵᠦ᠂ ᠳ᠋ᠠᠶᠢᠲ᠋ᠠ ᠶᠢ ᠡᠬᠢ ᠡᠭᠦᠰᠦᠯ ᠠᠴᠠ ᠨᠢ ᠵᠠᠰᠠᠬᠤ᠂ | ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠳ᠋ᠠᠶᠢᠲ᠋ᠠ ᠶᠢᠨ | ᠲᠤᠬᠠᠶᠢᠯᠠᠭᠰᠠᠨ ᠠᠵᠢᠯ ᠤᠨ ᠬᠠᠷᠢᠶᠠᠯᠠᠯ᠂ ᠢᠷᠡᠯᠲᠡ ᠶᠢᠨ ᠬᠠᠷᠢᠶᠠᠯᠠᠯ᠂ ᠬᠠᠮᠲᠤ ᠪᠠᠷ ᠭᠥᠷᠳᠡᠬᠦ ᠶᠢᠨ ᠬᠠᠷᠢᠶᠠᠯᠠᠯ᠂ ᠨᠡᠭᠡᠭᠡᠯᠲᠡ ᠶᠢᠨ ᠬᠠᠷᠢᠶᠠᠯᠠᠯ ᠵᠡᠷᠭᠡ ᠶᠢ | ᠵᠢᠷᠤᠮᠵᠢᠭᠤᠯᠤᠨ᠎ᠠ᠃ ᠣᠯᠠᠨ ᠡᠬᠢᠲᠦ ᠬᠠᠷᠢᠴᠠᠭᠤᠯᠤᠯ᠂ ᠭᠠᠷᠤᠯ ᠬᠤᠯᠪᠣᠭ᠎ᠠ ᠶᠢᠨ ᠵᠠᠳᠠᠯᠤᠯᠲᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ | ᠂ ᠳ᠋ᠠᠶᠢᠲ᠋ᠠ ᠶᠢᠨ ᠶᠠᠰᠤ ᠴᠢᠨᠠᠷ ᠲᠤ ᠣᠯᠠᠨ ᠡᠬᠢ ᠪᠠᠷ ᠬᠠᠷᠭᠤᠭᠤᠯᠤᠨ ᠬᠢᠨᠠᠬᠤ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠠᠵᠢᠯ ᠢ ᠥᠷᠨᠢᠭᠦᠯᠵᠦ᠂ | ᠬᠦᠴᠦᠨ ᠥᠬᠡᠶ ᠳ᠋ᠠᠶᠢᠲ᠋ᠠ᠂ ᠪᠤᠷᠤᠭᠤ ᠳ᠋ᠠᠶᠢᠲ᠋ᠠ ᠶᠢ ᠪᠠᠭᠠᠰᠬᠠᠨ᠂ ᠳᠠᠬᠢᠨ ᠳᠠᠪᠲᠠᠨ ᠴᠤᠭᠯᠠᠭᠤᠯᠤᠭᠰᠠᠨ ᠳ᠋ᠠᠶᠢᠲ᠋ᠠ ᠶᠢ ᠢᠯᠭᠠᠨ ᠲᠠᠨᠢᠵᠤ᠂ ᠡᠷᠬᠡ ᠰᠦᠷᠲᠦ | ᠳ᠋ᠠᠶᠢᠲ᠋ᠠ ᠶᠢᠨ ᠢᠷᠡᠯᠲᠡ ᠶᠢ ᠲᠣᠳᠣᠷᠬᠠᠢᠢᠯᠠᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠨᠢᠭᠡᠳᠦᠯᠲᠦ ᠴᠢᠨᠠᠷ ᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ᠂ ᠳ᠋ᠠᠶᠢᠲ᠋ᠠ ᠶᠢᠨ | ᠵᠠᠰᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠳ᠋ᠠᠶᠢᠲ᠋ᠠ ᠬᠠᠩᠭᠠᠬᠤ ᠰᠠᠯᠠᠭ᠎ᠠ ᠮᠥᠴᠢᠷ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ | ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ᠂ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ ᠵᠡᠷᠭᠡ ᠠᠵᠢᠯ ᠤᠨ ᠡᠭᠦᠷᠭᠡ | ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠳ᠋ᠠᠶᠢᠲ᠋ᠠ ᠶᠢᠨ ᠦᠨᠡᠨ ᠪᠣᠳᠠᠲᠠᠶ᠂ ᠬᠡᠷᠡᠭᠯᠡᠵᠦ ᠪᠣᠯᠬᠤ᠂ ᠪᠦᠲᠦᠮᠵᠢᠲᠡᠶ ᠬᠠᠮᠲᠤ ᠪᠠᠷ ᠭᠥᠷᠳᠡᠬᠦ ᠶᠢ ᠦᠨᠡᠨ ᠬᠦ | ᠪᠠᠲᠤᠯᠠᠬᠤ ᠬᠡᠷᠡᠭᠲᠡᠶ︔ ᠳ᠋ᠠᠶᠢᠲ᠋ᠠ ᠬᠡᠷᠡᠭᠯᠡᠬᠦ ᠰᠠᠯᠠᠭ᠎ᠠ ᠮᠥᠴᠢᠷ ᠨᠢ ᠳ᠋ᠠᠶᠢᠲ᠋ᠠ ᠶᠢ ᠲᠣᠭᠲᠠᠭᠠᠯ ᠳᠤ ᠨᠡᠶᠢᠴᠡᠭᠦᠯᠦᠨ ᠵᠥᠪ ᠣᠨᠣᠪᠴᠢᠲᠠᠶ ᠪᠠᠷ ᠬᠡᠷᠡᠭᠯᠡᠵᠦ᠂ ᠳ᠋ᠠᠶᠢᠲ᠋ᠠ ᠶᠢ | ᠪᠦᠲᠦᠮᠵᠢᠲᠡᠶ ᠠᠰᠢᠬᠯᠠᠬᠤ᠂ ᠠᠮᠤᠷ ᠲᠦᠪᠰᠢᠨ ᠢᠶᠠᠷ ᠬᠠᠳᠠᠭᠠᠯᠠᠬᠤ᠂ ᠪᠥᠬᠦ ᠲᠠᠯ᠎ᠠ ᠪᠠᠷ ᠳᠠᠩᠰᠠᠨ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ | ᠳ᠋ᠠᠶᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳ᠋ᠠᠶᠢᠲ᠋ᠠ ᠬᠠᠩᠭᠠᠬᠤ᠂ ᠬᠡᠷᠡᠭᠯᠡᠬᠦ ᠰᠠᠯᠠᠭ᠎ᠠ ᠮᠥᠴᠢᠷ ᠲᠠᠢ ᠬᠠᠮᠳᠤᠷᠠᠯᠴᠠᠨ᠂ ᠳ᠋ᠠᠶᠢᠲ᠋ᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ᠂ ᠳ᠋ᠠᠶᠢᠲ᠋ᠠ ᠶᠢᠨ ᠵᠠᠰᠠᠯᠲᠠ ᠶᠢᠨ ᠲᠤᠬᠠᠶᠢᠯᠠᠭᠰᠠᠨ | ᠠᠵᠢᠯ ᠤᠨ ᠴᠤᠪᠤᠷᠠᠯ ᠢ ᠨᠠᠷᠢᠯᠢᠬᠵᠢᠭᠤᠯᠵᠤ᠂ ᠳ᠋ᠠᠶᠢᠲ᠋ᠠ ᠶᠢ ᠬᠠᠮᠲᠤ ᠪᠠᠷ ᠭᠥᠷᠳᠡᠵᠦ ᠬᠡᠷᠡᠭᠯᠡᠬᠦ ᠶᠠᠪᠤᠴᠠ ᠳᠤ ᠳ᠋ᠠᠶᠢᠲ᠋ᠠ ᠶᠢᠨ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠨᠠᠢᠮᠠ︶ ᠳ᠋ᠠᠶᠢᠲ᠋ᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠥᠮᠦᠨ ᠠᠮᠠ᠂ ᠪᠠᠶᠢᠭᠠᠯᠢ ᠶᠢᠨ ᠡᠬᠢ ᠪᠠᠶᠠᠯᠢᠭ᠂ | ᠠᠵᠤ ᠠᠬᠤᠶ ᠵᠡᠷᠭᠡ ᠶᠢᠨ ᠰᠠᠭᠤᠷᠢ ᠬᠥᠮᠥᠷᠭᠡ ᠶᠢ ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠢᠲᠡᠭᠡᠮᠵᠢ ᠶᠢᠨ ᠲᠣᠭᠲᠠᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠦᠮᠴᠢᠯᠡᠯᠲᠦ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠭᠤᠤᠯ ᠰᠡᠳᠦᠪᠲᠦ ᠬᠥᠮᠥᠷᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭᠠᠨ ᠤ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ ᠡᠯᠧᠺᠲᠷᠣᠨ ᠭᠡᠷᠡᠴᠢ ᠦᠨᠡᠮᠯᠡᠯ ᠤᠨ ᠬᠥᠮᠥᠷᠭᠡ᠂ ᠬᠠᠤᠯᠢ ᠶᠢᠨ ᠡᠷᠬᠡᠲᠡᠨ ᠤ ᠬᠠᠮᠲᠤ ᠪᠠᠷ ᠭᠥᠷᠳᠡᠬᠦ ᠮᠡᠳᠡᠭᠡ ᠵᠠᠩᠭᠢ ᠶᠢᠨ ᠡᠬᠢ | ᠪᠠᠶᠠᠯᠢᠭ ᠤᠨ ᠬᠥᠮᠥᠷᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯ ᠰᠡᠳᠦᠪᠲᠦ ᠬᠥᠮᠥᠷᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠲᠡᠭᠦᠯᠳᠡᠷᠵᠢᠭᠦᠯᠵᠦ᠂ ᠬᠡᠷᠡᠭᠴᠡᠭᠡ ᠪᠠᠨ ᠦᠨᠳᠦᠰᠦᠯᠡᠵᠦ ᠰᠠᠭᠤᠷᠢ ᠳ᠋ᠠᠶᠢᠲ᠋ᠠ ᠪᠠ ᠭᠤᠤᠯ ᠰᠡᠳᠦᠪᠲᠦ ᠳ᠋ᠠᠶᠢᠲ᠋ᠠ ᠶᠢ ᠴᠤᠭᠯᠠᠭᠤᠯᠤᠨ᠂ ᠪᠥᠬᠦ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠴᠢᠳ ᠢ ᠬᠠᠮᠤᠷᠤᠭᠰᠠᠨ ︽ᠨᠢᠭᠡ ᠬᠥᠮᠦᠨ ᠳᠤ ᠨᠢᠭᠡ ᠲᠠᠩᠰᠠ︾ ︽ᠨᠢᠭᠡ ᠠᠵᠤ ᠠᠬᠤᠶᠢᠯᠠᠯ ᠳᠤ ᠨᠢᠭᠡ ᠲᠠᠩᠰᠠ ︾ ᠶᠢᠨ | ᠭᠤᠤᠯ ᠰᠡᠳᠦᠪᠲᠦ ᠳ᠋ᠠᠶᠢᠲ᠋ᠠ ᠶᠢᠨ ᠬᠥᠮᠥᠷᠭᠡ ᠶᠢ ᠪᠦᠷᠢᠯᠳᠦᠭᠦᠯᠵᠦ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠣᠭᠲᠠᠯᠴᠠᠭ᠎ᠠ ᠳᠤ ᠨᠢᠭᠡᠳᠦᠯᠲᠡᠶ ᠣᠷᠣᠭᠤᠯᠤᠨ᠂ ᠠᠵᠤ ᠠᠬᠤᠶᠢᠯᠠᠯ ᠪᠠ ᠬᠤᠪᠢ ᠬᠥᠮᠦᠨ ᠳᠤ ᠲᠤᠰᠬᠠᠶ ᠬᠠᠷᠢᠶᠠᠯᠠᠭᠳᠠᠬᠤ ᠣᠷᠣᠨ ᠵᠠᠶ ᠶᠢᠨ ᠦᠢᠯᠡᠴᠢᠯᠡᠭᠡᠨ ᠤ | ᠴᠢᠳᠠᠪᠤᠷᠢ ᠶᠢᠨ ᠳᠡᠭᠡᠭᠰᠢᠯᠡᠯᠲᠡ ᠳᠤ ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠵᠤ᠂ 2023 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠳᠥᠷᠪᠡ᠂ ᠬᠠᠮᠲᠤ ᠪᠠᠷ ᠬᠦᠷᠲᠡᠵᠦ ᠰᠤᠯᠢᠯᠴᠠᠬᠤ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠶᠢᠰᠦ︶ ᠨᠢᠭᠡᠳᠦᠯᠲᠡᠶ ᠬᠠᠮᠲᠤ ᠪᠠᠷ ᠬᠦᠷᠲᠡᠵᠦ ᠰᠤᠯᠢᠯᠴᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠤᠯᠤᠰ ᠤᠨ ᠳ᠋ᠠᠶᠢᠲ᠋ᠠ ᠶᠢ ᠬᠠᠮᠲᠤ ᠪᠠᠷ ᠬᠥᠷᠲᠡᠬᠦ ᠰᠣᠯᠢᠯᠴᠠᠭᠠᠨ ᠤ ᠲᠠᠪᠴᠠᠩ ᠳᠤ | ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ | ᠲᠤᠯᠭᠠᠭᠤᠷᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠠᠮᠲᠤ ᠪᠠᠷ ᠭᠥᠷᠳᠡᠬᠦ ᠭᠤᠶᠤᠴᠢᠯᠠᠯ ᠢ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ | ᠦᠢᠯᠡᠴᠢᠯᠡᠭᠡ ᠬᠠᠩᠭᠠᠨ᠂ ᠥᠪᠡᠷᠲᠡᠭᠡᠨ ᠵᠠᠰᠠᠬᠤ ᠣᠷᠣᠨ — ᠠᠶᠢᠮᠠᠭ ᠬᠤᠲᠠ — ᠬᠤᠰᠢᠭᠤ ᠰᠢᠶᠠᠨ ︵ᠬᠤᠲᠠ᠂ ᠲᠣᠭᠤᠷᠢᠭ︶ ᠵᠡᠷᠭᠡ ᠳᠡᠰ ᠱᠠᠲᠤ ᠶᠢ | ᠬᠠᠮᠤᠷᠤᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠰᠤᠯᠢᠯᠴᠠᠬᠤ ᠲᠣᠭᠲᠠᠯᠴᠠᠭ᠎ᠠ ᠶᠢ ᠪᠣᠶ | ᠪᠣᠯᠭᠠᠵᠤ᠂ ᠬᠡᠷᠡᠭᠴᠡᠭᠡ ᠪᠠᠨ ᠦᠨᠳᠦᠰᠦᠯᠡᠵᠦ ᠰᠢᠶᠠᠩ ᠪᠠᠯᠭᠠᠰᠤ ᠰᠤᠮᠤ ᠲᠡᠶᠢᠰᠢ ᠤᠷᠲᠤᠳᠬᠠᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ | ᠳ᠋ᠠᠶᠢᠲ᠋ᠠ ᠶᠢ ᠬᠠᠮᠲᠤ ᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠨᠢ ᠥᠨᠳᠥᠷ ᠦᠷ᠎ᠡ ᠪᠦᠲᠦᠮᠵᠢᠲᠡᠶ ᠪᠠᠷ ᠬᠠᠩᠭᠠᠨ᠎ᠠ᠃ ︵ᠥ ᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ ᠶᠢᠨ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠢ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠣᠭᠲᠠᠯᠴᠠᠭ᠎ᠠ ᠳᠤ ᠨᠢᠭᠡᠳᠦᠯᠲᠡᠶ ᠣᠷᠣᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠠᠯᠠᠭ᠎ᠠ ᠮᠥᠴᠢᠷ ᠤᠨ ᠬᠤᠭᠤᠷᠣᠨᠳᠣ᠂ ᠭᠠᠵᠠᠷ ᠣᠷᠣᠨ ᠤ | ᠬᠤᠭᠤᠷᠣᠨᠳᠣ ᠳ᠋ᠠᠶᠢᠲ᠋ᠠ ᠶᠢ ᠭᠦᠢᠯᠬᠡᠬᠡᠯᠡᠬᠦ ᠪᠠ ᠬᠠᠮᠲᠤ ᠪᠠᠷ ᠭᠥᠷᠳᠡᠬᠦ ᠳᠤ ᠲᠤᠯᠭᠠᠭᠤᠷᠢᠯᠠᠵᠤ᠂ ᠬᠡᠷᠡᠭᠯᠡᠭᠡ ᠪᠠᠷ ᠬᠥᠲᠥᠯᠦᠮᠵᠢ ᠪᠣᠯᠭᠠᠨ᠂ ᠳ᠋ᠠᠶᠢᠲ᠋ᠠ ᠶᠢ ᠬᠠᠮᠲᠤ ᠪᠠᠷ | ᠭᠥᠷᠳᠡᠬᠦ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠳ᠋ᠠᠶᠢᠲ᠋ᠠ ᠶᠢ ᠴᠠᠭ ᠲᠤᠬᠠᠶ ᠳᠤ ᠨᠢ ᠰᠣᠯᠢᠯᠴᠠᠬᠤ ᠰᠢᠰᠲ᠋ᠧᠮ ᠢ ᠲᠥᠯᠥᠪᠵᠢᠭᠦᠯᠦᠨ ᠵᠣᠬᠢᠶᠠᠵᠤ᠂ ᠪᠦᠬᠦ ᠣᠷᠣᠨ ᠤ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠨᠢᠭᠡᠳᠦᠯᠲᠡᠶ ᠣᠷᠣᠭᠤᠯᠤᠨ᠂ ᠶᠡᠭᠡ ᠬᠡᠮᠵᠢᠶᠡᠨ ᠤ ᠳ᠋ᠠᠶᠢᠲ᠋ᠠ ᠶᠢ ᠳᠡᠭᠡᠳᠦ ᠬᠤᠷᠳᠤᠴᠠ ᠪᠠᠷ | ᠳᠠᠮᠵᠢᠭᠤᠯᠬᠤ ᠳᠤ ᠲᠡᠮᠵᠢᠯᠭᠡ ᠦᠵᠡᠬᠦᠯᠵᠦ᠂ ᠳ᠋ᠠᠶᠢᠲ᠋ᠠ ᠶᠢ ᠮᠢᠨᠦ᠋ᠲ ᠲᠤ ᠬᠠᠮᠲᠤ ᠪᠠᠷ ᠭᠥᠷᠳᠡᠬᠦ᠂ ᠳ᠋ᠠᠶᠢᠲ᠋ᠠ ᠶᠢ ᠬᠤᠤᠰ ᠴᠢᠭᠯᠡᠯ ᠢᠶᠠᠷ ᠭᠦᠢᠯᠬᠡᠬᠡᠯᠡᠬᠦ ᠶᠢ ᠪᠡᠶᠡᠯᠡᠭᠦᠯᠦᠨ | ᠂ ᠠᠮᠤᠷ ᠲᠦᠪᠰᠢᠨ ᠪᠦᠭᠡᠳ ᠲᠣᠭᠲᠠᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠳ᠋ᠠᠶᠢᠲ᠋ᠠ ᠶᠢᠨ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ ᠰᠠᠯᠠᠭ᠎ᠠ | ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠲᠠᠰ ᠱᠠᠲᠤ ᠠᠯᠤᠰᠯᠠᠭᠰᠠᠨ ᠳ᠋ᠠᠶᠢᠲ᠋ᠠ ᠶᠢ ᠪᠦᠲᠦᠮᠵᠢᠲᠡᠶ ᠭᠦᠢᠯᠬᠡᠬᠡᠯᠡᠬᠦ ᠪᠠ ᠭᠦᠢᠴᠡᠳ ᠬᠠᠮᠲᠤ ᠪᠠᠷ | ᠭᠥᠷᠳᠡᠬᠦ ᠵᠢᠴᠢ ᠡᠯ᠎ᠡ ᠱᠠᠲᠤᠨ ᠤ ᠰᠠᠯᠠᠭ᠎ᠠ ᠮᠥᠴᠢᠷ ᠤᠨ ᠡᠭᠴᠡ ᠬᠠᠮᠢᠶᠠᠷᠬᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠯᠤᠭ᠎ᠠ ᠲᠣᠰ ᠱᠠᠲᠤᠨ ᠳᠤ ᠵᠠᠯᠭᠠᠯᠳᠤᠭᠤᠯᠬᠤ ᠵᠡᠷᠭᠡ ᠠᠵᠢᠯ ᠳᠤ ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠵᠢᠯᠴᠠᠨ ᠬᠠᠮᠲᠤ ᠪᠠᠷ ᠬᠥᠷᠲᠡᠬᠦ ᠶᠢ ᠭᠦᠨᠵᠡᠭᠡᠢ ᠠᠬᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ ᠳᠡᠭᠡᠭᠰᠢ ᠤᠯᠤᠰ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠵᠠᠯᠭᠠᠨ | ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠠᠯᠠᠭ᠎ᠠ ᠮᠥᠴᠢᠷ ᠤᠨ ᠬᠤᠭᠤᠷᠣᠨᠳᠣ᠂ ᠭᠠᠵᠠᠷ ᠣᠷᠣᠨ ᠤ | ᠬᠤᠭᠤᠷᠣᠨᠳᠣ ᠳ᠋ᠠᠶᠢᠲ᠋ᠠ ᠶᠢ ᠭᠦᠢᠯᠬᠡᠬᠡᠯᠡᠬᠦ ᠪᠠ ᠬᠠᠮᠲᠤ ᠪᠠᠷ ᠭᠥᠷᠳᠡᠬᠦ ᠳᠤ ᠲᠤᠯᠭᠠᠭᠤᠷᠢᠯᠠᠨ᠎ᠠ᠃ ᠬᠡᠷᠡᠭᠯᠡᠭᠡ ᠪᠠᠷ ᠬᠥᠲᠥᠯᠦᠮᠵᠢ ᠪᠣᠯᠭᠠᠵᠤ᠂ ᠣᠯᠠᠨ ᠨᠡᠶᠢᠲᠡ ᠶᠢᠨ | ᠳ᠋ᠠᠶᠢᠲ᠋ᠠ ᠪᠠ ᠨᠡᠶᠢᠭᠡᠮ ᠤᠨ ᠳ᠋ᠠᠶᠢᠲ᠋ᠠ ᠶᠢ ᠬᠠᠮᠲᠤ ᠪᠠᠷ ᠭᠥᠷᠳᠡᠬᠦ ᠶᠢ ᠬᠠᠮᠵᠢᠯᠴᠠᠨ ᠠᠬᠢᠭᠤᠯᠵᠤ᠂ ᠨᠡᠶᠢᠭᠡᠮ ᠤᠨ ᠳ᠋ᠠᠶᠢᠲ᠋ᠠ ᠶᠢ ︽ᠨᠢᠭᠡᠳᠦᠯᠲᠡᠶ ᠴᠤᠭᠯᠠᠭᠤᠯᠤᠨ | ᠬᠠᠮᠲᠤ ᠪᠠᠷ ᠬᠡᠷᠡᠭᠯᠡᠬᠦ︾ ᠶᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠤ ᠬᠠᠮᠲᠤ ᠪᠠᠷ ᠬᠦᠷᠲᠡᠭᠡᠬᠦ ᠨᠡᠶᠢᠭᠡᠮ ᠤᠨ ᠳ᠋ᠠᠶᠢᠲ᠋ᠠ ᠳᠠᠬᠢ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠨ᠂ ᠤᠯᠤᠰ ᠭᠦᠷᠦᠨ᠂ ᠣᠷᠣᠨ ᠨᠤᠲᠤᠭ᠂ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠠᠳᠠᠯᠢ ᠪᠤᠰᠤ ᠱᠠᠲᠤ ᠳᠠᠪᠬᠤᠷᠭ᠎ᠠ ᠶᠢᠨ | ᠳ᠋ᠠᠶᠢᠲ᠋ᠠ ᠶᠢᠨ ᠬᠠᠮᠵᠢᠯᠴᠠᠨ ᠬᠠᠮᠲᠤ ᠪᠠᠷ ᠭᠥᠷᠳᠡᠬᠦ ᠲᠣᠭᠲᠠᠴᠠ ᠶᠢ ᠪᠣᠶ ᠪᠣᠯᠭᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠦᠨ᠎ᠡ᠃ ︵ᠥ ᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠲᠠᠪᠤ᠂ ᠳ᠋ᠠᠶᠢᠲ᠋ᠠ ᠶᠢᠨ ᠦᠢᠯᠡᠴᠢᠯᠡᠭᠡᠨ ᠤ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠦᠢᠯᠡᠴᠢᠯᠡᠭᠡᠨ ᠤ ᠫᠣᠷᠲ᠋ᠧᠯ ᠢ ᠰᠢᠯᠢᠳᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠥᠷᠲᠡᠬᠦ ᠲᠠᠪᠴᠠᠩ᠂ ᠣᠯᠠᠨ ᠨᠡᠶᠢᠲᠡ ᠶᠢᠨ | ᠳ᠋ᠠᠶᠢᠲ᠋ᠠ ᠶᠢᠨ ᠨᠡᠭᠡᠭᠡᠯᠲᠡᠲᠦ ᠲᠠᠪᠴᠠᠩ ᠪᠠ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢᠨ ᠦᠢᠯᠡᠴᠢᠯᠡᠭᠡᠨ ᠤ ᠶᠡᠷᠦᠩᠬᠡᠢ ᠫᠤᠷᠲ᠋ᠧᠯ ᠢ ᠪᠠᠶᠢᠭᠤᠯᠵᠤ | ᠂ ᠭᠠᠷᠴᠠᠭ ᠤᠨ ᠬᠠᠮᠢᠶᠠᠷᠤᠯᠲᠠ᠂ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ᠂ ᠡᠬᠢ ᠪᠠᠶᠠᠯᠢᠭ ᠤᠨ ᠬᠠᠮᠢᠶᠠᠷᠤᠯᠲᠠ᠂ ᠳ᠋ᠠᠶᠢᠲ᠋ᠠ ᠶᠢ ᠬᠠᠮᠲᠤ ᠪᠠᠷ ᠬᠥᠷᠲᠡᠬᠦ᠂ | ᠳ᠋ᠠᠶᠢᠲ᠋ᠠ ᠶᠢ ᠨᠡᠭᠡᠭᠡᠯᠲᠡ ᠲᠠᠢ ᠪᠣᠯᠭᠠᠬᠤ᠂ ᠵᠠᠳᠠᠯᠤᠨ ᠰᠢᠢᠳᠪᠦᠷᠢᠯᠡᠬᠦ ᠵᠡᠷᠭᠡ ᠴᠢᠳᠠᠮᠵᠢ ᠶᠢ ᠡᠮᠬᠢᠯᠡᠨ ᠨᠡᠶᠢᠯᠡᠭᠦᠯᠵᠦ ᠨᠢᠭᠡᠳᠭᠡᠨ᠂ ᠡᠯ᠎ᠡ ᠠᠶᠢᠮᠠᠭ ᠬᠤᠲᠠ᠂ ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠡᠬᠢ | ᠪᠠᠶᠠᠯᠢᠭ ᠢ ᠴᠤᠭᠯᠠᠭᠤᠯᠤᠨ ᠨᠡᠶᠢᠯᠡᠭᠦᠯᠬᠦ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠵᠤ ᠡᠷᠬᠡ ᠣᠯᠭᠤᠬᠤ᠂ ᠡᠬᠢ ᠪᠠᠶᠠᠯᠢᠭ ᠢ | ᠬᠠᠮᠲᠤ ᠪᠠᠷ ᠭᠥᠷᠳᠡᠬᠦ᠂ ᠪᠦᠷᠢᠳᠬᠡᠨ ᠵᠠᠳᠠᠯᠬᠤ᠂ ᠦᠵᠡᠭᠳᠡᠮᠡᠯ ᠪᠣᠯᠭᠠᠨ ᠳᠡᠯᠭᠡᠨ ᠦᠵᠡᠭᠦᠯᠬᠦ ᠪᠠ ᠠᠵᠢᠯᠯᠠᠭᠤᠯᠤᠨ ᠬᠠᠮᠢᠶᠠᠷᠬᠤ ᠵᠡᠷᠭᠡ ᠦᠢᠯᠡᠴᠢᠯᠡᠭᠡ ᠶᠢ ᠬᠠᠩᠭᠠᠵᠤ᠂ | ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ︽ᠨᠢᠭᠡᠳᠪᠦᠷᠢ | ᠳᠠᠩᠰᠠ︾ ᠪᠠᠷ ᠳᠡᠯᠭᠡᠨ ᠦᠵᠡᠭᠦᠯᠵᠦ᠂ ︽ᠨᠢᠭᠡ ᠥᠷᠲᠡᠭᠡᠴᠢᠯᠡᠭᠰᠡᠨ ᠮᠠᠶ᠋ᠢᠭ︾ ᠢᠶᠠᠷ ᠭᠤᠶᠤᠴᠢᠯᠠᠵᠤ᠂ ︽ᠨᠢᠭᠡ ᠲᠠᠪᠴᠠᠩ︾ ᠢᠶᠠᠷ ᠲᠣᠬᠢᠷᠠᠭᠤᠯᠬᠤ ᠶᠢ | ᠪᠡᠶᠡᠯᠡᠭᠦᠯᠦᠨ᠂ ᠡᠯ᠎ᠡ ᠠᠶᠢᠮᠠᠭ ᠬᠤᠲᠠ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠵᠠᠷ ᠣᠷᠣᠨ ᠠᠯᠤᠰᠯᠠᠨ᠂ ᠰᠠᠯᠠᠭ᠎ᠠ ᠮᠥᠴᠢᠷ | ᠠᠯᠤᠰᠯᠠᠨ᠂ ᠲᠠᠰ ᠱᠠᠲᠤ ᠠᠯᠤᠰᠯᠠᠨ ᠬᠠᠷᠢᠯᠴᠠᠨ ᠮᠡᠳᠡᠷᠡᠵᠦ ᠬᠠᠮᠲᠤ ᠪᠠᠷ ᠭᠥᠷᠳᠡᠬᠦ ᠳᠤ ᠲᠤᠯᠭᠠᠭᠤᠷᠢᠯᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠥᠨᠳᠥᠷ | ᠪᠦᠲᠦᠮᠵᠢᠲᠡᠶ ᠲᠣᠬᠢᠷᠠᠭᠤᠯᠤᠯᠲᠠ᠂ ᠴᠢᠨᠠᠷ ᠰᠠᠶᠢᠲᠠᠶ ᠬᠠᠩᠭᠠᠯᠭ᠎ᠠ ᠶᠢ ᠪᠡᠶᠡᠯᠡᠬᠦᠯᠦᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ | ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠᠨ ᠬᠤᠶᠠᠷ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠳ᠋ᠠᠶᠢᠲ᠋ᠠ ᠶᠢᠨ | ᠪᠣᠳᠣᠯᠭ᠎ᠠ᠂ ᠬᠦᠷᠢᠶ᠎ᠡ ᠴᠠᠷᠠᠭ᠎ᠠ ᠬᠤᠪᠢᠶᠠᠵᠦ ᠲᠠᠰ ᠢᠯᠭᠠᠨᠨᠰᠠᠨ ᠬᠡᠷᠡᠭᠯᠡᠭᠴᠢᠳ ᠤᠨ ᠬᠠᠮᠢᠶᠠᠷᠤᠯᠲᠠ ᠪᠠ ᠳ᠋ᠠᠶᠢᠲ᠋ᠠ ᠶᠢᠨ ᠡᠯᠡᠰᠦᠨ ᠬᠠᠶᠢᠷᠴᠠᠭ ᠤᠨ ᠵᠠᠭᠪᠤᠷ ᠤᠨ | ᠨᠡᠭᠡᠭᠡᠨ ᠠᠰᠢᠬᠯᠠᠯᠲᠠ ᠵᠡᠷᠭᠡ ᠴᠢᠳᠠᠪᠤᠷᠢ ᠶᠢ ᠪᠦᠷᠢᠳᠦᠭᠦᠯᠦᠭᠰᠡᠨ ᠲᠣᠮᠣ ᠳ᠋ᠠᠶᠢᠲ᠋ᠠ ᠶᠢ ᠰᠢᠢᠳᠪᠦᠷᠢᠯᠡᠨ ᠵᠠᠳᠠᠯᠬᠤ ᠰᠢᠰᠲ᠋ᠧᠮ ᠢ ᠪᠠᠶᠢᠭᠤᠯᠵᠤ᠂ ᠣᠯᠠᠨ ᠡᠰᠢᠲᠦ᠂ | ᠣᠨᠳᠣᠤ ᠪᠦᠲᠦᠴᠡᠲᠦ᠂ ᠶᠡᠭᠡ ᠬᠡᠮᠵᠢᠶᠡᠨ ᠤ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠵᠦ ᠰᠢᠨ᠎ᠡ ᠶᠢ ᠡᠭᠦᠳᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠨᠠᠲ᠋ᠦ᠋ᠷᠠᠯ ᠬᠡᠯᠡ ᠶᠢ ᠰᠢᠢᠳᠪᠦᠷᠢᠯᠡᠬᠦ᠂ ᠸᠢᠳᠢᠣ᠋ ᠵᠢᠷᠤᠮᠠᠭ ᠤᠨ | ᠵᠠᠳᠠᠯᠤᠯᠲᠠ᠂ ᠣᠶᠤᠨᠴᠢ ᠠᠰᠠᠭᠤᠯᠲᠠ ᠬᠠᠷᠢᠭᠤᠯᠲᠠ᠂ ᠮᠠᠰᠢᠨ ᠣᠷᠴᠢᠭᠤᠯᠭ᠎ᠠ᠂ ᠳ᠋ᠠᠶᠢᠲ᠋ᠠ ᠶᠢ ᠠᠭᠤᠳᠠᠯᠤᠨ ᠵᠠᠳᠠᠯᠬᠤ᠂ ᠳ᠋ᠠᠶᠢᠲ᠋ᠠ ᠶᠢ ᠦᠵᠡᠭᠳᠡᠮᠡᠯ ᠪᠣᠯᠭᠠᠬᠤ᠂ | ᠳ᠋ᠠᠶᠢᠲ᠋ᠠ ᠶᠢ ᠨᠡᠭᠡᠭᠡᠯᠲᠡ ᠲᠠᠢ ᠪᠣᠯᠭᠠᠬᠤ ᠳᠤ ᠡᠷᠬᠡ ᠣᠯᠭᠤᠬᠤ᠂ ᠳ᠋ᠠᠶᠢᠲ᠋ᠠ ᠶᠢ ᠠᠭᠤᠰᠤᠯᠴᠠᠭᠤᠯᠤᠨ ᠪᠤᠳᠤᠬᠤ ᠵᠡᠷᠭᠡ ᠴᠢᠳᠠᠮᠵᠢ ᠶᠢ ᠨᠢᠭᠡᠳᠭᠡᠭᠰᠡᠨ ᠨᠡᠶᠢᠳᠡᠮ | ᠬᠡᠷᠡᠭᠯᠡᠭᠡᠨ ᠤ ᠪᠤᠳᠤᠬᠤ ᠠᠷᠭ᠎ᠠ ᠶᠢᠨ ᠵᠠᠭᠪᠤᠷ ᠪᠠ ᠡᠵᠡᠮᠰᠢᠭᠦᠷ ᠤᠨ ᠬᠥᠮᠥᠷᠭᠡ ᠶᠢ ᠪᠠᠶᠢᠭᠤᠯᠵᠤ᠂ ᠪᠠᠷᠢᠮᠵᠢᠶᠠᠵᠢᠭᠰᠠᠨ᠂ ᠤᠶᠤᠨᠴᠢᠯᠠᠭᠰᠠᠨ ᠳ᠋ᠠᠶᠢᠲ᠋ᠠ ᠶᠢᠨ | ᠦᠢᠯᠡᠴᠢᠯᠡᠭᠡ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠠᠷᠪᠠᠨ ᠭᠤᠷᠪᠠ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠤᠨ᠎ᠠ᠃ | ᠬᠤᠲᠠ ᠶᠢᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤ | ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠵᠤ ᠠᠬᠤᠶ ᠶᠢᠨ ᠠᠵᠢᠯᠯᠠᠭᠠᠨ ᠵᠡᠷᠭᠡ | ᠬᠡᠷᠡᠭᠯᠡᠭᠡᠨ ᠤ ᠠᠬᠤᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠬᠡᠷᠡᠭᠯᠡᠭᠡᠨ ᠳᠤ ᠨᠢᠭᠡ ᠳ᠋ᠠᠶᠢᠲ᠋ᠠ ᠶᠢᠨ ᠬᠥᠮᠥᠷᠭᠡ︾ ᠶᠢᠨ ᠱᠠᠭᠠᠷᠳᠠᠯᠭ᠎ᠠ ᠶᠣᠰᠣᠭᠠᠷ᠂ | ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠲᠦᠰᠢᠭᠯᠡᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠥᠮᠥᠷᠭᠡ ᠪᠠᠶᠢᠭᠤᠯᠬᠤ ᠶᠢ ᠨᠢ ᠠᠬᠢᠭᠤᠯᠵᠤ | ᠂ ᠣᠯᠠᠨ ᠠᠵᠢᠯ ᠲᠥᠷᠥᠯ ᠪᠠ ᠣᠯᠠᠨ ᠠᠬᠤᠢ ᠪᠠᠶᠢᠳᠠᠯ ᠠᠯᠤᠰᠯᠠᠭᠰᠠᠨ ᠬᠡᠷᠡᠭᠯᠡᠭᠡᠨ ᠳᠤ ᠣᠯᠠᠨ ᠶᠠᠩᠵᠤᠳᠠᠢ ᠬᠠᠮᠲᠤ ᠪᠠᠷ ᠭᠥᠷᠳᠡᠬᠦ ᠦᠢᠯᠡᠴᠢᠯᠡᠭᠡ ᠬᠠᠩᠭᠠᠨ᠎ᠠ᠃ ︵ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠠᠷᠪᠠᠨ ᠳᠥᠷᠪᠡ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠶᠢ ᠠᠬᠢᠭᠤᠯᠤᠨ᠎ᠠ᠃ ᠪᠦᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠰᠠᠭᠤᠷᠢᠯᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠨᠡᠬᠡᠬᠡᠨ | ᠠᠰᠢᠨᠨᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠬᠡᠬᠡᠨ ᠠᠰᠢᠨᠨᠯᠠᠬᠤ | ᠲᠠᠪᠴᠠᠩ ᠪᠠ ᠡᠯ᠎ᠡ ᠠᠶᠢᠮᠠᠭ ᠬᠤᠲᠠ ᠶᠢᠨ ᠳ᠋ᠠᠶᠢᠲ᠋ᠠ ᠶᠢᠨ ᠨᠡᠬᠡᠬᠡᠨ ᠠᠰᠢᠨᠨᠯᠠᠬᠤ ᠲᠠᠪᠴᠠᠩ ᠢᠶᠠᠷ ᠳᠠᠮᠵᠢᠭᠤᠯᠤᠨ᠂ ᠳ᠋ᠠᠶᠢᠲ᠋ᠠ ᠶᠢ ᠠᠮᠤᠷ ᠲᠦᠪᠰᠢᠨ ᠪᠦᠭᠡᠳ ᠡᠮᠬᠢ | ᠵᠢᠷᠤᠮ ᠲᠠᠢ ᠨᠡᠬᠡᠬᠡᠨ ᠠᠰᠢᠨᠨᠯᠠᠬᠤ ᠶᠢ ᠠᠬᠢᠭᠤᠯᠵᠤ᠂ ᠪᠡᠶ᠎ᠡ ᠶᠢᠨ ᠭᠠᠷᠤᠯ ᠢ ᠭᠡᠷᠡᠴᠢᠯᠡᠨ ᠡᠷᠬᠡ ᠣᠯᠭᠤᠬᠤ᠂ ᠳ᠋ᠠᠶᠢᠲ᠋ᠠ ᠶᠢᠨ ᠡᠯᠡᠰᠦᠨ ᠬᠠᠶᠢᠷᠴᠠᠭ᠂ ᠠᠮᠤᠷ | ᠲᠦᠪᠰᠢᠨ ᠢᠶᠠᠷ ᠣᠯᠠᠨ ᠲᠠᠯ᠎ᠠ ᠪᠠᠷ ᠪᠤᠳᠤᠬᠤ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠰᠦᠪᠡᠭᠴᠢᠯᠡᠨ ᠠᠰᠢᠬᠯᠠᠵᠤ᠂ ᠳ᠋ᠠᠶᠢᠲ᠋ᠠ ᠶᠢᠨ ︽ᠬᠡᠷᠡᠭᠯᠡᠵᠦ ᠪᠣᠯᠬᠤ ᠪᠣᠯᠪᠠᠴᠤ | ᠥᠯᠤ ᠦᠵᠡᠭᠳᠡᠬᠦ︾ ᠶᠢ ᠪᠡᠶᠡᠯᠡᠭᠦᠯᠦᠨ᠂ ᠳ᠋ᠠᠶᠢᠲ᠋ᠠ ᠶᠢ ᠨᠡᠬᠡᠬᠡᠨ ᠠᠰᠢᠨᠨᠯᠠᠵᠦ ᠰᠢᠨ᠎ᠡ ᠶᠢ ᠡᠭᠦᠳᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠨᠡᠭᠡᠭᠡᠨ | ᠠᠰᠢᠬᠯᠠᠬᠤ ᠲᠣᠭᠲᠠᠭᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠨᠡᠬᠡᠬᠡᠨ ᠠᠰᠢᠨᠨᠯᠠᠬᠤ ᠭᠤᠣᠯᠳᠠᠯᠭ᠎ᠠ ᠲᠠᠢ ᠨᠠᠷᠢᠨ ᠬᠠᠭᠤᠳᠠᠰᠤ ᠶᠢ ᠲᠣᠭᠲᠠᠭᠠᠵᠤ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢ ᠲᠦᠭᠰᠢᠭᠦᠷᠢ ᠶᠢ ᠨᠢ ᠡᠵᠡᠮᠳᠡᠵᠦ ᠲᠡᠶᠢᠯᠬᠦ ᠵᠠᠷᠴᠢᠮ ᠳᠣᠤᠷ᠎ᠠ ᠠᠯᠢ ᠴᠢᠳᠠᠬᠤ ᠪᠠᠷ ᠨᠡᠬᠡᠬᠡᠨ ᠠᠰᠢᠨᠨᠯᠠᠬᠤ ᠶᠢ ᠠᠬᠢᠭᠤᠯᠵᠤ᠂ ᠳ᠋ᠠᠶᠢᠲ᠋ᠠ ᠶᠢ ᠨᠡᠬᠡᠬᠡᠨ | ᠠᠰᠢᠨᠨᠯᠠᠬᠤ ᠡᠷᠬᠡ ᠪᠠ ᠡᠭᠦᠷᠭᠡ ᠶᠢ ᠲᠣᠳᠣᠷᠬᠠᠢᠢᠯᠠᠵᠤ᠂ ᠳ᠋ᠠᠶᠢᠲ᠋ᠠ ᠶᠢ ᠨᠡᠬᠡᠬᠡᠨ ᠠᠰᠢᠨᠨᠯᠠᠬᠤ ᠬᠡᠪᠴᠢᠶ᠎ᠡ ᠪᠠ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠵᠤ᠂ | ᠳ᠋ᠠᠶᠢᠲ᠋ᠠ ᠶᠢ ᠨᠡᠭᠡᠭᠡᠨ ᠠᠰᠢᠨᠨᠯᠠᠬᠤ ᠳᠤ ᠠᠮᠤᠷ ᠲᠦᠪᠰᠢᠨ ᠢᠶᠠᠷ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠤ᠂ ᠠᠷᠠᠳ ᠤᠨ ᠠᠮᠢᠳᠤᠷᠠᠯ ᠯᠤᠭ᠎ᠠ | ᠨᠢᠭᠲᠠ ᠬᠤᠯᠪᠣᠭ᠎ᠠ ᠲᠠᠢ᠂ ᠨᠡᠶᠢᠭᠡᠮ ᠤᠨ ᠲᠤᠯᠭᠠᠮ᠎ᠠ ᠬᠡᠷᠡᠭᠴᠡᠭᠡ ᠪᠥᠬᠦᠶ᠂ ᠠᠵᠢᠯ ᠲᠥᠷᠥᠯ ᠤᠨ ᠥᠷᠲᠡᠭ ᠤᠨ ᠨᠡᠮᠡᠭᠳᠡᠯ ᠤᠨ ᠳᠠᠯᠳᠠ ᠬᠦᠴᠦᠨ ᠢᠶᠠᠷ ᠢᠯᠡᠷᠬᠡᠶ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠤᠷᠢᠳ ᠢᠶᠠᠷ ᠨᠡᠬᠡᠬᠡᠨ ᠠᠰᠢᠨᠨᠯᠠᠨᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠷᠬᠡ ᠣᠯᠭᠤᠵᠤ ᠠᠵᠢᠯᠯᠠᠭᠤᠯᠬᠤ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠶᠢ ᠨᠢ | ᠵᠣᠷᠢᠬᠵᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠶᠢ ᠢᠳᠡᠪᠬᠢᠲᠡᠶ ᠠᠬᠢᠭᠤᠯᠵᠤ᠂ ᠳ᠋ᠠᠶᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠢ | ᠪᠤᠶᠢᠵᠢᠭᠤᠯᠤᠨ᠂ ᠪᠦᠲᠦᠮᠵᠢᠲᠡᠶ ᠬᠠᠩᠭᠠᠬᠤ᠂ ᠡᠮᠬᠢ ᠵᠢᠷᠤᠮ ᠲᠠᠢ ᠨᠡᠭᠡᠭᠡᠨ ᠠᠰᠢᠬᠯᠠᠬᠤ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠨ᠎ᠠ᠃ ︵ᠥᠪᠡᠷᠲᠡᠭᠡᠨ | ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠵᠢᠷᠭᠤᠭ᠎ᠠ᠂ ᠪᠣᠳᠣᠬᠤ ᠬᠦᠴᠦᠨ ᠤ ᠪᠡᠯᠡᠳᠬᠡᠮᠵᠢ ᠶᠢᠨ ᠨᠢᠭᠡ ᠴᠣᠭᠴᠠᠵᠢᠭᠤᠯᠤᠯᠲᠠ ᠶᠢ ᠲᠦᠷᠭᠡᠳᠬᠡᠨ᠎ᠡ | ︵ᠠᠷᠪᠠᠨ ᠲᠠᠪᠤ︶ ᠪᠣᠳᠣᠬᠤ ᠬᠦᠴᠦᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠥᠬᠦ ᠣᠷᠣᠨ ᠤ ᠵᠠᠰᠠᠭ ᠤᠨ ᠶᠠᠪᠤᠳᠠᠯ ᠤᠨ | ᠲᠣᠮᠣ ᠳ᠋ᠠᠶᠢᠲ᠋ᠠ ᠶᠢᠨ ᠪᠣᠳᠣᠬᠤ ᠬᠦᠴᠦᠨ ᠤ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠪᠣᠳᠣᠬᠤ ᠬᠦᠴᠦᠨ ᠤ ᠶᠡᠷᠦᠩᠬᠡᠶ ᠬᠡᠮᠵᠢᠶ᠎ᠡ᠂ ᠪᠣᠳᠣᠬᠤ | ᠬᠦᠴᠦᠨ ᠤ ᠲᠠᠷᠬᠠᠯᠲᠠ᠂ ᠪᠣᠳᠣᠬᠤ ᠬᠦᠴᠦᠨ ᠤ ᠪᠦᠷᠢᠯᠳᠦᠯ ᠪᠠ ᠮᠡᠷᠭᠡᠵᠢᠯ ᠤᠨ ᠬᠡᠯᠪᠡᠷᠢ ᠶᠢᠨ ᠰᠣᠩᠭᠤᠯᠲᠠ ᠵᠡᠷᠭᠡ ᠶᠢ ᠣᠢᠢᠯᠠᠭᠠᠨ ᠲᠣᠳᠣᠯᠠᠵᠤ᠂ ᠪᠥᠬᠦ ᠣᠷᠣᠨ ᠤ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠣᠳᠣᠬᠤ ᠬᠦᠴᠦᠨ ᠤ ︽ᠨᠢᠭᠡᠳᠪᠦᠷᠢ ᠳᠠᠩᠰᠠ︾ ᠶᠢ ᠪᠦᠷᠢᠯᠳᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠲᠣᠮᠣ ᠳ᠋ᠠᠶᠢᠲ᠋ᠠ ᠶᠢᠨ ᠲᠥᠪ᠂ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ | 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠡᠭᠦᠯᠡᠨ ᠬᠢᠨᠠᠨ ᠰᠢᠯᠭᠠᠵᠦ ᠵᠠᠳᠠᠯᠬᠤ ᠰᠢᠰᠲ᠋ᠧᠮ ᠢ ᠪᠠᠶᠢᠭᠤᠯᠤᠨ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠬᠢᠨᠠᠨ ᠰᠢᠯᠭᠠᠯᠲᠠ | ᠵᠠᠳᠠᠯᠤᠯᠲᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠭᠦᠯᠡᠨ ᠡᠬᠢ ᠪᠠᠶᠠᠯᠢᠭ ᠤᠨ ᠠᠰᠢᠬᠯᠠᠯᠲᠠ᠂ ᠲᠤᠬᠠᠶᠢᠯᠠᠭᠰᠠᠨ ᠠᠵᠢᠯ ᠤᠨ | ᠰᠢᠨᠵᠢ ᠴᠢᠳᠠᠮᠵᠢ ᠵᠡᠷᠭᠡ ᠳ᠋ᠠᠶᠢᠲ᠋ᠠ ᠶᠢ ᠬᠤᠷᠠᠮᠳᠤᠭᠤᠯᠤᠨ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠢ ᠡᠵᠡᠮᠰᠢᠨ᠂ ᠡᠭᠦᠯᠡᠨ | ᠡᠬᠢ ᠪᠠᠶᠠᠯᠢᠭ ᠤᠨ ᠵᠠᠳᠠᠯᠤᠯᠲᠠ ᠦᠨᠡᠯᠡᠨ ᠵᠢᠱᠢᠯᠲᠡ ᠶᠢ ᠥᠷᠨᠢᠭᠦᠯᠵᠦ᠂ ᠡᠭᠦᠯᠡᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯᠯᠠᠭᠤᠯᠤᠨ ᠡᠵᠡᠩᠨᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠬᠠᠮᠢᠶᠠᠷᠬᠤ᠂ ᠥᠨᠳᠥᠷ ᠪᠦᠲᠦᠮᠵᠢᠲᠡᠶ ᠬᠡᠷᠡᠭᠯᠡᠬᠦ ᠶᠢ | ᠠᠬᠢᠭᠤᠯᠵᠤ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠨᠢᠭᠡᠳᠦᠯᠲᠡᠶ ᠳᠣᠭᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠥᠬᠦ ᠣᠷᠣᠨ ᠤ | ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠭᠤᠤᠯ ᠪᠡᠯᠡᠳᠬᠡᠯ ᠵᠠᠩᠭᠢᠶᠠᠰᠤ ᠶᠢ ᠲᠡᠭᠦᠯᠳᠡᠷᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠭᠤᠤᠯ ᠪᠡᠯᠡᠳᠬᠡᠯ ᠵᠠᠩᠭᠢᠶᠠᠰᠤ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠤ ᠥᠨᠳᠥᠷ | ᠠᠰᠢᠬᠯᠠᠮᠵᠢᠲᠤ ᠬᠡᠷᠡᠭᠯᠡᠵᠦ ᠪᠣᠯᠬᠤᠶᠢᠴᠠ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ | ᠪᠣᠳᠣᠬᠤ ᠬᠦᠴᠦᠨ ᠤ ᠪᠡᠯᠡᠳᠬᠡᠮᠵᠢ ᠶᠢ ᠰᠢᠯᠢᠳᠡᠭᠵᠢᠭᠦᠯᠵᠦ᠂ ᠡᠭᠦᠯᠡᠨ ᠲᠠᠪᠴᠠᠩ᠂ ᠲᠣᠮᠣ ᠳ᠋ᠠᠶᠢᠲ᠋ᠠ ᠶᠢᠨ ᠲᠠᠪᠴᠠᠩ ᠤᠨ ᠰᠠᠭᠤᠷᠢ ︽ᠰᠠᠭᠤᠳᠠᠯ︾ ᠤᠨ | ᠲᠤᠯᠭᠠᠭᠤᠷᠢᠯᠠᠯ ᠢ ᠴᠢᠩᠭᠠᠷᠠᠭᠤᠯᠤᠨ᠂ ᠳ᠋ᠠᠶᠢᠲ᠋ᠠ ᠶᠢ ᠴᠤᠭᠯᠠᠭᠤᠯᠬᠤ᠂ ᠬᠠᠳᠠᠭᠠᠯᠠᠬᠤ᠂ ᠪᠤᠳᠤᠬᠤ᠂ ᠵᠠᠰᠠᠬᠤ᠂ ᠵᠠᠳᠠᠯᠬᠤ᠂ ᠦᠢᠯᠡᠴᠢᠯᠡᠬᠦ ᠵᠡᠷᠭᠡ ᠰᠠᠭᠤᠷᠢ ᠴᠢᠳᠠᠮᠵᠢ ᠶᠢ | ᠬᠠᠩᠭᠠᠵᠤ᠂ ᠳ᠋ᠠᠶᠢᠲ᠋ᠠ ᠶᠢᠨ ᠭᠠᠷᠴᠠᠭ᠂ ᠵᠠᠰᠠᠯᠲᠠ᠂ ᠬᠠᠮᠲᠤ ᠪᠠᠷ ᠭᠥᠷᠳᠡᠬᠦ ᠵᠡᠷᠭᠡ ᠰᠢᠰᠲ᠋ᠧᠮ ᠤᠨ ᠠᠵᠢᠯᠯᠠᠭᠠᠨ ᠢ ᠠᠴᠢᠶᠠᠯᠠᠨ᠂ ᠬᠡᠷᠡᠭᠴᠡᠭᠡ ᠪᠠᠨ ᠦᠨᠳᠦᠰᠦᠯᠡᠵᠦ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠨᠢᠭᠡᠲᠦᠭᠦᠯᠵᠦ ᠡᠮᠬᠢᠳᠭᠡᠨ ᠨᠡᠶᠢᠯᠡᠭᠦᠯᠵᠦ ᠬᠠᠮᠲᠤ ᠪᠠᠷ ᠬᠦᠷᠲᠡᠨ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠠᠵᠢᠯᠯᠠᠭᠠᠨ ᠢ ᠪᠠᠲᠤᠯᠠᠨ᠎ᠠ᠃ ︽ᠬᠤᠶᠠᠷ ᠭᠠᠵᠠᠷ ᠭᠤᠷᠪᠠᠨ ᠲᠥᠪ︾ ᠤᠨ ᠵᠠᠭᠪᠤᠷ ᠲᠤ | ᠰᠠᠭᠤᠷᠢᠯᠠᠨ ᠲᠣᠰ ᠭᠠᠵᠠᠷ᠂ ᠣᠨᠳᠣᠤ ᠭᠠᠵᠠᠷ ᠲᠤ ᠳ᠋ᠠᠶᠢᠲ᠋ᠠ ᠶᠢᠨ ᠭᠠᠢ ᠠᠴᠠ ᠰᠡᠷᠬᠡᠶᠢᠯᠡᠬᠦ ᠨᠦᠬᠡᠴᠡ ᠲᠥᠪ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ | ᠥᠷᠭᠦᠯᠵᠢᠯᠡᠬᠦ᠋ᠴᠡ ᠴᠢᠨᠠᠷ᠂ ᠲᠣᠭᠲᠠᠪᠤᠷᠢᠲᠤ ᠴᠢᠨᠠᠷ ᠤᠨ ᠱᠠᠭᠠᠷᠳᠠᠯᠭ᠎ᠠ ᠪᠠᠷ ᠥᠨᠳᠥᠷ ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠤᠨ ᠲᠣᠰ ᠭᠠᠵᠠᠷ ᠣᠷᠣᠨ ᠳᠠᠬᠢ ︽ | ᠬᠤᠤᠰ ᠠᠵᠢᠯᠯᠠᠭᠤᠷ︾ ᠢ ᠠᠬᠢᠭᠤᠯᠵᠤ᠂ ᠴᠢᠬᠤᠯᠠ ᠳ᠋ᠠᠶᠢᠲ᠋ᠠ ᠶᠢᠨ ᠣᠨᠳᠣᠤ ᠭᠠᠵᠠᠷ ᠲᠤ ᠲᠣᠭᠲᠠᠭᠰᠠᠨ ᠬᠤᠭᠤᠴᠠᠭ᠎ᠠ ᠪᠠᠷ ᠭᠠᠢ ᠠᠴᠠ ᠰᠡᠷᠬᠡᠶᠢᠯᠡᠵᠦ ᠨᠦᠬᠡᠴᠡᠯᠡᠬᠦ ᠶᠢ | ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | | ︵ᠠᠷᠪᠠᠨ ᠳᠣᠯᠤᠭ᠎ᠠ︶ ᠪᠣᠳᠣᠬᠤ ᠬᠦᠴᠦᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠳᠣᠬᠤ ᠬᠦᠴᠦᠨ ᠤ ᠲᠤᠯᠭᠠᠭᠤᠷᠢᠯᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ | ᠪᠠᠶᠢᠷᠢᠰᠢᠭᠤᠯᠵᠤ᠂ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠡᠭᠦᠯᠡᠨ | ᠡᠬᠢ ᠪᠠᠶᠠᠯᠢᠭ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠹᠢᠽᠢᠺ ᠲᠠᠷᠬᠠᠯᠲᠠ ᠲᠠᠢ ᠪᠠᠶᠢᠯᠭᠠᠬᠤ᠂ ᠯᠣᠭᠢᠭ ᠲᠦᠪᠯᠡᠷᠡᠯ ᠢ ᠪᠡᠶᠡᠯᠡᠭᠦᠯᠬᠦ᠂ ᠡᠬᠢ | ᠪᠠᠶᠠᠯᠢᠭ ᠢ ᠬᠠᠮᠲᠤ ᠪᠠᠷ ᠭᠥᠷᠳᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ︾ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠥᠪ ᠢ ᠡᠮᠬᠢᠯᠡᠨ | ᠨᠡᠶᠢᠯᠡᠭᠦᠯᠵᠦ ᠥᠭᠡᠷᠡᠴᠢᠯᠡᠬᠦ ᠶᠢ ᠠᠬᠢᠭᠤᠯᠤᠨ᠎ᠠ᠃ ᠬᠡᠷᠡᠭᠴᠡᠭᠡ ᠪᠠᠨ ᠦᠨᠳᠦᠰᠦᠯᠡᠵᠦ ᠵᠢᠷᠤᠮᠠᠭ ᠦᠵᠡᠭᠦᠯᠬᠦ ᠰᠢᠢᠳᠪᠦᠷᠢᠯᠡᠭᠦᠷ ︵GPU︶᠂ ᠲᠤᠰᠬᠠᠶ ᠬᠤᠷᠠᠮᠠᠯ | ᠴᠠᠬᠢᠯᠭᠠᠨ ᠬᠡᠯᠬᠢᠶᠡᠨ ᠤ ᠴᠢᠫ ︵ASIC︶ ᠵᠡᠷᠭᠡ ᠣᠨᠳᠣᠤ ᠪᠦᠲᠦᠴᠡᠲᠦ ᠪᠣᠳᠣᠬᠤ ᠴᠢᠳᠠᠪᠤᠷᠢ ᠶᠢ ᠪᠣᠶ ᠪᠣᠯᠭᠠᠵᠤ᠂ ᠬᠠᠳᠠᠭᠠᠯᠠᠬᠤ ᠪᠠ ᠪᠤᠳᠤᠬᠤ ᠶᠢ ᠰᠠᠯᠭᠠᠬᠤ᠂ | ᠵᠢᠷᠤᠭ ᠢᠶᠠᠷ ᠪᠤᠳᠤᠬᠤ᠂ ᠨᠢᠭᠤᠴᠠ ᠪᠠᠷ ᠪᠤᠳᠤᠬᠤ ᠵᠡᠷᠭᠡ ᠰᠢᠨ᠎ᠡ ᠬᠡᠯᠪᠡᠷᠢ ᠶᠢᠨ ᠳ᠋ᠠᠶᠢᠲ᠋ᠠ ᠶᠢ ᠵᠠᠳᠠᠯᠤᠨ ᠬᠠᠮᠢᠶᠠᠷᠬᠤ ᠴᠢᠳᠠᠪᠤᠷᠢ ᠶᠢ ᠴᠣᠭᠴᠠᠯᠠᠨ᠎ᠠ᠃ ︵ᠥᠪᠡᠷᠲᠡᠭᠡᠨ | ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ᠳᠣᠯᠤᠭ᠎ᠠ᠂ ᠪᠠᠷᠢᠮᠵᠢᠶ᠎ᠠ ᠵᠢᠷᠤᠮᠵᠢᠯ ᠤᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠠᠷᠪᠠᠨ ᠨᠠᠢᠮᠠ︶ ᠤᠯᠤᠰ ᠤᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠬᠠᠮᠢᠶᠠᠷᠤᠯᠲᠠ᠂ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠪᠠ ᠳ᠋ᠠᠶᠢᠲ᠋ᠠ ᠶᠢᠨ ᠬᠡᠷᠡᠭᠯᠡᠭᠡᠨ ᠤ ᠦᠢᠯᠡᠴᠢᠯᠡᠭᠡ ᠵᠡᠷᠭᠡ ᠭᠤᠤᠯᠳᠠᠯᠭ᠎ᠠ ᠲᠠᠢ ᠲᠠᠯ᠎ᠠ ᠶᠢᠨ | ᠲᠣᠭᠤᠷᠢᠨ ᠳᠤ᠂ ᠤᠯᠤᠰ ᠤᠨ ᠪᠠᠷᠢᠮᠵᠢᠶ᠎ᠠ ᠵᠢᠷᠤᠮᠵᠢᠯ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠷᠢᠮᠵᠢᠶ᠎ᠠ ᠶᠢᠨ ᠬᠡᠷᠡᠭᠵᠢᠭᠦᠯᠬᠦ ᠲᠥᠰᠦᠯ ᠢ | ᠲᠣᠭᠲᠠᠭᠠᠨ ᠨᠡᠶᠢᠲᠡᠯᠡᠵᠦ᠂ ᠣᠷᠣᠨ ᠨᠤᠲᠤᠭ ᠤᠨ ᠪᠠᠷᠢᠮᠵᠢᠶ᠎ᠠ ᠵᠢᠷᠤᠮᠵᠢᠯ ᠳᠤ ᠵᠠᠰᠠᠪᠤᠷᠢ ᠣᠷᠣᠭᠤᠯᠤᠨ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠳ᠋ᠠᠶᠢᠲ᠋ᠠ ᠶᠢ ᠬᠠᠮᠲᠤ ᠪᠠᠷ ᠭᠥᠷᠳᠡᠵᠦ ᠨᠡᠭᠡᠭᠡᠯᠲᠡ ᠲᠠᠢ ᠪᠣᠯᠭᠠᠬᠤ | ᠦᠢᠯᠡᠴᠢᠯᠡᠭᠡ ᠥᠷᠨᠢᠭᠦᠯᠬᠦ ᠪᠠᠷᠢᠮᠵᠢᠶᠠᠨ ᠤ ᠦᠨᠳᠦᠰᠦᠯᠡᠯ ᠢ ᠲᠣᠳᠣᠷᠬᠠᠢ ᠲᠣᠨᠨᠳᠠᠭᠠᠨᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠤᠯᠤᠰ ᠤᠨ ᠪᠠᠷᠢᠮᠵᠢᠶ᠎ᠠ ᠵᠢᠷᠤᠮᠵᠢᠯ ᠢ ᠨᠡᠶᠢᠲᠡᠯᠡᠭᠰᠡᠨ 3 ᠰᠠᠷ᠎ᠠ ᠶᠢᠨ ᠳᠣᠲᠣᠷ᠎ᠠ︶ | ︵ᠠᠷᠪᠠ ᠶᠢᠰᠦ︶ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠲᠦᠷᠭᠡᠳᠬᠡᠨ᠎ᠡ᠃ ᠤᠯᠤᠰ ᠤᠨ ᠵᠠᠰᠠᠭ ᠤᠨ ᠶᠠᠪᠤᠳᠠᠯ ᠤᠨ | ᠲᠣᠮᠣ ᠳ᠋ᠠᠶᠢᠲ᠋ᠠ ᠶᠢᠨ ᠪᠠᠷᠢᠮᠵᠢᠶ᠎ᠠ ᠶᠢᠨ ᠲᠤᠨᠨᠳᠠᠯᠴᠠᠭᠠᠨ ᠤ ᠪᠣᠷᠣ ᠲᠦᠰᠦᠪ ᠪᠠ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠠᠵᠢᠯ ᠤᠨ ᠪᠣᠳᠠᠲᠠᠶ ᠳᠤ ᠲᠣᠬᠢᠷᠠᠭᠰᠠᠨ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ᠂ | ᠲᠠᠪᠴᠠᠩ ᠤᠨ ᠮᠡᠷᠭᠡᠵᠢᠯ᠂ ᠳ᠋ᠠᠶᠢᠲ᠋ᠠ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠡᠵᠡᠩᠨᠡᠯᠲᠡ᠂ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠪᠠᠶᠢᠭᠤᠯᠤᠯᠲᠠ | ᠪᠠ ᠬᠢᠨᠠᠨ ᠰᠢᠨᠵᠢᠬᠦ ᠬᠦᠷᠢᠶ᠎ᠡ ᠴᠠᠷᠠᠭᠠᠨ ᠤ ᠪᠠᠷᠢᠮᠵᠢᠶ᠎ᠠ ᠶᠢ ᠭᠤᠤᠯᠳᠠᠯᠭ᠎ᠠ ᠲᠠᠢ ᠰᠤᠳᠤᠯᠤᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠂ ᠦᠷᠭᠦᠯᠵᠢᠯᠡᠨ ᠠᠬᠢᠭᠤᠯᠤᠨ᠎ᠠ︶ | ︵ᠬᠤᠷᠢ︶ ᠪᠠᠷᠢᠮᠵᠢᠶ᠎ᠠ ᠵᠢᠷᠤᠮᠵᠢᠯ ᠢ ᠪᠤᠲᠠᠲᠠᠶᠢᠵᠢᠭᠤᠯᠤᠨ ᠬᠡᠷᠡᠭᠵᠢᠭᠦᠯᠬᠦ ᠶᠢ ᠬᠠᠮᠵᠢᠯᠴᠠᠨ ᠠᠬᠢᠭᠤᠯᠤᠨ᠎ᠠ᠃ ᠪᠠᠷᠢᠮᠵᠢᠶ᠎ᠠ ᠵᠢᠷᠤᠮᠵᠢᠯ ᠢ | ᠪᠤᠲᠠᠲᠠᠶᠢᠵᠢᠭᠤᠯᠤᠨ ᠳᠡᠯᠭᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶ᠎ᠠ ᠪᠦᠬᠦᠢ ᠤᠯᠤᠰ ᠤᠨ ᠪᠠᠷᠢᠮᠵᠢᠶ᠎ᠠ | ᠵᠢᠷᠤᠮᠵᠢᠯ᠂ ᠣᠷᠣᠨ ᠨᠤᠲᠤᠭ ᠤᠨ ᠪᠠᠷᠢᠮᠵᠢᠶ᠎ᠠ ᠵᠢᠷᠤᠮᠵᠢᠯ ᠪᠠ ᠠᠵᠢᠯ ᠲᠥᠷᠥᠯ ᠤᠨ ᠪᠠᠷᠢᠮᠵᠢᠶ᠎ᠠ ᠵᠢᠷᠤᠮᠵᠢᠯ ᠢ ᠦᠨᠳᠦᠰᠦᠯᠡᠨ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠵᠣᠬᠢᠴᠠᠬᠤ ᠴᠢᠨᠠᠷ ᠤᠨ ᠬᠢᠨᠠᠨ ᠪᠠᠶᠢᠴᠠᠭᠠᠯᠲᠠ ᠪᠠ ᠬᠡᠷᠡᠭᠵᠢᠭᠦᠯᠦᠯᠲᠡ ᠳᠤ ᠠᠮᠵᠢᠯᠲᠠ | ᠪᠦᠲᠦᠮᠵᠢ ᠶᠢᠨ ᠦᠨᠡᠯᠡᠨ ᠵᠢᠱᠢᠯᠲᠡ ᠶᠢ ᠥᠷᠨᠢᠭᠦᠯᠵᠦ᠂ ᠵᠢᠷᠤᠮᠵᠢᠯ ᠨᠢ ᠨᠢᠭᠡᠳᠦᠯᠲᠡᠶ᠂ ᠥᠨᠳᠥᠷ ᠪᠦᠳᠦᠮᠵᠢᠳᠡᠢ ᠬᠠᠮᠵᠢᠯᠴᠠᠭᠰᠠᠨ᠂ ᠲᠤᠯᠭᠠᠭᠤᠷᠢᠯᠠᠯ ᠨᠢ ᠬᠦᠴᠦᠲᠡᠶ | ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠠᠷᠢᠮᠵᠢᠶᠠᠨ ᠤ ᠲᠣᠭᠲᠠᠯᠴᠠᠭ᠎ᠠ ᠶᠢ ᠪᠣᠶ ᠪᠣᠯᠭᠠᠬᠤ ᠶᠢ ᠠᠬᠢᠭᠤᠯᠵᠤ᠂ | ᠪᠠᠷᠢᠮᠵᠢᠶᠠᠨ ᠤ ᠲᠤᠨᠨᠳᠠᠯᠴᠠᠭᠠᠨ ᠤ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ | ᠨᠠᠢᠮᠠ᠂ ᠠᠮᠤᠷ ᠲᠦᠪᠰᠢᠨ ᠤ ᠪᠠᠲᠤᠯᠠᠭ᠎ᠠ ᠶᠢᠨ ᠨᠢᠭᠡ ᠴᠣᠭᠴᠠᠵᠢᠭᠤᠯᠤᠯᠲᠠ ᠶᠢ ᠲᠦᠷᠭᠡᠳᠬᠡᠨ᠎ᠡ | ︵ᠬᠤᠷᠢᠨ ᠨᠢᠭᠡ︶ ᠳ᠋ᠠᠶᠢᠲ᠋ᠠ ᠶᠢᠨ ᠠᠮᠤᠷ ᠲᠦᠪᠰᠢᠨ ᠤ ᠲᠦᠷᠢᠮ ᠵᠢᠷᠤᠮᠵᠢᠯ ᠢ ᠪᠦᠷᠢᠨᠰᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳ᠋ᠠᠶᠢᠲ᠋ᠠ ᠶᠢᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠮᠡᠳᠡᠭᠡ ᠵᠠᠩᠭᠢ ᠶᠢ | ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳ᠋ᠠᠶᠢᠲ᠋ᠠ ᠶᠢ ᠲᠥᠷᠥᠯ ᠠᠩᠬᠢᠯᠠᠵᠤ ᠲᠠᠰ | ᠬᠤᠪᠢᠶᠠᠬᠤ᠂ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠬᠦ ᠵᠡᠷᠭᠡ ᠪᠣᠳᠠᠲᠠᠶ ᠲᠦᠷᠢᠮ ᠪᠠ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠨ᠎ᠠ᠃ ᠳ᠋ᠠᠶᠢᠲ᠋ᠠ ᠶᠢᠨ ᠠᠮᠤᠷ | ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ︽ᠬᠡᠨ ᠬᠠᠮᠢᠶᠠᠷᠪᠠᠯ ᠲᠡᠷᠡ ᠬᠠᠷᠢᠭᠤᠴᠠᠬᠤ︾ ᠪᠠ ︽ᠬᠡᠨ ᠬᠡᠷᠡᠭᠯᠡᠪᠡᠯ ᠲᠡᠷᠡ | ᠬᠠᠷᠢᠭᠤᠴᠠᠬᠤ ︾ ᠵᠠᠷᠴᠢᠮ ᠶᠣᠰᠣᠭᠠᠷ᠂ ᠳ᠋ᠠᠶᠢᠲ᠋ᠠ ᠶᠢᠨ ᠡᠷᠭᠢᠯᠲᠡ ᠶᠢᠨ ᠪᠥᠬᠦ ᠴᠣᠪᠣᠷᠠᠯ ᠳᠠᠬᠢ ᠡᠯ᠎ᠡ ᠲᠠᠯ᠎ᠠ ᠶᠢᠨ ᠡᠷᠬᠡ ᠡᠭᠦᠷᠭᠡ ᠪᠠ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠢᠯᠭᠠᠨ ᠲᠣᠳᠣᠷᠬᠠᠢᠢᠯᠠᠨ᠎ᠠ᠃ ᠳ᠋ᠠᠶᠢᠲ᠋ᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠰᠣᠷᠪᠣᠯᠵᠢᠯᠠᠬᠤ ᠡᠷᠬᠡ | ᠬᠢᠵᠠᠭᠠᠷ ᠢ ᠡᠵᠡᠮᠳᠡᠬᠦ᠂ ᠬᠡᠪ ᠤᠨ ᠪᠤᠰᠤ ᠲᠦᠭᠰᠢᠭᠦᠷᠢ ᠶᠢ ᠢᠯᠭᠠᠨ ᠲᠠᠨᠢᠬᠤ᠂ ᠠᠮᠤᠷ ᠲᠦᠪᠰᠢᠨ ᠤ ᠲᠦᠭᠰᠢᠭᠦᠷᠢ ᠶᠢ ᠰᠢᠢᠳᠪᠦᠷᠢᠯᠡᠬᠦ᠂ ᠦᠢᠯᠡ ᠠᠵᠢᠯᠯᠠᠭ᠎ᠠ ᠶᠢ | ᠬᠢᠨᠠᠨ ᠪᠤᠳᠤᠬᠤ᠂ ᠳ᠋ᠠᠶᠢᠲ᠋ᠠ ᠶᠢ ᠠᠮᠤᠷ ᠲᠦᠪᠰᠢᠨ ᠢᠶᠠᠷ ᠤᠰᠠᠳᠬᠠᠬᠤ᠂ ᠭᠦᠢᠴᠡᠳᠬᠡᠯ ᠲᠤᠭ᠎ᠠ ᠶᠢ ᠦᠨᠡᠯᠡᠨ ᠵᠢᠱᠢᠬᠦ ᠵᠡᠷᠭᠡ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠷᠢᠨ ᠬᠤᠶᠠᠷ︶ ᠲᠠᠪᠴᠠᠩ ᠤᠨ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳ᠋ᠠᠶᠢᠲ᠋ᠠ ᠶᠢᠨ ᠠᠮᠤᠷ | ᠲᠦᠪᠰᠢᠨ ᠤ ᠪᠠᠶᠢᠳᠠᠯ ᠢ ᠰᠡᠷᠡᠵᠦ ᠮᠡᠳᠡᠷᠡᠬᠦ ᠲᠠᠪᠴᠠᠩ ᠢ ᠪᠠᠶᠢᠭᠤᠯᠵᠤ᠂ ᠳ᠋ᠠᠶᠢᠲ᠋ᠠ ᠶᠢᠨ ᠠᠮᠤᠷ ᠲᠦᠪᠰᠢᠨ ᠢ ᠪᠠᠶᠢᠩᠭᠤᠵᠢᠭᠤᠯᠤᠨ ᠪᠠᠶᠢᠴᠠᠭᠠᠨ ᠰᠢᠨᠵᠢᠬᠦ ᠪᠠ | ᠮᠡᠷᠭᠡᠵᠢᠯ ᠤᠨ ᠲᠠᠯ᠎ᠠ ᠪᠠᠷ ᠰᠡᠷᠭᠡᠶᠢᠯᠡᠨ ᠬᠠᠮᠠᠭᠠᠯᠠᠬᠤ ᠪᠠᠨ ᠴᠢᠩᠭᠠᠳᠬᠠᠨ᠂ ᠳ᠋ᠠᠶᠢᠲ᠋ᠠ ᠳᠤ ᠬᠠᠨᠳᠤᠭᠤᠯᠤᠭᠰᠠᠨ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠷᠭᠡᠵᠢᠯ ᠤᠨ | ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠬᠠᠮᠠᠭᠠᠯᠠᠯᠲᠠ ᠶᠢᠨ ᠬᠢᠨᠠᠨ ᠰᠢᠨᠵᠢᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠡᠯᠧᠺᠲᠷᠣᠨ ᠢᠶᠠᠷ ᠭᠡᠷᠡᠴᠢᠯᠡᠬᠦ᠂ ᠳ᠋ᠠᠶᠢᠲ᠋ᠠ ᠶᠢ ᠨᠢᠭᠤᠴᠠᠯᠠᠨ ᠬᠠᠳᠠᠭᠠᠯᠠᠬᠤ᠂ ᠳᠠᠮᠵᠢᠭᠤᠯᠬᠤ ᠪᠠ ᠬᠡᠷᠡᠭᠯᠡᠬᠦ ᠠᠷᠭ᠎ᠠ ᠪᠠᠷᠢᠯ ᠢ ᠭᠦᠢᠴᠡᠳ | ᠠᠰᠢᠬᠯᠠᠨ᠂ ᠳ᠋ᠠᠶᠢᠲ᠋ᠠ ᠶᠢ ᠥᠭᠡᠷᠡᠲᠦᠭᠦᠯᠬᠦ ᠶᠢ ᠰᠡᠷᠭᠡᠶᠢᠯᠡᠵᠦ᠂ ᠳ᠋ᠠᠶᠢᠲ᠋ᠠ ᠶᠢᠨ ᠰᠡᠷᠬᠡᠭᠴᠡ ᠦᠬᠡᠶᠢᠳᠡᠬᠦᠯᠦᠨ ᠬᠡᠷᠡᠭᠯᠡᠬᠦ ᠶᠢ ᠠᠬᠢᠭᠤᠯᠵᠤ᠂ ᠴᠢᠬᠤᠯᠠ ᠳ᠋ᠠᠶᠢᠲ᠋ᠠ ᠪᠠ | ᠬᠤᠪᠢ ᠬᠥᠮᠦᠨ ᠤ ᠨᠢᠭᠤᠴᠠ᠂ ᠬᠤᠳᠠᠯᠳᠤᠭᠠᠨ ᠤ ᠨᠢᠭᠤᠴᠠ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠂ ᠳ᠋ᠠᠶᠢᠲ᠋ᠠ ᠶᠢ ᠰᠤᠷᠪᠤᠯᠵᠢᠯᠠᠨ ᠦᠵᠡᠬᠦ | ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠶᠠᠪᠤᠴᠠ ᠶᠢ ᠪᠦᠷᠢᠨ ᠲᠡᠮᠳᠡᠭᠯᠡᠬᠦ ᠪᠠ ᠡᠷᠬᠡ ᠶᠢᠨ ᠬᠢᠵᠠᠭᠠᠷ ᠢ ᠨᠠᠷᠢᠯᠢᠬᠵᠢᠭᠤᠯᠤᠨ ᠬᠠᠮᠢᠶᠠᠷᠬᠤ ᠶᠢ | ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠨ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ | ᠡᠮᠦᠨ᠎ᠡ ᠪᠡᠶᠡᠯᠡᠭᠦᠯᠦᠨ᠎ᠡ︶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠤ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠣᠤᠷ | ᠰᠦᠯᠵᠢᠶ᠎ᠡ ᠪᠠ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠯᠤᠰ ᠤᠨ ᠲᠠᠪᠴᠠᠩ ᠯᠤᠭ᠎ᠠ ᠵᠡᠷᠭᠡ ᠪᠠᠷ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠪ ᠢ ᠲᠠᠰ ᠳᠡᠪᠰᠢᠭᠦᠯᠬᠦ ᠶᠢᠨ ᠬᠠᠮᠲᠤ ᠳᠡᠭᠡᠭᠰᠢ ᠪᠠᠨ ᠤᠯᠤᠰ ᠤᠨ | ᠲᠠᠪᠴᠠᠩ ᠳᠤ ᠵᠠᠯᠭᠠᠨ ᠣᠷᠣᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠲᠠᠰᠤᠯᠳᠠᠭᠤᠯᠬᠤ ᠥᠬᠡᠶ᠂ ᠬᠠᠭᠤᠳᠠᠰᠤ ᠨᠢᠭᠤᠷ ᠢ | ᠥᠭᠡᠷᠡᠲᠦᠭᠦᠯᠬᠦ ᠥᠬᠡᠶ᠂ ᠳ᠋ᠠᠶᠢᠲ᠋ᠠ ᠶᠢ ᠵᠠᠳᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ | ︵ᠬᠤᠷᠢᠨ ᠭᠤᠷᠪᠠ︶ ᠳ᠋ᠠᠶᠢᠲ᠋ᠠ ᠶᠢᠨ ᠠᠮᠤᠷ ᠲᠦᠪᠰᠢᠨ ᠢᠶᠠᠷ ᠠᠵᠢᠯᠯᠠᠭᠤᠯᠬᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠳ᠋ᠠᠶᠢᠲ᠋ᠠ ᠶᠢ ᠠᠮᠤᠷ | ᠲᠦᠪᠰᠢᠨ ᠢᠶᠠᠷ ᠠᠵᠢᠯᠯᠠᠭᠤᠯᠵᠤ ᠬᠠᠮᠠᠭᠠᠯᠠᠬᠤ ᠪᠠ ᠡᠵᠡᠩᠨᠡᠵᠦ ᠠᠵᠢᠯᠯᠠᠭᠤᠯᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠡᠷᠬᠡ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠳ᠋ᠠᠶᠢᠲ᠋ᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠮᠡᠳᠡᠭᠡ ᠵᠠᠩᠭᠢ ᠶᠢ ᠤᠯᠬᠤ᠂ ᠵᠠᠳᠠᠯᠬᠤ᠂ ᠰᠤᠳᠤᠯᠤᠨ | ᠮᠠᠭᠠᠳᠯᠠᠬᠤ᠂ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠠᠵᠢᠯ ᠶᠠᠪᠤᠳᠠᠯ ᠤᠨ ᠡᠮᠦᠨ᠎ᠡ ᠬᠢᠨᠠᠨ ᠵᠥᠪᠰᠢᠶᠡᠷᠡᠬᠦ ᠶᠢ ᠬᠠᠮᠢᠶᠠᠷᠬᠤ᠂ ᠠᠵᠢᠯ ᠶᠠᠪᠤᠳᠠᠯ ᠤᠨ ᠳᠤᠮᠳᠠ | ᠪᠦᠬᠦᠨ ᠢ ᠣᠷᠣᠮ ᠦᠯᠡᠳᠡᠭᠡᠬᠦ᠂ ᠠᠵᠢᠯ ᠶᠠᠪᠤᠳᠠᠯ ᠤᠨ ᠳᠠᠷᠠᠭ᠎ᠠ ᠮᠦᠷᠳᠡᠨ ᠤᠬᠤᠴᠢᠯᠠᠵᠤ ᠪᠣᠯᠬᠤ ᠳ᠋ᠠᠶᠢᠲ᠋ᠠ ᠶᠢᠨ ᠠᠮᠤᠷ ᠲᠦᠪᠰᠢᠨ ᠠᠵᠢᠯᠯᠠᠭᠠᠨ ᠤ ᠬᠢᠨᠠᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠳ᠋ᠠᠶᠢᠲ᠋ᠠ ᠰᠣᠯᠢᠯᠴᠠᠬᠤ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠢ ᠲᠣᠭᠲᠠᠭᠠᠵᠤ᠂ | ᠳ᠋ᠠᠶᠢᠲ᠋ᠠ ᠶᠢ ᠬᠡᠷᠡᠭᠯᠡᠬᠦ ᠭᠤᠶᠤᠴᠢᠯᠠᠯ ᠤᠨ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠪᠠ ᠳ᠋ᠠᠶᠢᠲ᠋ᠠ ᠶᠢ ᠣᠯᠤᠭᠰᠠᠨ ᠤ ᠳᠠᠷᠠᠭ᠎ᠠ ᠬᠡᠷᠡᠭᠯᠡᠯᠲᠡ ᠶᠢᠨ | ᠴᠠᠭᠠᠨ ᠳᠠᠩᠰᠠ ᠶᠢᠨ ᠡᠵᠡᠮᠳᠡᠯ ᠢ ᠴᠢᠩᠭᠠᠳᠬᠠᠵᠤ᠂ ᠳ᠋ᠠᠶᠢᠲ᠋ᠠ ᠶᠢᠨ ᠬᠡᠪ ᠤᠨ ᠪᠤᠰᠤ ᠬᠡᠷᠡᠭᠯᠡᠯᠲᠡ ᠶᠢᠨ ᠦᠢᠯᠡ ᠠᠵᠢᠯᠯᠠᠭ᠎ᠠ ᠶᠢ ᠢᠯᠡᠷᠡᠭᠦᠯᠬᠦ᠂ ᠢᠷᠡᠯᠲᠡ ᠶᠢ ᠡᠷᠢᠬᠦ ᠪᠠ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠢᠲᠡᠭᠦᠦ ᠴᠦᠷᠭᠡᠯᠡᠭᠡ ᠶᠢ ᠪᠣᠶ ᠪᠣᠯᠭᠠᠵᠤ᠂ ᠳ᠋ᠠᠶᠢᠲ᠋ᠠ ᠶᠢᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ | 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ᠶᠢᠰᠦ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠤᠲᠠᠲᠠᠶᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠤᠨ᠎ᠠ | ︵ᠬᠤᠷᠢᠨ ᠳᠥᠷᠪᠡ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠᠨ ᠴᠢᠩᠭᠠᠳᠬᠠᠨ᠎ᠠ᠃ ᠪᠥᠬᠦ ᠣᠷᠣᠨ ᠤ ᠨᠢᠭᠡ | ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠪᠠ ᠬᠡᠷᠡᠭᠯᠡᠭᠡᠨ ᠤ ᠦᠨᠡᠯᠡᠨ ᠵᠢᠱᠢᠯᠲᠡ ᠦᠨᠡᠯᠡᠯᠲᠡ ᠶᠢᠨ ᠲᠣᠭᠲᠠᠯᠴᠠᠭ᠎ᠠ ᠶᠢ | ᠰᠤᠳᠤᠯᠤᠨ ᠲᠣᠭᠲᠠᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠲᠠ ᠪᠠ | ᠬᠡᠷᠡᠭᠯᠡᠯᠲᠡ ᠶᠢ ᠴᠢᠩᠭᠠᠳᠬᠠᠵᠤ᠂ ᠡᠯ᠎ᠡ ᠭᠠᠵᠠᠷ ᠣᠷᠣᠨ ᠢ ᠰᠢᠮᠳᠠᠭᠤᠯᠵᠤ ᠪᠠᠶᠢᠭᠠᠳ ᠬᠠᠮᠢᠶ᠎ᠠ ᠪᠥᠬᠦᠶ ᠠᠵᠢᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ | ᠪᠦᠲᠦᠮᠵᠢ ᠶᠢᠨ ᠰᠢᠯᠭᠠᠨ ᠬᠢᠨᠠᠯᠲᠠ ᠳᠤ ᠣᠷᠣᠭᠤᠯᠬᠤ ᠶᠢᠨ ᠬᠠᠮᠲᠤ᠂ ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠦᠭᠰᠡᠨ ᠥᠬᠡᠶ ᠶᠢ ᠨᠢ ᠭᠤᠤᠯᠳᠠᠯᠭ᠎ᠠ ᠲᠠᠢ | ᠰᠢᠮᠳᠠᠭᠤᠯᠤᠨ ᠪᠠᠶᠢᠴᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ | ︵ᠬᠤᠷᠢᠨ ᠲᠠᠪᠤ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠨᠢ ᠲᠣᠰ | ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠠᠵᠢᠯ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠠᠷᠭ᠎ᠠ ᠶᠢ | ᠰᠤᠳᠤᠯᠤᠨ ᠲᠣᠭᠲᠠᠭᠠᠨ᠎ᠠ᠃ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ᠂ ᠲᠤᠰᠬᠠᠶ ᠪᠠᠶᠢᠭᠤᠯᠤᠮᠵᠢ ᠶᠢᠨ ᠦᠨᠡᠯᠡᠨ ᠲᠣᠭᠲᠠᠭᠠᠯᠲᠠ᠂ ᠬᠡᠷᠡᠭᠯᠡᠭᠴᠢ ᠶᠢᠨ | ᠬᠠᠨᠤᠮᠵᠢᠲᠠᠢ ᠪᠠᠶᠢᠬᠤ ᠬᠡᠮᠵᠢᠶ᠎ᠡ ᠶᠢᠨ ᠦᠨᠡᠯᠡᠯᠲᠡ ᠵᠡᠷᠭᠡ ᠠᠷᠭ᠎ᠠ ᠮᠠᠶ᠋ᠢᠭ ᠢ ᠢᠳᠡᠪᠬᠢᠲᠡᠶ ᠪᠠᠷ ᠬᠡᠷᠡᠭᠯᠡᠨ ᠦᠨᠡᠯᠡᠨ ᠵᠢᠱᠢᠯᠲᠡ ᠦᠨᠡᠯᠡᠯᠲᠡ ᠶᠢ ᠥᠷᠨᠢᠭᠦᠯᠦᠨ᠎ᠡ᠃ ︵ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠷᠢᠨ ᠵᠢᠷᠭᠤᠭ᠎ᠠ︶ ᠵᠠᠷᠤᠳᠠᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠳᠤ | ᠣᠷᠣᠭᠤᠯᠵᠤ᠂ ᠬᠠᠮᠢᠶ᠎ᠠ ᠪᠥᠬᠦᠶ ᠠᠵᠢᠯ ᠤᠨ ᠵᠠᠷᠤᠳᠠᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠰᠥᠪ ᠲᠤ ᠣᠷᠣᠭᠤᠯᠤᠨ ᠨᠢᠭᠡᠲᠦᠯᠲᠡᠢ | ᠲᠦᠯᠦᠪᠯᠡᠨ ᠲᠣᠬᠢᠷᠠᠭᠤᠯᠤᠨ᠎ᠠ᠃ ᠬᠠᠮᠢᠶ᠎ᠠ ᠪᠥᠬᠦᠶ ᠵᠠᠷᠤᠳᠠᠯ ᠤᠨ ᠪᠥᠬᠦ ᠶᠠᠪᠤᠴᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢ | ᠰᠠᠶᠢᠵᠢᠷᠠᠭᠤᠯᠬᠤ ᠪᠠ ᠲᠥᠰᠦᠪ ᠢ ᠳᠣᠭᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠦᠬᠦᠨ ᠳᠤ ᠨᠢ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠯ ᠬᠢᠬᠦ ᠦᠭᠡᠢ᠂ ᠠᠵᠢᠯᠯᠠᠭᠤᠯᠵᠤ ᠬᠠᠮᠠᠭᠠᠯᠠᠬᠤ ᠪᠠ ᠡᠵᠡᠩᠨᠡᠵᠦ ᠠᠵᠢᠯᠯᠠᠭᠤᠯᠬᠤ ᠵᠠᠷᠤᠳᠠᠯ ᠳᠣᠭᠢᠷᠠᠭᠤᠯᠬᠤ ᠥᠬᠡᠶ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠲᠦᠷᠦᠭᠦᠯᠡᠵᠦ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | | | | | |