ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠣᠬᠢᠷᠲᠤᠯ ᠥᠬᠡᠶ ᠠᠭᠤᠷᠬᠠᠶ ᠶᠢᠨ ᠦᠢᠯᠡᠰ ᠢ ᠬᠥᠭᠵᠢᠭᠦᠯᠬᠦ ᠪᠠ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠤᠷᠢᠳ ᠬᠤᠵᠢᠳ ᠤᠯᠤᠰ ᠤᠨ ︽13.5︾ ︽14.5︾ ᠶᠢᠨ ᠬᠥᠲᠥᠯᠪᠦᠷᠢ ᠵᠢᠴᠢ ︽ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠳᠤ ᠪᠢᠴᠢᠨ ᠣᠷᠣᠭᠤᠯᠪᠠ᠃ 2017 ᠣᠨ ᠤ 3 ᠳ᠋ᠤᠭᠠᠷ ᠰᠠᠷ᠎ᠠ ᠳᠤ᠂ ᠤᠤᠯ ᠤᠨ ᠤᠯᠤᠰ ᠤᠨ | ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ 6 ᠶᠠᠮᠤᠨ ᠵᠥᠪᠯᠡᠯ ᠬᠠᠮᠲᠤᠷᠠᠨ ︽ᠪᠣᠬᠢᠷᠲᠤᠯ ᠥᠬᠡᠶ ᠠᠭᠤᠷᠬᠠᠶ ᠶᠢ | ᠲᠦᠷᠭᠡᠪᠴᠢᠯᠡᠨ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠤᠯᠤᠰ ᠨᠤᠲᠤᠭ ᠡᠬᠢ ᠲᠣᠭᠲᠠᠭᠠᠯ ﹇2017﹈ 4 ᠳ᠋ᠦ᠋ᠭᠡᠷ ᠲᠣᠭᠠᠲᠤ︶ ᠢ ᠳᠠᠷᠤᠮᠠᠯᠯᠠᠨ | ᠲᠠᠷᠬᠠᠭᠠᠪᠠ᠃ 2020 ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ︵ᠥᠪᠥᠷ ᠵᠠᠰᠠᠭ ᠲᠠᠷᠬᠠᠭᠠᠭᠰᠠᠨ ﹇2020﹈ | 18 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠰᠢᠨ᠎ᠡ ᠪᠠᠷ ᠪᠠᠶᠢᠭᠤᠯᠬᠤ᠂ ᠦᠢᠯᠡᠳᠪᠦᠷᠢᠯᠡᠯ ᠤᠨ ᠠᠭᠤᠷᠬᠠᠶ ᠶᠢᠨ ᠪᠣᠬᠢᠷᠲᠤᠯ ᠦᠭᠡᠢ | ᠪᠥᠲᠥᠭᠡᠨ ᠪᠠᠶᠢᠭᠤᠯᠤᠯᠲᠠ ᠶᠢ ᠡᠷᠴᠢᠮᠵᠢᠭᠦᠯᠬᠦ ᠬᠡᠷᠡᠭᠲᠡᠶ ᠭᠡᠵᠦ ᠱᠠᠭᠠᠷᠳᠠᠪᠠ᠃ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ | ᠪᠣᠬᠢᠷᠲᠤᠯ ᠥᠬᠡᠶ ᠠᠭᠤᠷᠬᠠᠶ ᠶᠢ ᠨᠡᠩ ᠣᠯᠠᠨ ᠪᠦᠲᠦᠭᠡᠨ ᠪᠠᠶᠢᠭᠤᠯᠬᠤ ᠬᠡᠷᠡᠭᠲᠡᠶ︾ ᠭᠡᠵᠦ ᠱᠠᠭᠠᠷᠳᠠᠪᠠ᠃ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠨ᠎ᠡ ᠵᠣᠷᠢᠭ ᠰᠠᠨᠠᠭ᠎ᠠ᠂ ᠰᠢᠨ᠎ᠡ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠣᠬᠢᠷᠲᠤᠯ ᠥᠬᠡᠶ ᠠᠭᠤᠷᠬᠠᠶ ᠶᠢ ᠰᠢᠯᠢᠨ ᠰᠣᠩᠭᠤᠬᠤ ᠪᠠ ᠬᠢᠨᠠᠨ ᠬᠠᠮᠢᠶᠠᠷᠬᠤ ᠠᠵᠢᠯ ᠢ ᠨᠠᠩ ᠰᠠᠶᠢᠨ ᠥᠷᠨᠢᠭᠦᠯᠬᠦ ᠶᠢ | ᠵᠢᠷᠤᠮᠵᠢᠭᠤᠯᠤᠨ ᠵᠢᠯᠣᠭᠤᠳᠬᠤ ᠶᠢᠨ ᠲᠥᠯᠥᠭᠡ ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠦᠷᠭᠦᠯᠵᠢᠯᠡᠨ | ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ | ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠬᠠᠷᠠᠯᠲᠠ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠦᠨᠡᠯᠡᠬᠦ ᠭᠦᠢᠴᠡᠳᠬᠡᠯ ᠲᠤᠭ᠎ᠠ᠂ ᠭᠤᠶᠤᠴᠢᠯᠠᠨ ᠮᠡᠳᠡᠭᠦᠯᠵᠦ ᠦᠨᠡᠯᠡᠨ ᠵᠢᠱᠢᠵᠦ | ᠰᠢᠯᠢᠨ ᠰᠣᠩᠭᠤᠬᠤ ᠴᠤᠪᠤᠷᠠᠯ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠪᠠ᠃ | ᠬᠤᠶᠠᠷ᠂ ᠭᠤᠣᠯ ᠠᠭᠤᠯᠭ᠎ᠠ | ︽ᠮᠡᠳᠡᠭᠳᠡᠯ︾ ᠳᠤ 3 ᠬᠡᠰᠡᠭ ᠪᠠ 3 ᠳᠠᠭᠠᠯᠳᠤᠭᠤᠯᠤᠯ ᠪᠠᠭᠲᠠᠨ᠎ᠠ᠃ | ᠨᠢᠭᠡᠳᠦᠭᠡᠷ ᠬᠡᠰᠡᠭ ᠲᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠬᠠᠷᠠᠯᠲᠠ ᠶᠢ ᠲᠣᠳᠣᠷᠬᠠᠶᠢᠯᠠᠵᠤ᠂ ᠡᠭᠦᠨ ᠳᠤ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠲᠡᠭᠡᠳ᠂ ᠴᠠᠭ ᠤᠨ ᠬᠢᠵᠠᠭᠠᠷ ᠪᠠ ᠪᠣᠳᠠᠲᠠᠶ ᠱᠠᠭᠠᠷᠳᠠᠯᠭ᠎ᠠ ᠶᠢ ᠪᠠᠭᠲᠠᠭᠠᠨ᠎ᠠ︔ | ᠬᠤᠶᠠᠳᠤᠭᠠᠷ ᠬᠡᠰᠡᠭ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠲᠤᠬᠠᠢ ᠪᠠᠶᠢᠵᠤ᠂ ᠡᠭᠦᠨ ᠳᠤ | ᠪᠣᠬᠢᠷᠲᠤᠯ ᠥᠬᠡᠶ ᠠᠭᠤᠷᠬᠠᠶ ᠶᠢᠨ ᠠᠵᠢᠯ ᠲᠥᠷᠥᠯ ᠤᠨ ᠪᠠᠷᠢᠮᠵᠢᠶ᠎ᠠ ᠪᠠ ᠦᠨᠡᠯᠡᠬᠦ ᠭᠦᠢᠴᠡᠳᠬᠡᠯ ᠲᠤᠭ᠎ᠠ ᠶᠢ ᠪᠠᠶᠢᠭᠤᠯᠤᠨ ᠪᠦᠷᠢᠨᠰᠢᠭᠦᠯᠬᠦ᠂ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠣᠨ ᠤ ᠬᠠᠷᠠᠯᠲᠠᠲᠤ ᠡᠭᠦᠷᠭᠡ ᠶᠢ ᠲᠣᠭᠲᠠᠭᠠᠬᠤ᠂ ᠪᠣᠬᠢᠷᠲᠤᠯ ᠥᠬᠡᠶ ᠠᠭᠤᠷᠬᠠᠶ ᠶᠢ ᠮᠡᠳᠡᠭᠦᠯᠵᠦ ᠰᠢᠯᠭᠠᠷᠠᠭᠤᠯᠬᠤ | ᠴᠤᠪᠤᠷᠠᠯ ᠢ ᠴᠢᠩᠳᠠᠯᠠᠬᠤ᠂ ᠭᠤᠷᠪᠠᠳᠠᠬᠢ ᠡᠲᠡᠭᠡᠳ ᠦᠨᠡᠯᠡᠨ ᠵᠢᠱᠢᠬᠦ ᠬᠠᠮᠢᠶᠠᠷᠤᠯᠲᠠ ᠶᠢ ᠴᠢᠩᠭᠠᠳᠬᠠᠬᠤ᠂ ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ | ᠠᠭᠤᠷᠬᠠᠶ ᠶᠢ ᠪᠥᠲᠥᠭᠡᠨ ᠪᠠᠶᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠢᠯᠢᠳᠡᠭ ᠢ ᠨᠢ ᠰᠣᠩᠭᠤᠵᠤ ᠤᠯᠤᠰ ᠤᠨ ᠲᠠᠰ ᠤᠨ | ᠪᠣᠬᠢᠷᠲᠤᠯ ᠥᠬᠡᠶ ᠠᠭᠤᠷᠬᠠᠶ ᠳᠤ ᠲᠠᠨᠢᠯᠴᠠᠭᠤᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠵᠡᠷᠭᠡ ᠶᠢ ᠪᠠᠭᠲᠠᠭᠠᠨ᠎ᠠ︔ | ᠭᠤᠷᠪᠠᠳᠤᠭᠠᠷ ᠬᠡᠰᠡᠭ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠬᠤ ᠲᠤᠬᠠᠢ ᠪᠠᠶᠢᠵᠤ᠂ ᠡᠭᠦᠨ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠰᠢᠯᠭᠠᠨ ᠬᠢᠨᠠᠬᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠨ᠎ᠠ᠃ | 3 ᠳᠠᠭᠠᠯᠳᠤᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ | ᠦᠨᠡᠯᠡᠬᠦ ᠭᠦᠢᠴᠡᠳᠬᠡᠯ ᠲᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠭᠤᠶᠤᠴᠢᠯᠠᠨ ᠮᠡᠳᠡᠭᠦᠯᠬᠦ ᠦᠨᠡᠯᠡᠨ | ᠵᠢᠱᠢᠬᠦ ᠰᠢᠯᠢᠨ ᠰᠣᠩᠭᠤᠬᠤ ᠠᠵᠢᠯ ᠤᠨ ᠴᠤᠪᠤᠷᠠᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠭᠲᠠᠨ᠎ᠠ᠃ | ᠭᠤᠷᠪᠠ᠂ ᠭᠤᠣᠯ ᠣᠨᠴᠠᠯᠢᠭ | ᠨᠢᠭᠡ ᠳᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠠᠵᠤ ᠠᠬᠤᠶᠢᠯᠠᠯ ᠭᠤᠤᠯᠯᠠᠨ ᠪᠠᠶᠢᠭᠤᠯᠬᠤ᠂ | ᠨᠡᠶᠢᠭᠡᠮ ᠳᠠᠶᠠᠭᠠᠷ ᠬᠢᠨᠠᠯᠲᠠ ᠲᠠᠯᠪᠢᠭᠰᠠᠨ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠲᠣᠭᠲᠠᠴᠠ ᠶᠢ ᠤᠯᠠᠮ ᠨᠢᠭᠡ ᠠᠯᠬᠤᠮ | ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠢᠶᠠᠷ ᠲᠦᠷᠦᠭᠦᠯᠡᠭᠦᠯᠦᠨ᠂ ᠬᠤᠯᠪᠣᠭᠳᠠᠯ ᠪᠥᠬᠦᠶ ᠭᠤᠤᠯᠴᠢᠯᠠᠨ | ᠬᠠᠮᠢᠶᠠᠷᠬᠤ 14 ᠰᠠᠯᠠᠭ᠎ᠠ ᠮᠥᠴᠢᠷ ᠪᠠ ᠨᠢᠭᠡᠴᠢ ᠪᠠᠷ ᠪᠦᠷᠢᠯᠳᠦᠭᠰᠡᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ | ᠲᠣᠭᠲᠠᠴᠠ ᠶᠢ ᠲᠣᠳᠣᠷᠬᠠᠶ ᠪᠠᠶᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠵᠦᠢᠯᠡᠰ ᠪᠠ ᠴᠢᠬᠤᠯᠠ | ᠶᠡᠭᠡ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠨ᠎ᠡ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠣᠯᠠᠨ ᠵᠢᠯ ᠤᠨ ᠲᠤᠷᠰᠢᠯᠭ᠎ᠠ ᠶᠢ | ᠳ᠋ᠦᠩᠨᠡᠭᠰᠡᠨ ᠰᠠᠭᠤᠷᠢᠨ ᠳᠡᠭᠡᠷ᠎ᠡ᠂ ᠪᠣᠬᠢᠷᠲᠤᠯ ᠥᠬᠡᠶ ᠠᠭᠤᠷᠬᠠᠶ ᠶᠢ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠴᠤᠪᠤᠷᠠᠯ ᠪᠠ ᠱᠠᠭᠠᠷᠳᠠᠯᠭ᠎ᠠ ᠳᠤ ᠤᠯᠠᠮ ᠨᠢᠭᠡ | ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠢ ᠵᠣᠬᠢᠶᠠᠨ ᠪᠠᠶᠢᠭᠤᠯᠵᠤ ᠬᠤᠯᠪᠣᠭᠠᠯᠠᠨ ᠬᠢᠨᠠᠨ ᠪᠠᠶᠢᠴᠠᠭᠠᠬᠤ ᠶᠢ ᠲᠣᠳᠣᠷᠬᠠᠶ ᠲᠣᠭᠲᠠᠭᠠᠵᠤ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ | ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ | ᠭᠤᠷᠪᠠ ᠳᠤ᠂ ᠡᠯ᠎ᠡ ᠰᠠᠯᠠᠭ᠎ᠠ ᠮᠥᠴᠢᠷ ᠤᠳ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠠᠬᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠷᠢᠯᠢᠬᠵᠢᠭᠤᠯᠤᠭᠰᠠᠨ ᠤ ᠬᠠᠮᠲᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ︾ ᠶᠢᠨ ᠡᠯ᠎ᠡ ᠵᠦᠢᠯ ᠤᠨ ᠭᠦᠢᠴᠡᠳᠬᠡᠯ | ᠲᠤᠭ᠎ᠠ ᠳᠤ ᠬᠢᠨᠠᠯᠲᠠ ᠬᠠᠮᠢᠶᠠᠷᠤᠯᠲᠠ ᠬᠢᠬᠦ ᠰᠠᠯᠠᠭ᠎ᠠ ᠮᠥᠴᠢᠷ ᠤᠳ ᠢ ᠲᠣᠳᠣᠷᠬᠠᠶᠢᠯᠠᠵᠤ᠂ ᠪᠣᠬᠢᠷᠲᠤᠯ ᠥᠬᠡᠶ ᠠᠭᠤᠷᠬᠠᠶ ᠶᠢ ᠠᠩᠬ᠎ᠠ ᠬᠢᠨᠠᠬᠤ᠂ ᠬᠢᠨᠠᠨ ᠪᠠᠶᠢᠴᠠᠭᠠᠵᠤ | ᠦᠨᠡᠯᠡᠨ ᠵᠢᠱᠢᠬᠦ᠂ ᠬᠠᠷᠭᠤᠭᠤᠯᠤᠨ ᠪᠠᠶᠢᠴᠠᠭᠠᠬᠤ ᠪᠠ ᠡᠳᠦᠷ ᠲᠤᠲᠤᠮ ᠬᠥᠳᠡᠯᠦᠩᠭᠦᠶ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠳᠤ ᠰᠠᠯᠠᠭ᠎ᠠ | ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ᠳᠥᠷᠪᠡ ᠳᠤ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠤᠨ ᠰᠠᠭᠤᠷᠢᠨ ᠳᠡᠭᠡᠷ᠎ᠡ ᠪᠣᠬᠢᠷᠲᠤᠯ ᠥᠬᠡᠶ ᠠᠭᠤᠷᠬᠠᠶ ᠳᠤ ᠬᠡᠷᠡᠭᠯᠡᠬᠦ ᠭᠠᠵᠠᠷ | ᠠᠭᠤᠷᠬᠠᠶ ᠶᠢ ᠳᠡᠮᠵᠢᠬᠦ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠠᠯ᠎ᠠ ᠪᠠᠷ ᠬᠢ ᠨᠠᠶᠢᠳᠠᠪᠤᠷᠢᠵᠢᠭᠤᠯᠵᠤ ᠪᠣᠯᠬᠤ᠂ ᠪᠣᠳᠠᠲᠠᠶ ᠬᠡᠷᠡᠭᠵᠢᠭᠦᠯᠬᠦ ᠴᠢᠨᠠᠷ ᠢᠶᠠᠷ ᠴᠢᠩᠭ᠎ᠠ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃ | ᠲᠠᠪᠤ ᠳᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠶᠢ ᠥᠷᠨᠢᠭᠦᠯᠦᠭᠡᠳᠦᠶ ᠲᠣᠮᠣ ᠳᠤᠮᠳᠠ ᠬᠡᠯᠪᠡᠷᠢ ᠶᠢᠨ | ᠠᠭᠤᠷᠬᠠᠶ ᠶᠢ ᠵᠢᠭᠠᠨ ᠵᠢᠯᠣᠭᠤᠳᠴᠤ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠠᠶᠢᠮᠠᠭ ᠬᠤᠲᠠ ᠶᠢᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠨ | ᠣᠨ ᠤ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠬᠤ ᠶᠢ ᠴᠢᠬᠤᠯᠠᠴᠢᠯᠠᠪᠠ᠃ | ᠵᠢᠷᠭᠤᠭ᠎ᠠ ᠳᠤ᠂ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠲᠡᠮᠳᠡᠭᠯᠡᠯ ᠤᠨ ᠬᠥᠳᠡᠯᠦᠩᠭᠦᠶ ᠬᠠᠮᠢᠶᠠᠷᠤᠯᠲᠠ ᠶᠢᠨ ᠠᠭᠤᠯᠭ᠎ᠠ ᠶᠢ ᠤᠯᠠᠮ ᠨᠢᠭᠡ | ᠠᠯᠬᠤᠮ ᠨᠠᠷᠢᠯᠢᠭᠵᠢᠭᠤᠯᠵᠤ᠂ ︽ᠵᠡᠭᠦᠯᠲᠡ ᠬᠠᠳᠠᠬᠤ᠂ ᠬᠤᠭᠤᠴᠠᠭ᠎ᠠ ᠲᠣᠭᠲᠠᠭᠠᠨ ᠴᠡᠭᠴᠡᠯᠡᠬᠦ᠂ ᠨᠡᠷᠡᠰ ᠤᠨ ᠵᠢᠭᠰᠠᠭᠠᠯᠲᠠ ᠠᠴᠠ ᠭᠠᠷᠭᠠᠬᠤ︾ ᠪᠠᠶᠢᠳᠠᠯ ᠢ ᠨᠡᠮᠡᠪᠡ᠃ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠦᠨᠡᠯᠡᠬᠦ ᠭᠦᠢᠴᠡᠳᠬᠡᠯ ᠲᠤᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠦᠢᠴᠡᠳᠬᠡᠯ | ᠲᠤᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠶᠢ ᠳᠣᠪᠤᠶᠢᠯᠭᠠᠵᠤ᠂ ᠬᠠᠶᠢᠷ ᠴᠢᠯᠠᠭᠤ ᠰᠢᠷᠣᠶ ᠶᠢᠨ ᠲᠥᠷᠥᠯ ᠤᠨ | ᠠᠭᠤᠷᠬᠠᠶ ᠳᠤ᠂ ᠲᠡᠭᠦᠨ ᠤ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠳᠣᠭᠢᠷᠠᠬᠤ ᠪᠣᠬᠢᠷᠲᠤᠯ ᠥᠬᠡᠶ ᠠᠭᠤᠷᠬᠠᠶ ᠶᠢ ᠦᠨᠡᠯᠡᠬᠦ ᠭᠦᠢᠴᠡᠳᠬᠡᠯ ᠲᠤᠭ᠎ᠠ ᠲᠣᠭᠲᠠᠭᠠᠵᠤ | ᠂ ᠭᠦᠢᠴᠡᠳᠬᠡᠯ ᠲᠤᠭ᠎ᠠ ᠶᠢᠨ ᠬᠡᠷᠡᠭᠯᠡᠬᠦ ᠳᠤ ᠵᠣᠬᠢᠷᠠᠬᠤ ᠴᠢᠨᠠᠷ ᠪᠠ ᠬᠡᠷᠡᠭᠵᠢᠭᠦᠯᠬᠦ᠋ᠢᠴᠡ ᠴᠢᠨᠠᠷ ᠢ ᠦᠨᠡᠬᠡᠷ ᠳᠡᠭᠡᠭᠰᠢᠯᠡᠭᠦᠯᠦᠨ᠂ ᠦᠨᠡᠯᠡᠬᠦ ᠭᠦᠢᠴᠡᠳᠬᠡᠯ ᠲᠤᠭ᠎ᠠ ᠶᠢ | ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠ ᠳᠡᠭᠡᠭᠰᠢᠯᠡᠭᠦᠯᠬᠦ ᠴᠢᠨᠠᠷᠲᠠᠶ ᠭᠦᠢᠴᠡᠳᠬᠡᠯ ᠲᠤᠭ᠎ᠠ ᠪᠣᠯᠭᠠᠨ ᠳᠣᠭᠢᠷᠠᠭᠤᠯᠵᠤ᠂ ᠬᠢᠵᠠᠭᠠᠷᠯᠠᠬᠤ ᠴᠢᠨᠠᠷᠲᠠᠶ | ᠭᠦᠢᠴᠡᠳᠬᠡᠯ ᠲᠤᠭ᠎ᠠ ᠪᠠᠷ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠪᠠ᠃ | ᠳᠥᠷᠪᠡ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ | ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠤᠨ᠎ᠠ᠂ ︽ | ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ ᠡᠮᠦᠨ᠎ᠡ ᠨᠢᠭᠡᠨᠲᠡ ᠳᠠᠷᠤᠮᠠᠯᠯᠠᠨ ᠲᠠᠷᠬᠠᠭᠠᠭᠰᠠᠨ ᠪᠤᠰᠤᠳ ᠪᠢᠴᠢᠭ ᠮᠠᠲ᠋ᠧᠷᠢᠶᠠᠯ ᠨᠢ ᠲᠣᠰ ︽ᠮᠡᠳᠡᠭᠳᠡᠯ︾ ᠤᠨ | ᠲᠣᠭᠲᠠᠭᠠᠯ ᠯᠤᠭ᠎ᠠ ᠨᠢᠭᠡᠳᠦᠯ ᠥᠬᠡᠶ ᠪᠠᠶᠢᠪᠠᠯ᠂ ︽ᠮᠡᠳᠡᠭᠳᠡᠯ︾ ᠶᠣᠰᠣᠭᠠᠷ ᠬᠡᠷᠡᠭᠵᠢᠭᠦᠯᠦᠨ᠎ᠡ᠃ |