ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠡᠶᠢᠳᠠᠪᠤᠷᠢᠵᠢᠭᠤᠯᠲᠤᠭᠠᠢ | ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ | ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ | | ︽ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠵᠤ ᠰᠦ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ | ᠪᠠᠲᠤᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 43 ᠳ᠋ᠤᠭᠠᠷ | ᠲᠣᠭᠠᠲᠤ︶᠂ ︽ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 31 ᠳ᠋ᠤᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ | ᠶᠣᠰᠣᠭᠠᠷ᠂ ᠣᠳᠣᠬᠠᠨ ᠳᠠᠬᠢ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠥᠪᠡᠷ ᠤᠨ ᠥᠷᠳᠡᠭ ᠥᠨᠳᠥᠷ᠂ ᠦᠢᠯᠡᠳᠪᠦᠷᠢᠯᠡᠯ ᠪᠣᠷᠣᠯᠠᠭᠤᠯᠭ᠎ᠠ ᠶᠢ | ᠵᠣᠯᠭᠠᠯᠳᠤᠭᠤᠯᠬᠤ ᠨᠢ ᠠᠪᠴᠠᠯᠳᠤᠩᠭᠤᠢ ᠪᠤᠰᠤ᠂ ᠪᠦᠲᠦᠭᠡᠭᠳᠡᠭᠦᠨ ᠤ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠨᠢ ᠠᠨᠠᠶᠢᠬᠠᠨ | ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠦ ᠰᠠᠭᠠᠯᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ | ᠳᠡᠪᠰᠢᠬᠦ ᠶᠢ ᠲᠦᠷᠭᠡᠳᠬᠡᠵᠦ᠂ ︽ᠰᠢᠷᠬᠡᠭ ᠡᠪᠡᠰᠦ ᠠᠴᠠ ᠠᠶᠠᠭ᠎ᠠ ᠰᠦ ᠬᠦᠷᠲᠡᠯᠡᠬᠢ︾ ᠪᠥᠬᠦ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ︽ᠡᠪᠡᠰᠦᠨ ᠤ ᠢᠷᠡᠯᠲᠡ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠴᠢᠯᠠᠨ ᠲᠡᠵᠢᠭᠡᠬᠦ ᠥᠪᠡᠷ ᠤᠨ | ᠥᠷᠳᠡᠭ ᠢ ᠪᠠᠭᠤᠷᠠᠭᠤᠯᠤᠨ᠎ᠠ | 1. ᠮᠠᠯᠯᠠᠨ ᠲᠥᠯᠵᠢᠭᠦᠯᠬᠦ ᠳᠤ ᠵᠣᠷᠢᠭᠤᠯᠵᠤ ᠲᠠᠷᠢᠬᠤ᠂ ᠲᠠᠷᠢᠵᠤ ᠮᠠᠯᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠳᠤᠨ ᠭᠤᠣᠯ᠂ ᠨᠣᠨ ᠮᠥᠷᠡᠨ᠂ | ᠪᠠᠷᠠᠭᠤᠨ ᠯᠢᠶᠥᠥ ᠾᠧ ᠭᠤᠣᠯ ᠤᠨ ᠰᠠᠪᠠ ᠭᠠᠵᠠᠷ ᠪᠠ ᠬᠥᠯᠥᠨ ᠪᠦᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠶᠡᠭᠡ ᠰᠦ ᠶᠢᠨ ᠢᠷᠡᠯᠲᠡ ᠶᠢᠨ | ᠰᠠᠭᠤᠷᠢᠨ ᠭᠠᠵᠠᠷ ᠲᠤ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠵᠤ ᠤᠷᠭᠤᠭᠤᠯᠬᠤ ᠶᠢ ᠳᠡᠮᠵᠢᠵᠦ᠂ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ | ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ ᠣᠶᠢᠷ᠎ᠠ ᠬᠠᠪᠢ ᠠᠴᠠ ᠪᠠᠨ ᠬᠤᠷᠢᠶᠠᠨ ᠬᠠᠳᠠᠭᠠᠯᠠᠵᠤ ᠪᠠᠶᠢᠭ᠎ᠠ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠠ | ᠰᠠᠭᠠᠯᠢ ᠶᠢᠨ ᠲᠠᠷᠢᠶᠠᠴᠢᠳ ᠤᠨ ᠬᠤᠷᠰᠢᠶᠠᠵᠢᠯ ᠳᠤ ᠰᠠᠭᠠᠯᠢ ᠶᠢᠨ ᠦᠨᠢᠶ᠎ᠡ ᠪᠦᠷᠢ 5.5 ᠲᠣᠨ᠂ ᠲᠣᠨ ᠪᠦᠷᠢ 50 ᠲᠥᠭᠦᠷᠢᠭ ︵ᠥᠪᠡᠷᠲᠡᠭᠡᠨ ᠵᠠᠰᠠᠬᠤ ᠣᠷᠣᠨ | 30 ᠲᠥᠭᠦᠷᠢᠭ ᠤᠨ ᠨᠡᠮᠡᠭᠦᠷᠢ ᠥᠭᠴᠦ᠂ ᠠᠶᠢᠮᠠᠭ ᠬᠤᠲᠠ 20 ᠲᠥᠭᠦᠷᠢᠭ ᠤᠨ ᠨᠡᠮᠡᠭᠦᠷᠢ ᠥᠭᠭᠦᠨ᠎ᠡ︶ ᠤᠨ ᠪᠠᠷᠢᠮᠵᠢᠶ᠎ᠠ ᠶᠣᠰᠣᠭᠠᠷ ᠳᠠᠷᠤᠰᠢᠭᠤᠯᠤᠭᠰᠠᠨ ᠡᠷᠳᠡᠨᠢ | ᠰᠢᠰᠢ ᠶᠢᠨ ᠬᠤᠷᠢᠶᠠᠨ ᠬᠠᠳᠠᠭᠠᠯᠠᠬᠤ ᠨᠡᠮᠡᠭᠦᠷᠢ ᠣᠯᠭᠤᠵᠤ᠂ ᠳᠠᠷᠤᠰᠢᠭᠤᠯᠤᠭᠰᠠᠨ ᠴᠠᠷᠭᠠᠰᠤ᠂ ᠬᠠᠳᠠᠭᠠᠭᠰᠠᠨ ᠡᠪᠡᠰᠦ ᠶᠢ ᠬᠠᠷᠢᠴᠠᠯ ᠢᠶᠠᠷ ᠨᠤᠭᠤᠯᠤᠨ ᠪᠣᠳᠣᠵᠤ᠂ | ᠰᠠᠭᠠᠯᠢ ᠶᠢᠨ ᠢᠮᠠᠭ᠎ᠠ᠂ ᠰᠠᠭᠠᠯᠢ ᠶᠢᠨ ᠢᠩᠭᠡ᠂ ᠰᠠᠭᠠᠯᠢ ᠶᠢᠨ ᠭᠡᠭᠦᠦ ᠶᠢ ᠬᠠᠷᠢᠴᠠᠯ ᠢᠶᠠᠷ ᠨᠤᠭᠤᠯᠤᠨ ᠪᠣᠳᠣᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠬᠤᠷᠢᠳᠤᠭᠠᠷ | ᠵᠦᠢᠯ ᠠᠴᠠ ᠪᠤᠰᠤᠳ᠂ ᠳᠣᠣᠷᠠᠬᠢ ᠡᠯ᠎ᠡ ᠵᠦᠢᠯ ᠤᠨ ᠡᠭᠦᠷᠭᠡ ᠶᠢ ᠪᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠨᠡᠶᠢᠳᠠᠪᠤᠷᠢᠵᠢᠭᠤᠯᠬᠤ ᠬᠡᠷᠡᠭᠲᠡᠢ ᠪᠣᠯᠬᠤᠷ ᠳᠠᠬᠢᠵᠤ ᠠᠰᠲᠠᠭᠠᠨ ᠵᠢᠭᠰᠠᠭᠠᠬᠤ ᠦᠭᠡᠢ︶ | 2. ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠳᠠᠬᠢ ᠤᠯᠤᠰ ᠤᠨ ᠭᠠᠷᠤᠯᠲᠠᠲᠤ ᠰᠠᠶᠢᠨ ᠡᠭᠦᠯᠳᠡᠷ ᠤᠨ ᠴᠠᠷᠭᠠᠰᠤ ᠶᠢᠨ | ᠴᠢᠨᠠᠷ ᠢ ᠨᠢ ᠰᠠᠶᠢᠵᠢᠷᠠᠭᠤᠯᠵᠤ ᠭᠠᠷᠤᠯᠲᠠ ᠶᠢ ᠨᠢ ᠨᠡᠮᠡᠭᠳᠡᠭᠦᠯᠬᠦ ᠶᠢ ᠠᠬᠢᠭᠤᠯᠵᠤ᠂ ᠲᠥᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠲᠠᠷᠢᠭᠰᠠᠨ ᠲᠠᠯᠠᠪᠠᠢ ᠨᠢ | 500 ᠮᠦ ᠠᠴᠠ ᠳᠡᠭᠡᠭᠰᠢ ᠬᠥᠷᠥᠭᠰᠡᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ ︶ ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ | ᠭᠡᠷ᠎ᠡ ᠲᠣᠭᠲᠠᠭᠰᠠᠨ ᠴᠠᠷᠭᠠᠰᠤ ᠲᠠᠷᠢᠭᠰᠠᠨ ᠭᠤᠣᠯ ᠴᠣᠭᠴᠠ ᠳᠤ᠂ 3 ᠵᠢᠯ ᠬᠤᠪᠢᠶᠠᠨ ᠮᠦ ᠪᠦᠷᠢ ᠳᠤ ᠨᠢ 1000 ᠲᠥᠭᠦᠷᠢᠭ ᠤᠨ ᠨᠡᠮᠡᠭᠦᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠴᠠᠷᠭᠠᠰᠤᠨ ᠤ ᠦᠷ᠎ᠡ ᠦᠷᠡᠵᠢᠭᠦᠯᠦᠨ ᠪᠦᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠨᠡᠮᠡᠭᠦᠷᠢ ᠥᠭᠬᠦ ᠪᠣᠳᠣᠯᠭ᠎ᠠ ᠶᠢ | ᠬᠡᠷᠡᠭᠵᠢᠭᠦᠯᠵᠦ᠂ ᠦᠷᠡᠵᠢᠭᠦᠯᠦᠨ ᠪᠦᠢᠵᠢᠭᠤᠯᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠭᠰᠠᠨ ᠠᠩᠬᠠᠨ ᠤ ᠵᠢᠯ ᠳᠤ ᠮᠦ ᠪᠦᠷᠢ ᠳᠤ ᠨᠢ 500 ᠲᠥᠭᠦᠷᠢᠭ ᠤᠨ | ᠨᠡᠮᠡᠭᠦᠷᠢ ᠣᠯᠭᠤᠵᠤ᠂ ᠲᠣᠭᠲᠠᠭᠰᠠᠨ ᠭᠠᠷᠤᠯᠲᠠ ᠶᠢᠨ ᠬᠡᠮᠵᠢᠶ᠎ᠡ ᠳᠤ ᠬᠥᠷᠥᠭᠰᠡᠨ ᠤ ᠰᠡᠭᠦᠯᠡᠷ ᠵᠢᠯ ᠳᠤ ᠮᠦ ᠪᠦᠷᠢ ᠳᠤ ᠨᠢ 300 ᠲᠥᠭᠦᠷᠢᠭ ᠤᠨ ᠪᠠᠷᠢᠮᠵᠢᠶ᠎ᠠ ᠪᠠᠷ | ᠨᠡᠮᠡᠭᠦᠷᠢ ᠣᠯᠭᠤᠨ᠎ᠠ᠃ ︽ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠦᠷ᠎ᠡ ᠡᠭᠦᠯᠳᠡᠷ ᠢ ᠰᠣᠩᠭᠤᠨ ᠪᠦᠢᠵᠢᠭᠤᠯᠬᠤ ᠵᠢᠴᠢ ᠠᠵᠤ ᠦᠢᠯᠡᠰ ᠤᠨ ᠵᠢᠱᠢᠶ᠎ᠡ ᠦᠵᠡᠭᠦᠯᠬᠦ︾ | ᠲᠠᠯ᠎ᠠ ᠪᠠᠷ ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ ᠲᠥᠷᠥᠯ ᠵᠦᠢᠯ ᠢ ᠬᠡᠷᠡᠭᠵᠢᠭᠦᠯᠵᠦ᠂ ᠠᠳᠠᠯᠢ ᠪᠤᠰᠤ ᠣᠷᠣᠨ ᠪᠦᠰᠡ ᠶᠢᠨ ᠣᠷᠴᠢᠨ ᠨᠦᠭᠦᠴᠡᠯ ᠳᠤ | ᠲᠣᠬᠢᠷᠠᠬᠤ ᠰᠢᠨ᠎ᠡ ᠦᠷ᠎ᠡ ᠡᠭᠦᠯᠳᠡᠷ ᠪᠠ ᠥᠨᠳᠥᠷ ᠤᠭᠤᠷᠠᠭᠲᠤ ᠴᠠᠷᠭᠠᠰᠤ ᠶᠢᠨ ᠰᠢᠨ᠎ᠡ ᠦᠷ᠎ᠡ ᠡᠭᠦᠯᠳᠡᠷ ᠢ ᠪᠤᠶᠢᠵᠢᠭᠤᠯᠵᠤ᠂ ᠤᠯᠤᠰ ᠤᠨ ᠭᠠᠷᠤᠯᠲᠠᠲᠤ | ᠮᠠᠭᠤᠵᠢᠷᠠᠮᠠᠯ ᠦᠷ᠎ᠡ ᠡᠭᠦᠯᠳᠡᠷ ᠤᠨ ᠴᠠᠷᠭᠠᠰᠤ ᠶᠢ ᠴᠡᠪᠡᠷᠵᠢᠭᠦᠯᠦᠨ ᠢᠳᠡᠷᠬᠡᠭᠵᠢᠭᠦᠯᠦᠨᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠢ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ︽ᠦᠷ᠎ᠡ ᠡᠭᠦᠯᠳᠡᠷ ᠤᠨ ᠢᠷᠡᠯᠲᠡ︾ ᠶᠢᠨ ᠲᠠᠯ᠎ᠠ ᠪᠠᠷ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠭᠠᠯᠢ ᠶᠢᠨ ᠮᠠᠯ ᠤᠨ | ᠰᠠᠶᠢᠨ ᠡᠭᠦᠯᠳᠡᠷ ᠢ ᠦᠷᠡᠵᠢᠭᠦᠯᠦᠨ ᠪᠦᠢᠵᠢᠭᠤᠯᠬᠤ ᠪᠠᠨ ᠴᠢᠩᠭᠠᠳᠬᠠᠨ᠎ᠠ | 4. ᠦᠵᠦᠭᠦᠷᠯᠡᠬᠦ ᠳᠡᠰ ᠤᠨ ᠦᠷ᠎ᠡ ᠡᠭᠦᠯᠳᠡᠷ ᠤᠨ ᠪᠤᠬ᠎ᠠ ᠪᠤᠶᠢᠵᠢᠭᠤᠯᠬᠤ ᠶᠢ ᠳᠡᠮᠵᠢᠵᠦ᠂ ᠡᠭᠦᠯᠳᠡᠷ ᠲᠥᠯᠵᠢᠭᠦᠯᠬᠦ ᠴᠢᠳᠠᠪᠤᠷᠢ ᠶᠢᠨ ᠦᠨᠡᠯᠡᠯᠲᠡ ᠵᠢᠴᠢ | ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠠᠷᠭ᠎ᠠ ᠶᠢ ᠦᠨᠳᠦᠰᠦᠯᠡᠨ᠂ ᠡᠭᠦᠯᠳᠡᠷ ᠲᠥᠯᠵᠢᠭᠦᠯᠬᠦ ᠴᠢᠳᠠᠪᠤᠷᠢ ᠶᠢ ᠨᠢ ᠦᠨᠡᠯᠡᠭᠰᠡᠨ ᠦᠷ᠎ᠡ ᠳ᠋ᠦᠩ ᠨᠢ ᠰᠠᠶᠢᠨ ᠵᠡᠷᠭᠡ | ᠳᠡᠰ ᠠᠴᠠ ᠳᠡᠭᠡᠭᠰᠢ ᠳᠤ ᠬᠥᠷᠥᠭᠰᠡᠨ ᠰᠠᠭᠠᠯᠢ ᠶᠢᠨ ᠦᠨᠢᠶᠡᠨ ᠤ ᠡᠭᠦᠯᠳᠡᠷ ᠲᠥᠯᠵᠢᠭᠦᠯᠬᠦ ᠠᠵᠤ ᠠᠬᠤᠢᠢᠯᠠᠯ ᠳᠤ 100 ᠲᠦᠮᠡᠨ ᠲᠥᠭᠦᠷᠢᠭ ᠤᠨ ᠰᠠᠭᠤᠷᠢ ᠶᠢᠨ | ᠴᠢᠨᠠᠷᠲᠠᠢ ᠱᠠᠩᠨᠠᠯ ᠣᠯᠭᠤᠵᠤ᠂ ᠡᠭᠦᠨ ᠤ ᠰᠠᠭᠤᠷᠢᠨ ᠳᠡᠭᠡᠷ᠎ᠡ᠂ ᠵᠢᠯ ᠪᠦᠷᠢ ᠶᠢᠨ ᠨᠡᠷᠡᠰ ᠤᠨ ᠵᠢᠭᠰᠠᠭᠠᠯᠲᠠ ᠶᠢᠨ ᠳ᠋ᠦᠩ ᠢ ᠦᠨᠳᠦᠰᠦᠯᠡᠨ᠂ ᠳᠡᠯᠡᠬᠡᠢ ᠶᠢᠨ ᠡᠮᠦᠨ᠎ᠡ | 200 ᠨᠡᠷᠡᠰ ᠪᠤᠶᠤ ᠤᠯᠤᠰ ᠤᠨ ᠳᠣᠲᠣᠭᠠᠳᠤ ᠳᠤ ᠪᠠᠨ ᠡᠮᠦᠨ᠎ᠡ 50 ᠨᠡᠷᠡᠰ ᠲᠤ ᠲᠣᠳᠣᠷᠠᠭᠰᠠᠨ ᠬᠤᠰᠲ᠋ᠠᠨ ᠰᠠᠭᠠᠯᠢ ᠶᠢᠨ ᠦᠨᠢᠶ᠎ᠡ ᠶᠢ ᠪᠦᠢᠵᠢᠭᠤᠯᠤᠭᠰᠠᠨ | ᠡᠭᠦᠯᠳᠡᠷ ᠲᠥᠯᠵᠢᠭᠦᠯᠬᠦ ᠠᠵᠤ ᠠᠬᠤᠢᠢᠯᠠᠯ ᠳᠤ ᠲᠣᠯᠣᠭᠠᠢ ᠪᠦᠷᠢ ᠳᠤ ᠨᠢ 100 ᠲᠦᠮᠡᠨ ᠲᠥᠭᠦᠷᠢᠭ ᠱᠠᠩᠨᠠᠵᠤ᠂ 50 ︵ᠪᠠᠭᠲᠠᠭᠠᠬᠤ ᠦᠭᠡᠢ︶ — 100 | ᠨᠡᠷᠡᠰ ᠲᠤ ᠲᠣᠳᠣᠷᠠᠭᠰᠠᠨ ᠪᠣᠯ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠳᠣᠲᠣᠭᠠᠳᠤ ᠳᠤ ᠪᠠᠨ ᠡᠮᠦᠨ᠎ᠡ 100 ᠨᠡᠷᠡᠰ ᠲᠤ | ᠲᠣᠳᠣᠷᠠᠭᠰᠠᠨ ᠰᠢᠮᠧᠨ᠋ᠲᠠᠷ ᠦᠬᠡᠷ ᠢ ᠪᠤᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠢᠢᠯᠠᠯ ᠳᠤ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ | ᠱᠠᠩᠨᠠᠨ᠎ᠠ︔ ᠤᠯᠤᠰ ᠤᠨ ᠳᠣᠲᠣᠭᠠᠳᠤ ᠳᠤ ᠪᠠᠨ ᠡᠮᠦᠨ᠎ᠡ 5 ᠨᠡᠷᠡᠰ ᠲᠤ ᠲᠣᠳᠣᠷᠠᠭᠰᠠᠨ ᠰᠠᠨ ᠾᠧ ᠦᠬᠡᠷ ᠢ ᠪᠤᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ | ᠠᠬᠤᠢᠢᠯᠠᠯ ᠳᠤ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 5. ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ ᠶᠢ ᠪᠦᠲᠦᠭᠡᠨ ᠪᠠᠶᠢᠭᠤᠯᠬᠤ ᠶᠢ ᠳᠡᠮᠵᠢᠵᠦ᠂ | ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠳᠡᠰ ᠤᠨ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ ᠳᠤ ᠨᠢᠭᠡ ᠯᠡ ᠤᠳᠠᠭ᠎ᠠ ᠳᠤ 300 ᠲᠦᠮᠡᠨ | ᠲᠥᠭᠦᠷᠢᠭ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠲᠤ ᠨᠢᠭᠡ ᠯᠡ ᠤᠳᠠᠭ᠎ᠠ ᠳᠤ 200 ᠲᠦᠮᠡᠨ ᠲᠥᠭᠦᠷᠢᠭ ᠱᠠᠩᠨᠠᠨ᠎ᠠ᠃ ᠰᠠᠭᠠᠯᠢ ᠶᠢᠨ ᠮᠣᠩᠭᠤᠯ | ᠮᠣᠷᠢ᠂ ᠬᠤᠣᠰ ᠪᠥᠬᠦᠲᠦ ᠲᠡᠮᠡᠭᠡᠨ ᠤ ᠦᠷ᠎ᠡ ᠡᠭᠦᠯᠳᠡᠷ ᠢ ᠰᠣᠩᠭᠤᠨ ᠪᠦᠢᠵᠢᠭᠤᠯᠬᠤ ᠶᠢ ᠵᠣᠷᠢᠬᠵᠢᠭᠤᠯᠵᠤ᠂ ᠰᠦ ᠭᠠᠷᠬᠤ ᠴᠢᠳᠠᠮᠵᠢ ᠶᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 6. ᠰᠢᠯᠢᠳᠡᠭ ᠡᠭᠦᠯᠳᠡᠷ ᠦᠷᠡᠵᠢᠭᠦᠯᠦᠨ ᠪᠦᠢᠵᠢᠭᠤᠯᠬᠤ ᠮᠡᠷᠭᠡᠵᠢᠯ ᠢ ᠳᠡᠯᠭᠡᠷᠡᠭᠦᠯᠦᠨ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ | ᠬᠥᠪᠥᠷᠡᠯ ᠢ ᠬᠡᠷᠡᠭᠯᠡᠵᠦ᠂ ᠴᠢᠳᠠᠪᠬᠢ ᠶᠢᠨ ᠢᠯᠡᠳᠭᠡᠭᠴᠢ ᠶᠢ ᠨᠢ ᠦᠨᠳᠦᠰᠦᠯᠡᠨ᠂ ᠬᠥᠪᠥᠷᠡᠯ ᠪᠦᠷᠢ ᠳᠤ 1500 ᠲᠥᠭᠦᠷᠢᠭ᠂ 2500 ᠲᠥᠭᠦᠷᠢᠭ᠂ 3500 | ᠲᠥᠭᠦᠷᠢᠭ ᠢᠶᠠᠷ ᠳᠡᠰ ᠬᠤᠪᠢᠶᠠᠨ ᠨᠡᠮᠡᠭᠦᠷᠢ ᠥᠭᠭᠦᠨ᠎ᠡ︔ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ ᠬᠡᠷᠡᠭᠯᠡᠪᠡᠯ ᠲᠣᠯᠣᠭᠠᠢ | ᠪᠦᠷᠢ ᠳᠤ 120 ᠲᠥᠭᠦᠷᠢᠭ ᠤᠨ ᠨᠡᠮᠡᠭᠦᠷᠢ ᠥᠭᠭᠦᠨ᠎ᠡ︔ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ ᠬᠡᠷᠡᠭᠯᠡᠪᠡᠯ ᠲᠣᠯᠣᠭᠠᠢ ᠪᠦᠷᠢ ᠳᠤ 60 ᠲᠥᠭᠦᠷᠢᠭ ᠤᠨ | ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 7. ᠰᠠᠭᠠᠯᠢ ᠶᠢᠨ ᠦᠨᠢᠶᠡᠨ ᠤ ᠦᠢᠯᠡᠳᠪᠦᠷᠢᠯᠡᠯ ᠤᠨ ᠴᠢᠨᠰᠠᠭ᠎ᠠ ᠶᠢ ᠬᠡᠮᠵᠢᠨ ᠲᠣᠭᠲᠠᠭᠠᠬᠤ ᠲᠤᠭ᠎ᠠ ᠶᠢ ᠥᠷᠭᠡᠳᠬᠡᠵᠦ᠂ ᠦᠢᠯᠡᠳᠪᠦᠷᠢᠯᠡᠯ ᠤᠨ | ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠨᠢ ᠨᠢᠭᠡ ᠰᠠᠭᠠᠯᠢ ᠶᠢᠨ ᠦᠨᠢᠶ᠎ᠡ ᠬᠡᠮᠵᠢᠨ ᠲᠣᠭᠲᠠᠭᠠᠭᠠᠳ ᠪᠦᠲᠦᠮᠵᠢᠲᠡᠢ ᠲᠤᠭ᠎ᠠ ᠪᠠᠷᠢᠮᠲᠠ ᠶᠢ ᠨᠢ ᠳᠡᠭᠡᠭᠰᠢ | ᠳᠠᠮᠵᠢᠭᠤᠯᠬᠤ ᠪᠦᠷᠢ 70 ᠲᠥᠭᠦᠷᠢᠭ ᠤᠨ ᠨᠡᠮᠡᠭᠦᠷᠢ ᠥᠭᠴᠦ᠂ ᠳᠡᠭᠡᠷ᠎ᠡ ᠣᠨ ᠤ ᠬᠢ ᠲᠠᠢ ᠬᠠᠷᠢᠴᠠᠭᠤᠯᠪᠠᠯ ᠰᠢᠨ᠎ᠡ ᠪᠠᠷ ᠨᠡᠮᠡᠭᠳᠡᠭᠰᠡᠨ ᠬᠡᠮᠵᠢᠨ ᠲᠣᠭᠲᠠᠭᠠᠭᠰᠠᠨ | ᠪᠦᠲᠦᠮᠵᠢᠲᠡᠢ ᠲᠤᠭ᠎ᠠ ᠪᠠᠷᠢᠮᠲᠠ ᠨᠢ 3 ᠲᠦᠮᠡᠨ ᠲᠣᠯᠣᠭᠠᠢ ᠠᠴᠠ ᠳᠠᠪᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ 100 ᠲᠦᠮᠡᠨ ᠲᠥᠭᠦᠷᠢᠭ ᠱᠠᠩᠨᠠᠵᠤ᠂ | ᠪᠠᠶᠢᠴᠠᠭᠠᠨ ᠬᠡᠮᠵᠢᠬᠦ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠭᠤᠷᠪᠠ᠂ ︽ᠰᠦ ᠶᠢᠨ ᠢᠷᠡᠯᠲᠡ︾ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ | 8. ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢᠨ ᠦᠷᠭᠦᠯᠵᠢ ᠶᠢᠨ ᠴᠢᠨᠠᠷ ᠢ ᠪᠠᠷᠢᠮᠲᠠᠯᠠᠵᠤ᠂ | ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ 2019 ᠣᠨ ᠠᠴᠠ ᠰᠡᠭᠦᠯᠡᠷ᠂ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠠᠵᠢᠯ | ᠡᠬᠢᠯᠡᠭᠦᠯᠦᠨ ᠪᠠᠶᠢᠭᠤᠯᠵᠤ ᠪᠠᠶᠢᠭ᠎ᠠ ᠲᠥᠷᠥᠯ ᠵᠦᠢᠯ ᠪᠠ ᠨᠢᠭᠡᠨᠲᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠯᠡᠯᠴᠡᠭᠡᠷ ᠲᠣᠭᠲᠠᠭᠰᠠᠨ ᠬᠡᠪᠴᠢᠶᠡᠵᠢᠭᠰᠡᠨ | ᠰᠠᠭᠠᠯᠢ ᠶᠢᠨ ᠦᠨᠢᠶᠡᠨ ᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠡᠵᠢᠭᠡᠵᠦ ᠪᠠᠶᠢᠭ᠎ᠠ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠢ ᠨᠢ 3000 ᠳᠤ ᠬᠥᠷᠥᠭᠰᠡᠨ | ᠪᠣᠯ 600 ᠲᠦᠮᠡᠨ ᠲᠥᠭᠦᠷᠢᠭ ᠤᠨ ᠨᠡᠮᠡᠭᠦᠷᠢ ᠥᠭᠴᠦ᠂ 500 ᠲᠣᠯᠣᠭᠠᠢ ᠨᠡᠮᠡᠭᠳᠡᠬᠦ ᠪᠦᠷᠢ ᠠᠬᠢᠭᠠᠳ 100 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ | ᠨᠡᠮᠡᠭᠦᠷᠢ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ︽ᠭᠤᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾᠂ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ ᠪᠠ ︽ᠲᠣᠭᠠᠵᠢᠭᠤᠯᠤᠨ ᠣᠶᠤᠨᠴᠢᠯᠠᠭᠰᠠᠨ︾ ᠮᠠᠯᠵᠢᠯ ᠤᠨ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠲᠣᠯᠣᠭᠠᠢ ᠪᠦᠷᠢ ᠳᠤ 5000 ᠲᠥᠭᠦᠷᠢᠭ ᠤᠨ | ᠨᠡᠮᠡᠭᠦᠷᠢ ᠥᠭᠭᠦᠨ᠎ᠡ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3000 ᠲᠥᠭᠦᠷᠢᠭ ᠤᠨ ᠨᠡᠮᠡᠭᠦᠷᠢ ᠥᠭᠴᠦ᠂ ᠠᠶᠢᠮᠠᠭ ᠬᠤᠲᠠ ᠶᠢᠨ | ᠡᠳ᠋ ᠤᠨ ᠵᠠᠰᠠᠭ ᠠᠴᠠ 2000 ᠲᠥᠭᠦᠷᠢᠭ ᠤᠨ ᠨᠡᠮᠡᠭᠦᠷᠢ ᠥᠭᠭᠦᠨ᠎ᠡ᠃ ᠰᠡᠭᠦᠯᠡᠷ ᠰᠢᠨ᠎ᠡ ᠪᠠᠷ ᠪᠠᠶᠢᠭᠤᠯᠬᠤ ᠪᠤᠰᠤᠳ ᠲᠡᠵᠢᠭᠡᠨ ᠦᠷᠡᠵᠢᠭᠦᠯᠬᠦ ᠲᠠᠯᠠᠪᠠᠢ ᠳᠤ᠂ | ᠠᠶᠢᠮᠠᠭ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ | ︽ᠨᠢᠭᠡ ᠲᠠᠯᠠᠪᠠᠢ ᠳᠤ ᠨᠢᠭᠡ ᠪᠣᠳᠣᠯᠭ᠎ᠠ ᠬᠡᠷᠡᠭᠵᠢᠭᠦᠯᠬᠦ︾ ᠪᠠᠷ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 9. ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ | ᠴᠣᠭᠴᠠ ᠶᠢᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠰᠲ᠋ᠠᠨ ᠵᠡᠷᠭᠡ ᠢᠪᠢᠯᠬᠦ ᠳᠤ ᠲᠤᠰᠬᠠᠢ ᠬᠡᠷᠡᠭᠯᠡᠬᠦ ᠰᠠᠭᠠᠯᠢ ᠶᠢᠨ ᠦᠨᠢᠶ᠎ᠡ ᠶᠢ ᠲᠡᠵᠢᠭᠡᠨ | ᠦᠷᠡᠵᠢᠭᠦᠯᠬᠦ᠂ ᠮᠠᠯ ᠤᠨ ᠲᠤᠭ᠎ᠠ ᠲᠣᠯᠣᠭᠠᠢ ᠨᠢ 100 — 3000 ᠳᠤ ᠬᠥᠷᠥᠭᠰᠡᠨ ᠲᠡᠵᠢᠭᠡᠨ ᠦᠷᠡᠵᠢᠭᠦᠯᠬᠦ ᠭᠤᠣᠯ ᠴᠣᠭᠴᠠ ᠳᠤ᠂ ᠲᠣᠯᠣᠭᠠᠢ ᠪᠦᠷᠢ ᠳᠤ | 400 ᠲᠥᠭᠦᠷᠢᠭ ᠠᠴᠠ ᠳᠠᠪᠠᠭᠤᠯᠬᠤ ᠦᠭᠡᠢ ᠪᠠᠷᠢᠮᠵᠢᠶ᠎ᠠ ᠪᠠᠷ ᠨᠡᠮᠡᠭᠦᠷᠢ ᠥᠭᠴᠦ᠂ ᠦᠢᠯᠡᠳᠪᠦᠷᠢᠯᠡᠨ ᠡᠵᠡᠩᠨᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠲᠡᠵᠢᠭᠡᠬᠦ | ᠪᠡᠯᠡᠳᠭᠡᠮᠵᠢ ᠲᠣᠨᠣᠭᠯᠠᠯ ᠢᠶᠠᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ᠂ ᠦᠢᠯᠡᠳᠪᠦᠷᠢᠯᠡᠯ ᠤᠨ ᠥᠪᠡᠷ ᠤᠨ ᠥᠷᠳᠡᠭ ᠢᠶᠠᠨ ᠪᠠᠭᠤᠷᠠᠭᠤᠯᠬᠤ ᠳᠤ | ᠬᠡᠷᠡᠭᠯᠡᠭᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠵᠤ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ᠂ ᠡᠭᠦᠯᠳᠡᠷ ᠰᠣᠩᠭᠤᠵᠤ ᠬᠡᠭᠡᠯᠲᠦᠭᠦᠯᠬᠦ᠂ | ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠡᠵᠢᠭᠡᠨ ᠪᠣᠷᠳᠣᠬᠤ ᠬᠠᠮᠢᠶᠠᠷᠤᠯᠲᠠ᠂ ᠬᠢᠵᠢᠭ ᠡᠪᠡᠳᠴᠢᠨ ᠤ ᠰᠡᠷᠭᠡᠶᠢᠯᠡᠯᠲᠡ ᠡᠵᠡᠮᠳᠡᠯ ᠪᠠ ᠣᠷᠴᠢᠨ ᠲᠣᠭᠤᠷᠢᠨ ᠤ | ᠡᠵᠡᠮᠳᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ | ︶ | 10. ᠣᠨᠴᠠᠭᠠᠢ ᠲᠥᠷᠥᠯ ᠤᠨ ᠰᠠᠭᠠᠯᠢ ᠶᠢᠨ ᠮᠠᠯ ᠢ ᠲᠡᠵᠢᠭᠡᠨ ᠦᠷᠡᠵᠢᠭᠦᠯᠬᠦ ᠶᠢ ᠳᠡᠮᠵᠢᠵᠦ᠂ 2022 ᠣᠨ ︵ᠪᠠᠭᠲᠠᠨ᠎ᠠ︶ ᠠᠴᠠ ᠰᠡᠭᠦᠯᠡᠷ ᠰᠢᠨ᠎ᠡ ᠪᠠᠷ | ᠪᠠᠶᠢᠭᠤᠯᠤᠭᠰᠠᠨ 5000 ᠲᠣᠯᠣᠭᠠᠢ ᠠᠴᠠ ᠳᠡᠭᠡᠭᠰᠢᠬᠢ ᠰᠠᠭᠠᠯᠢ ᠶᠢᠨ ᠢᠮᠠᠭᠠᠨ ᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ 200 ᠲᠦᠮᠡᠨ | ᠲᠥᠭᠦᠷᠢᠭ ᠤᠨ ᠨᠡᠮᠡᠭᠦᠷᠢ ᠥᠭᠴᠦ᠂ 5000 ᠲᠣᠯᠣᠭᠠᠢ ᠨᠡᠮᠡᠭᠳᠡᠬᠦ ᠪᠦᠷᠢ 200 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ 2022 ᠣᠨ ︵ᠪᠠᠭᠲᠠᠨ᠎ᠠ︶ | ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 200 ᠠᠴᠠ ᠳᠡᠭᠡᠭᠰᠢᠬᠢ ᠲᠡᠮᠡᠭᠡᠨ ᠤ ᠲᠡᠵᠢᠭᠡᠨ ᠦᠷᠡᠵᠢᠭᠦᠯᠬᠦ ᠲᠠᠯᠠᠪᠠᠢ ︵ᠵᠢᠯ ᠤᠨ ᠰᠦ ᠭᠠᠷᠬᠤ ᠬᠡᠮᠵᠢᠶ᠎ᠡ ᠨᠢ 50 | ᠲᠣᠨ ᠠᠴᠠ ᠳᠣᠣᠷ᠎ᠠ ᠦᠭᠡᠢ︶ ᠳᠤ 40 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶᠢᠪᠠᠯ 20 ᠲᠦᠮᠡᠨ | ᠲᠥᠭᠦᠷᠢᠭ ᠤᠨ ᠨᠡᠮᠡᠭᠦᠷᠢ ᠥᠭᠭᠦᠨ᠎ᠡ᠂ ᠰᠢᠨ᠎ᠡ ᠪᠠᠷ ᠪᠠᠶᠢᠭᠤᠯᠤᠭᠰᠠᠨ 50 ᠠᠴᠠ ᠳᠡᠭᠡᠭᠰᠢ ᠠᠳᠤᠭᠤ ᠲᠠᠢ ᠮᠠᠯᠵᠢᠯ ᠤᠨ ᠲᠠᠯᠠᠪᠠᠢ ︵ᠵᠢᠯ ᠤᠨ ᠰᠦ ᠭᠠᠷᠬᠤ | ᠬᠡᠮᠵᠢᠶ᠎ᠡ ᠨᠢ 10 ᠲᠣᠨ ᠠᠴᠠ ᠳᠣᠣᠷ᠎ᠠ ᠦᠭᠡᠢ︶ ᠳᠤ 10 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ | ᠪᠠᠶᠢᠪᠠᠯ 5 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ | ︶ | 11. ᠲᠦᠭᠦᠬᠡᠢ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠨᠣᠷᠮ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ | ᠦᠢᠯᠡᠳᠭᠡᠯ ᠤᠨ ᠬᠢᠨ ᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ 12 ᠰᠠᠷ᠎ᠠ ᠳᠠᠷᠠᠭᠠᠯᠠᠨ ᠬᠠᠮᠲᠤᠷᠠᠯᠴᠠᠭᠠᠨ ᠤ ᠪᠠᠲᠤᠯᠠᠭ᠎ᠠ ᠦᠭᠡᠢ ᠬᠤᠰᠲ᠋ᠠᠨ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠯᠤᠭ᠎ᠠ 2 ᠵᠢᠯ ᠠᠴᠠ ᠳᠡᠭᠡᠭᠰᠢᠬᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠶᠢ | ᠵᠣᠷᠢᠬᠵᠢᠭᠤᠯᠵᠤ᠂ 1 ᠲᠡᠵᠢᠭᠡᠨ ᠦᠷᠡᠵᠢᠭᠦᠯᠬᠦ ᠲᠠᠯᠠᠪᠠᠢ ᠲᠠᠢ ᠰᠢᠨ᠎ᠡ ᠪᠠᠷ ᠭᠡᠷ᠎ᠡ ᠲᠣᠭᠲᠠᠬᠤ ᠶᠢᠨ ᠬᠠᠮᠲᠤ ᠡᠳᠦᠷ ᠲᠤ ᠲᠦᠭᠦᠬᠡᠢ ᠰᠦ ᠶᠢ 1 ᠲᠣᠨ ᠠᠴᠠ ᠳᠡᠭᠡᠭᠰᠢ | ᠬᠤᠳᠠᠯᠳᠤᠨ ᠠᠪᠬᠤ ᠪᠦᠷᠢ᠂ ︽ᠤᠷᠢᠳ ᠢᠶᠠᠷ ᠭᠡᠷ᠎ᠡ ᠲᠣᠭᠲᠠᠵᠤ ᠳᠠᠷᠠᠭ᠎ᠠ ᠳᠤ ᠨᠢ ᠨᠡᠮᠡᠭᠦᠷᠢ ᠥᠭᠬᠦ᠂ ᠤᠷᠢᠳ ᠢᠶᠠᠷ ᠬᠤᠳᠠᠯᠳᠤᠨ ᠠᠪᠴᠤ ᠳᠠᠷᠠᠭ᠎ᠠ ᠳᠤ ᠨᠢ | ᠨᠡᠮᠡᠭᠦᠷᠢ ᠥᠭᠬᠦ︾ ᠬᠡᠯᠪᠡᠷᠢ ᠪᠠᠷ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ︵ᠵᠢᠵᠢᠭ ᠬᠡᠯᠪᠡᠷᠢ ᠶᠢᠨ ᠦᠢᠯᠡᠳᠭᠡᠯ︶ ᠳᠤ ᠨᠢᠭᠡ ᠯᠡ ᠤᠳᠠᠭ᠎ᠠ ᠪᠠᠷ 10 | ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12. ᠲᠡᠵᠢᠭᠡᠨ ᠦᠷᠡᠵᠢᠭᠦᠯᠬᠦ ᠲᠠᠯᠠᠪᠠᠢ ᠶᠢᠨ ᠲᠣᠭᠠᠵᠢᠭᠤᠯᠤᠨ ᠣᠶᠤᠨᠴᠢᠯᠠᠭᠰᠠᠨ ᠪᠠ ᠪᠣᠬᠢᠷᠲᠤᠯ ᠦᠭᠡᠢ ᠬᠥᠭᠵᠢᠯᠲᠡ ᠶᠢ ᠳᠡᠮᠵᠢᠵᠦ᠂ ᠤᠯᠤᠰ ᠤᠨ | ᠰᠦ ᠶᠢᠨ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠯ ᠪᠦᠷᠢ 5000 ᠲᠦᠮᠡᠨ | ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠲᠣᠬᠢᠷᠠᠭᠤᠯᠵᠤ᠂ ᠲᠡᠵᠢᠭᠡᠨ ᠪᠣᠷᠳᠣᠬᠤ᠂ ᠰᠦ ᠰᠠᠭᠠᠬᠤ᠂ ᠡᠷᠡᠭᠦᠯᠵᠢᠭᠦᠯᠬᠦ᠂ ᠬᠢᠵᠢᠭ ᠢ ᠰᠡᠷᠭᠡᠶᠢᠯᠡᠬᠦ ᠵᠡᠷᠭᠡ | ᠵᠠᠩᠭᠢᠯᠠᠭ᠎ᠠ ᠶᠢᠨ ᠭᠤᠭᠴᠣᠭᠠᠨ ᠤ ᠪᠡᠯᠡᠳᠭᠡᠮᠵᠢ ᠲᠥᠬᠦᠭᠡᠷᠦᠮᠵᠢ ᠶᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠨᠢᠭᠡ ᠪᠦᠯᠦᠭ ᠥᠨᠳᠥᠷ ᠲᠦᠪᠰᠢᠨ ᠪᠦᠬᠦᠢ | ᠵᠣᠬᠢᠬᠤ ᠬᠡᠮᠵᠢᠶ᠎ᠡ ᠪᠠᠷ ᠬᠡᠪᠴᠢᠶᠡᠵᠢᠭᠰᠡᠨ ᠣᠳᠣᠬᠢᠴᠢ ᠣᠶᠤᠨᠯᠢᠭ ᠮᠠᠯᠵᠢᠯ ᠤᠨ ᠲᠠᠯᠠᠪᠠᠢ ᠶᠢ ᠪᠦᠲᠦᠭᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ | ᠲᠣᠭᠠᠵᠢᠭᠤᠯᠤᠯᠲᠠ᠂ ᠣᠶᠤᠨᠴᠢᠯᠠᠯᠲᠠ ᠶᠢ ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠢᠯᠢᠳᠡᠭ ᠰᠠᠶᠢᠨ ᠲᠠᠷᠢᠶᠠᠯᠠᠩ ᠤᠨ ᠵᠢᠷᠤᠮᠵᠢᠯ ᠤᠨ | ᠭᠡᠷᠡᠴᠢᠯᠡᠯᠲᠡ ︵ GAP ︶ ᠶᠢ ᠥᠷᠨᠢᠭᠦᠯᠬᠦ ᠶᠢ ᠳᠡᠮᠵᠢᠵᠦ᠂ ᠭᠡᠷᠡᠴᠢᠯᠡᠯᠲᠡ ᠪᠠᠷ ᠪᠠᠲᠤᠯᠠᠭᠳᠠᠭᠰᠠᠨ ᠳᠤ ᠨᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠤᠨ | ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢᠯᠡᠰ ᠤᠨ ᠳᠡᠰ | ᠳᠡᠪᠰᠢᠬᠦ ᠶᠢ ᠠᠬᠢᠭᠤᠯᠤᠨ᠎ᠠ | 13. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠨᠠᠷᠢᠯᠢᠬ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ | ᠬᠥᠭᠵᠢᠭᠦᠯᠬᠦ ᠶᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠣ᠂ ᠰᠦᠨ ᠲᠡᠮᠦᠷᠲᠦ ᠤᠭᠤᠷᠠᠭ ᠵᠡᠷᠭᠡ ᠰᠦ ᠴᠠᠭᠠᠨ ᠢᠳᠡᠭᠡ ᠶᠢ ᠦᠢᠯᠡᠳᠪᠦᠷᠢᠯᠡᠬᠦ ᠨᠠᠷᠢᠯᠢᠬ | ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠦᠷᠭᠡᠳᠭᠡᠨ ᠪᠠᠶᠢᠭᠤᠯᠤᠭᠰᠠᠨ ᠠᠵᠤ ᠠᠬᠤᠢᠢᠯᠠᠯ ᠳᠤ | ᠂ ᠲᠥᠬᠦᠭᠡᠷᠦᠮᠵᠢ ᠶᠢᠨ ᠪᠡᠯᠡ ᠣᠷᠤᠯᠠᠭᠤᠯᠤᠯᠲᠠ ᠶᠢᠨ ᠶᠡᠷᠦᠩᠬᠡᠢ ᠲᠣᠭᠠᠨ ᠤ 10% ᠪᠠᠷ ᠬᠠᠮᠤᠭ ᠶᠡᠭᠡ ᠳᠤ ᠪᠠᠨ 5000 ᠲᠦᠮᠡᠨ ᠲᠥᠭᠦᠷᠢᠭ ᠤᠨ ᠨᠡᠮᠡᠭᠦᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 14. ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠳᠡᠰ ᠳᠡᠪᠰᠢᠬᠦ ᠶᠢ ᠵᠣᠷᠢᠬᠵᠢᠭᠤᠯᠵᠤ᠂ ᠵᠢᠵᠢᠭ ᠬᠡᠯᠪᠡᠷᠢ ᠶᠢᠨ | ᠦᠢᠯᠡᠳᠭᠡᠯ ᠨᠢ ᠰᠦ ᠴᠠᠭᠠᠨ ᠢᠳᠡᠭᠡ ᠡᠳ᠋ᠰᠢᠭᠦᠯᠵᠦ ᠪᠣᠯᠪᠠᠰᠤᠷᠠᠭᠤᠯᠬᠤ ᠠᠵᠤ ᠠᠬᠤᠶᠢᠯᠠᠯ ᠪᠣᠯᠵᠤ ᠳᠡᠰ ᠳᠡᠪᠰᠢᠭᠰᠡᠨ ᠪᠣᠯ ᠨᠢᠭᠡ ᠯᠡ ᠤᠳᠠᠭ᠎ᠠ ᠪᠠᠷ 50 ᠲᠦᠮᠡᠨ | ᠲᠥᠭᠦᠷᠢᠭ ᠱᠠᠩᠨᠠᠨ᠎ᠠ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠭᠡᠯ ᠪᠠ ᠡᠳ᠋ᠰᠢᠭᠦᠯᠦᠨ ᠪᠣᠯᠪᠠᠰᠤᠷᠠᠭᠤᠯᠬᠤ | ᠠᠵᠤ ᠠᠬᠤᠢᠢᠯᠠᠯ ᠤᠨ ᠢᠳᠡᠭᠡᠨ ᠤ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠬᠦ ᠶᠢ ᠳᠡᠮᠵᠢᠵᠦ᠂ ᠬᠡᠪᠴᠢᠶᠡᠵᠢᠭᠦᠯᠦᠨ ᠡᠵᠡᠩᠨᠡᠵᠦ᠂ ᠨᠢᠭᠡᠳᠦᠯᠲᠡᠢ ᠬᠠᠮᠢᠶᠠᠷᠬᠤ ᠶᠢ | ᠪᠡᠶᠡᠯᠡᠭᠦᠯᠦᠨ᠎ᠡ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠭᠡᠯ ᠬᠦᠷᠢᠶᠡᠯᠡᠩ ᠲᠣᠭᠤᠷᠢᠭ ᠲᠤ ᠣᠷᠣᠪᠠᠯ ᠨᠢᠭᠡ | ᠯᠡ ᠤᠳᠠᠭ᠎ᠠ ᠪᠠᠷ 10 ᠲᠦᠮᠡᠨ ᠲᠥᠭᠦᠷᠢᠭ ᠱᠠᠩᠨᠠᠵᠤ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠬᠦᠷᠢᠶᠡᠯᠡᠩ ᠲᠣᠭᠤᠷᠢᠭ ᠲᠤ ᠣᠷᠣᠪᠠᠯ ᠨᠢᠭᠡ ᠯᠡ | ᠤᠳᠠᠭ᠎ᠠ ᠪᠠᠷ 50 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 15. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠪᠢᠰᠢᠯᠠᠭ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ | ᠳᠡᠮᠵᠢᠵᠦ᠂ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠬᠢᠭᠰᠡᠨ᠂ ᠳᠡᠭᠡᠷ᠎ᠡ | ᠣᠨ ᠤ ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠬᠢᠭᠰᠡᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 2000 ᠲᠥᠭᠦᠷᠢᠭ ᠤᠨ | ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 16. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠪᠠᠨ ᠦᠷᠭᠡᠳᠭᠡᠬᠦ ᠶᠢ | ᠳᠡᠮᠵᠢᠵᠦ᠂ ᠳᠡᠭᠡᠷ᠎ᠡ ᠣᠨ ᠤ ᠲᠦᠭᠦᠬᠡᠢ ᠰᠦ ᠶᠢ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ | 200 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠲᠣᠰ ᠲᠣᠰ 50% ᠶᠢ ᠨᠢ ᠡᠭᠦᠷᠬᠡᠯᠡᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 17. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠨᠢ 3 — 5 ᠳ᠋ᠤᠭᠠᠷ ᠰᠠᠷ᠎ᠠ ᠶᠢᠨ ᠪᠣᠷᠣᠯᠠᠭᠤᠯᠭ᠎ᠠ ᠬᠥᠭᠵᠢᠶᠡᠨ | ᠦᠭᠡᠢ ᠤᠯᠠᠷᠢᠯ ᠳᠤ ᠭᠦᠢᠴᠡᠳ ᠲᠤᠭ᠎ᠠ ᠪᠠᠷ ᠰᠦ ᠬᠤᠳᠠᠯᠳᠤᠨ ᠠᠪᠴᠤ᠂ ᠲᠦᠭᠦᠬᠡᠢ ᠰᠦ ᠶᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠬᠤ ᠲᠣᠭᠠᠨ ᠤ | 10% ᠪᠠᠷ᠂ ᠲᠣᠨ ᠪᠦᠷᠢ ᠳᠤ ᠨᠢ 1000 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠲᠣᠰ ᠲᠣᠰ 50% ᠶᠢ ᠨᠢ | ᠡᠭᠦᠷᠬᠡᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠨᠡᠷᠡᠲᠦ ᠲᠡᠮᠳᠡᠭ ᠢ ᠪᠣᠢ ᠪᠣᠯᠭᠠᠬᠤ ᠶᠢ ᠴᠢᠩᠭᠠᠳᠬᠠᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ | 18. ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠴᠣᠭᠴᠠᠯᠠᠵᠤ᠂ | ᠰᠢᠯᠢ ᠶᠢᠨ ᠭᠤᠣᠯ ᠤᠨ ᠪᠢᠰᠢᠯᠠᠭ᠂ ᠬᠥᠯᠥᠨ ᠪᠦᠢᠷ ᠤᠨ ᠦᠨᠢᠶᠡᠨ ᠰᠦ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ | ᠪᠠᠶᠢᠭᠤᠯᠤᠯᠲᠠ ᠶᠢ ᠳᠡᠮᠵᠢᠵᠦ᠂ ᠭᠠᠵᠠᠷ ᠵᠦᠢ ᠶᠢᠨ ᠰᠢᠨᠵᠢ ᠲᠡᠮᠳᠡᠭᠲᠦ ᠰᠦ ᠴᠠᠭᠠᠨ ᠢᠳᠡᠭᠡ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠦᠭᠦᠬᠡᠢ ᠰᠦ | ᠵᠢᠴᠢ ᠲᠡᠭᠦᠨ ᠢᠶᠠᠷ ᠬᠢᠭᠰᠡᠨ ᠡᠳ᠋ᠰᠢᠭᠦᠯᠦᠨ ᠪᠣᠯᠪᠠᠰᠤᠷᠠᠭᠤᠯᠤᠭᠰᠠᠨ ᠪᠦᠲᠦᠭᠡᠭᠳᠡᠭᠦᠨ ᠤ ᠲᠣᠭᠤᠷᠢᠨ ᠳᠤ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ | ᠭᠡᠷᠡᠴᠢᠯᠡᠬᠦ ᠪᠠᠷᠢᠮᠵᠢᠶ᠎ᠠ ᠶᠢ ᠲᠣᠭᠲᠠᠭᠠᠨ᠎ᠠ︔ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠶᠢ ᠥᠷᠨᠢᠭᠦᠯᠵᠦ᠂ ᠭᠠᠵᠠᠷ ᠵᠦᠢ ᠶᠢᠨ ᠲᠡᠮᠳᠡᠭᠲᠦ ᠰᠦ | ᠴᠠᠭᠠᠨ ᠢᠳᠡᠭᠡᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠰᠢᠯᠢᠳᠡᠭᠵᠢᠭᠦᠯᠵᠦ ᠬᠦᠴᠦᠷᠬᠡᠭᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 19. ᠠᠵᠤ ᠦᠢᠯᠡᠰ ᠤᠨ ᠥᠪᠡᠷᠮᠢᠴᠡ ᠣᠨᠴᠠᠯᠢᠭ ᠲᠤ ᠲᠦᠰᠢᠭᠯᠡᠨ ᠠᠵᠤ ᠠᠬᠤᠢᠢᠯᠠᠯ ᠤᠨ ᠨᠡᠷᠡᠲᠦ ᠲᠡᠮᠳᠡᠭ ᠢ ᠴᠣᠭᠴᠠᠯᠠᠵᠤ᠂ ᠰᠦ ᠴᠠᠭᠠᠨ | ᠢᠳᠡᠭᠡᠨ ᠤ ᠦᠢᠯᠡᠳᠪᠦᠷᠢᠯᠡᠯ ᠤᠨ ᠠᠵᠤ ᠠᠬᠤᠢᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠦᠲᠦᠭᠡᠭᠳᠡᠭᠦᠨ ᠤ ᠴᠢᠨᠠᠷ ᠴᠢᠨᠰᠠᠭ᠎ᠠ ᠪᠠ ᠨᠡᠷᠡᠲᠦ ᠲᠡᠮᠳᠡᠭ ᠤᠨ ᠳᠦᠷᠢ | ᠲᠥᠷᠬᠦ ᠪᠠᠨ ᠴᠣᠭᠴᠠᠯᠠᠬᠤ ᠶᠢ ᠴᠢᠩᠭᠠᠳᠬᠠᠵᠤ᠂ ᠢᠮᠠᠭᠠᠨ ᠤ ᠰᠦ᠂ ᠢᠩᠭᠡᠨ ᠤ ᠰᠦ᠂ ᠰᠠᠭᠠᠮ᠎ᠠ ᠵᠡᠷᠭᠡ ᠥᠪᠡᠷᠮᠢᠴᠡ ᠣᠨᠴᠠᠯᠢᠭ ᠲᠠᠢ ᠰᠦ ᠴᠠᠭᠠᠨ ᠢᠳᠡᠭᠡᠨ ᠤ | ᠰᠢᠨ᠎ᠡ ᠨᠡᠷᠡᠲᠦ ᠲᠡᠮᠳᠡᠭ ᠢ ᠪᠣᠢ ᠪᠣᠯᠭᠠᠵᠤ᠂ ᠠᠵᠤ ᠦᠢᠯᠡᠰ ᠤᠨ ᠬᠡᠯᠬᠢᠶᠡᠨ ᠤ ᠭᠤᠣᠯᠯᠠᠬᠤ ᠠᠵᠤ ᠠᠬᠤᠢᠢᠯᠠᠯ ᠤᠨ ᠨᠡᠷ᠎ᠡ ᠠᠯᠳᠠᠷ ᠢ ᠳᠡᠯᠡᠬᠡᠢ ᠶᠢᠨ ᠬᠡᠪᠴᠢᠶᠡᠨ ᠳᠤ | ᠳᠠᠭᠤᠷᠢᠰᠤᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 20. ᠳᠡᠯᠡᠬᠡᠢ ᠶᠢᠨ ᠰᠦ ᠰᠠᠭᠠᠯᠢ ᠶᠢᠨ ᠦᠢᠯᠡᠰ ᠤᠨ ᠶᠡᠭᠡ ᠬᠤᠷᠠᠯ ᠢ ᠰᠠᠶᠢᠲᠤᠷ ᠡᠷᠬᠢᠯᠡᠵᠦ᠂ ᠥᠪᠥᠷ ᠮᠣᠩᠭᠤᠯ ᠤᠨ ᠰᠦ ᠰᠠᠭᠠᠯᠢ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢᠨ ᠠᠮᠵᠢᠯᠲᠠ ᠪᠦᠲᠦᠭᠡᠯ ᠢ ᠭᠦᠢᠴᠡᠳ ᠢᠯᠡᠷᠡᠭᠦᠯᠦᠨ᠎ᠡ᠃ ᠢᠯᠢ ᠣᠳᠣ ᠦᠶ᠎ᠡ ᠶᠢᠨ ᠣᠶᠤᠨᠯᠢᠭ ᠡᠷᠡᠭᠦᠯ ᠮᠡᠨᠳᠦ ᠶᠢᠨ ᠵᠢᠯᠠᠭ᠎ᠠ᠂ ᠮᠧᠩ | ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠬᠡᠮᠡᠬᠦ ᠬᠤᠶᠠᠷ ᠶᠡᠭᠡ ᠮᠢᠩᠭᠠᠨ ᠳ᠋ᠦᠩᠰᠢᠭᠤᠷ ᠤᠨ ᠳᠡᠰ ᠤᠨ ︽ᠠᠵᠤ | ᠦᠢᠯᠡᠰ ᠪᠠ ᠬᠤᠲᠠ ᠶᠢᠨ ᠠᠭᠤᠰᠤᠯᠴᠠᠭ᠎ᠠ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠥᠬᠦ ᠪᠥᠮᠪᠥᠷᠴᠡᠭ ᠤᠨ ᠰᠦ ᠰᠠᠭᠠᠯᠢ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠥᠨᠳᠥᠷ ᠲᠦᠪᠰᠢᠨᠲᠦ ᠭᠠᠵᠠᠷ ᠣᠷᠣᠨ ᠢ ᠴᠣᠭᠴᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠬᠡᠷᠡᠭᠯᠡᠭᠡ ᠶᠢ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠰᠦ ᠴᠠᠭᠠᠨ ᠢᠳᠡᠭᠡᠨ ᠤ ᠪᠣᠷᠣᠯᠠᠭᠤᠯᠭ᠎ᠠ ᠶᠢᠨ ᠬᠡᠮᠵᠢᠶ᠎ᠡ ᠶᠢ | ᠥᠷᠭᠡᠳᠬᠡᠨ᠎ᠡ | 21. ᠰᠦ ᠰᠠᠭᠠᠯᠢ ᠶᠢᠨ ᠦᠢᠯᠡᠰ ᠢ ᠤᠬᠠᠭᠤᠯᠬᠤ ᠡᠷᠴᠢᠮ ᠢᠶᠠᠨ ᠴᠢᠩᠭᠠᠳᠬᠠᠵᠤ᠂ ᠰᠦ ᠴᠠᠭᠠᠨ ᠢᠳᠡᠭᠡᠨ ᠤ ᠰᠢᠮ᠎ᠡ ᠲᠡᠵᠢᠭᠡᠯ ᠤᠨ ᠮᠡᠳᠡᠯᠭᠡ ᠶᠢ | ᠲᠦᠭᠡᠮᠡᠯᠵᠢᠭᠦᠯᠵᠦ᠂ ᠣᠯᠠᠨ ᠶᠠᠩᠵᠤ ᠶᠢᠨ᠂ ᠣᠷᠣᠨ ᠨᠤᠲᠤᠭᠵᠢᠭᠰᠠᠨ ᠬᠡᠷᠡᠭᠯᠡᠭᠡᠨ ᠤ ᠳᠠᠳᠬᠠᠯ ᠢ ᠪᠣᠢ ᠪᠣᠯᠭᠠᠨ᠎ᠠ᠃ ᠰᠦ ᠴᠠᠭᠠᠨ ᠢᠳᠡᠭᠡ ᠦᠢᠯᠡᠳᠪᠦᠷᠢᠯᠡᠵᠦ | ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠬᠡᠷᠡᠭᠯᠡᠭᠡᠨ ᠤ ᠵᠦᠢᠯ ᠤᠨ ᠦᠵᠡᠰᠭᠦᠯᠡᠩ ᠤᠨ ᠴᠤᠭᠯᠠᠭᠠᠨ᠂ ᠪᠣᠬᠢᠷᠲᠤᠯ ᠦᠭᠡᠢ ᠢᠳᠡᠭᠡᠨ ᠤ ᠵᠦᠢᠯ ᠤᠨ | ᠦᠵᠡᠰᠭᠦᠯᠡᠩ ᠤᠨ ᠴᠤᠭᠯᠠᠭᠠᠨ ᠵᠡᠷᠭᠡ ᠤᠯᠤᠰ ᠤᠨ ᠳᠣᠲᠣᠭᠠᠳᠤ ᠳᠠᠬᠢ ᠨᠡᠷᠡᠲᠦ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠬᠤ᠂ ᠳᠡᠯᠭᠡᠨ ᠪᠣᠷᠣᠯᠠᠭᠤᠯᠬᠤ | ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠰᠦ ᠴᠠᠭᠠᠨ ᠢᠳᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠳᠤ | ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠡᠶᠢᠭᠡᠮ ᠤᠨ ᠬᠠᠯᠠᠮᠵᠢᠯᠠᠨ ᠠᠩᠬᠠᠷᠴᠤ ᠪᠠᠶᠢᠭ᠎ᠠ ᠵᠦᠢᠯ ᠳᠤ ᠴᠠᠭ ᠲᠤᠬᠠᠢ ᠳᠤ ᠨᠢ ᠬᠠᠷᠢᠭᠤ ᠥᠭᠴᠦ᠂ ᠥᠪᠥᠷ | ᠮᠣᠩᠭᠤᠯ ᠤᠨ ᠰᠦ ᠰᠠᠭᠠᠯᠢ ᠶᠢᠨ ᠦᠢᠯᠡᠰ ᠤᠨ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 22. ᠠᠵᠤ ᠦᠢᠯᠡᠳᠪᠦᠷᠢ ᠶᠢᠨ ᠵᠢᠭᠤᠯᠴᠢᠯᠠᠯ ᠢ ᠬᠥᠭᠵᠢᠭᠦᠯᠬᠦ ᠶᠢ ᠵᠣᠷᠢᠬᠵᠢᠭᠤᠯᠵᠤ᠂ ᠨᠦᠭᠦᠴᠡᠯ ᠳᠤ ᠨᠡᠶᠢᠴᠡᠬᠦ ᠰᠦ ᠰᠠᠭᠠᠯᠢ ᠶᠢᠨ ᠠᠵᠤ ᠦᠢᠯᠡᠰ ᠤᠨ | ᠬᠡᠯᠬᠢᠶᠡᠨ ᠤ ᠠᠵᠤ ᠠᠬᠤᠢᠢᠯᠠᠯ ᠤᠨ ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ A ᠳᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠰᠦ ᠴᠠᠭᠠᠨ ᠢᠳᠡᠭᠡᠨ ᠤ ︽ᠬᠡᠷᠡᠭᠯᠡᠭᠡ + ᠵᠢᠭᠤᠯᠴᠢᠯᠠᠯ︾ ᠤᠨ ᠰᠢᠨ᠎ᠡ | ᠵᠠᠭᠪᠤᠷ ᠢ ᠴᠣᠭᠴᠠᠯᠠᠨ᠎ᠠ᠃ ᠰᠡᠯᠡᠭᠦᠴᠡᠨ ᠵᠤᠭᠠᠴᠠᠬᠤ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢ ᠡᠭᠦᠳᠦᠨ ᠪᠠᠶᠢᠭᠤᠯᠬᠤ ᠶᠢ ᠵᠣᠷᠢᠬᠵᠢᠭᠤᠯᠵᠤ᠂ | ᠠᠮᠵᠢᠯᠲᠠ ᠲᠠᠢ ᠡᠭᠦᠳᠦᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢ ᠲᠠᠷᠢᠶᠠᠯᠠᠩ ᠠᠵᠤ ᠠᠬᠤᠢ ᠪᠠ ᠬᠥᠳᠡᠭᠡ ᠲᠣᠰᠬᠤᠨ ᠤ ᠶᠠᠮᠤᠨ ᠤ ︽ᠬᠦᠰᠡᠯ | ᠮᠥᠷᠥᠭᠡᠳᠦᠯ ᠪᠦᠬᠦᠢ ᠬᠥᠳᠡᠭᠡ ᠨᠤᠲᠤᠭ ᠤᠨ ᠵᠤᠭᠠᠴᠠᠯ︾ ᠬᠥᠳᠡᠭᠡ ᠲᠣᠰᠬᠤᠨ ᠤ ᠰᠡᠯᠡᠭᠦᠴᠡᠨ ᠵᠢᠭᠤᠯᠴᠢᠯᠠᠬᠤ ᠰᠦᠯᠵᠢᠶᠡᠨ ᠤ ᠲᠠᠪᠴᠠᠩ ᠳᠤ ᠭᠠᠷᠭᠠᠨ | ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 23. ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠪᠠᠨ ᠴᠢᠩᠭᠠᠳᠬᠠᠵᠤ᠂ ᠰᠦ ᠴᠠᠭᠠᠨ ᠢᠳᠡᠭᠡᠨ ᠤ ᠠᠵᠤ | ᠠᠬᠤᠶᠢᠯᠠᠯ᠂ ᠡᠯ᠎ᠡ ᠲᠥᠷᠥᠯ ᠤᠨ ᠳᠡᠭᠡᠳᠦ ᠰᠤᠷᠭᠠᠭᠤᠯᠢ ᠶᠡᠭᠡ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠶᠢᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠬᠥᠮᠥᠵᠢᠭᠦᠯᠬᠦ ᠶᠢ ᠳᠡᠮᠵᠢᠵᠦ᠂ ᠰᠦ ᠴᠠᠭᠠᠨ ᠢᠳᠡᠭᠡᠨ ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ ᠠᠬᠢᠭᠤᠯᠤᠨ᠎ᠠ᠃ | ᠰᠦ ᠴᠠᠭᠠᠨ ᠢᠳᠡᠭᠡᠨ ᠤ ᠠᠵᠤ ᠠᠬᠤᠶᠢᠯᠠᠯ ᠪᠠ ᠬᠤᠳᠠᠯᠳᠤᠭᠠᠴᠢᠨ ᠡᠷᠦᠬᠡ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠬᠠᠮᠲᠤᠷᠠᠯᠴᠠᠭ᠎ᠠ ᠪᠠᠨ | ᠴᠢᠩᠭᠠᠳᠬᠠᠬᠤ ᠶᠢ ᠵᠣᠷᠢᠬᠵᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠣᠷᠳᠣᠨ ᠪᠠ ᠬᠤᠰᠢᠭᠤᠴᠢ ᠳᠡᠯᠭᠡᠭᠦᠷ ᠢ ᠡᠬᠢᠯᠡᠭᠦᠯᠦᠨ ᠨᠡᠭᠡᠭᠡᠯᠭᠡᠵᠦ᠂ ᠨᠡᠷᠡᠲᠦ | ᠲᠡᠮᠳᠡᠭ ᠪᠠ ᠴᠢᠨᠠᠷ ᠴᠢᠨᠰᠠᠭ᠎ᠠ ᠶᠢᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠴᠤᠭᠯᠠᠭᠠᠨ᠂ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ | ᠴᠤᠭᠯᠠᠭᠠᠨ ᠵᠡᠷᠭᠡ ᠭᠤᠣᠯ ᠰᠡᠳᠦᠪᠲᠦ ᠪᠠᠶᠠᠷ ᠤᠨ ᠡᠳᠦᠷ ᠢᠶᠠᠷ ᠳᠠᠮᠵᠢᠭᠤᠯᠤᠨ ᠲᠥᠪᠯᠡᠷᠡᠭᠦᠯᠵᠦ ᠳᠡᠯᠭᠡᠷᠡᠭᠦᠯᠦᠨ ᠪᠣᠷᠣᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠳᠣᠯᠤᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠵᠤ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ | ᠠᠬᠢᠭᠤᠯᠤᠨ᠎ᠠ | 24. ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ ᠪᠠᠳᠠᠷᠠᠭᠤᠯᠵᠤ᠂ ᠵᠢᠯ ᠪᠦᠷᠢ 1 ᠳ᠋ᠦᠩᠰᠢᠭᠤᠷ | ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡ ᠮᠥᠩᠭᠦ ᠶᠢ ᠲᠣᠬᠢᠷᠠᠭᠤᠯᠵᠤ᠂ ᠰᠦ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ | ᠬᠡᠯᠬᠢᠶᠡᠨ ᠤ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ᠨᠢᠭᠡ ᠪᠦᠯᠦᠭ ︽ᠪᠣᠭᠤᠮᠢ︾ ᠪᠣᠯᠵᠤ ᠪᠠᠶᠢᠭ᠎ᠠ | ᠮᠡᠷᠭᠡᠵᠢᠯ ᠤᠨ ᠬᠦᠴᠢᠷ ᠠᠰᠠᠭᠤᠳᠠᠯ ᠢ ᠰᠢᠪᠲᠤᠯᠤᠨ᠎ᠠ᠃ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠥᠨᠳᠥᠷ ᠰᠢᠨᠵᠢᠯᠡᠭᠡ | ᠮᠡᠷᠭᠡᠵᠢᠯ᠂ ᠥᠨᠳᠥᠷ ᠴᠢᠨᠠᠷ ᠴᠢᠨᠰᠠᠭ᠎ᠠ᠂ ᠥᠨᠳᠥᠷ ᠳᠠᠭᠠᠯᠲᠠ ᠥᠷᠳᠡᠭ ᠲᠠᠢ ᠳᠡᠭᠡᠳᠦ ᠳᠡᠰ ᠳᠠᠪᠬᠤᠷᠭ᠎ᠠ ᠶᠢᠨ ᠰᠦ ᠴᠠᠭᠠᠨ ᠢᠳᠡᠭᠡ ᠨᠡᠭᠡᠭᠡᠨ ᠬᠥᠭᠵᠢᠭᠦᠯᠬᠦ ᠶᠢ ᠨᠢ | ᠳᠡᠮᠵᠢᠵᠦ᠂ ᠵᠠᠬ᠎ᠠ ᠳᠡᠯᠭᠡᠭᠦᠷ ᠤᠨ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 25. ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶᠡᠨ ᠤ ᠡᠭᠦᠯᠳᠡᠷ ᠤᠨ ᠦᠢᠯᠡᠰ ᠤᠨ ᠰᠢᠨ᠎ᠡ ᠡᠭᠦᠳᠦᠯᠲᠡ ᠵᠡᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠵᠢᠯ ᠪᠦᠷᠢ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠬᠡᠯᠪᠡᠷᠢ ᠪᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠤᠳ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠪᠣᠳᠠᠲᠠᠶᠢᠵᠢᠭᠤᠯᠤᠨ | ᠤᠯᠠᠷᠢᠭᠤᠯᠤᠭᠰᠠᠨ ᠭᠤᠣᠯᠯᠠᠬᠤ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠪᠣᠯ ᠱᠠᠩᠨᠠᠨ ᠬᠥᠬᠢᠭᠦᠯᠦᠨ᠎ᠡ᠃ ᠰᠦ ᠰᠠᠭᠠᠯᠢ ᠶᠢᠨ ᠦᠢᠯᠡᠰ ᠤᠨ | ᠪᠥᠬᠦ ᠠᠵᠤ ᠦᠢᠯᠡᠰ ᠤᠨ ᠬᠡᠯᠬᠢᠶᠡᠨ ᠤ ᠬᠦᠷᠢᠶᠡᠨ ᠳᠤ ᠰᠢᠪᠲᠤᠯᠤᠯᠲᠠ ᠶᠢᠨ ᠴᠢᠨᠠᠷ ᠲᠠᠢ ᠠᠬᠢᠴᠠ ᠲᠠᠢ ᠪᠣᠯᠣᠭᠰᠠᠨ ᠪᠤᠶᠤ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠳᠤ ᠰᠢᠪᠲᠤᠯᠤᠯᠲᠠ ᠬᠢᠭᠰᠡᠨ ᠭᠤᠣᠯ ᠴᠣᠭᠴᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ | ᠰᠡᠳᠦᠪ ᠲᠣᠭᠲᠠᠭᠠᠬᠤ ᠦᠶ᠎ᠡ ᠳᠤ ᠭᠤᠣᠯᠳᠠᠯᠭ᠎ᠠ ᠲᠠᠢ ᠪᠠᠷ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 26. ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠨᠡᠶᠢᠭᠡᠮ ᠤᠨ ᠪᠦᠯᠬᠦᠮ ᠵᠡᠷᠭᠡ ᠶᠢᠨ ᠬᠢᠨ ᠤ ᠣᠷᠣᠨ ᠨᠤᠲᠤᠭ᠂ ᠠᠵᠢᠯ ᠲᠥᠷᠥᠯ᠂ ᠪᠦᠯᠬᠦᠮ ᠨᠡᠶᠢᠲᠡ | ᠵᠡᠷᠭᠡ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ ᠰᠦ ᠴᠠᠭᠠᠨ ᠢᠳᠡᠭᠡ ᠦᠢᠯᠡᠳᠪᠦᠷᠢᠯᠡᠬᠦ ᠠᠵᠤ ᠠᠬᠤᠶᠢᠯᠠᠯ ᠤᠨ | ᠢᠳᠡᠪᠬᠢᠲᠡᠢ ᠪᠠᠷ ᠤᠯᠤᠰ ᠤᠨ ᠪᠠ ᠭᠠᠵᠠᠷ ᠣᠷᠣᠨ ᠤ ᠪᠠᠷᠢᠮᠵᠢᠶ᠎ᠠ ᠲᠣᠭᠲᠠᠭᠠᠬᠤ ᠠᠵᠢᠯ ᠳᠤ ᠣᠷᠣᠯᠴᠠᠬᠤ ᠶᠢ ᠵᠣᠷᠢᠬᠵᠢᠭᠤᠯᠵᠤ᠂ ᠠᠵᠢᠯ ᠲᠥᠷᠥᠯ ᠤᠨ | ᠬᠥᠭᠵᠢᠯᠲᠡ ᠶᠢᠨ ᠬᠢᠷᠢ ᠲᠦᠪᠰᠢᠨ ᠢ ᠬᠥᠲᠥᠯᠥᠨ ᠵᠢᠯᠣᠭᠤᠳᠴᠤ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠨᠠᠢᠮᠠ᠂ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠦ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ | ᠪᠠᠲᠤᠯᠠᠨ᠎ᠠ | 27. ᠰᠠᠭᠠᠯᠢ ᠶᠢᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠪᠷᠦ᠋ᠼᠧᠯ ᠡᠪᠡᠳᠴᠢᠨ ᠤ ᠸᠠᠺᠼᠢᠨ ᠢ ᠨᠢᠭᠡᠳᠦᠯᠲᠡᠢ | ᠬᠤᠳᠠᠯᠳᠤᠨ ᠠᠪᠴᠤ᠂ ᠨᠢᠷᠠᠢ ᠲᠣᠭᠤᠯ᠂ ᠰᠢᠨ᠎ᠡ ᠪᠠᠷ ᠨᠡᠮᠡᠭᠳᠡᠭᠦᠯᠦᠭᠰᠡᠨ ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠳᠤ ᠡᠭᠡᠯᠢᠯᠡᠭᠡ ᠬᠢᠨ᠎ᠡ︔ ᠰᠠᠭᠠᠯᠢ ᠶᠢᠨ | ᠦᠨᠢᠶᠡᠨ ᠤ ᠬᠡᠪᠴᠢᠶᠡᠵᠢᠭᠰᠡᠨ ᠲᠠᠯᠠᠪᠠᠢ ᠶᠢᠨ ᠰᠦᠷᠢᠶ᠎ᠡ ᠡᠪᠡᠳᠴᠢᠨ ᠢ ᠪᠠᠶᠢᠴᠠᠭᠠᠨ ᠰᠢᠨᠵᠢᠬᠦ ᠳᠤ ᠦᠨᠢᠶ᠎ᠡ ᠪᠦᠷᠢ ᠳᠤ 15 ᠲᠥᠭᠦᠷᠢᠭ ᠤᠨ ᠨᠡᠮᠡᠭᠦᠷᠢ ᠥᠭᠭᠦᠨ᠎ᠡ︔ | ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠵᠡᠷᠭᠡ ᠶᠢ ᠠᠷᠢᠭᠤᠳᠬᠠᠬᠤ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠦᠨ ᠪᠠᠶᠢᠭᠤᠯᠤᠭᠰᠠᠨ | ᠲᠠᠯᠠᠪᠠᠢ ᠪᠠᠷ ᠦᠨᠡᠯᠡᠨ ᠵᠢᠱᠢᠭᠦᠯᠵᠦ ᠪᠠᠲᠤᠯᠠᠭᠳᠠᠭᠰᠠᠨ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠳᠤ 50 ᠲᠦᠮᠡᠨ ᠲᠥᠭᠦᠷᠢᠭ ᠱᠠᠩᠨᠠᠵᠤ᠂ | ᠤᠯᠤᠰ ᠤᠨ ᠳᠡᠰ ᠤᠨ ᠠᠷᠢᠭᠤᠳᠬᠠᠬᠤ ᠲᠠᠯᠠᠪᠠᠢ ᠪᠤᠶᠤ ᠤᠯᠤᠰ ᠤᠨ ᠳᠡᠰ ᠤᠨ ᠬᠢᠵᠢᠭ ᠦᠭᠡᠢ ᠬᠤᠷᠢᠶᠠᠯᠠᠯ ᠢᠶᠠᠷ ᠦᠨᠡᠯᠡᠨ ᠵᠢᠱᠢᠭᠦᠯᠵᠦ ᠪᠠᠲᠤᠯᠠᠭᠳᠠᠭᠰᠠᠨ | ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠳᠤ 100 ᠲᠦᠮᠡᠨ ᠲᠥᠭᠦᠷᠢᠭ ᠱᠠᠩᠨᠠᠨ᠎ᠠ᠃ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ | ᠵᠡᠷᠭᠡ ᠬᠥᠮᠥᠨ ᠪᠠ ᠮᠠᠯ ᠳᠤ ᠴᠥᠮ ᠲᠣᠰᠳᠠᠭ ᠭᠡᠮ ᠬᠢᠵᠢᠭ ᠪᠠ ᠰᠠᠭᠠᠯᠢ ᠶᠢᠨ ᠦᠨᠢᠶᠡᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠤ ᠸᠠᠺᠼᠢᠨ ᠢ ᠰᠤᠳᠤᠯᠤᠨ | ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠳᠤ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠬᠯᠠᠬᠤ ᠲᠣᠪᠴᠢᠶ᠎ᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 28. ᠤᠯᠤᠰ᠂ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠦ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠯᠲᠠ ᠬᠡᠮᠵᠢᠯᠲᠡ ᠶᠢᠨ | ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠦᠭᠦᠬᠡᠢ ᠰᠦ ᠬᠤᠳᠠᠯᠳᠤᠨ ᠠᠪᠬᠤ ᠥᠷᠳᠡᠭᠡ ᠪᠠ ᠵᠥᠭᠡᠭᠡᠪᠦᠷᠢᠯᠡᠬᠦ ᠲᠡᠷᠭᠡ ᠬᠥᠰᠭᠡ ᠪᠥᠬᠦᠨ ᠳᠤ ᠬᠢᠨᠠᠯᠲᠠ ᠬᠡᠮᠵᠢᠯᠲᠡ | ᠬᠢᠬᠦ ᠶᠢ ᠪᠠᠲᠤᠯᠠᠨ᠎ᠠ᠃ ᠵᠠᠬ᠎ᠠ ᠳᠡᠯᠭᠡᠭᠦᠷ ᠤᠨ ᠬᠠᠩᠭᠠᠨ ᠪᠣᠷᠣᠯᠠᠭᠤᠯᠬᠤ ᠡᠮᠬᠢ ᠳᠢᠭᠯᠢᠮ ᠢ ᠡᠪᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠬᠠᠥᠯᠢ ᠶᠣᠰᠣᠭᠠᠷ ᠬᠦᠴᠦᠨ | ᠦᠭᠡᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠶᠢᠰᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ | 29. ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ︽ᠬᠡᠯᠬᠢᠶᠡᠨ ᠳᠠᠷᠤᠭ᠎ᠠ ᠶᠢᠨ ᠳᠦᠷᠢᠮ︾ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠵᠤ᠂ ᠠᠵᠢᠯᠯᠠᠬᠤ ᠡᠷᠴᠢᠮ ᠢᠶᠠᠨ ᠴᠢᠩᠭᠠᠷᠠᠭᠤᠯᠵᠤ᠂ ᠬᠠᠮᠵᠢᠯᠴᠠᠵᠤ ᠬᠠᠮᠲᠤᠷᠠᠬᠤ ᠪᠠᠨ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠰᠠᠶᠢᠲᠤᠷ ᠬᠢᠨ᠎ᠡ᠃ ᠨᠡᠮᠡᠭᠦᠷᠢ ᠶᠢᠨ ᠲᠥᠷᠥᠯ ᠤᠨ ᠲᠥᠷᠥ ᠶᠢᠨ ᠪᠣᠳᠣᠯᠭ᠎ᠠ ᠳᠤ ᠬᠡᠷᠡᠭᠵᠢᠭᠦᠯᠬᠦ ᠨᠠᠷᠢᠨ ᠳᠦᠷᠢᠮ ︵ᠲᠥᠰᠥᠯ︶ ᠲᠣᠭᠲᠠᠭᠠᠵᠤ᠂ ᠡᠯ᠎ᠡ | ᠬᠠᠷᠢᠭᠤᠴᠠᠯᠭᠠᠲᠤ ᠨᠢᠭᠡᠴᠢ ᠨᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠳᠠᠯᠠᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠴᠠᠭ | ᠲᠤᠬᠠᠢ ᠳᠤ ᠨᠢ ᠠᠵᠢᠯ ᠢᠶᠠᠨ ᠰᠤᠳᠤᠯᠵᠤ᠂ ᠡᠭᠦᠷᠭᠡ ᠪᠠᠨ ᠳᠣᠷᠣᠭᠰᠢ ᠳᠡᠯᠭᠡᠨ ᠪᠠᠶᠢᠷᠢᠯᠠᠭᠤᠯᠵᠤ᠂ ᠠᠰᠠᠭᠤᠳᠠᠯ ᠢ ᠰᠢᠢᠳᠪᠦᠷᠢᠯᠡᠨ᠂ ᠴᠢᠬᠤᠯᠠ ᠶᠡᠭᠡ ᠠᠰᠠᠭᠤᠳᠠᠯ ᠢ | ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠳᠡᠪᠰᠢᠭᠦᠯᠵᠦ ᠰᠤᠳᠤᠯᠤᠭᠤᠯᠬᠤ ᠬᠡᠷᠡᠭᠲᠡᠢ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ ᠬᠠᠷᠢᠭᠤᠴᠠᠯᠭᠠᠲᠤ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 30. ᠲᠦᠭᠦᠬᠡᠢ ᠰᠦ ᠶᠢᠨ ᠦᠢᠯᠡᠳᠪᠦᠷᠢᠯᠡᠬᠦ ᠥᠪᠡᠷ ᠤᠨ ᠥᠷᠳᠡᠭ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠠᠷᠠᠯᠵᠢᠶᠠᠨ ᠤ ᠯᠠᠪᠯᠠᠯᠲᠠ ᠶᠢᠨ | ᠦᠨ᠎ᠡ ᠬᠠᠩᠰᠢ ᠶᠢᠨ ᠬᠡᠪ ᠵᠠᠭᠪᠤᠷ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠦ ᠪᠠᠶᠢᠭᠠᠳ ᠲᠦᠭᠦᠬᠡᠢ ᠰᠦ ᠶᠢᠨ | ᠦᠨ᠎ᠡ ᠬᠠᠩᠰᠢ ᠶᠢ ᠵᠥᠪᠳᠡᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠭᠦᠬᠡᠢ ᠰᠦ ᠪᠣᠷᠣᠯᠠᠭᠤᠯᠬᠤ ᠪᠠ ᠬᠤᠳᠠᠯᠳᠤᠨ ᠠᠪᠬᠤ ᠡᠮᠬᠢ ᠳᠢᠭᠯᠢᠮ ᠢ | ᠲᠣᠭᠲᠠᠪᠤᠷᠢᠵᠢᠭᠤᠯᠤᠨ᠎ᠠ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠦᠨᠡᠯᠡᠯᠲᠡ ᠵᠢᠱᠢᠯᠲᠡ ᠶᠢ ᠢᠳᠡᠪᠬᠢᠲᠡᠢ ᠪᠠᠷ ᠥᠷᠨᠢᠭᠦᠯᠵᠦ᠂ ᠵᠠᠬ᠎ᠠ ᠳᠡᠯᠭᠡᠭᠦᠷ ᠤᠨ | ᠰᠡᠷᠡᠮᠵᠢᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠬᠡᠲᠦᠷᠡᠮᠡᠬᠡᠢ ᠪᠠᠶᠢᠳᠠᠯ | ᠡᠭᠦᠰᠬᠦ ᠠᠴᠠ ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ | ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 31. ᠰᠠᠯᠭᠠᠨ ᠥᠭᠬᠦ ᠲᠣᠭᠲᠠᠴᠠ ᠳᠤ ᠰᠢᠨ᠎ᠡ ᠶᠢ ᠡᠭᠦᠳᠴᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠡᠯᠡ | ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢ ᠠᠶᠢᠮᠠᠭ ᠬᠤᠲᠠ ᠠᠴᠠ ᠬᠡᠷᠡᠭᠵᠢᠭᠦᠯᠬᠦ ᠭᠤᠣᠯ | ᠴᠣᠭᠴᠠ ᠳᠤ ᠰᠢᠭᠤᠳ ᠰᠠᠯᠭᠠᠨ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ | ᠮᠥᠴᠢᠷ ᠲᠠᠢ ᠬᠠᠮᠲᠤᠷᠠᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠡᠯᠡ ᠮᠥᠩᠭᠦᠨ ᠤ ᠵᠠᠷᠤᠯᠭ᠎ᠠ ᠶᠢᠨ ᠠᠬᠢᠴᠠ ᠵᠡᠷᠭᠡ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 32. ᠰᠠᠭᠤᠷᠢ ᠮᠥᠩᠭᠦᠨ ᠤ ᠵᠢᠭᠡᠯᠡᠯᠭᠡ ᠶᠢᠨ ᠲᠡᠮᠳᠡᠭᠲᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ ᠨᠦᠬᠡᠴᠡ ᠭᠦᠢᠴᠡᠳ ᠮᠥᠷᠲᠡᠭᠡᠨ ᠠᠵᠢᠯ ᠡᠬᠢᠯᠡᠭᠦᠯᠬᠦ | ᠨᠦᠭᠦᠴᠡᠯ ᠲᠠᠢ ᠰᠦ ᠰᠠᠭᠠᠯᠢ ᠶᠢᠨ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ᠰᠦ | ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠬᠢ ᠪᠡᠯᠡ ᠣᠷᠤᠭᠤᠯᠤᠯᠲᠠ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠡᠵᠢᠭᠡᠨ ᠦᠷᠡᠵᠢᠭᠦᠯᠬᠦ᠂ | ᠡᠪᠡᠰᠦᠨ ᠤ ᠦᠢᠯᠡᠰ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 33. ᠮᠥᠩᠭᠦᠨ ᠭᠦᠢᠯᠭᠡᠭᠡᠨ ᠤ ᠳᠡᠮᠵᠢᠯᠭᠡ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠵᠠᠬ᠎ᠠ ᠳᠤ ᠭᠠᠷᠴᠤ ᠫᠠᠶᠢᠰᠠ | ᠡᠯᠭᠦᠬᠦ ᠶᠢ ᠱᠠᠩᠨᠠᠨ ᠨᠥᠬᠦᠪᠦᠷᠢᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠦᠭᠦᠴᠡᠯ ᠳᠤ ᠨᠡᠶᠢᠴᠡᠭᠰᠡᠨ ᠡᠪᠡᠰᠦᠨ ᠤ ᠦᠢᠯᠡᠰ᠂ | ᠰᠦ ᠶᠢᠨ ᠦᠢᠯᠡᠰ ᠵᠡᠷᠭᠡ ᠠᠵᠤ ᠠᠬᠤᠶᠢᠯᠠᠯ ᠤᠨ ᠫᠠᠶᠢᠰᠠ ᠡᠯᠭᠦᠬᠦ᠂ ᠵᠠᠬ᠎ᠠ ᠳᠤ ᠭᠠᠷᠴᠤ ᠪᠡᠯᠡ ᠲᠣᠬᠢᠷᠠᠭᠤᠯᠬᠤ ᠪᠠ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ | ᠳᠡᠮᠵᠢᠨ᠎ᠡ︔ ︽ᠪᠠᠲᠤᠯᠠᠬᠤ ᠳᠤ ᠲᠤᠰᠠᠯᠠᠬᠤ ᠵᠢᠭᠡᠯᠡᠯᠭᠡ︾᠂ ︽ᠠᠮᠢᠳᠤ ᠪᠡᠶᠡᠲᠦ ᠶᠢᠨ ᠵᠢᠭᠡᠯᠡᠯᠭᠡ︾᠂ ︽ᠳᠠᠭᠠᠳᠬᠠᠯ ᠤᠨ ᠬᠠᠭᠤᠳᠠᠰᠤ ᠪᠠᠷ ᠳᠠᠨᠵᠢᠯᠠᠬᠤ︾᠂ ︽ | ᠬᠥᠬᠡ ᠳᠠᠷᠤᠰᠢ ᠶᠢᠨ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠨᠡᠷᠡᠳᠭᠦᠨ ᠢ ᠶᠡᠭᠡ ᠬᠦᠴᠦᠨ ᠢᠶᠠᠷ ᠳᠡᠯᠭᠡᠷᠡᠭᠦᠯᠦᠨ᠎ᠡ︔ ᠦᠨᠢᠶᠡᠨ ᠰᠦ ᠶᠢᠨ ᠦᠨ᠎ᠡ | ᠬᠠᠩᠰᠢ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠦᠨ᠎ᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠡᠵᠢᠭᠡᠨ ᠦᠷᠡᠵᠢᠭᠦᠯᠬᠦ | ᠲᠠᠯᠠᠪᠠᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠵᠣᠬᠢᠰᠲᠠᠢ ᠲᠣᠭᠲᠠᠭᠠᠬᠤ ᠶᠢ ᠵᠣᠷᠢᠬᠵᠢᠭᠤᠯᠵᠤ᠂ ᠤᠷᠲᠤᠪᠲᠤᠷ ᠪᠠ ᠤᠷᠳᠤ ᠬᠤᠭᠤᠴᠠᠭᠠᠨ ᠤ ᠬᠠᠷᠠᠭᠠᠯᠵᠠᠯᠲᠤ ᠬᠦᠦ | ᠮᠥᠩᠭᠦᠨ ᠤ ᠨᠣᠷᠮ᠎ᠠ ᠶᠢᠨ ᠵᠢᠭᠡᠯᠡᠯᠭᠡ ᠣᠯᠭᠤᠵᠤ᠂ ᠤᠷᠲᠤᠪᠲᠤᠷ ᠪᠠ ᠤᠷᠳᠤ ᠬᠤᠭᠤᠴᠠᠭᠠᠨ ᠤ ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ | ᠲᠠᠷᠢᠶᠠᠯᠠᠩ ᠲᠠᠢ ᠬᠤᠯᠪᠣᠭᠳᠠᠬᠤ ᠵᠢᠭᠡᠯᠡᠯᠭᠡ ᠶᠢᠨ ᠲᠦᠭᠰᠢᠭᠦᠷᠢ ᠶᠢᠨ ᠬᠦᠯᠢᠴᠡᠨ ᠲᠡᠰᠪᠦᠷᠢᠯᠡᠬᠦ ᠪᠠᠶᠢᠳᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠤᠯᠤᠰ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠡᠭᠡᠷᠡᠬᠢ ᠲᠥᠷᠥ ᠶᠢᠨ ᠪᠣᠳᠣᠯᠭ᠎ᠠ ᠶᠢ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ 2025 ᠣᠨ ᠤ | 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠦᠴᠦᠨ ᠲᠠᠢ᠃ ︽ᠰᠦ ᠰᠠᠭᠠᠯᠢ ᠶᠢᠨ ᠦᠢᠯᠡᠰ ᠤᠨ ᠥᠷᠨᠢᠭᠦᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 33 ᠳ᠋ᠤᠭᠠᠷ ᠲᠣᠭᠠᠲᠤ︶᠂ ︽ᠰᠦ ᠰᠠᠭᠠᠯᠢ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ | 18 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠦ ᠶᠢ ᠠᠶᠢᠮᠠᠭ ᠬᠤᠲᠠ ᠠᠯᠤᠰᠯᠠᠨ ᠰᠢᠯᠵᠢᠭᠦᠯᠦᠨ | ᠵᠥᠭᠡᠭᠡᠪᠦᠷᠢᠯᠡᠬᠦ ᠨᠡᠮᠡᠭᠦᠷᠢ ᠶᠢᠨ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2022﹈ 507 ᠳ᠋ᠤᠭᠠᠷ ᠲᠣᠭᠠᠲᠤ | ︶ ᠢ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ |