ᠰᠦᠷᠯᠢᠭ ᠰᠠᠶᠢᠬᠠᠨ ᠲᠠᠯ᠎ᠠ ᠨᠤᠲᠤᠭ᠂ ᠲᠤᠩᠭᠠᠯᠠᠭ ᠴᠡᠪᠡᠷ ᠨᠠᠭᠤᠷ ᠴᠥᠭᠦᠷᠥᠮ᠂ ᠨᠡᠯᠦᠭᠡᠷ ᠶᠡᠭᠡ ᠡᠯᠡᠰᠦ ᠮᠠᠩᠬ᠎ᠠ᠂ ᠳᠠᠪᠠᠯᠭᠠᠯᠠᠨ ᠤᠷᠤᠰᠬᠤ ᠭᠤᠣᠯ ᠮᠥᠷᠡᠨ ᠁ | ᠥᠪᠥᠷ ᠮᠣᠩᠭᠤᠯ ᠳᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠦᠵᠡᠰᠬᠦᠯᠡᠩᠲᠦ ᠰᠠᠶᠢᠬᠠᠨ ᠦᠵᠡᠮᠵᠢ ᠵᠢᠷᠤᠭ ᠭᠠᠵᠠᠷ ᠪᠣᠯᠭᠠᠨ ᠳᠤ | ᠬᠠᠷᠠᠭᠳᠠᠨ᠎ᠠ᠃ | 8 ᠰᠠᠷ᠎ᠠ ᠶᠢᠨ 25 ᠠᠴᠠ 29 ᠤ ᠡᠳᠦᠷ ᠪᠤᠯᠲᠠᠯ᠎ᠠ᠂ ︽ᠰᠢᠨ᠎ᠡ ᠵᠠᠮ ᠨᠡᠭᠡᠭᠡᠬᠦ ᠰᠢᠨ᠎ᠡ ᠦᠢᠯᠡᠳᠦᠯᠭᠡ — ᠪᠦᠭᠦ ᠤᠯᠤᠰ ᠤᠨ ᠨᠠᠮ ᠤᠨ ᠵᠠᠭᠤᠴᠢᠯᠠᠭᠤᠷ ᠤᠨ | ᠴᠢᠨᠠᠷ ᠰᠠᠶᠢᠲᠠᠢ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢᠨ ᠠᠶᠠᠯᠠᠯ︾ ᠵᠢᠴᠢ ︽ᠪᠦᠷᠢᠨ ᠵᠠᠭᠤᠴᠢᠯᠠᠭᠤᠷ ᠤᠨ ᠦᠢᠯᠡᠳᠪᠦᠷᠢᠯᠡᠯ ᠳᠠᠮᠵᠢᠭᠤᠯᠭ᠎ᠠ ᠶᠢᠨ | ᠲᠣᠭᠲᠠᠴᠠ ᠶᠢ ᠪᠠᠶᠢᠭᠤᠯᠵᠤ ᠭᠤᠣᠯ ᠵᠠᠭᠤᠴᠢᠯᠠᠭᠤᠷ ᠤᠨ ᠰᠢᠰᠲ᠋ᠧᠮ ᠤᠨ ᠴᠢᠨᠠᠷᠲᠠᠢ ᠬᠤᠪᠢᠰᠤᠯᠲᠠ ᠶᠢ ᠠᠬᠢᠭᠤᠯᠬᠤ︾ ᠠᠵᠢᠯ ᠤᠨ ᠰᠣᠯᠢᠯᠴᠠᠭᠠᠨ ᠤ ᠬᠤᠷᠠᠯ ᠤᠨ | ᠵᠠᠭᠤᠴᠢᠯᠠᠭᠤᠷ ᠤᠨ ᠪᠦᠯᠭᠦᠮ ᠥᠪᠥᠷ ᠮᠣᠩᠭᠤᠯ ᠳᠤ ᠢᠷᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠯᠢᠭᠡᠷ ᠵᠠᠭᠪᠤᠷ ᠤᠳ᠂ ᠠᠮᠢ ᠠᠬᠤᠢ ᠶᠢ ᠰᠡᠷᠭᠦᠭᠡᠭᠰᠡᠨ ᠬᠡᠷᠡᠭ ᠤᠨ ᠵᠢᠱᠢᠶ᠎ᠡ ᠨᠦᠭᠦᠳ᠂ ᠲᠠᠰᠤᠷᠠᠯᠲᠠ | ᠦᠭᠡᠢ ᠨᠡᠮᠡᠭᠳᠡᠵᠦ ᠪᠠᠶᠢᠭ᠎ᠠ ᠨᠣᠮᠢᠨ ᠨᠣᠭᠤᠭᠠᠨ ᠨᠢ ᠥᠪᠥᠷ ᠮᠣᠩᠭᠤᠯ ᠤᠨ ᠨᠣᠮᠢᠨ ᠤᠰᠤ ᠬᠥᠬᠡᠮᠳᠦᠭ ᠠᠭᠤᠯᠠ ᠶᠢᠨ ᠰᠢᠨ᠎ᠡ ᠰᠦᠷ ᠵᠢᠪᠬᠤᠭ᠎ᠠ ᠶᠢ ᠢᠯᠡᠷᠡᠭᠦᠯᠵᠦ᠂ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠳᠡᠪᠢᠰᠬᠡᠷ ᠥᠩᠭᠡ ᠶᠢ ᠪᠦᠷᠢᠯᠳᠦᠭᠦᠯᠵᠡᠢ᠃ | | | ᠨᠡᠯᠦᠭᠡᠷ ᠶᠡᠭᠡ ᠡᠯᠡᠰᠦ ᠨᠣᠮᠢᠨ ᠨᠣᠭᠤᠭᠠᠨ ᠢᠶᠠᠷ ᠰᠣᠯᠢᠭᠳᠠᠪᠠ | | | ᠮᠠᠰᠢᠨ ᠲᠡᠷᠭᠡ ᠪᠠᠷ ᠡᠯᠡᠰᠦ ᠶᠢ ᠳᠤᠭᠤᠯᠤᠬᠰᠠᠨ ᠵᠠᠰᠠᠮᠠᠯ ᠵᠠᠮ ᠢᠶᠠᠷ ᠠᠶᠠᠯᠠᠨ ᠳᠠᠪᠬᠢᠭᠤᠯᠬᠤ ᠳᠤ᠂ ᠵᠠᠮ ᠤᠨ ᠬᠤᠶᠠᠷ ᠲᠠᠯ᠎ᠠ ᠪᠠᠷ ᠡᠪᠡᠰᠦ ᠮᠣᠳᠣ ᠴᠡᠯᠭᠡᠷᠡᠨ | ᠨᠣᠭᠤᠭᠠᠷᠠᠵᠤ᠂ ᠰᠢᠪᠠᠭᠤᠳ ᠵᠢᠷᠭᠢᠨ ᠴᠡᠴᠡᠭ ᠳᠡᠯᠭᠡᠷᠡᠵᠦ᠂ ᠨᠣᠮᠢᠨ ᠳᠠᠯᠠᠢ ᠪᠠᠷ ᠠᠶᠠᠯᠠᠬᠤ ᠮᠡᠲᠦ ᠲᠥᠷᠥᠭᠳᠡᠯ ᠥᠭᠬᠦ ᠶᠤᠮ᠃ ᠶᠠᠪᠠᠭᠠᠨ ᠵᠠᠮ ᠢᠶᠠᠷ ᠠᠯᠬᠤᠯᠠᠵᠤ ᠡᠯᠡᠰᠦᠨ | ᠳᠣᠪᠣᠴᠠᠭ ᠤᠨ ᠤᠷᠭᠢᠯ ᠳᠤ ᠭᠠᠷᠬᠤ ᠪᠠᠷ᠂ ᠬᠠᠷᠠᠭᠠᠨ ᠳᠤ ᠲᠣᠳᠣᠷᠠᠬᠤ ᠰᠢᠷ᠎ᠠ ᠨᠣᠭᠤᠭᠠᠨ ᠢᠶᠠᠷ ᠢᠯᠭᠠᠷᠠᠭᠰᠠᠨ ᠰᠦᠷᠯᠢᠭ ᠦᠵᠡᠮᠵᠢ ᠨᠢ ᠬᠥᠮᠥᠰ ᠲᠤ ᠡᠨᠡ ᠪᠣᠯ | ᠳᠤᠮᠳᠠᠳᠤ ᠤᠯᠤᠰ ᠤᠨ ᠳᠣᠯᠣᠳᠤᠭᠠᠷ ᠶᠡᠭᠡ ᠡᠯᠡᠰᠦ᠂ ᠬᠥᠪᠴᠢ ᠶᠢᠨ ᠡᠯᠡᠰᠦ ᠶᠢᠨ ᠭᠤᠣᠯ ᠬᠡᠰᠡᠭ ᠪᠤᠯᠬᠤ ᠶᠢ ᠰᠠᠨᠠᠭᠤᠯᠤᠨ᠎ᠠ᠃ | 8 ᠰᠠᠷ᠎ᠠ ᠶᠢᠨ 27 ᠤ ᠡᠳᠦᠷ᠂ ᠪᠦᠭᠦ ᠤᠯᠤᠰ ᠤᠨ ᠨᠠᠮ ᠤᠨ ᠵᠠᠭᠤᠴᠢᠯᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢᠨ | ᠠᠶᠠᠯᠠᠯ ᠤᠨ ᠵᠠᠭᠤᠴᠢᠯᠠᠭᠤᠷ ᠤᠨ ᠪᠦᠯᠭᠦᠮ ᠣᠷᠳᠣᠰ ᠬᠤᠲᠠ ᠶᠢᠨ ᠣᠶᠢᠵᠢᠭᠤᠯᠤᠯᠲᠠ ᠶᠢᠨ ᠶᠡᠷᠦᠩᠬᠡᠢ ᠲᠠᠯᠠᠪᠠᠶ ᠶᠢᠨ ᠽᠠᠨᠳᠠᠨ ᠵᠤᠤ ᠶᠢᠨ ᠬᠤᠪᠢᠶᠠᠷᠢ ᠲᠠᠯᠠᠪᠠᠶ ᠶᠢᠨ | ᠢᠩᠭᠡᠨ ᠡᠯᠡᠰᠦᠨ ᠳᠠᠬᠢ ᠠᠵᠢᠯᠯᠠᠬᠤ ᠲᠣᠭᠤᠷᠢᠭ ᠲᠤ ᠬᠦᠷᠴᠦ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠭᠰᠡᠨ ᠠᠮᠢᠳᠤᠯᠢᠭ ᠦᠢᠯᠡᠳᠦᠯᠭᠡ ᠶᠢ ᠬᠠᠷᠠᠭᠠᠳ ᠭᠠᠶᠢᠬᠠᠨ ᠰᠣᠴᠢᠪᠠ᠃ ︽ᠶᠢᠨ ᠺᠧᠨ︾ | ᠭᠡᠳᠡᠭ ᠨᠢ ᠮᠣᠩᠭᠤᠯ ᠢᠶᠠᠷ ︽ᠶᠡᠭᠡ︾ ᠭᠡᠰᠡᠨ ᠤᠳᠬ᠎ᠠ ᠲᠠᠢ᠂ ᠢᠩᠭᠡᠨ ᠡᠯᠡᠰᠦ ᠪᠣᠯ ᠳᠠᠷᠤᠢ ︽ᠶᠡᠭᠡ ᠡᠯᠡᠰᠦ︾ ᠪᠣᠯᠣᠨ᠎ᠠ᠂ ᠤᠳᠤ ᠠᠳᠡ ᠨᠢᠭᠡᠨᠲᠡ ᠬᠥᠪᠴᠢ ᠶᠢᠨ | ᠡᠯᠡᠰᠦᠨ ᠳᠠᠬᠢ ︽ᠨᠣᠭᠤᠭᠠᠨ ᠠᠷᠠᠯ︾ ᠪᠣᠯᠵᠠᠢ᠃ | ᠥᠪᠥᠷ ᠮᠣᠩᠭᠤᠯ ᠤᠨ ᠬᠢᠵᠠᠭᠠᠷ ᠲᠤ ᠳᠥᠷᠪᠡᠨ ᠶᠡᠭᠡ ᠡᠯᠡᠰᠦ ᠮᠠᠩᠬ᠎ᠠ᠂ ᠳᠥᠷᠪᠡᠨ ᠶᠡᠭᠡ ᠡᠯᠡᠰᠦᠷᠬᠡᠭ ᠭᠠᠵᠠᠷ ᠲᠠᠷᠬᠠᠵᠤ᠂ ᠭᠠᠵᠠᠷ ᠰᠢᠷᠣᠢ ᠶᠢᠨ | ᠴᠦᠯᠯᠡᠷᠭᠡᠭᠵᠢᠯ ᠡᠯᠡᠰᠦᠷᠬᠡᠭᠵᠢᠯ ᠤᠨ ᠲᠠᠯᠠᠪᠠᠶ ᠪᠦᠭᠦ ᠤᠯᠤᠰ ᠤᠨ 20% ᠣᠷᠴᠢᠮ ᠢ ᠡᠵᠡᠯᠡᠵᠦ᠂ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ | ᠳᠠᠶᠢᠯᠠᠯᠳᠤᠭᠠᠨ ᠤ ᠲᠠᠯᠠᠪᠤᠷ᠂ ᠡᠯᠡᠰᠦᠨ ᠰᠢᠭᠤᠷᠭ᠎ᠠ ᠶᠢ ᠰᠡᠷᠭᠡᠶᠢᠯᠡᠬᠦ ᠭᠤᠣᠯ ᠰᠡᠷᠭᠡᠶᠢᠯᠡᠯᠲᠡ ᠶᠢᠨ ᠱᠤᠭᠤᠮ ᠪᠣᠯᠣᠨ᠎ᠠ᠃ 70 ᠭᠠᠷᠤᠢ ᠵᠢᠯ ᠤᠨ ᠲᠤᠷᠰᠢ᠂ ᠥᠪᠥᠷ | ᠮᠣᠩᠭᠤᠯ ᠴᠠᠭ ᠮᠥᠴᠡ ᠲᠠᠢ ᠤᠷᠤᠯᠳᠤᠨ᠂ ᠡᠯᠡᠰᠦ ᠮᠠᠩᠬ᠎ᠠ ᠲᠠᠢ ᠲᠡᠮᠡᠴᠡᠵᠦ᠂ ︽ᠡᠯᠡᠰᠦ ᠤᠷᠤᠭᠰᠢᠯᠠᠵᠤ ᠬᠥᠮᠥᠨ ᠤᠬᠤᠷᠢᠵᠤ︾ ᠪᠠᠶᠢᠭᠰᠠᠨ ᠠᠴᠠ ᠪᠠᠨ | ︽ᠨᠣᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠭᠰᠠᠨ︾ ᠴᠢᠬᠤᠯᠠ ᠶᠡᠭᠡ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠪᠡ᠃ | ᠬᠠᠮᠤᠭ ᠤᠨ ᠰᠢᠨ᠎ᠡ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠥᠪᠥᠷ ᠮᠣᠩᠭᠤᠯ ᠤᠨ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ | ᠰᠢᠷᠣᠢ ᠶᠢᠨ ᠲᠠᠯᠠᠪᠠᠶ ᠵᠠᠯᠭᠠᠭ᠎ᠠ ᠪᠠᠷ 4 ᠬᠢᠨᠠᠨ ᠬᠡᠮᠵᠢᠬᠦ ᠬᠤᠭᠤᠴᠠᠭ᠎ᠠ ︽ᠬᠤᠣᠰ ᠪᠠᠭᠤᠷᠠᠯᠲᠠ︾ ᠶᠢ ᠪᠡᠶᠡᠯᠡᠭᠦᠯᠵᠦ᠂ ᠣᠶ ᠰᠢᠭᠤᠢ ᠶᠢᠨ ᠪᠦᠷᠬᠦᠴᠡ᠂ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠦᠷᠭᠦᠯᠵᠢᠯᠡᠨ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠪᠡ᠃ ᠥᠪᠥᠷ ᠮᠣᠩᠭᠤᠯ ᠤᠯᠠᠮ ᠠᠴᠠ ᠤᠯᠠᠮ ᠨᠣᠭᠤᠭᠠᠨ ᠪᠣᠯᠪᠠ᠃ | | ᠡᠨᠡ ᠬᠦ ᠨᠣᠭᠤᠭᠠᠨ ᠥᠩᠭᠡ ᠶᠢᠨ ᠳᠣᠲᠣᠷ᠎ᠠ᠂ ᠥᠪᠥᠷ ᠮᠣᠩᠭᠤᠯ ᠤᠨ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠴᠤᠴᠠᠯᠲᠠ ᠦᠭᠡᠢ | ᠤᠷᠤᠭᠰᠢᠯᠠᠭᠰᠠᠨ ᠡᠭᠦᠷᠭᠡᠯᠡᠯ ᠪᠠ ᠰᠥᠰᠥ ᠵᠣᠷᠢᠭ ᠠᠭᠤᠯᠤᠭᠳᠠᠵᠤ ᠪᠤᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ | ᠣᠶᠢᠵᠢᠭᠤᠯᠤᠨ ᠨᠣᠭᠤᠭᠠᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠬᠡᠪᠴᠢᠶ᠎ᠡ ᠪᠦᠭᠦ ᠤᠯᠤᠰ ᠲᠤ ᠲᠦᠷᠦᠭᠦᠯᠡᠵᠦ᠂ ᠡᠬᠡ ᠤᠯᠤᠰ ᠤᠨ | ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ | ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠶ 3000 ᠲᠦᠮᠡᠨ ᠮᠦ ᠶᠢ ᠳᠠᠪᠠᠵᠤ᠂ ᠡᠳᠦᠷ ᠳᠤᠮᠳᠠᠴᠢ ᠶᠢᠨ ᠡᠯᠡᠰᠦ ᠶᠢ | ᠵᠠᠰᠠᠭᠰᠠᠨ ᠲᠠᠯᠠᠪᠠᠶ 2 ᠲᠦᠮᠡᠨ ᠮᠦ ᠶᠢ ᠳᠠᠪᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠬᠤᠷᠳᠤᠴᠠ ᠪᠠᠨ ᠲᠦᠷᠭᠡᠳᠬᠡᠪᠡ︾᠃ | ᠡᠨᠡ ᠬᠦ ᠨᠣᠭᠤᠭᠠᠨ ᠥᠩᠭᠡ ᠶᠢᠨ ᠳᠣᠲᠣᠷ᠎ᠠ᠂ ᠥᠪᠥᠷ ᠮᠣᠩᠭᠤᠯ ᠤᠨ ᠭᠡᠷᠡᠯ ᠢ ᠠᠰᠢᠭᠯᠠᠵᠤ ᠡᠯᠡᠰᠦ ᠶᠢ ᠵᠠᠰᠠᠬᠤ᠂ ᠨᠢᠭᠡ ᠴᠣᠭᠴᠠᠵᠢᠭᠤᠯᠤᠨ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠠᠷᠭ᠎ᠠ ᠪᠣᠳᠣᠯᠭ᠎ᠠ ᠪᠠ ᠰᠥᠰᠥ ᠵᠣᠷᠢᠭ ᠰᠢᠩᠭᠡᠵᠦ ᠪᠤᠢ᠃ | ᠬᠥᠪᠴᠢ ᠶᠢᠨ ᠡᠯᠡᠰᠦᠨ ᠳᠤ᠂ ᠤᠯᠠᠭᠠᠨᠪᠤᠬ᠎ᠠ ᠶᠢᠨ ᠡᠯᠡᠰᠦᠨ ᠳᠤ᠂ ᠲᠡᠭᠷᠢ ᠡᠯᠡᠰᠦᠨ ᠳᠤ᠂ ᠶᠡᠭᠡ ᠬᠡᠮᠵᠢᠶᠡᠨ ᠤ ᠭᠡᠷᠡᠯᠴᠢ ᠴᠡᠨᠡᠭ ᠤᠨ ᠬᠠᠪᠲᠠᠰᠤ ᠡᠯᠡᠰᠦᠨ ᠴᠥᠯ ᠳᠤ | ᠨᠡᠯᠦᠭᠡᠷ ᠶᠡᠭᠡ ᠬᠥᠬᠡ ᠲᠡᠯᠡᠶ ᠪᠣᠯᠵᠤ ᠳᠣᠯᠭᠢᠶᠠᠯᠠᠨ᠎ᠠ᠂ ᠬᠥᠬᠡ ᠲᠡᠯᠡᠶ ᠳᠡᠭᠡᠷ᠎ᠡ᠂ ᠭᠡᠷᠡᠯᠴᠢ ᠴᠡᠨᠡᠭ ᠤᠨ ᠬᠠᠪᠲᠠᠰᠤ ᠪᠠᠷ ᠪᠣᠬᠢᠷᠳᠤᠯ ᠦᠭᠡᠢ ᠴᠠᠭᠢᠯᠭᠠᠨ ᠭᠠᠷᠭᠠᠵᠤ᠂ | ᠪᠠᠷᠢᠮᠵᠢᠶ᠎ᠠ ᠨᠡᠭᠦᠷᠡᠰᠦ ᠶᠢᠨ ᠬᠡᠷᠡᠭᠯᠡᠯᠲᠡ ᠶᠢ ᠪᠠᠭᠠᠰᠬᠠᠵᠤ᠂ ᠬᠥᠬᠡ ᠲᠡᠯᠡᠶ ᠶᠢᠨ ᠳᠣᠣᠷ᠎ᠠ᠂ ᠵᠠᠭ ᠮᠣᠳᠣ᠂ ᠨᠠᠶᠢᠯᠵᠠᠭᠤᠷ ᠮᠣᠳᠣ ᠵᠡᠷᠭᠡ ᠴᠢᠨᠠᠷ ᠰᠠᠶᠢᠲᠠᠢ ᠰᠠᠯᠬᠢ ᠶᠢ | ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠤᠷᠭᠤᠮᠠᠯ ᠨᠢ ᠨᠤᠷ᠎ᠠ ᠡᠯᠡᠰᠦ ᠶᠢ ᠨᠣᠭᠲᠣᠯᠠᠪᠠ᠃ ᠥᠪᠥᠷ ᠮᠣᠩᠭᠤᠯ ᠤᠨ ᠪᠦᠭᠦ ᠬᠦᠴᠦᠨ ᠢᠶᠠᠷ ᠢᠶᠠᠨ ᠠᠬᠢᠭᠤᠯᠵᠤ | ᠪᠠᠶᠢᠭ᠎ᠠ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠭᠰᠠᠨ ᠤ ᠬᠤᠪᠢ ᠳᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ | ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠥᠪᠥᠷ ᠮᠣᠩᠭᠤᠯ ᠤᠨ 8 ᠠᠶᠢᠮᠠᠭ ᠬᠤᠲᠠ ᠳᠤ ᠪᠦᠭᠦ ᠲᠠᠯ᠎ᠠ ᠪᠠᠷ ᠬᠡᠷᠡᠭᠵᠢᠭᠦᠯᠵᠦ᠂ | ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠨᠢᠭᠡ ᠯᠡ ᠳᠡᠭᠡᠷ᠎ᠡ ᠣᠯᠠᠨ ᠠᠷᠭ᠎ᠠ ᠵᠠᠮ ᠢ ᠨᠡᠭᠡᠭᠡᠪᠡ᠃ 2024 | ᠣᠨ ᠳᠤ᠂ ᠥᠪᠥᠷ ᠮᠣᠩᠭᠤᠯ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠳᠤ 2727 ᠲᠦᠮᠡᠨ ᠭᠢᠯᠦᠸᠠᠲ ᠤᠨ ᠮᠠᠰᠢᠨ ᠴᠣᠭᠴᠠᠯᠠᠪᠤᠷᠢ ᠶᠢ ᠪᠡᠶᠡᠯᠡᠭᠦᠯᠵᠦ᠂ | 230 ᠲᠦᠮᠡᠨ ᠮᠦ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠪᠣᠯᠣᠨ᠎ᠠ᠃ | ᠡᠨᠡ ᠬᠦ ᠨᠣᠭᠤᠭᠠᠨ ᠥᠩᠭᠡ ᠶᠢᠨ ᠳᠣᠲᠣᠷ᠎ᠠ᠂ ᠥᠪᠥᠷ ᠮᠣᠩᠭᠤᠯ ᠤᠨ ᠳᠤᠮᠳᠠᠳᠤ ᠤᠯᠤᠰ ᠴᠢᠨᠠᠭᠰᠢᠯᠠᠪᠠᠯ ᠳᠡᠯᠡᠬᠡᠢ ᠳ᠋ᠠᠬᠢᠨ ᠳᠤ ᠲᠤᠷᠰᠢᠯᠭ᠎ᠠ ᠬᠠᠩᠭᠠᠭᠰᠠᠨ | ᠤᠶᠤᠨ ᠤᠬᠠᠭᠠᠨ ᠪᠠ ᠠᠯᠤᠰ ᠤᠨ ᠬᠠᠷᠠᠴᠠ ᠠᠭᠤᠯᠤᠭᠳᠠᠵᠤ ᠪᠤᠢ᠃ ᠣᠷᠳᠣᠰ ︽ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ | ᠤᠳᠤᠷᠢᠳᠤᠮᠵᠢ᠂ ᠠᠵᠤ ᠠᠬᠤᠶᠢᠯᠠᠯ ᠤᠨ ᠠᠵᠤ ᠦᠢᠯᠡᠰᠵᠢᠯᠲᠡ ᠶᠢᠨ ᠪᠡᠯᠡ ᠣᠷᠣᠭᠤᠯᠤᠯᠲᠠ᠂ ᠨᠡᠶᠢᠭᠡᠮ ᠪᠠ ᠮᠠᠯᠴᠢᠨ ᠲᠠᠷᠢᠶᠠᠴᠢᠨ ᠤ ᠵᠠᠬ᠎ᠠ ᠳᠡᠯᠭᠡᠭᠦᠷᠴᠢᠯᠡᠯᠲᠡ ᠳᠤ | ᠣᠷᠤᠯᠴᠠᠬᠤ᠂ ᠮᠡᠷᠭᠡᠵᠢᠯ ᠤᠨ ᠦᠷᠭᠦᠯᠵᠢᠯᠡᠭᠰᠡᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠴᠢᠯᠦᠭᠡᠲᠡᠢ ᠪᠣᠯᠭᠠᠨ ᠬᠠᠮᠲᠤ ᠪᠠᠷ ᠡᠳ᠋ᠯᠡᠬᠦ︾ ᠵᠠᠰᠠᠯᠲᠠ ᠶᠢᠨ ᠵᠠᠭᠪᠤᠷ ᠢᠶᠠᠷ | ᠳᠠᠮᠵᠢᠭᠤᠯᠤᠨ᠂ ᠬᠥᠪᠴᠢ ᠶᠢᠨ ᠡᠯᠡᠰᠦ ᠶᠢ ᠵᠠᠰᠠᠭᠰᠠᠨ ᠨᠣᠷᠮ᠎ᠠ ᠶᠢ ᠲᠣᠰ ᠵᠠᠭᠤᠨ ᠤ ᠡᠬᠢᠨ ᠤ 4.6% ᠪᠠᠶᠢᠭᠰᠠᠨ ᠠᠴᠠ ᠣᠲᠣ ᠶᠢᠨ 32% ᠪᠣᠯᠭᠠᠨ | ᠳᠡᠭᠡᠭᠰᠢᠯᠡᠭᠦᠯᠪᠡ; ᠠᠯᠠᠱᠠ ᠠᠶᠢᠮᠠᠭ ᠲᠤᠶᠢᠯ ᠤᠨ ᠭᠠᠩ ᠬᠠᠭᠤᠷᠠᠢ ᠭᠠᠵᠠᠷ ᠣᠷᠣᠨ ᠳᠤ ᠨᠢᠰᠬᠡᠯ ᠢᠶᠠᠷ ᠳᠠᠷᠢᠵᠤ ᠣᠶᠢᠵᠢᠭᠤᠯᠬᠤ ᠳᠤ ᠲᠣᠬᠢᠷᠠᠬᠤ ᠨᠢᠭᠡ ᠢᠵᠢ | ᠮᠡᠷᠭᠡᠵᠢᠯ ᠤᠨ ᠵᠠᠭᠪᠤᠷ ᠢ ᠰᠦᠪᠡᠭᠴᠢᠯᠡᠨ ᠭᠠᠷᠭᠠᠵᠤ᠂ ᠠᠳᠠᠯᠢ ᠠᠭᠤᠷ ᠠᠮᠢᠰᠬᠤᠯ ᠤᠨ ᠨᠥᠬᠦᠴᠡᠯ ᠳᠣᠣᠷᠠᠬᠢ ᠪᠤᠰᠤᠳ ᠡᠯᠡᠰᠦ ᠶᠢ ᠵᠠᠰᠠᠬᠤ ᠳᠤ ᠵᠢᠱᠢᠶ᠎ᠡ ᠦᠵᠡᠭᠦᠯᠪᠡ; | ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ 13 ᠵᠤᠷᠪᠤᠰ ᠡᠯᠡᠰᠦ ᠶᠢ ᠳᠤᠭᠤᠯᠤᠬᠰᠠᠨ ᠵᠠᠰᠠᠮᠠᠯ ᠵᠠᠮ ᠨᠢ ᠬᠤᠷᠴᠢᠨ ᠤ ᠡᠯᠡᠰᠦᠷᠬᠡᠭ ᠭᠠᠵᠠᠷ ᠢ | ᠬᠤᠪᠢᠶᠠᠨ ᠵᠠᠰᠠᠵᠤ᠂ ᠵᠠᠮ ᠢ ᠬᠠᠮᠢᠭ᠎ᠠ ᠭᠦᠷᠲᠡᠯ᠎ᠡ ᠵᠠᠰᠠᠪᠠᠯ ᠨᠣᠭᠤᠭᠠᠨ ᠥᠩᠭᠡ ᠨᠢ ᠲᠡᠨᠳᠡ ᠭᠦᠷᠲᠡᠯ᠎ᠡ ᠦᠷᠭᠦᠯᠵᠢᠯᠡᠪᠡ᠃ | | | ᠨᠤᠲᠤᠭ ᠪᠡᠯᠴᠢᠭᠡᠷ ᠤᠨ ᠳᠠᠭᠠᠭᠠᠴᠠ ᠠᠴᠠ ᠪᠠᠨ ᠬᠡᠲᠦᠷᠡᠲᠡᠯ᠎ᠡ ᠮᠠᠯᠵᠢᠬᠤ ᠬᠦᠴᠢᠷ ᠠᠰᠠᠭᠤᠳᠠᠯ ᠢ ᠰᠢᠢᠳᠪᠦᠷᠢᠯᠡᠪᠡ | | | ᠨᠣᠮᠢᠨ ᠲᠠᠯ᠎ᠠ ᠦᠵᠦᠭᠦᠷ ᠬᠢᠵᠠᠭᠠᠷ ᠦᠭᠡᠢ ᠦᠷᠭᠦᠯᠵᠢᠯᠡᠵᠤ᠂ ᠬᠥᠬᠡᠮᠳᠦᠭ ᠤᠰᠤ ᠳᠣᠯᠭᠢᠶᠠᠯᠠᠨ ᠤᠷᠤᠰᠤᠨ᠎ᠠ᠂ ᠥᠪᠥᠷ ᠮᠣᠩᠭᠤᠯ ᠤᠨ ᠲᠠᠯ᠎ᠠ ᠨᠤᠲᠤᠭ ᠮᠠᠨᠢ | ᠶᠠᠭᠠᠬᠢᠭᠠᠳ ᠪᠦᠭᠦ ᠤᠯᠤᠰ ᠤᠨ ᠠᠷᠠᠳ ᠲᠦᠮᠡᠨ ᠤ ︽ᠬᠦᠰᠡᠯᠡᠩ ᠤᠨ ᠣᠷᠣᠨ︾ ᠪᠣᠯᠤᠭᠰᠠᠨ ᠪᠤᠢ︖ | 8 ᠰᠠᠷ᠎ᠠ ᠶᠢᠨ 25 ᠤ ᠡᠳᠦᠷ᠂ ᠪᠦᠭᠦ ᠤᠯᠤᠰ ᠤᠨ ᠨᠠᠮ ᠤᠨ ᠵᠠᠭᠤᠴᠢᠯᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢᠨ | ᠵᠠᠭᠤᠴᠢᠯᠠᠭᠤᠷ ᠤᠨ ᠪᠦᠯᠭᠦᠮ ᠣᠳᠣᠬᠠᠨ ᠤ ᠤᠯᠤᠰ ᠤᠨ ᠳᠣᠲᠣᠭᠠᠳᠤ ᠶᠢᠨ ᠴᠣᠷ ᠤᠨ ᠭᠠᠭᠴᠠ ᠡᠪᠡᠰᠦᠨ ᠦᠷ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠤ | ᠠᠩᠬᠠᠷᠤᠯ ᠢᠶᠠᠨ ᠲᠥᠪᠯᠡᠷᠡᠭᠦᠯᠦᠭᠰᠡᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠪᠤᠯᠬᠤ ᠮᠧᠩ ᠼᠤᠤ ᠪᠦᠯᠦᠭᠯᠡᠯ ᠳᠤ ᠬᠦᠷᠴᠦ᠂ ᠨᠤᠲᠤᠭ ᠤᠨ | ᠡᠪᠡᠰᠦᠨ ᠦᠷ᠎ᠡ ᠶᠢ ᠰᠢᠯᠢᠨ ᠪᠣᠶᠢᠵᠢᠭᠤᠯᠬᠤ ᠵᠢᠴᠢ ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ ᠲᠠᠯ᠎ᠠ ᠨᠤᠲᠤᠭ ᠤᠨ ᠠᠮᠢ ᠠᠬᠤᠢ ᠶᠢ ᠵᠠᠰᠠᠨ ᠰᠡᠷᠭᠦᠭᠡᠬᠦ | ᠰᠢᠨ᠎ᠡ ᠮᠡᠷᠭᠡᠵᠢᠯ ᠤᠨ ᠬᠡᠷᠡᠭᠯᠡᠯᠲᠡ᠂ ᠦᠷ᠎ᠡ ᠶᠢᠨ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠵᠡᠭᠦᠨ ᠦᠵᠦᠮᠦᠴᠢᠨ ᠬᠤᠰᠢᠭᠤᠨ ᠤ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ ᠤᠯᠠᠭᠠᠢ ᠶᠢᠨ ᠲᠠᠴᠢᠷᠳᠠᠭᠰᠠᠨ ᠨᠤᠲᠤᠭ ᠪᠡᠯᠴᠢᠭᠡᠷ ᠢ ᠵᠠᠰᠠᠨ | ᠰᠡᠷᠭᠦᠭᠡᠬᠦ᠂ ᠴᠡᠯᠡᠭᠡᠷ ᠲᠠᠯ᠎ᠠ ᠶᠢᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠁ ᠮᠧᠩ ᠼᠤᠤ ᠪᠦᠯᠦᠭᠯᠡᠯ ᠤᠨ ᠡᠭᠦᠳᠦᠭᠰᠡᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ | ᠦᠯᠢᠭᠡᠷ ᠵᠠᠭᠪᠤᠷ ᠤᠳ ᠨᠢ ᠵᠠᠭᠤᠴᠢᠯᠠᠭᠤᠷ ᠤᠨ ᠪᠦᠯᠭᠦᠮ ᠤᠨ ᠬᠢᠨ ᠳᠤ ᠳᠤᠮᠳᠠᠳᠤ ᠤᠯᠤᠰ ᠤᠨ ᠡᠪᠡᠰᠦ ᠤᠷᠭᠤᠮᠠᠯ ᠡᠯᠪᠡᠭ ᠤᠷᠭᠤᠭᠰᠠᠨ ᠳᠤᠮᠳᠠᠳᠤ ᠤᠯᠤᠰ ᠤᠨ | ᠲᠠᠯ᠎ᠠ ᠨᠤᠲᠤᠭ ᠤᠨ ᠥᠪᠥᠷ ᠮᠣᠩᠭᠤᠯ ᠤᠨ ᠦᠢᠯᠡᠳᠦᠯᠭᠡ ᠶᠢ ᠭᠡᠷᠡᠴᠢᠯᠡᠵᠡᠢ᠃ ᠡᠨᠡ ᠦᠶ᠎ᠡ ᠶᠢᠨ ᠥᠪᠥᠷ ᠮᠣᠩᠭᠤᠯ ᠤᠨ ᠡᠬᠡ ᠭᠠᠵᠠᠷ ᠳᠡᠭᠡᠷ᠎ᠡ᠂ ᠨᠤᠲᠤᠭ ᠪᠡᠯᠴᠢᠭᠡᠷ ᠤᠨ | ᠲᠠᠴᠢᠷᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠠᠵᠢᠯᠯᠠᠭ᠎ᠠ ᠶᠠᠭ ᠭᠦᠨᠵᠡᠭᠡᠶᠢᠷᠡᠨ ᠥᠷᠨᠢᠵᠦ ᠪᠤᠢ᠃ | ᠨᠤᠲᠤᠭ ᠪᠡᠯᠴᠢᠭᠡᠷ ᠪᠣᠯ ᠥᠪᠥᠷ ᠮᠣᠩᠭᠤᠯ ᠤᠨ ᠬᠠᠮᠤᠭ ᠤᠨ ᠶᠡᠭᠡ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠮᠥᠨ᠂ ᠪᠠᠰᠠ ᠴᠤ ᠥᠪᠥᠷ ᠮᠣᠩᠭᠤᠯ ᠤᠨ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠴᠢᠬᠤᠯᠠ ᠪᠦᠷᠢᠯᠳᠦᠭᠦᠨ ᠬᠡᠰᠡᠭ | ᠮᠥᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ | ᠰᠠᠭᠤᠷᠢ ᠪᠠ ᠪᠠᠲᠤᠯᠠᠭ᠎ᠠ ᠮᠥᠨ᠃ | 2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠶᠡᠷᠦᠩᠬᠡᠢ ᠳᠤᠨᠢ ᠠᠪᠴᠤ | ᠦᠵᠡᠪᠡᠯ᠂ ᠥᠪᠥᠷ ᠮᠣᠩᠭᠤᠯ ᠤᠨ ᠲᠠᠯ᠎ᠠ ᠨᠤᠲᠤᠭ ᠨᠢᠭᠡᠨᠲᠡ ᠨᠤᠲᠤᠭ ᠪᠡᠯᠴᠢᠭᠡᠷ ᠤᠨ ᠳᠠᠭᠠᠭᠠᠴᠠ ᠠᠴᠠ ᠪᠠᠨ ᠬᠡᠲᠦᠷᠡᠲᠡᠯ᠎ᠡ ᠮᠠᠯᠵᠢᠵᠠᠢ᠂ ᠠᠮᠤᠷᠵᠢᠭᠤᠯᠤᠨ ᠰᠡᠷᠭᠦᠭᠡᠬᠦ | ᠶᠢ ᠠᠩᠬᠠᠷᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 2024 ᠣᠨ ᠳᠤ ᠨᠤᠲᠤᠭ ᠪᠡᠯᠴᠢᠭᠡᠷ ᠤᠨ ᠳᠠᠭᠠᠭᠠᠴᠠ ᠠᠴᠠ ᠪᠠᠨ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ | ᠠᠵᠢᠯ ᠢ ᠥᠪᠥᠷ ᠮᠣᠩᠭᠤᠯ ᠤᠨ 17 ᠬᠤᠰᠢᠭᠤ ᠰᠢᠶᠠᠨ ᠳᠤ ᠡᠬᠢᠯᠡᠭᠦᠯᠪᠡ᠃ ᠡᠯ᠎ᠡ ᠭᠠᠵᠠᠷ ᠤᠨ ᠬᠢᠨ ︽ᠬᠥᠮᠥᠨ︾᠂ ︽ᠮᠠᠯ︾᠂ ︽ᠡᠪᠡᠰᠦ ᠪᠡᠯᠴᠢᠭᠡᠷ︾ ᠤᠨ | ᠵᠠᠩᠭᠢᠯᠠᠭ᠎ᠠ ᠶᠢᠨ ᠠᠰᠠᠭᠤᠳᠠᠯ ᠢ ᠴᠢᠩᠭ᠎ᠠ ᠠᠳᠬᠤᠵᠤ᠂ ᠨᠢᠭᠡ ᠭᠠᠵᠠᠷ ᠣᠷᠣᠨ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠨᠤᠲᠤᠭ ᠪᠡᠯᠴᠢᠭᠡᠷ ᠤᠨ | ᠳᠠᠭᠠᠭᠠᠴᠠ ᠠᠴᠠ ᠪᠠᠨ ᠬᠡᠲᠦᠷᠡᠲᠡᠯ᠎ᠡ ᠮᠠᠯᠵᠢᠬᠤ ᠶᠢ ᠰᠢᠢᠳᠪᠦᠷᠢᠯᠡᠬᠦ ᠥᠪᠥᠷ ᠮᠣᠩᠭᠤᠯ ᠤᠨ ︽ᠰᠠᠶᠢᠨ ᠠᠷᠭ᠎ᠠ︾ ᠶᠢ ᠰᠦᠪᠡᠭᠴᠢᠯᠡᠨ ᠪᠦᠷᠢᠯᠳᠦᠭᠦᠯᠵᠦ᠂ ᠡᠬᠡ | ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠦᠭᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ᠃ | ᠬᠤᠷᠢᠭᠯᠠᠬᠤ ᠨᠡᠪᠲᠡᠷᠡᠭᠦᠯᠬᠦ ᠶᠢ ᠤᠶᠠᠯᠳᠤᠭᠤᠯᠤᠨ ︽ᠮᠠᠯ ᠢᠶᠠᠨ ᠴᠥᠭᠡᠳᠬᠡᠵᠦ︾᠂ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠪᠡ᠃ ︽ᠬᠤᠷᠢᠭᠯᠠᠬᠤ︾᠂ ᠮᠠᠯ | ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠤᠷᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ | ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ ᠪᠠᠨ ᠦᠷᠭᠦᠯᠵᠢᠯᠡᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠮᠠᠯᠵᠢᠬᠤ ᠶᠢ ᠴᠠᠭᠠᠵᠠᠯᠠᠪᠠ᠃ ︽ᠨᠡᠪᠲᠡᠷᠡᠭᠦᠯᠬᠦ︾᠂ | ᠬᠠᠰᠢᠶ᠎ᠠ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠬᠠᠰᠢᠶᠠᠯᠠᠵᠤ ᠲᠡᠵᠢᠭᠡᠬᠦ ᠪᠠ ᠡᠷᠴᠢᠮᠵᠢᠭᠦᠯᠦᠨ ᠲᠡᠵᠢᠭᠡᠨ | ᠦᠷᠡᠵᠢᠭᠦᠯᠬᠦ᠂ ᠣᠶᠤᠨᠴᠢ ᠪᠠᠷ ᠲᠡᠵᠢᠭᠡᠨ ᠦᠷᠡᠵᠢᠭᠦᠯᠬᠦ ᠶᠢ ᠳᠠᠮᠵᠢᠨ ᠳᠠᠶᠢᠴᠢᠯᠠᠵᠤ᠂ ᠨᠤᠲᠤᠭ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠦᠨ᠂ ᠲᠡᠵᠢᠭᠡᠨ ᠠᠷᠠᠴᠢᠯᠠᠬᠤ | ᠥᠪᠡᠷ ᠤᠨ ᠥᠷᠲᠡᠭ ᠢ ᠪᠠᠭᠤᠷᠠᠭᠤᠯᠪᠠ᠃ | ᠲᠡᠵᠢᠭᠡᠬᠦ ᠶᠢᠨ ᠲᠥᠯᠥᠭᠡ ᠡᠪᠡᠰᠦ ᠲᠠᠷᠢᠵᠤ᠂ ᠮᠠᠯ ᠤᠨ ᠲᠡᠵᠢᠭᠡᠯ ᠪᠣᠷᠳᠤᠭ᠎ᠠ ᠶᠢ ᠰᠢᠢᠳᠪᠦᠷᠢᠯᠡᠪᠡ᠃ ᠨᠢᠭᠡ ᠲᠠᠯ᠎ᠠ ᠪᠠᠷ ᠬᠦᠨᠳᠦ ᠨᠣᠴᠢᠲᠠᠢ ᠲᠠᠴᠢᠷᠳᠠᠭᠰᠠᠨ | ᠬᠠᠳᠤᠯᠠᠩ ᠪᠡᠯᠴᠢᠭᠡᠷ ᠢ ᠰᠡᠷᠭᠦᠭᠡᠬᠦ ᠪᠠ ᠬᠦᠨᠳᠦ ᠨᠣᠴᠢᠲᠠᠢ ᠡᠯᠡᠰᠦᠷᠬᠡᠭᠵᠢᠭᠰᠡᠨ ᠬᠠᠳᠤᠯᠠᠩ ᠪᠡᠯᠴᠢᠭᠡᠷ ᠢ ᠰᠡᠷᠭᠦᠭᠡᠬᠦ ᠪᠠᠷ ᠳᠠᠮᠵᠢᠭᠤᠯᠤᠨ᠂ ᠪᠠᠶᠢᠭᠠᠯᠢᠯᠢᠭ ᠨᠤᠲᠤᠭ | ᠪᠡᠯᠴᠢᠭᠡᠷ ᠤᠨ ᠲᠡᠵᠢᠭᠡᠯ ᠡᠪᠡᠰᠦᠨ ᠤ ᠶᠠᠰᠤ ᠴᠢᠨᠠᠷ ᠪᠣᠯᠣᠨ ᠤᠨᠠᠯᠳᠠ ᠶᠢ ᠰᠡᠷᠭᠦᠭᠡᠪᠡ᠃ ᠨᠥᠭᠦᠭᠡ ᠲᠠᠯ᠎ᠠ ᠪᠠᠷ ᠲᠠᠷᠢᠮᠠᠯ ᠪᠡᠯᠴᠢᠭᠡᠷ ᠢ ᠬᠥᠭᠵᠢᠭᠦᠯᠬᠦ᠂ ᠥᠨᠳᠥᠷ | ᠪᠠᠷᠢᠮᠵᠢᠶᠠᠲᠤ ᠡᠪᠡᠰᠦ ᠪᠡᠯᠴᠢᠭᠡᠷ ᠪᠠ ᠡᠪᠡᠰᠦᠨ ᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠡᠵᠢᠭᠡᠯ | ᠡᠪᠡᠰᠦᠨ ᠤ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠪᠠᠶᠢᠭᠠᠯᠢ ᠶᠢᠨ ᠡᠪᠡᠰᠦ ᠪᠡᠯᠴᠢᠭᠡᠷ ᠲᠤ | ᠲᠦᠰᠢᠭᠯᠡᠬᠦ ᠶᠢ ᠪᠦᠲᠦᠮᠵᠢᠲᠡᠶ ᠬᠥᠩᠭᠡᠷᠡᠭᠦᠯᠪᠡ᠃ ᠲᠥᠰᠥᠭᠡᠯᠡᠭᠰᠡᠨ ᠢᠶᠠᠷ᠂ ᠣᠳᠣᠬᠠᠨ ᠳᠤ ᠥᠪᠥᠷ ᠮᠣᠩᠭᠤᠯ ᠤᠨ ᠵᠢᠯ ᠳᠤ ᠲᠠᠷᠢᠮᠠᠯ ᠡᠪᠡᠰᠦ᠂ ᠡᠰᠢ ᠰᠦᠷᠡᠯ ᠢ | ᠪᠣᠷᠳᠤᠭ᠎ᠠ ᠪᠣᠯᠭᠠᠨ ᠠᠰᠢᠭᠯᠠᠬᠤ᠂ ᠪᠠᠶᠢᠭᠠᠯᠢᠯᠢᠭ ᠨᠤᠲᠤᠭ ᠪᠡᠯᠴᠢᠭᠡᠷ ᠤᠨ ᠲᠡᠵᠢᠭᠡᠯ ᠡᠪᠡᠰᠦ ᠵᠡᠷᠭᠡ ᠲᠡᠵᠢᠭᠡᠯ ᠡᠪᠡᠰᠦᠨ ᠤ ᠬᠠᠩᠭᠠᠯᠭ᠎ᠠ ᠶᠢᠨ ᠶᠡᠷᠦᠩᠬᠡᠢ ᠬᠡᠮᠵᠢᠶ᠎ᠡ | 8000 ᠲᠦᠮᠡᠨ ᠲᠣᠨ ᠣᠷᠴᠢᠮ ᠳᠤ ᠬᠦᠷᠴᠦ᠂ ᠪᠦᠭᠦ ᠣᠷᠣᠨ ᠤ 1.4 ᠳ᠋ᠦᠩᠰᠢᠭᠤᠷ ᠲᠣᠯᠣᠭᠠᠢ ᠭᠡᠷ ᠤᠨ ᠲᠡᠵᠢᠭᠡᠪᠦᠷᠢ ᠶᠢᠨ ᠲᠡᠵᠢᠭᠡᠯ ᠡᠪᠡᠰᠦ ᠶᠢᠨ ᠬᠡᠷᠡᠭᠴᠡᠭᠡ ᠶᠢ | ᠦᠨᠳᠦᠰᠦᠨ ᠳᠡᠭᠡᠨ ᠬᠠᠩᠭᠠᠵᠤ ᠴᠢᠳᠠᠨ᠎ᠠ᠃ | ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ ︽ᠠᠵᠤ ᠦᠢᠯᠡᠰ︾ ᠢ ᠠᠳᠬᠤᠵᠤ᠂ ᠦᠷᠭᠦᠯᠵᠢᠯᠡᠬᠦ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠪᠡ᠃ | ᠰᠢᠯᠢᠳᠡᠭ ᠮᠠᠯ ᠢ ᠰᠣᠩᠭᠤᠨ ᠪᠣᠶᠢᠵᠢᠭᠤᠯᠵᠤ ᠳᠡᠯᠭᠡᠷᠡᠭᠦᠯᠬᠦ᠂ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠢ ᠡᠭᠦᠳᠬᠦ᠂ ᠮᠠᠯ ᠤᠨ ᠠᠰᠢᠭ ᠰᠢᠮ᠎ᠡ ᠶᠢ ᠨᠠᠷᠢᠯᠢᠭ | ᠡᠳ᠋ᠰᠢᠭᠦᠯᠬᠦ᠂ ᠨᠢᠭᠡ ᠪᠦᠯᠦᠭ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠵᠡᠷᠭᠡ ᠣᠯᠠᠨ ᠵᠦᠢᠯ ᠤᠨ ᠠᠵᠤ | ᠦᠢᠯᠡᠰ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ ᠪᠠᠷ ᠳᠠᠮᠵᠢᠨ᠂ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠵᠦ᠂ ᠥᠷᠲᠡᠭ ᠤᠨ ᠬᠡᠯᠬᠢᠶ᠎ᠡ ᠶᠢ | ᠤᠷᠲᠤᠳᠬᠠᠪᠠ᠃ | ᠣᠳᠣᠬᠠᠨ ᠪᠤᠯᠲᠠᠯ᠎ᠠ᠂ ᠪᠦᠭᠦ ᠣᠷᠣᠨ ᠳᠤ ᠳᠠᠭᠠᠭᠠᠴᠠ ᠠᠴᠠ ᠬᠡᠲᠦᠷᠡᠭᠰᠡᠨ ᠮᠠᠯ ᠤᠨᠤᠭ᠎ᠠ ᠶᠢ 232 ᠲᠦᠮᠡᠨ ᠬᠤᠨᠢ ᠨᠢᠭᠡᠴᠢ ᠰᠢᠯᠵᠢᠭᠦᠯᠵᠦ᠂ | ᠳᠠᠭᠠᠭᠠᠴᠠ ᠠᠴᠠ ᠬᠡᠲᠦᠷᠡᠭᠰᠡᠨ ᠮᠠᠯ ᠤᠨᠤᠭ᠎ᠠ ᠶᠢᠨ 63% ᠶᠢ ᠡᠵᠡᠯᠡᠵᠦ᠂ 9 ᠬᠤᠰᠢᠭᠤ ᠰᠢᠶᠠᠨ ᠤ ᠪᠦᠭᠦᠶᠢᠯᠡ ᠣᠷᠣᠨ ᠪᠦᠰᠡ ᠶᠢᠨ ᠮᠠᠯ ᠪᠡᠯᠴᠢᠭᠡᠷ ᠤᠨ | ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ ᠳᠣᠷᠣᠭᠰᠢ ᠪᠤᠯᠲᠠᠯ᠎ᠠ ᠪᠠᠭᠤᠷᠠᠭᠤᠯᠵᠤ᠂ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯ | ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠪᠡ᠃ | | | ᠠᠮᠢ ᠠᠬᠤᠢ ᠶᠢᠨ ᠠᠵᠤ ᠦᠢᠯᠡᠰ ᠥᠷᠨᠢᠨ ᠬᠥᠭᠵᠢᠪᠡ | | | ᠪᠤᠰᠤᠳ ᠭᠠᠵᠠᠷ ᠤᠨ ᠨᠤᠲᠤᠭ ᠪᠡᠯᠴᠢᠭᠡᠷ ᠲᠠᠢ ᠠᠳᠠᠯᠢ ᠦᠭᠡᠢ ᠨᠢ ᠭᠡᠪᠡᠯ᠂ ᠰᠤᠪᠤᠷᠭ᠎ᠠ ᠶᠢᠨ ᠲᠠᠯ᠎ᠠ ᠨᠤᠲᠤᠭ ᠲᠤ ᠤᠰᠤ ᠪᠡᠯᠴᠢᠭᠡᠷ ᠥᠩ ᠰᠢᠮᠡᠯᠢᠭ᠂ ᠭᠤᠣᠯ | ᠮᠥᠷᠡᠨ ᠨᠠᠭᠤᠷ ᠴᠥᠭᠦᠷᠥᠮ ᠪᠦᠷᠬᠦᠵᠦ᠂ ᠡᠪᠡᠰᠦ ᠮᠣᠳᠣ ᠬᠥᠬᠡᠷᠡᠨ ᠨᠣᠭᠤᠭᠠᠷᠠᠵᠤ᠂ ᠭᠤᠶᠢᠳᠠ ᠰᠠᠶᠢᠬᠠᠨ ᠪᠠᠶᠢᠭᠠᠯᠢ ᠶᠢᠨ ᠠᠮᠢ ᠠᠬᠤᠢ ᠶᠢᠨ ᠦᠵᠡᠮᠵᠢ ᠶᠢ | ᠪᠦᠷᠢᠯᠳᠦᠭᠦᠯᠵᠡᠢ᠃ ᠠᠷᠪᠠᠨ ᠭᠤᠷᠪᠠᠳᠤᠭᠠᠷ ᠵᠠᠭᠤᠨ ᠤ ᠨᠡᠭᠦᠳᠡᠯ ᠰᠣᠶᠣᠯ ᠢᠶᠠᠷ ᠠᠷᠤ ᠦᠵᠡᠭᠳᠡᠯ ᠪᠤᠯᠭᠠᠵᠤ᠂ ᠶᠡᠭᠡ ᠵᠤᠤ ᠠᠶᠢᠮᠠᠭ ᠤᠨ 300 ᠭᠠᠷᠤᠢ ᠵᠢᠯ ᠤᠨ | ᠲᠡᠦᠬᠡ ᠪᠠᠷ ᠳᠤᠷᠠᠳᠬᠠᠯ ᠪᠤᠯᠭᠠᠵᠤ᠂ ᠦᠵᠡᠰᠬᠦᠯᠡᠩᠲᠦ ᠰᠠᠶᠢᠬᠠᠨ ᠦᠵᠡᠮᠵᠢ ᠨᠢ ᠭᠦᠨ ᠵᠤᠵᠠᠭᠠᠨ ᠲᠡᠦᠬᠡ ᠰᠣᠶᠣᠯ ᠢ ᠠᠴᠢᠶᠠᠯᠠᠵᠤ᠂ ᠥᠪᠡᠷᠮᠢᠴᠡ ᠦᠨᠦᠷ ᠠᠮᠲᠠ ᠶᠢ | ᠢᠯᠡᠷᠡᠭᠦᠯᠵᠦ᠂ ᠳᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠭᠴᠢᠳ ᠢ ᠲᠠᠲᠠᠨ᠎ᠠ᠃ ᠣᠶᠢᠷ᠎ᠠ ᠬᠠᠪᠢ ᠶᠢᠨ ᠮᠠᠯᠴᠢᠨ ᠲᠠᠷᠢᠶᠠᠴᠢᠳ ᠠᠮᠢ ᠠᠬᠤᠢ ᠶᠢᠨ ᠠᠰᠢᠭ ᠢ | ᠡᠳ᠋ᠯᠡᠵᠦ᠂ ᠠᠮᠢᠳᠤᠷᠠᠯ ᠨᠢ ᠡᠳᠦᠷ ᠠᠴᠠ ᠡᠳᠦᠷ ᠰᠠᠶᠢᠵᠢᠷᠠᠪᠠ᠃ | ᠨᠣᠮᠢᠨ ᠤᠰᠤ ᠬᠥᠬᠡᠮᠳᠦᠭ ᠠᠭᠤᠯᠠ ᠤᠰᠤ ᠪᠣᠯ ᠠᠯᠳᠠᠨ ᠠᠭᠤᠯᠠ ᠮᠥᠩᠭᠦᠨ ᠬᠠᠶᠢᠷᠬᠠᠨ᠂ ᠵᠣᠯ ᠵᠢᠷᠭᠠᠯ ᠤᠨ ᠲᠦᠰᠢᠭ ᠮᠥᠨ᠃ ᠥᠪᠥᠷ ᠮᠣᠩᠭᠤᠯ ᠪᠣᠯ | ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠮᠥᠨ᠂ | ᠲᠠᠯ᠎ᠠ ᠨᠤᠲᠤᠭ᠂ ᠣᠶ ᠰᠢᠭᠤᠢ᠂ ᠭᠤᠣᠯ ᠮᠥᠷᠡᠨ᠂ ᠨᠠᠭᠤᠷ ᠴᠥᠭᠦᠷᠥᠮ᠂ ᠨᠤᠭᠤ ᠭᠠᠵᠠᠷ᠂ ᠡᠯᠡᠰᠦ ᠮᠠᠩᠬ᠎ᠠ ᠪᠣᠯ ᠥᠪᠥᠷ ᠮᠣᠩᠭᠤᠯ ᠤᠨ ᠣᠨᠴᠠᠯᠢᠭ ᠪᠠ ᠳᠠᠪᠠᠭᠤᠯᠢᠭ | ᠮᠥᠨ᠃ ᠡᠳᠦᠭᠡ ᠥᠪᠥᠷ ᠮᠣᠩᠭᠤᠯ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠣᠨᠴᠠᠯᠢᠭᠲᠤ | ᠣᠶ ᠰᠢᠭᠤᠢ ᠶᠢᠨ ᠵᠢᠮᠢᠰ᠂ ᠡᠪᠡᠰᠦᠨ ᠤ ᠠᠵᠤ ᠦᠢᠯᠡᠰ᠂ ᠣᠶ ᠰᠢᠭᠤᠢ ᠡᠪᠡᠰᠦᠨ ᠤ ᠬᠢᠲᠠᠳ ᠡᠮ ᠤᠨ ᠮᠠᠲ᠋ᠧᠷᠢᠶᠠᠯ᠂ ᠣᠶ ᠰᠢᠭᠤᠢ ᠶᠢᠨ ᠢᠳᠡᠭᠡᠨ᠂ ᠮᠣᠳᠣᠯᠢᠭ ᠠᠮᠤ | ᠲᠣᠰᠣ ᠵᠡᠷᠭᠡ ᠲᠠᠪᠤᠨ ᠶᠡᠭᠡ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠦᠨ ᠬᠥᠭᠵᠢᠭᠦᠯᠵᠦ᠂ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠶᠠᠭ ᠴᠢᠨᠠᠷ | ᠰᠠᠶᠢᠲᠠᠢ ᠬᠥᠭᠵᠢᠯᠲᠡ ᠶᠢᠨ ᠳᠠᠪᠠᠭᠤᠯᠢᠭ ᠪᠣᠯᠭᠠᠨ ᠣᠨᠳᠣᠣᠰᠢᠭᠤᠯᠵᠤ ᠪᠠᠶᠢᠨ᠎ᠠ᠃ | ᠡᠯᠡᠰᠦᠨ ᠴᠦᠯ ᠠᠴᠠ ᠦᠷ᠎ᠡ ᠠᠰᠢᠭ ᠬᠦᠷᠲᠡᠵᠦ᠂ ᠵᠤᠷᠪᠤᠰ ᠵᠤᠷᠪᠤᠰ ᠠᠵᠤ ᠦᠢᠯᠡᠰ ᠤᠨ ᠬᠡᠯᠬᠢᠶ᠎ᠡ ᠨᠢ ︽ᠦᠬᠦᠯ ᠤᠨ ᠳᠠᠯᠠᠢ︾ ᠶᠢ ︽ᠡᠷᠳᠡᠨᠢᠰ ᠤᠨ ᠰᠠᠩ︾ | ᠪᠣᠯᠭᠠᠪᠠ᠃ ᠪᠠᠳᠠᠢ ᠶᠢᠨ ᠵᠢᠷᠠᠨ᠂ ᠲᠡᠭᠷᠢ ᠡᠯᠡᠰᠦ᠂ ᠤᠯᠠᠭᠠᠨᠪᠤᠬ᠎ᠠ ᠵᠡᠷᠭᠡ ᠭᠤᠷᠪᠠᠨ ᠶᠡᠭᠡ ᠡᠯᠡᠰᠦᠨ ᠴᠥᠯ ᠲᠠᠷᠬᠠᠵᠤ ᠪᠠᠶᠢᠭ᠎ᠠ ᠠᠯᠠᠱᠠ ᠠᠶᠢᠮᠠᠭ ᠨᠢ ᠵᠠᠭ ᠮᠣᠳᠣ — | ᠴᠠᠭᠠᠨ ᠭᠤᠶᠣᠣ᠂ ᠬᠠᠷᠮᠠᠭ — ᠤᠯᠠᠭᠠᠨ ᠭᠤᠶᠣᠣ᠂ ᠳᠡᠷᠪᠡᠯᠵᠢ ᠶᠢᠨ ᠦᠷ᠎ᠡ ᠠᠪᠬᠤ ᠵᠠᠭᠤᠨ ᠲᠦᠮᠡᠨ ᠮᠦ ᠶᠢᠨ 3 ᠠᠵᠤ ᠦᠢᠯᠡᠰ ᠤᠨ ᠰᠠᠭᠤᠷᠢᠨ ᠢ ᠨᠢᠭᠡᠨᠲᠡ | ᠪᠠᠶᠢᠭᠤᠯᠵᠤ᠂ 2023 ᠣᠨ ᠤ ᠣᠶ ᠰᠢᠭᠤᠢ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠨᠢ 100 ᠳ᠋ᠦᠩᠰᠢᠭᠤᠷ ᠲᠥᠭᠦᠷᠢᠭ ᠲᠤ ᠭᠦᠷᠴᠡᠶ; | ᠪᠠᠶᠠᠨᠨᠠᠭᠤᠷ ᠬᠤᠲᠠ 91 ᠠᠵᠤ ᠠᠬᠤᠶᠢᠯᠠᠯ ᠢ ᠲᠡᠳᠬᠦᠨ ᠣᠷᠣᠭᠤᠯᠤᠨ ᠠᠪᠴᠢᠷᠠᠵᠤ᠂ ᠣᠷᠭᠠᠨᠢᠭ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ᠂ | ᠣᠨᠴᠠᠯᠢᠭᠲᠤ ᠣᠶ ᠰᠢᠭᠤᠢ ᠶᠢᠨ ᠵᠢᠮᠢᠰ ᠤᠨ ᠦᠢᠯᠡᠰ ᠵᠢᠴᠢ ᠭᠡᠷᠡᠯᠴᠢ ᠴᠡᠨᠡᠭ + ᠠᠮᠢ ᠠᠬᠤᠢ ᠶᠢᠨ ᠵᠠᠰᠠᠯᠲᠠ ᠵᠡᠷᠭᠡ ᠠᠵᠤ ᠦᠢᠯᠡᠰ ᠤᠨ ᠲᠦᠷᠭᠡᠨ ᠬᠥᠭᠵᠢᠯᠲᠡ ᠶᠢ | ᠠᠬᠢᠭᠤᠯᠵᠤ᠂ ︽ᠡᠯᠡᠰᠦᠨ ᠲᠡᠯᠡᠶ︾ ᠶᠢ ︽ᠨᠣᠭᠤᠭᠠᠨ ᠪᠦᠷᠢᠳᠦ︾ ᠪᠣᠯᠭᠠᠨ ᠬᠤᠪᠢᠷᠠᠭᠤᠯᠬᠤ ᠳᠤᠮᠳᠠ ᠠᠷᠠᠳ ᠣᠯᠠᠨ ᠤ ᠤᠷᠤᠯᠭ᠎ᠠ ᠶᠢ ᠨᠡᠮᠡᠭᠳᠡᠭᠦᠯᠪᠡ᠃ | ᠣᠶ ᠰᠢᠭᠤᠢ ᠠᠴᠠ ᠢᠳᠡᠭᠡᠨ ᠠᠪᠴᠤ᠂ ᠣᠨᠴᠠᠯᠢᠭᠲᠤ ᠳᠠᠷᠢᠵᠤ ᠲᠡᠵᠢᠭᠡᠬᠦ ᠦᠢᠯᠡᠰ ᠨᠢ ᠣᠶ ᠰᠢᠭᠤᠢ ᠶᠢ ︽ᠬᠤᠯᠢᠰᠢᠨ ᠢᠳᠡᠭᠡᠨ︾ ᠪᠠ | ︽ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠥᠮᠥᠷᠭᠡ︾ ᠪᠣᠯᠭᠠᠪᠠ᠃ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠳᠤ᠂ ᠥᠪᠥᠷ ᠮᠣᠩᠭᠤᠯ ᠤᠨ ᠣᠶ ᠰᠢᠭᠤᠢ ᠶᠢᠨ | ᠠᠵᠤ ᠦᠢᠯᠡᠳᠪᠦᠷᠢ ᠶᠢᠨ ᠪᠦᠯᠦᠭᠯᠡᠯ ᠠᠵᠤ ᠠᠬᠤᠢ ᠶᠢᠨ ᠣᠶ᠂ ᠬᠢᠲᠠᠳ ᠡᠪᠡᠰᠦᠨ ᠡᠮ᠂ ᠢᠳᠡᠰᠢᠨ ᠮᠥᠭᠦ᠂ ᠣᠶ ᠳᠣᠲᠣᠷᠠᠬᠢ ᠲᠡᠵᠢᠭᠡᠨ ᠦᠷᠡᠵᠢᠭᠦᠯᠬᠦ ᠪᠠ | ᠬᠡᠭᠡᠷ᠎ᠡ ᠶᠢᠨ ᠡᠬᠢ ᠪᠠᠶᠠᠯᠢᠭ ᠢ ᠴᠤᠭᠯᠠᠭᠤᠯᠬᠤ ᠲᠠᠪᠤᠨ ᠶᠡᠭᠡ ᠠᠵᠤ ᠦᠢᠯᠡᠰ ᠢ ᠪᠦᠷᠢᠯᠳᠦᠭᠦᠯᠵᠦ᠂ 2023 ᠣᠨ ᠳᠤ 3.6 ᠳ᠋ᠦᠩᠰᠢᠭᠤᠷ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠪᠡ᠃ ᠪᠤᠭᠤᠲᠤ ᠬᠤᠲᠠ ᠭᠦᠶᠠᠩ ᠰᠢᠶᠠᠨ ᠤ ᠤᠯᠤᠰ ᠤᠨ ᠡᠵᠡᠩᠨᠡᠯᠲᠡ ᠶᠢᠨ ᠣᠶ ᠰᠢᠭᠤᠢ ᠶᠢᠨ ᠲᠠᠯᠠᠪᠠᠶ ᠶᠢᠨ 2.2 ᠲᠦᠮᠡᠨ | ᠮᠦ ᠣᠶ ᠶᠢ ᠨᠡᠭᠡᠭᠡᠨ ᠬᠥᠭᠵᠢᠭᠦᠯᠵᠦ᠂ 15 ᠲᠦᠮᠡᠨ ᠲᠣᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠭᠰᠠᠨ ᠠᠰᠢᠭ ᠤᠷᠤᠯᠭ᠎ᠠ ᠶᠢᠨ | ᠲᠣᠭᠠᠴᠢᠯᠠᠭᠰᠠᠨ ᠪᠢᠯᠧᠲ ᠢ ᠨᠡᠶᠢᠲᠡᠯᠡᠵᠦ᠂ ᠨᠣᠮᠢᠨ ᠤᠰᠤ ᠬᠥᠬᠡᠮᠳᠦᠭ ᠠᠭᠤᠯᠠ ᠶᠢ ︽ᠦᠨ᠎ᠡ ᠬᠠᠩᠰᠢ ᠲᠠᠢ︾ ᠲᠠᠸᠠᠷ ᠪᠣᠯᠭᠠᠨ ᠬᠤᠪᠢᠷᠠᠭᠤᠯᠵᠤ᠂ ᠣᠷᠣᠨ ᠤ ᠳᠣᠲᠣᠨ᠎ᠠ | ᠭᠠᠳᠠᠨᠠᠬᠢ 32 ᠠᠵᠤ ᠠᠬᠤᠶᠢᠯᠠᠯ ᠬᠤᠳᠠᠯᠳᠤᠨ ᠠᠪᠴᠤ ᠪᠤᠢ᠃ | ᠲᠠᠯ᠎ᠠ ᠨᠤᠲᠤᠭ ᠠᠴᠠ ᠬᠥᠭᠵᠢᠯᠲᠡ ᠣᠯᠵᠤ᠂ ᠡᠪᠡᠰᠦᠨ ᠤ ᠠᠵᠤ ᠦᠢᠯᠡᠰ ᠨᠢ ᠡᠪᠡᠰᠦ ᠶᠢ ︽ᠠᠯᠲᠠ︾ᠪᠣᠯᠭᠠᠨ ᠬᠤᠪᠢᠷᠠᠭᠤᠯᠵᠤ ᠥᠷᠭᠡᠨ ᠠᠭᠤᠳᠠᠮ ᠲᠠᠯ᠎ᠠ | ᠨᠤᠲᠤᠭ ᠢ ︽ᠠᠮᠤ ᠪᠤᠳᠠᠭᠠᠨ ᠤ ᠬᠥᠮᠥᠷᠭᠡ︾᠂ ︽ᠵᠣᠭᠤᠰᠤᠨ ᠬᠥᠮᠥᠷᠭᠡ︾ ᠪᠣᠯᠭᠠᠪᠠ᠃ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠵᠢᠷᠭᠠᠯ ᠵᠠᠮ | ᠰᠤᠮᠤ ᠣᠶᠤᠨᠴᠢ ᠲᠡᠵᠢᠭᠡᠯ ᠡᠪᠡᠰᠦᠨ ᠤ ᠦᠢᠯᠡᠳᠪᠦᠷᠢ ᠪᠠᠶᠢᠭᠤᠯᠵᠤ᠂ ᠵᠢᠯ ᠳᠤ 5100 ᠲᠣᠨ ᠰᠢᠨ᠎ᠡ ᠰᠣᠷᠭᠤᠭ ᠡᠪᠡᠰᠦ᠂ 7000 ᠲᠣᠨ ᠬᠤᠯᠢᠮᠠᠭ ᠪᠣᠷᠳᠤᠭ᠎ᠠ | ᠦᠢᠯᠡᠳᠪᠦᠷᠢᠯᠡᠵᠦ᠂ ᠪᠦᠭᠦ ᠬᠤᠰᠢᠭᠤᠨ ᠳᠤ ᠴᠢᠨᠠᠷ ᠰᠠᠶᠢᠲᠠᠢ ᠲᠣᠭᠲᠠᠭᠤᠨ ᠲᠡᠵᠢᠭᠡᠯ ᠡᠪᠡᠰᠦ ᠬᠠᠩᠭᠠᠪᠠ᠃ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠨᠢ ᠠᠯᠳᠠᠷ ᠤᠳᠤ ᠦᠶ᠎ᠡ ᠶᠢᠨ ᠡᠪᠡᠰᠦᠨ ᠤ ᠦᠢᠯᠡᠰ ᠤᠨ ᠡᠳ᠋ᠰᠢᠭᠦᠯᠦᠨ ᠪᠤᠯᠪᠠᠰᠤᠷᠠᠭᠤᠯᠬᠤ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ | ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠣᠯᠠᠨ ᠲᠡᠵᠢᠭᠡᠯ ᠡᠪᠡᠰᠦᠨ ᠤ ᠠᠵᠤ ᠠᠬᠤᠶᠢᠯᠠᠯ ᠢ ᠣᠷᠣᠭᠤᠯᠵᠤ ᠠᠪᠴᠢᠷᠠᠨ ᠨᠤᠲᠤᠭᠰᠢᠭᠤᠯᠵᠤ᠂ ᠡᠪᠡᠰᠦᠨ ᠤ | ᠠᠵᠤ ᠦᠢᠯᠡᠰ ᠤᠨ ᠪᠦᠭᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠪᠠ᠃ 2023 ᠣᠨ ᠳᠤ᠂ ᠬᠦᠷᠢᠶᠡᠯᠡᠩ ᠲᠣᠭᠤᠷᠢᠭ ᠤᠨ ᠪᠣᠷᠣᠯᠠᠭᠤᠯᠤᠭᠰᠠᠨ ᠶᠡᠷᠦᠩᠬᠡᠢ | ᠦᠢᠯᠡᠳᠬᠦᠨ ᠤ ᠦᠷᠲᠡᠭ 1.58 ᠳ᠋ᠦᠩᠰᠢᠭᠤᠷ ᠲᠥᠭᠦᠷᠢᠭ ᠲᠤ ᠭᠦᠷᠪᠡ᠃ | 2023 ᠣᠨ ᠳᠤ ᠪᠦᠭᠦ ᠣᠷᠣᠨ ᠤ ᠣᠶ ᠰᠢᠭᠤᠢ ᠡᠯᠡᠰᠦ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ 871.8 ᠳ᠋ᠦᠩᠰᠢᠭᠤᠷ | ᠲᠥᠭᠦᠷᠢᠭ ᠲᠤ ᠬᠦᠷᠴᠦ᠂ 2024 ᠣᠨ ᠳᠤ᠂ ᠥᠪᠥᠷ ᠮᠣᠩᠭᠤᠯ ᠶᠠᠭ ᠣᠶ ᠰᠢᠭᠤᠢ ᠡᠯᠡᠰᠦ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ ᠮᠢᠩᠭᠠᠨ | ᠳ᠋ᠦᠩᠰᠢᠭᠤᠷ ᠲᠥᠭᠦᠷᠢᠭ ᠪᠤᠯᠭᠠᠬᠤ ᠪᠠᠷ ᠴᠢᠷᠮᠠᠶᠢᠵᠤ ᠪᠤᠶ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠪᠣᠬᠢᠷᠳᠤᠯ ᠦᠭᠡᠢ ᠢᠷᠡᠭᠡᠳᠦᠢ ᠶᠢᠨ ᠲᠤᠬᠠᠢ ᠭᠦᠨ ᠰᠡᠳᠬᠢᠯᠭᠡ ᠶᠢᠨ ᠤᠷᠠᠢ᠂ ᠥᠪᠥᠷ ᠮᠣᠩᠭᠤᠯ ᠡᠨᠡ | ᠵᠠᠮ ᠢᠶᠠᠷ ᠤᠷᠤᠭᠰᠢᠯᠠᠭᠰᠠᠭᠠᠷ᠃ | | |