︽ᠣᠶᠤᠨᠴᠢ ᠰᠢᠨ᠎ᠡ ᠢᠷᠡᠭᠡᠳᠦᠢ ᠶᠢ ᠬᠠᠮᠲᠤ ᠪᠠᠷ ᠡᠳ᠋ᠯᠡᠵᠦ︾ ᠳᠤᠮᠳᠠᠳᠤ ᠤᠯᠤᠰ ᠤᠨ ᠮᠠᠰᠢᠨ ᠬᠥᠮᠥᠨ ᠤ ᠠᠵᠤ ᠦᠢᠯᠡᠰ ᠰᠢᠵᠢᠷ ᠠᠯᠲᠠᠨ ᠠᠵᠠ ᠲᠣᠬᠢᠶᠠᠯᠳᠤ ᠬᠤᠭᠤᠴᠠᠭ᠎ᠠ ᠪᠠᠨ ᠤᠭᠲᠤᠨ ᠠᠪᠴᠢᠷᠠᠪᠠ
ᠨᠡᠶᠢᠲᠡᠯᠡᠭᠰᠡᠨ ᠴᠠᠭ᠄
2024/8/28
      ︽ᠥᠪᠡᠷ ᠤᠨ ᠳᠤᠷᠠᠲᠠᠢ ᠰᠢᠯᠦᠭ ᠠᠴᠠ ᠪᠠᠨ ᠨᠢᠭᠡ ᠪᠠᠳᠠᠭ ᠴᠡᠭᠡᠵᠢ ᠪᠠᠷ ᠤᠩᠰᠢᠬᠤ ᠦᠦ︖︾ ᠭᠡᠵᠦ ᠪᠡᠭᠡᠵᠢᠩ ᠤᠨ ᠢ ᠵᠤᠸᠠᠩ ᠳᠠᠬᠢ 2024 ᠳᠡᠯᠡᠬᠡᠢ ᠶᠢᠨ ᠮᠠᠰᠢᠨ ᠬᠥᠮᠥᠨ ᠤ ᠶᠡᠭᠡ ᠬᠤᠷᠠᠯ ᠤᠨ ᠦᠵᠡᠭᠦᠯᠭᠡ ᠶᠢᠨ ᠲᠢᠩᠬᠢᠮ ᠳᠤ᠂ ᠨᠢᠭᠡᠨ ᠲᠣᠭᠤᠷᠢᠨ ᠦᠵᠡᠭᠴᠢ ᠦᠵᠡᠭᠦᠯᠭᠡ ᠶᠢᠨ ᠲᠠᠶᠢᠰᠠᠨ ᠤ ᠡᠮᠦᠨ᠎ᠡ ᠮᠢᠺᠷᠣᠹᠤᠨ ᠢᠶᠠᠷ ᠡᠰᠡᠷᠭᠦ ᠲᠠᠯ᠎ᠠ ᠳᠤ ᠵᠣᠭᠰᠣᠵᠤ ᠪᠠᠶᠢᠭ᠎ᠠ ᠨᠢᠭᠡᠨ ᠬᠠᠷ᠎ᠠ ᠭᠡᠵᠢᠭᠡ ᠲᠠᠢ ︽ᠪᠢᠴᠢᠬᠠᠨ ᠬᠦᠦ︾ ᠠᠴᠠ ᠠᠰᠠᠭᠤᠪᠠ᠃      ︽ᠠᠪᠤᠭᠠᠢ ᠴᠢ ᠦᠵᠡᠬᠦ ᠦᠭᠡᠢ ᠤᠤ ᠳ᠋ᠠ᠂ ᠬᠠᠲᠤᠨ ᠭᠤᠣᠯ ᠤᠨ ᠣᠶᠢᠯᠬᠤ ᠤᠰᠤᠨ ᠬᠠᠨ ᠲᠡᠭᠷᠢ ᠠᠴᠠ ᠪᠠᠭᠤᠨᠠᠮ᠂ ᠬᠠᠯᠭᠢᠯᠠᠨ ᠤᠷᠤᠰᠴᠤ ᠲᠠᠯᠠᠢ ᠳᠤᠷ ᠴᠢᠳᠬᠤᠭᠠᠳ ᠲᠠᠭᠢᠨ ᠦᠯᠦ ᠪᠤᠴᠠᠨᠠᠮ ᠁︾ ᠲᠠᠮᠢᠷ ᠤᠨ ᠬᠤᠪᠴᠠᠰᠤ ᠡᠮᠦᠰᠦᠭᠰᠡᠨ ︽ᠪᠢᠴᠢᠬᠠᠨ ᠬᠦᠦ︾ — ᠨᠢᠭᠡᠨ ᠮᠠᠰᠢᠨ ᠬᠥᠮᠥᠨ ︽ᠠᠷᠢᠬᠢ ᠤᠤᠭᠤᠬᠤᠶ᠎ᠠ︾ ᠭᠡᠬᠦ ᠡᠷᠲᠡᠨ ᠤ ᠰᠢᠯᠦᠭ ᠠᠴᠠ ᠲᠠᠰᠤᠷᠠᠯᠲᠠ ᠦᠭᠡᠢ ᠴᠡᠭᠡᠵᠢ ᠪᠠᠷ ᠤᠩᠰᠢᠵᠤ ᠡᠬᠢᠯᠡᠪᠡ᠃ ︽ᠪᠢᠴᠢᠬᠠᠨ ᠬᠦᠦ︾ ᠶᠢᠨ ᠳᠡᠷᠭᠡᠳᠡ᠂ ᠬᠡᠳᠦᠨ ᠭᠤᠶᠤ ᠰᠠᠶᠢᠬᠠᠨ ︽ᠥᠬᠢᠨ︾ ᠲᠠᠶᠢᠰᠠᠨ᠎ᠠ ᠬᠠᠮᠲᠤ ᠢᠯᠡᠷᠡᠵᠦ᠂ ᠶᠠᠭ ᠰᠢᠨᠵᠢᠯᠡᠬᠦ ᠤᠬᠠᠭᠠᠨ ᠤ ᠤᠷᠠᠨ ᠰᠡᠳᠬᠢᠮᠵᠢᠲᠦ ᠺᠢᠨᠣ᠋ ᠳᠣᠲᠣᠷ᠎ᠠ ᠠᠴᠠ ᠭᠠᠷᠴᠤ ᠢᠷᠡᠭᠰᠡᠨ ᠬᠥᠮᠥᠨ ᠰᠢᠭ᠃      ᠡᠳᠡᠭᠡᠷ ᠮᠠᠰᠢᠨ ᠬᠥᠮᠥᠨ ᠨᠢ ᠦᠵᠡᠭᠴᠢᠳ ᠤᠨ ᠰᠣᠨᠢᠷᠬᠠᠯ ᠢ ᠶᠡᠬᠡᠳᠡ ᠲᠠᠲᠠᠵᠤ᠂ ᠦᠵᠡᠭᠦᠯᠭᠡ ᠶᠢᠨ ᠲᠠᠶᠢᠰᠠᠨ ᠤ ᠡᠮᠦᠨ᠎ᠡ ᠬᠥᠮᠥᠨ ᠬᠠᠷ᠎ᠠ ᠴᠤᠭᠯᠠᠷᠠᠪᠠ᠃ ᠮᠠᠰᠢᠨ ᠬᠥᠮᠥᠨ ᠺᠣᠹᠧ᠂ ᠵᠠᠶᠢᠷᠮᠠᠭ ᠪᠠ ᠬᠠᠭᠠᠷᠢᠭᠰᠠᠨ ᠪᠤᠭᠤᠷᠰᠤᠭ ᠬᠢᠬᠦ ᠶᠢ ᠪᠡᠶᠡᠴᠢᠯᠡᠨ ᠣᠶᠢᠯᠠᠭᠠᠬᠤ ᠪᠠᠷ ᠬᠦᠯᠢᠶᠡᠵᠦ ᠪᠠᠶᠢᠭ᠎ᠠ ᠦᠵᠡᠭᠴᠢᠳ ᠪᠠᠰᠠ ᠤᠷᠲᠤ ᠭᠡᠭᠴᠢ ᠮᠥᠷᠯᠡᠵᠦ ᠪᠠᠶᠢᠯ᠎ᠠ᠃ ᠮᠠᠰᠢᠨ ᠬᠥᠮᠥᠨ ᠤ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠦᠵᠡᠭᠴᠢᠳ ᠲᠤ ᠢᠷᠡᠭᠡᠳᠦᠢ ᠶᠢᠨ ᠲᠤᠬᠠᠢ ᠬᠢᠵᠠᠭᠠᠷ ᠦᠭᠡᠢ ᠲᠥᠰᠥᠭᠡᠯᠡᠨ ᠪᠣᠳᠣᠯᠲᠠ ᠶᠢ ᠠᠪᠴᠢᠷᠠᠪᠠ᠃      ᠳᠤᠮᠳᠠᠳᠤ ᠤᠯᠤᠰ ᠤᠨ ᠡᠯᠧᠺᠲᠷᠣᠨ ᠨᠡᠶᠢᠭᠡᠮᠯᠢᠭ᠂ ᠳᠡᠯᠡᠬᠡᠢ ᠶᠢᠨ ᠮᠠᠰᠢᠨ ᠬᠥᠮᠥᠨ ᠤ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠠᠴᠠ ᠭᠤᠣᠯᠯᠠᠨ ᠡᠷᠭᠢᠯᠡᠭᠰᠡᠨ 2024 ᠳᠡᠯᠡᠬᠡᠢ ᠶᠢᠨ ᠮᠠᠰᠢᠨ ᠬᠥᠮᠥᠨ ᠤ ᠶᠡᠭᠡ ᠬᠤᠷᠠᠯ 21 ᠠᠴᠠ 25 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ 400 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠳ ᠮᠠᠰᠢᠨ ᠬᠥᠮᠥᠨ ᠤ ᠬᠤᠰᠢᠭᠤᠷᠠᠯ ᠮᠡᠷᠭᠡᠵᠢᠯ ᠪᠠ ᠠᠵᠤ ᠦᠢᠯᠡᠰ ᠤᠨ ᠬᠥᠭᠵᠢᠯᠲᠡ ᠶᠢᠨ ᠲᠤᠬᠠᠢ ᠰᠤᠳᠤᠯᠤᠨ ᠶᠠᠷᠢᠯᠴᠠᠪᠠ᠃ 169 ᠠᠵᠤ ᠠᠬᠤᠶᠢᠯᠠᠯ ᠤᠨ 600 ᠭᠠᠷᠤᠢ ᠰᠢᠨ᠎ᠡ ᠶᠢ ᠡᠭᠦᠳᠦᠭᠰᠡᠨ ᠦᠢᠯᠡᠳᠬᠦᠨ ᠦᠵᠡᠰᠭᠦᠯᠡᠩ ᠳᠤ ᠣᠷᠣᠯᠴᠠᠵᠤ᠂ ᠡᠭᠦᠨ ᠳᠤ 60 ᠭᠠᠷᠤᠢ ᠵᠦᠢᠯ ᠤᠨ ᠠᠩᠬ᠎ᠠ ᠲᠠᠷᠬᠠᠭᠠᠭᠰᠠᠨ ᠰᠢᠨ᠎ᠡ ᠦᠢᠯᠡᠳᠬᠦᠨ ᠢ ᠬᠤᠷᠠᠯ ᠤᠨ ᠬᠤᠭᠤᠴᠠᠭᠠᠨ ᠳᠤ ᠨᠡᠶᠢᠲᠡᠯᠡᠪᠡ᠃ᠮᠠᠰᠢᠨ ᠬᠥᠮᠥᠨ ᠪᠣᠯ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠤᠨ ᠴᠢᠬᠤᠯᠠ ᠬᠦᠷᠢᠶ᠎ᠡ ᠮᠥᠨ᠃ ᠣᠯᠠᠨ ᠤᠯᠤᠰ ᠤᠨ ᠮᠠᠰᠢᠨ ᠬᠥᠮᠥᠨ ᠤ ᠬᠤᠯᠪᠤᠭ᠎ᠠ ᠶᠢᠨ ᠲᠡᠷᠢᠭᠦᠯᠡᠭᠴᠢ ᠮᠠᠯᠢᠨᠠ· ᠪᠢᠯ ᠬᠤᠷᠠᠯ ᠳᠡᠭᠡᠷ᠎ᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠠᠴᠠ ᠡᠮᠴᠢᠯᠡᠭᠡ ᠡᠷᠡᠭᠦᠯᠵᠢᠯ ᠭᠦᠷᠲᠡᠯ᠎ᠡ᠂ ᠭᠡᠷ ᠤᠨ ᠶᠠᠪᠤᠳᠠᠯ ᠤᠨ ᠦᠢᠯᠡᠴᠢᠯᠡᠭᠡ ᠠᠴᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠦᠷᠲᠡᠯ᠎ᠡ᠂ ᠮᠠᠰᠢᠨ ᠬᠥᠮᠥᠨ ᠨᠢᠭᠡᠨᠲᠡ ᠬᠥᠮᠥᠨ ᠲᠥᠷᠥᠯᠬᠢᠲᠡᠨ ᠤ ᠨᠡᠶᠢᠭᠡᠮ ᠤᠨ ᠲᠤᠲᠠᠭᠳᠠᠵᠤ ᠪᠣᠯᠣᠰᠢ ᠦᠭᠡᠢ ᠨᠢᠭᠡ ᠬᠡᠰᠡᠭ ᠪᠣᠯᠵᠠᠢ᠃ ᠪᠦᠭᠦ ᠪᠥᠮᠪᠥᠷᠴᠡᠭ ᠤᠨ ᠮᠠᠰᠢᠨ ᠬᠥᠮᠥᠨ ᠤ ᠵᠠᠬ᠎ᠠ ᠳᠡᠯᠭᠡᠭᠦᠷ ᠦᠷᠭᠦᠯᠵᠢᠯᠡᠨ ᠡᠷᠴᠢᠮᠲᠡᠢ ᠨᠡᠮᠡᠭᠳᠡᠵᠦ᠂ 2023 ᠣᠨ ᠪᠤᠯᠬᠤ ᠳᠤ᠂ ᠪᠦᠭᠦ ᠪᠥᠮᠪᠥᠷᠴᠡᠭ ᠤᠨ ᠮᠠᠰᠢᠨ ᠬᠥᠮᠥᠨ ᠤ ᠶᠡᠷᠦᠩᠬᠡᠢ ᠬᠡᠮᠵᠢᠶ᠎ᠡ 400 ᠲᠦᠮᠡ ᠶᠢ ᠳᠠᠪᠠᠪᠠ ᠭᠡᠵᠦ ᠢᠯᠡᠳᠬᠡᠪᠡ᠃      ︽ᠡᠨᠡ ᠬᠦ ᠲᠤᠭ᠎ᠠ ᠪᠠᠷᠢᠮᠲᠠ ᠨᠢ ᠮᠠᠰᠢᠨ ᠬᠥᠮᠥᠨ ᠤ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠬᠦᠴᠦᠲᠡᠢ ᠭᠡᠷᠡᠴᠢ ᠪᠤᠯᠬᠤ ᠪᠠᠷ ᠪᠠᠷᠠᠬᠤ ᠦᠭᠡᠢ ᠨᠠᠩ ᠴᠤ ᠣᠶᠤᠨᠴᠢ ᠰᠢᠨ᠎ᠡ ᠴᠠᠭ ᠦᠶ᠎ᠡ ᠶᠢᠨ ᠬᠦᠷᠴᠦ ᠢᠷᠡᠭᠰᠡᠨ ᠢ ᠬᠠᠷᠠᠭᠤᠯᠵᠤ ᠪᠠᠶᠢᠨ᠎ᠠ᠃ ᠵᠣᠬᠢᠶᠠᠮᠠᠯ ᠤᠶᠤᠨ ᠴᠢᠳᠠᠪᠤᠷᠢ᠂ ᠪᠠᠷᠠᠭᠠᠨ ᠤ ᠰᠦᠯᠵᠢᠶ᠎ᠡ ᠪᠣᠯᠣᠨ 5 G ᠮᠡᠷᠭᠡᠵᠢᠯ ᠤᠨ ᠭᠦᠨᠵᠡᠭᠡᠢ ᠠᠭᠤᠰᠤᠯᠴᠠᠯ ᠨᠢ ᠮᠠᠰᠢᠨ ᠬᠥᠮᠥᠨ ᠳᠤ ᠨᠡᠩ ᠥᠨᠳᠥᠷ ᠣᠶᠤᠨᠴᠢᠯᠠᠯᠲᠠ᠂ ᠠᠮᠢᠳᠤᠯᠢᠭ ᠴᠢᠨᠠᠷ ᠪᠣᠯᠣᠨ ᠦᠷ᠎ᠡ ᠠᠰᠢᠭ ᠣᠯᠭᠤᠬᠤ ᠪᠣᠯᠣᠨ᠎ᠠ︾ ᠭᠡᠵᠦ ᠲᠡᠷᠡ ᠬᠡᠯᠡᠪᠡ᠃      ᠳᠤᠮᠳᠠᠳᠤ ᠤᠯᠤᠰ ᠤᠨ ᠮᠠᠰᠢᠨ ᠬᠥᠮᠥᠨ ᠤ ᠠᠵᠤ ᠦᠢᠯᠡᠰ ᠤᠨ ᠬᠥᠭᠵᠢᠯᠲᠡ ᠲᠦᠷᠭᠡᠨ᠂ ᠬᠡᠪᠴᠢᠶ᠎ᠡ ᠦᠷᠭᠦᠯᠵᠢᠯᠡᠨ ᠥᠷᠭᠡᠵᠢᠵᠦ᠂ ᠨᠢᠭᠡᠨᠲᠡ ᠪᠦᠭᠦ ᠪᠥᠮᠪᠥᠷᠴᠡᠭ ᠤᠨ ᠮᠠᠰᠢᠨ ᠬᠥᠮᠥᠨ ᠤ ᠠᠵᠤ ᠦᠢᠯᠡᠰ ᠤᠨ ᠨᠢᠭᠡᠨ ᠴᠢᠬᠤᠯᠠ ᠬᠦᠴᠦᠨ ᠪᠣᠯᠵᠠᠢ᠃ ᠳᠤᠮᠳᠠᠳᠤ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠤ 7 ᠰᠠᠷ᠎ᠠ ᠪᠤᠯᠲᠠᠯ᠎ᠠ᠂ ᠳᠤᠮᠳᠠᠳᠤ ᠤᠯᠤᠰ ᠤᠨ ᠡᠵᠡᠮᠰᠢᠵᠦ ᠪᠠᠶᠢᠭ᠎ᠠ ᠮᠠᠰᠢᠨ ᠬᠥᠮᠥᠨ ᠤ ᠬᠤᠯᠪᠣᠭᠳᠠᠯ ᠪᠦᠬᠦᠢ ᠬᠦᠴᠦᠨ ᠪᠦᠬᠦᠢ ᠲᠤᠰᠬᠠᠢ ᠠᠰᠢᠭ ᠨᠢ 19 ᠲᠦᠮᠡ ᠶᠢ ᠳᠠᠪᠠᠵᠤ᠂ ᠪᠦᠭᠦ ᠪᠥᠮᠪᠥᠷᠴᠡᠭ ᠤᠨ ᠭᠤᠷᠪᠠᠨ ᠤ ᠬᠤᠶᠠᠷ ᠰᠢᠬᠠᠮ ᠢ ᠡᠵᠡᠯᠡᠵᠦ ᠪᠠᠶᠢᠨ᠎ᠠ; ᠳᠤᠮᠳᠠᠳᠤ ᠤᠯᠤᠰ ᠨᠢᠭᠡᠨᠲᠡ 11 ᠵᠢᠯ ᠳᠠᠷᠠᠭᠠᠯᠠᠨ ᠪᠦᠭᠦ ᠪᠥᠮᠪᠥᠷᠴᠡᠭ ᠤᠨ ᠬᠠᠮᠤᠭ ᠤᠨ ᠶᠡᠭᠡ ᠠᠵᠤ ᠦᠢᠯᠡᠳᠪᠦᠷᠢ ᠶᠢᠨ ᠮᠠᠰᠢᠨ ᠬᠥᠮᠥᠨ ᠤ ᠵᠠᠬ᠎ᠠ ᠳᠡᠯᠭᠡᠭᠦᠷ ᠪᠣᠯᠵᠤ᠂ ᠣᠶᠢᠷ᠎ᠠ ᠶᠢᠨ ᠭᠤᠷᠪᠠᠨ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠮᠵᠢᠶ᠎ᠡ ᠪᠦᠭᠦ ᠪᠥᠮᠪᠥᠷᠴᠡᠭ ᠤᠨ ᠬᠠᠭᠠᠰ ᠠᠴᠠ ᠳᠡᠭᠡᠭᠰᠢᠬᠢ ᠶᠢ ᠡᠵᠡᠯᠡᠪᠡ; ᠦᠢᠯᠡᠴᠢᠯᠡᠭᠡᠨ ᠤ ᠮᠠᠰᠢᠨ ᠬᠥᠮᠥᠨ ᠢ ᠭᠡᠷ ᠪᠦᠯᠢ ᠶᠢᠨ ᠦᠢᠯᠡᠴᠢᠯᠡᠭᠡ᠂ ᠡᠮᠴᠢᠯᠡᠭᠡ ᠡᠷᠡᠭᠦᠯ ᠮᠡᠨᠳᠦ ᠰᠤᠪᠢᠯᠠᠯᠲᠠ ᠵᠡᠷᠭᠡ ᠬᠦᠷᠢᠶᠡᠨ ᠳᠤ ᠬᠡᠪᠴᠢᠶᠡᠵᠢᠭᠦᠯᠦᠨ ᠬᠡᠷᠡᠭᠯᠡᠬᠦ ᠶᠢ ᠪᠡᠶᠡᠯᠡᠭᠦᠯᠵᠦ᠂ ᠣᠨᠴᠠ ᠲᠥᠷᠥᠯ ᠤᠨ ᠮᠠᠰᠢᠨ ᠬᠥᠮᠥᠨ ᠨᠢ ᠠᠭᠠᠷ ᠳᠠᠯᠠᠢ ᠲᠠᠩᠭᠢᠰ ᠲᠠᠬᠢ ᠰᠦᠪᠡᠭᠴᠢᠯᠡᠯ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠬᠦᠷᠢᠶᠡᠨ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃      ᠳᠤᠮᠳᠠᠳᠤ ᠤᠯᠤᠰ ᠤᠨ ᠡᠯᠧᠺᠲᠷᠣᠨ ᠨᠡᠶᠢᠭᠡᠮᠯᠢᠭ ᠤᠨ ᠬᠡᠷᠡᠭ ᠡᠷᠭᠢᠯᠡᠭᠴᠢᠳ ᠤᠨ ᠳᠠᠷᠤᠭ᠎ᠠ ᠰᠢᠦᠢ ᠰᠢᠶᠣᠣ ᠯᠠᠨ᠂ ᠵᠣᠬᠢᠶᠠᠮᠠᠯ ᠣᠶᠤᠨ ᠴᠢᠳᠠᠪᠤᠷᠢ ᠪᠠᠷ ᠲᠥᠯᠥᠭᠡᠯᠡᠭᠦᠯᠦᠭᠰᠡᠨ ᠰᠢᠨ᠎ᠡ ᠮᠡᠷᠭᠡᠵᠢᠯ ᠶᠠᠭ ᠰᠢᠨ᠎ᠡ ᠶᠢ ᠡᠭᠦᠳᠬᠦ ᠥᠷᠨᠢᠯᠲᠡ ᠶᠢᠨ ᠬᠤᠭᠤᠴᠠᠭᠠᠨ ᠳᠤ ᠣᠷᠣᠰᠢᠵᠤ ᠪᠤᠶ᠂ ᠢᠯᠠᠩᠭᠤᠶ᠎ᠠ ᠵᠣᠬᠢᠶᠠᠮᠠᠯ ᠤᠶᠤᠨ ᠴᠢᠳᠠᠪᠤᠷᠢ  ᠪᠠᠷ ᠮᠠᠰᠢᠨ ᠬᠥᠮᠥᠨ ᠳᠤ ᠡᠨᠧᠷᠭᠢ ᠣᠯᠭᠤᠬᠤ ᠦᠷ᠎ᠡ ᠪᠦᠲᠦᠮᠵᠢ ᠤᠯᠠᠮ ᠢᠯᠡᠷᠬᠡᠢ ᠪᠣᠯᠵᠤ᠂ ᠠᠵᠤ ᠦᠢᠯᠡᠳᠪᠦᠷᠢ᠂ ᠲᠠᠷᠢᠶᠠᠯᠠᠩ᠂ ᠦᠢᠯᠡᠴᠢᠯᠡᠭᠡᠨ ᠤ ᠦᠢᠯᠡᠰ᠂ ᠣᠨᠴᠠᠭᠠᠶ ᠠᠵᠢᠯ ᠲᠥᠷᠥᠯ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠬᠦᠷᠢᠶᠡᠨ ᠳᠠᠬᠢ ᠬᠡᠷᠡᠭᠯᠡᠭᠡᠨ ᠤ ᠬᠡᠷᠡᠭᠴᠡᠭᠡ ᠶᠢ ᠭᠦᠢᠴᠡᠳ ᠠᠭᠤᠳᠠᠯᠬᠤ ᠪᠠᠷ ᠳᠠᠮᠵᠢᠭᠤᠯᠤᠨ᠂ ᠰᠢᠨ᠎ᠡ ᠬᠡᠷᠡᠭᠯᠡᠭᠡ ᠶᠢ ᠳᠠᠶᠢᠴᠢᠯᠠᠨ᠂ ᠰᠢᠨ᠎ᠡ ᠠᠵᠤ ᠦᠢᠯᠡᠰ ᠢ ᠪᠤᠶ ᠪᠤᠯᠭᠠᠵᠤ᠂ ᠰᠢᠨ᠎ᠡ ᠠᠵᠢᠯ ᠣᠯᠭᠤᠯᠲᠠ ᠶᠢ ᠥᠷᠭᠡᠳᠬᠡᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠵᠤ ᠪᠣᠯᠣᠨ᠎ᠠ ᠭᠡᠵᠦ ᠢᠯᠡᠳᠬᠡᠪᠡ᠃      ᠣᠶᠢᠷ᠎ᠠ ᠶᠢᠨ ᠵᠢᠯ ᠠᠴᠠ ᠨᠠᠭᠠᠰᠢ᠂ ᠪᠡᠭᠡᠵᠢᠩ᠂ ᠱᠠᠩᠬᠠᠢ᠂ ᠵᠧᠵᠢᠶᠠᠩ᠂ ᠴᠧᠩᠳᠦ᠋ ᠵᠡᠷᠭᠡ ᠭᠠᠵᠠᠷ ᠶᠠᠭ ᠮᠠᠰᠢᠨ ᠬᠥᠮᠥᠨ ᠤ ᠠᠵᠤ ᠦᠢᠯᠡᠰ ᠤᠨ ᠥᠨᠳᠦᠷᠯᠢᠭ ᠢ ᠬᠦᠴᠦᠯᠡᠨ ᠪᠠᠶᠢᠭᠤᠯᠵᠤ ᠪᠠᠶᠢᠨ᠎ᠠ᠃ ᠰᠤᠷᠪᠤᠯᠵᠢᠯᠠᠬᠴᠢ ᠡᠨᠡ ᠤᠳᠠᠭ᠎ᠠ ᠶᠢᠨ ᠶᠡᠭᠡ ᠬᠤᠷᠠᠯ ᠠᠴᠠ ᠣᠶᠢᠯᠠᠭᠠᠭᠰᠠᠨ ᠢᠶᠠᠷ᠂ ᠨᠢᠳᠤᠨᠤᠨ᠂ ᠪᠡᠭᠡᠵᠢᠩ ᠤᠨ ᠮᠠᠰᠢᠨ ᠬᠥᠮᠥᠨ ᠤ ᠠᠵᠤ ᠦᠢᠯᠡᠰ ᠤᠨ ᠶᠡᠷᠦᠩᠬᠡᠢ ᠣᠷᠣᠯᠭ᠎ᠠ 200 ᠳ᠋ᠦᠩᠰᠢᠭᠤᠷ ᠲᠥᠭᠦᠷᠢᠭ ᠢ ᠳᠠᠪᠠᠵᠤ᠂ ᠠᠵᠤ ᠠᠬᠤᠶᠢᠯᠠᠯ ᠤᠨ ᠲᠤᠭ᠎ᠠ 400 ᠶᠢ ᠳᠠᠪᠠᠪᠠ᠂ ᠡᠭᠦᠨ ᠳᠤ ᠲᠤᠰᠬᠠᠢ ᠨᠠᠷᠢᠯᠢᠭ ᠣᠨᠴᠠ ᠰᠢᠨ᠎ᠡ ︽ᠪᠠᠭ᠎ᠠ ᠠᠪᠤᠷᠭᠤ︾ ᠠᠵᠤ ᠠᠬᠤᠶᠢᠯᠠᠯ 50 ᠪᠠᠶᠢᠵᠤ᠂ ᠪᠦᠭᠦ ᠤᠯᠤᠰ ᠤᠨ ᠲᠡᠷᠢᠭᠦᠨ ᠳᠤ ᠣᠷᠣᠪᠠ᠃      ᠪᠡᠭᠡᠵᠢᠩ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠣᠲᠣ ᠪᠤᠯᠲᠠᠯ᠎ᠠ᠂ ᠪᠡᠭᠡᠵᠢᠩ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠨᠢᠭᠡᠨᠲᠡ ᠵᠠᠭᠤ ᠭᠠᠷᠤᠢ ᠮᠠᠰᠢᠨ ᠬᠥᠮᠥᠨ ᠤ ᠠᠮᠢ ᠠᠬᠤᠢ ᠶᠢᠨ ᠠᠵᠤ ᠠᠬᠤᠶᠢᠯᠠᠯ ᠲᠠᠢ ᠪᠣᠯᠵᠤ᠂ ᠡᠭᠦᠨ ᠳᠤ ᠬᠠᠭᠠᠰ ᠠᠴᠠ ᠳᠡᠭᠡᠭᠰᠢᠬᠢ ᠨᠢ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠪᠠᠶᠢᠵᠤ᠂ ᠦᠢᠯᠡᠳᠬᠦᠨ ᠤ ᠥᠷᠲᠡᠭ ᠤᠨ ᠬᠡᠪᠴᠢᠶ᠎ᠡ ᠨᠢ ᠵᠠᠭᠤ ᠰᠢᠬᠠᠮ ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ ᠬᠤᠲᠠ ᠶᠢᠨ ᠮᠠᠰᠢᠨ ᠬᠥᠮᠥᠨ ᠤ ᠠᠵᠤ ᠦᠢᠯᠡᠰ ᠤᠨ 50% ᠶᠢ ᠡᠵᠡᠯᠡᠵᠦ ᠪᠠᠶᠢᠨ᠎ᠠ᠃      ︽ᠭᠡᠷ ᠪᠦᠯᠢ ᠶᠢᠨ ᠮᠠᠰᠢᠨ ᠬᠥᠮᠥᠨ ᠲᠠᠢ ᠬᠠᠷᠢᠴᠠᠭᠤᠯᠪᠠᠯ᠂ ᠪᠢᠳᠡ ᠠᠶᠤᠯᠲᠠᠢ᠂ ᠮᠠᠭᠤ ᠣᠷᠴᠢᠨ ᠳᠤ ᠣᠨᠴᠠᠭᠠᠶ ᠠᠵᠢᠯ ᠬᠢᠳᠡᠭ ᠮᠠᠰᠢᠨ ᠬᠥᠮᠥᠨ ᠢ ᠨᠡᠭᠡᠭᠡᠨ ᠬᠥᠭᠵᠢᠭᠦᠯᠬᠦ ᠶᠢ ᠨᠠᠩ ᠬᠦᠰᠡᠵᠦ ᠪᠠᠶᠢᠨ᠎ᠠ︾ ᠭᠡᠵᠦ ᠪᠡᠭᠡᠵᠢᠩ ᠤᠨ ᠴᠢ ᠱᠧᠨ ᠣᠶᠤᠨᠴᠢ ᠮᠠᠰᠢᠨ ᠬᠥᠮᠥᠨ ᠤ ᠰᠢᠨ᠎ᠡ ᠶᠢ ᠡᠭᠦᠳᠬᠦ ᠲᠥᠪ ᠤᠨ ᠪᠣᠳᠣᠯᠭ᠎ᠠ ᠶᠢᠨ ᠲᠤᠰᠬᠠᠢ ᠮᠡᠷᠭᠡᠵᠢᠯᠲᠡᠨ ᠰᠦᠨ ᠶᠦᠨ ᠵᠧ ᠬᠡᠯᠡᠪᠡ᠃ ᠵᠢᠱᠢᠶᠡᠯᠡᠪᠡᠯ᠂ ᠣᠨᠴᠠ ᠥᠨᠳᠥᠷ ᠬᠦᠴᠦᠳᠡᠯᠲᠦ ᠴᠠᠭᠢᠯᠭᠠᠨ ᠤ ᠥᠨᠳᠥᠷ ᠬᠦᠴᠦᠳᠡᠯᠲᠦ ᠴᠠᠭᠢᠯᠭᠠᠨ ᠬᠠᠭᠠᠯᠲᠠ ᠵᠠᠯᠭᠠᠬᠤ ᠶᠠᠪᠤᠴᠠ ᠳᠤ ᠶᠡᠷᠦ ᠳᠡᠭᠡᠨ ᠠᠵᠢᠯᠴᠢᠳ ᠵᠣᠪ ᠵᠤᠵᠠᠭᠠᠨ ᠬᠠᠮᠠᠭᠠᠯᠠᠯᠲᠠ ᠶᠢᠨ ᠬᠤᠪᠴᠠᠰᠤ ᠡᠮᠦᠰᠴᠦ ᠠᠵᠢᠯᠯᠠᠬᠤ ᠬᠡᠷᠡᠭᠲᠡᠢ ᠪᠠᠶᠢᠵᠤ᠂ ᠲᠤᠶᠢᠯ ᠤᠨ ᠠᠶᠤᠯᠲᠠᠢ ᠪᠠᠶᠢᠳᠠᠭ᠃ ᠡᠨᠡ ᠵᠢᠯ ᠤᠨ ᠳᠣᠣᠷ᠎ᠠ ᠬᠠᠭᠠᠰ ᠵᠢᠯ ᠳᠤ ᠲᠡᠳᠡ ᠨᠢᠭᠡᠨ ᠴᠠᠭᠢᠯᠭᠠᠨ ᠬᠦᠴᠦᠨ ᠤ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠵᠤ᠂ ᠡᠨᠡ ᠠᠵᠢᠯ ᠳᠤ ᠬᠡᠷᠡᠭᠯᠡᠬᠦ ᠮᠠᠰᠢᠨ ᠬᠥᠮᠥᠨ ᠢ ᠰᠤᠳᠤᠯᠤᠨ ᠨᠡᠭᠡᠭᠡᠬᠦ ᠪᠠᠷ ᠲᠥᠯᠥᠪᠯᠡᠵᠦ ᠪᠠᠶᠢᠨ᠎ᠠ ᠭᠡᠵᠦ ᠬᠡᠯᠡᠪᠡ᠃      ᠳᠡᠯᠡᠬᠡᠢ ᠶᠢᠨ ᠮᠠᠰᠢᠨ ᠬᠥᠮᠥᠨ ᠤ ᠶᠡᠭᠡ ᠬᠤᠷᠠᠯ ᠤᠨ ᠲᠤᠬᠠᠢ ᠶᠢᠨ ᠲᠠᠯᠠᠪᠠᠢ ᠳᠤ᠂ ᠡᠯ᠎ᠡ ᠵᠦᠢᠯ ᠤᠨ ᠮᠧᠬᠠᠨᠢᠭ ᠭᠠᠷ ᠤᠨ ︽ᠪᠦᠷᠢᠨ ᠴᠢᠳᠠᠪᠤᠷᠢ︾ ᠶᠢᠨ ᠠᠵᠢᠯᠯᠠᠭ᠎ᠠ ᠨᠢ ᠦᠵᠡᠭᠴᠢᠳ ᠢ ᠭᠠᠶᠢᠬᠠᠰᠢ ᠠᠯᠳᠠᠭᠤᠯᠪᠠ᠃ ᠱᠠᠨᠳᠦ᠋ᠩ ᠠᠴᠠ ᠢᠷᠡᠭᠰᠡᠨ ᠠᠵᠤ ᠦᠢᠯᠡᠳᠪᠦᠷᠢ ᠶᠢᠨ ᠮᠠᠰᠢᠨ ᠬᠥᠮᠥᠨ ᠤ ᠠᠵᠤ ᠠᠬᠤᠶᠢᠯᠠᠯ — ᠶᠠᠨᠲ᠋ᠠᠢ ᠶᠢᠨ ᠠᠢ ᠴᠤᠸᠠᠩ ᠮᠠᠰᠢᠨ ᠬᠥᠮᠥᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠠᠩᠬ᠎ᠠ ᠤᠳᠠᠭ᠎ᠠ ᠶᠡᠭᠡ ᠬᠤᠷᠠᠯ ᠳᠤ ᠣᠷᠣᠯᠴᠠᠵᠤ᠂ ᠲᠤᠰᠬᠠᠶᠢᠯᠠᠨ 210 ᠺᠢᠯᠣᠭ᠍ᠷᠠᠮ ᠤᠨ ᠵᠢᠷᠭᠤᠭᠠᠨ ᠲᠡᠩᠭᠡᠯᠢᠭᠲᠦ ᠤᠯᠠᠨ ᠮᠠᠰᠢᠨ ᠬᠥᠮᠥᠨ ᠢ ᠳᠠᠭᠠᠭᠤᠯᠤᠨ ᠠᠪᠴᠢᠷᠠᠵᠤ᠂ 2.7 ᠮᠧᠲᠷ ᠤᠷᠳᠤ ᠪᠣᠯᠣᠳ ᠭᠠᠷ ᠢ ᠰᠤᠩᠭᠠᠵᠤ᠂ ᠦᠵᠡᠭᠴᠢᠳ ᠲᠤ ᠮᠠᠰᠢᠨ ᠲᠡᠷᠭᠡᠨ ᠤ ᠠᠦ᠋ᠲ᠋ᠣᠴᠢᠯᠠᠭᠰᠠᠨ ᠭᠠᠩᠨᠠᠬᠤ ᠮᠡᠷᠭᠡᠵᠢᠯ ᠢ ᠳᠡᠯᠭᠡᠨ ᠦᠵᠡᠭᠦᠯᠦᠭᠰᠡᠨ ᠪᠠᠶᠢᠨ᠎ᠠ᠃      ︽ᠮᠠᠨ ᠤ ᠰᠤᠳᠤᠯᠤᠨ ᠦᠢᠯᠡᠳᠦᠭᠰᠡᠨ ᠮᠠᠰᠢᠨ ᠬᠥᠮᠥᠨ ᠢ ᠦᠷᠦᠭᠦ᠂ ᠭᠠᠩᠨᠠᠬᠤ᠂ ᠵᠥᠭᠡᠭᠡᠪᠦᠷᠢᠯᠡᠬᠦ ᠳᠤ ᠬᠡᠷᠡᠭᠯᠡᠵᠦ ᠪᠣᠯᠣᠨ᠎ᠠ᠂ ᠣᠳᠣᠬᠠᠨ ᠳᠤ ᠨᠢᠭᠡᠨᠲᠡ 10 ᠭᠠᠷᠤᠢ ᠤᠯᠤᠰ ᠲᠤ ᠭᠠᠷᠭᠠᠵᠤ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠨᠡᠯᠢᠶᠡᠳ ᠰᠠᠶᠢᠨ ᠪᠠᠶᠢᠨ᠎ᠠ᠃ ᠪᠢᠳᠠ ᠨᠢᠭᠡᠨᠲᠡ ᠳᠠᠷᠠᠭ᠎ᠠ ᠤᠳᠠᠭᠠᠨ ᠤ ᠦᠵᠡᠭᠦᠯᠭᠡ ᠳᠤ ᠨᠡᠷ᠎ᠡ ᠮᠡᠳᠡᠭᠦᠯᠪᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠭᠦᠯᠭᠡ ᠶᠢᠨ ᠬᠤᠳᠠᠯᠳᠤᠭᠠᠴᠢᠨ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ ᠠᠵᠢᠯᠯᠠᠬᠤ ᠶᠢ ᠬᠦᠰᠡᠵᠦ ᠪᠠᠶᠢᠨ᠎ᠠ︾ ᠭᠡᠵᠦ ᠲᠣᠰ ᠠᠵᠤ ᠠᠬᠤᠶᠢᠯᠠᠯ ᠤᠨ ᠤᠮᠠᠷᠠᠲᠤ ᠣᠷᠣᠨ ᠤ ᠬᠡᠰᠡᠭ ᠤᠨ ᠶᠡᠷᠦᠩᠬᠡᠢ ᠬᠢᠨᠠᠭᠴᠢ ᠵᠠᠩ ᠬᠤᠤ ᠬᠡᠯᠡᠵᠡᠢ᠃      ︽ᠬᠥᠮᠥᠨ ᠮᠠᠰᠢᠨ ᠠᠭᠤᠰᠤᠯᠴᠠᠭᠰᠠᠨ ᠣᠶᠤᠨᠴᠢ ᠴᠠᠭ ᠦᠶ᠎ᠡ ᠨᠢᠭᠡᠨᠲᠡ ᠲᠦᠷᠭᠡᠨ ᠬᠦᠷᠴᠦ ᠢᠷᠡᠪᠡ︾᠃ ᠳᠤᠮᠳᠠᠳᠤ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠰᠠᠶᠢᠳ ᠰᠢᠨ ᠭᠦᠸᠧ ᠪᠢᠨ ᠶᠡᠭᠡ ᠬᠤᠷᠠᠯ ᠳᠡᠭᠡᠷ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠤᠨ ᠠᠭᠤᠰᠤᠯᠴᠠᠭᠰᠠᠨ ᠰᠢᠨ᠎ᠡ ᠡᠭᠦᠳᠦᠯᠲᠡ ᠨᠢ ᠶᠠᠭ ᠮᠠᠰᠢᠨ ᠬᠥᠮᠥᠨ ᠤ ᠮᠡᠷᠭᠡᠵᠢᠯ ᠪᠠ ᠦᠢᠯᠡᠳᠬᠦᠨ ᠤ ᠬᠤᠪᠢᠰᠤᠯᠲᠠ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠳᠠᠭᠢᠨ ᠴᠣᠭᠴᠠᠯᠠᠬᠤ ᠶᠢ ᠲᠦᠷᠭᠡᠳᠬᠡᠵᠦ ᠪᠠᠶᠢᠨ᠎ᠠ᠃ ᠣᠳᠣᠬᠠᠨ ᠳᠤ ᠳᠤᠮᠳᠠᠳᠤ ᠤᠯᠤᠰ ᠶᠠᠭ ︽ᠮᠠᠰᠢᠨ ᠬᠥᠮᠥᠨ +︾ ᠬᠡᠷᠡᠭᠯᠡᠭᠡᠨ ᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠰᠢᠨ ᠬᠥᠮᠥᠨ ᠤ ᠣᠯᠠᠨ ᠠᠵᠢᠯ ᠲᠥᠷᠥᠯ ᠳᠤ ᠴᠢᠳᠠᠪᠤᠷᠢ ᠣᠯᠭᠤᠬᠤ ᠶᠢ ᠠᠬᠢᠭᠤᠯᠵᠤ᠂ ᠮᠠᠰᠢᠨ ᠬᠥᠮᠥᠨ ᠤ ᠬᠡᠷᠡᠭᠯᠡᠭᠡᠨ ᠤ ᠭᠦᠨᠴᠡ ᠪᠠ ᠥᠷᠭᠡᠴᠡ ᠶᠢ ᠨᠠᠩ ᠥᠨᠳᠥᠷ ᠲᠦᠪᠰᠢᠨ ᠳᠤ ᠬᠦᠷᠭᠡᠵᠦ ᠪᠠᠶᠢᠨ᠎ᠠ ᠭᠡᠵᠦ ᠢᠯᠡᠳᠬᠡᠪᠡ᠃                    ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 26 ᠤ ᠴᠠᠭᠢᠯᠭᠠᠨ ᠮᠡᠳᠡᠭᠡ︶ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ