ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠡᠷᠭᠢᠯᠡᠨ ᠬᠤᠷᠠᠯᠳᠤᠭᠤᠯᠤᠭᠰᠠᠨ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 8 ᠰᠠᠷ᠎ᠠ ᠶᠢᠨ 29 ᠠᠴᠠ 9 ᠰᠠᠷ᠎ᠠ ᠶᠢᠨ 2 ᠤᠨ ᠡᠳᠦᠷ ᠪᠤᠯᠲᠠᠯ᠎ᠠ ᠶᠠᠪᠤᠭᠳᠠᠬᠤ ᠨᠠᠢᠮᠠᠳᠤᠭᠠᠷ ᠬᠤᠭᠤᠴᠠᠭᠠᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ ᠤᠮᠠᠷᠠᠲᠤ ᠬᠢᠯᠢ | ᠶᠢᠨ ᠰᠣᠶᠣᠯ ᠤᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠭᠠᠷᠭᠠᠵᠤ᠂ ᠣᠷᠣᠨ ᠳᠠᠶᠠᠭᠠᠷ ᠬᠤᠯᠪᠤᠭᠠᠯᠠᠨ ᠬᠥᠳᠡᠯᠦᠯᠴᠡᠵᠦ ᠤᠮᠠᠷᠠᠲᠤ ᠬᠢᠯᠢ ᠶᠢᠨ ᠰᠣᠶᠣᠯ | ᠤᠨ ᠲᠦᠷᠦᠯ ᠲᠡᠮᠳᠡᠭ ᠢ ᠳᠠᠭᠤᠷᠢᠰᠤᠭᠤᠯᠬᠤ ᠪᠣᠯᠣᠨ᠎ᠠ᠃ | ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠨᠢ ᠤᠮᠠᠷᠠᠲᠤ ᠬᠢᠯᠢ ᠶᠢᠨ ᠰᠣᠶᠣᠯ ᠤᠨ 5 ᠶᠡᠭᠡ ᠭᠤᠣᠯ ᠪᠤᠯᠬᠤ | ᠰᠣᠶᠣᠯ ᠤᠨ ᠲᠦᠷᠦᠯ ᠭᠡᠯᠪᠡᠷᠢ ᠶᠢ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠡᠬᠢ ᠪᠠᠶᠠᠯᠢᠭ ᠲᠤ ᠲᠦᠰᠢᠭᠯᠡᠨ | ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ᠎ᠠ︾᠂ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾᠂ ︽ᠬᠦᠰᠡᠯ ᠳᠠᠯᠠᠯᠤᠭᠰᠠᠨ ᠡᠬᠡ ᠨᠤᠲᠤᠭ ᠲᠤ︾᠂ ︽ᠷᠢᠳᠢ | ᠰᠢᠳᠢᠲᠦ ᠶᠡᠭᠡ ᠲᠣᠬᠤᠢ︾᠂ ︽ᠤᠷᠳᠤ ᠴᠠᠭᠠᠨ ᠬᠡᠷᠡᠮ ᠤᠨ ᠡᠮᠦᠨ᠎ᠡ ᠤᠮᠠᠷ᠎ᠠ ᠨᠤᠲᠤᠭ︾ ᠭᠡᠬᠦ 5 ᠶᠡᠭᠡ ᠬᠡᠰᠡᠭ ᠲᠤ ᠤᠮᠠᠷᠠᠲᠤ ᠬᠢᠯᠢ ᠶᠢᠨ ᠰᠣᠶᠣᠯ ᠤᠨ ᠲᠥᠯᠥᠭᠡᠯᠡᠬᠦ | ᠴᠢᠨᠠᠷᠲᠠᠢ ᠨᠢᠭᠡ ᠪᠦᠯᠦᠭ ᠰᠢᠯᠢᠳᠡᠭ ᠰᠣᠶᠣᠯ ᠤᠨ ᠡᠬᠢ ᠪᠠᠶᠠᠯᠢᠭ᠂ ᠦᠢᠯᠡᠳᠬᠦᠨ᠂ ᠠᠵᠤ ᠠᠬᠤᠶᠢᠯᠠᠯ ᠢ ᠳᠡᠯᠭᠡᠨ ᠦᠵᠡᠭᠦᠯᠵᠦ᠂ ᠲᠣᠭᠠᠴᠢᠯᠠᠭᠰᠠᠨ ᠮᠡᠷᠭᠡᠵᠢᠯ᠂ ᠤᠷᠠᠨ | ᠰᠠᠶᠢᠬᠠᠨ ᠤ ᠦᠵᠡᠭᠦᠯᠭᠡ᠂ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ᠂ ᠠᠬᠤᠢ ᠲᠠᠯᠠᠪᠠᠢ ᠶᠢ ᠴᠢᠮᠡᠭᠯᠡᠬᠦ ᠵᠡᠷᠭᠡ ᠮᠠᠶ᠋ᠢᠭ ᠢᠶᠠᠷ ᠤᠮᠠᠷᠠᠲᠤ ᠬᠢᠯᠢ | ᠶᠢᠨ ᠰᠣᠶᠣᠯ ᠤᠨ ᠰᠣᠳᠣᠨ ᠰᠠᠶᠢᠬᠠᠨ ᠢ ᠬᠠᠷᠠᠭᠤᠯᠬᠤ ᠪᠠᠷ ᠪᠤᠢ᠃ | ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠨᠢ ᠲᠤᠰ ᠲᠤᠰ ᠤᠨ ᠰᠣᠶᠣᠯ ᠤᠨ ᠠᠭᠤᠯᠤᠭᠳᠠᠬᠤᠨ ᠵᠢᠴᠢ ᠠᠵᠤ ᠦᠢᠯᠡᠰ ᠤᠨ ᠣᠨᠴᠠᠯᠢᠭ | ᠲᠠᠭᠠᠨ ᠰᠠᠭᠤᠷᠢᠯᠠᠨ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ ᠢᠯᠡᠷᠡᠭᠦᠯᠦᠭᠰᠡᠨ ᠨᠢᠭᠡ ᠪᠦᠯᠦᠭ ᠦᠢᠯᠡᠳᠬᠦᠨ ᠪᠠ ᠦᠢᠯᠡᠴᠢᠯᠡᠭᠡ ᠶᠢ ᠲᠥᠪᠯᠡᠷᠡᠭᠦᠯᠦᠨ | ᠳᠡᠯᠭᠡᠨ ᠦᠵᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢ ᠳᠠᠭᠤᠷᠢᠰᠤᠭᠤᠯᠬᠤ ᠳᠤ ᠬᠦᠴᠦᠨ ᠨᠡᠮᠡᠷᠢᠯᠡᠨ᠎ᠡ᠃ ᠥᠪᠥᠷ ᠮᠣᠩᠭᠤᠯ ᠤᠨ ᠰᠢᠨᠬᠤᠸᠠ | ᠲᠠᠷᠬᠠᠭᠠᠯᠲᠠ ᠶᠢᠨ ᠪᠦᠯᠦᠭᠯᠡᠯ᠂ ᠥᠪᠥᠷ ᠮᠣᠩᠭᠤᠯ ᠤᠨ ᠬᠡᠪᠯᠡᠯ ᠤᠨ ᠪᠦᠯᠦᠭᠯᠡᠯ᠂ ᠥᠪᠥᠷ ᠮᠣᠩᠭᠤᠯ ᠤᠨ ᠺᠢᠨᠣ᠋ ᠶᠢᠨ ᠪᠦᠯᠦᠭᠯᠡᠯ᠂ ᠳᠤᠮᠳᠠᠳᠤ ᠤᠯᠤᠰ ᠤᠨ ᠷᠠᠳᠢᠣ᠋ | ᠲᠧᠯᠸᠢᠰ ᠤᠨ ᠥᠪᠥᠷ ᠮᠣᠩᠭᠤᠯ ᠤᠨ ᠰᠦᠯᠵᠢᠶᠡᠨ ᠤ ᠺᠤᠮᠫᠠᠨᠢ ᠵᠡᠷᠭᠡ ᠣᠷᠣᠨ ᠤ ᠰᠢᠭᠤᠳ ᠬᠠᠷᠢᠶ᠎ᠠ 4 ᠠᠵᠤ ᠠᠬᠤᠶᠢᠯᠠᠯ ᠨᠢ ᠨᠢᠭᠡ ᠪᠦᠯᠦᠭ ᠤᠳᠬ᠎ᠠ ᠵᠣᠬᠢᠶᠠᠯ | ᠤᠷᠠᠯᠢᠭ᠂ ᠺᠢᠨᠣ᠋ ᠲᠧᠯᠸᠢᠰ ᠳᠠᠭᠤᠤ ᠳᠦᠷᠰᠦ ᠰᠢᠩᠭᠡᠭᠡᠯᠲᠡ ᠶᠢᠨ ᠰᠣᠳᠣᠨ ᠳᠣᠷᠪᠢᠯᠢᠭ ᠪᠦᠲᠦᠭᠡᠯ ᠭᠠᠷᠭᠠᠨ ᠤᠮᠠᠷᠠᠲᠤ ᠬᠢᠯᠢ ᠶᠢᠨ ᠰᠣᠶᠣᠯ ᠢ ᠪᠦᠭᠦ ᠲᠠᠯ᠎ᠠ ᠪᠠᠷ | ᠢᠯᠡᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠢᠯᠡᠷᠡᠭᠦᠯᠬᠦ ᠪᠣᠯᠣᠨ᠎ᠠ᠃ | | |