2024 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠮᠤᠭ ᠤᠨ ᠰᠢᠨ᠎ᠡ ᠪᠠᠷᠢᠮᠵᠢᠶ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/8/28
      ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ 26 ᠤ ᠡᠳᠦᠷ ᠨᠡᠶᠢᠲᠡᠯᠡᠭᠰᠡᠨ ︽2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠦᠨᠳᠦᠰᠦᠯᠡᠪᠡᠯ᠂ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠪᠠ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠲᠦᠷᠦᠭᠦᠦ ᠵᠢᠯ ᠤᠨ ᠬᠢ ᠠᠴᠠ ᠲᠣᠰ ᠲᠣᠰ 30 ᠲᠥᠭᠦᠷᠢᠭ ᠪᠠ 20 ᠲᠥᠭᠦᠷᠢᠭ ᠨᠡᠮᠡᠭᠳᠡᠭᠦᠯᠵᠦ᠂ ᠬᠥᠮᠥᠨ ᠪᠦᠷᠢ ᠵᠢᠯ ᠳᠤ 670 ᠲᠥᠭᠦᠷᠢᠭ ᠪᠠ 400 ᠲᠥᠭᠦᠷᠢᠭ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃      ᠡᠨᠡ ᠪᠣᠯ 2016 ᠣᠨ ᠠᠴᠠ ᠨᠠᠭᠠᠰᠢ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ ᠰᠢᠨ᠎ᠡ ᠪᠠᠷ ᠨᠡᠮᠡᠭᠳᠡᠭᠰᠡᠨ ᠲᠤᠭ᠎ᠠ ᠨᠢ ᠠᠩᠬ᠎ᠠ ᠤᠳᠠᠭ᠎ᠠ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠰᠢᠨ᠎ᠡ ᠪᠠᠷ ᠨᠡᠮᠡᠭᠳᠡᠭᠰᠡᠨ ᠲᠤᠭ᠎ᠠ ᠠᠴᠠ ᠳᠠᠪᠠᠵᠤ᠂ ᠰᠠᠭᠤᠭᠠᠯᠢ ᠠᠷᠠᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠨᠡᠮᠡᠭᠳᠡᠯ ᠤᠨ ᠬᠡᠮᠵᠢᠶ᠎ᠡ ᠪᠠᠰᠠ ᠵᠣᠬᠢᠬᠤ ᠬᠡᠮᠵᠢᠶ᠎ᠡ ᠪᠠᠷ ᠪᠠᠭᠤᠷᠠᠵᠤ ᠪᠠᠶᠢᠭ᠎ᠠ ᠶᠠᠪᠤᠳᠠᠯ ᠪᠣᠯᠣᠨ᠎ᠠ᠃      ᠮᠡᠳᠡᠭᠳᠡᠯ ᠳᠤ᠂ ᠲᠥᠪ ᠤᠨ ᠡᠳ᠋ ᠤᠨ ᠵᠠᠰᠠᠭ ᠠᠴᠠ ᠦᠷᠭᠦᠯᠵᠢᠯᠡᠨ ᠲᠣᠭᠲᠠᠭᠠᠯ ᠶᠣᠰᠣᠭᠠᠷ ᠣᠷᠣᠨ ᠨᠤᠲᠤᠭ ᠲᠤ ᠲᠠᠰ ᠬᠤᠪᠢᠶᠠᠨ ᠨᠥᠬᠦᠪᠦᠷᠢ ᠥᠭᠴᠦ᠂ ᠪᠠᠷᠠᠭᠤᠨ ᠣᠷᠣᠨ᠂ ᠳᠤᠮᠳᠠ ᠣᠷᠣᠨ ᠳᠤ ᠲᠣᠰ ᠲᠣᠰ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢᠨ 80%᠂ 60% ᠶᠢᠨ ᠬᠠᠷᠢᠴᠠᠯ ᠢᠶᠠᠷ ᠨᠥᠬᠦᠪᠦᠷᠢ ᠥᠭᠴᠦ᠂ ᠵᠡᠭᠦᠨ ᠣᠷᠣᠨ ᠤ ᠡᠯ᠎ᠡ ᠮᠤᠵᠢ ᠣᠷᠣᠨ ᠳᠤ ᠲᠣᠰ ᠲᠣᠰ ᠵᠣᠬᠢᠬᠤ ᠬᠠᠷᠢᠴᠠᠯ ᠢᠶᠠᠷ ᠨᠥᠬᠦᠪᠦᠷᠢ ᠥᠭᠭᠦᠨ᠎ᠡ᠃ ᠣᠷᠣᠰᠢᠨ ᠰᠠᠭᠤᠷᠢᠰᠢᠬᠤ ᠦᠨᠡᠮᠯᠡᠯ ᠢᠶᠠᠷ ᠢᠶᠠᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠪᠠᠶᠢᠪᠠᠯ᠂ ᠡᠯ᠎ᠡ ᠱᠠᠲᠤᠨ ᠤ ᠡᠳ᠋ ᠤᠨ ᠵᠠᠰᠠᠭ ᠠᠴᠠ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠠᠢ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠬᠤ ᠬᠡᠷᠡᠭᠲᠡᠢ ᠭᠡᠵᠦ ᠲᠣᠳᠣᠷᠬᠠᠶᠢᠯᠠᠪᠠ᠃      ᠮᠡᠳᠡᠭᠳᠡᠯ ᠳᠤ᠂ ᠬᠦᠨᠳᠦ ᠡᠪᠡᠳᠴᠢᠨ ᠤ ᠳᠠᠭᠠᠳᠬᠠᠯ ᠤᠨ ᠨᠠᠷᠢᠯᠢᠭ ᠣᠨᠣᠴᠠᠲᠠᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠵᠦ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ ᠤᠨ ᠲᠦᠷᠦᠭᠦᠦ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠠᠴᠠ ᠥᠨᠳᠥᠷ ᠪᠠᠶᠢᠯᠭᠠᠵᠤ ᠪᠤᠯᠬᠤ ᠦᠭᠡᠢ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠪᠬᠤᠴᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ ᠤᠨ ᠲᠦᠷᠦᠭᠦᠦ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠶᠢᠨ 6 ᠳᠠᠭᠢᠨ ᠣᠷᠴᠢᠮ ᠬᠦᠷᠭᠡᠵᠦ᠂ ᠲᠠᠩᠰᠠ ᠲᠠᠶᠢᠯᠬᠤ ᠬᠠᠷᠢᠴᠠᠯ ᠢ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠲᠡᠶᠢᠰᠢ ᠬᠡᠯᠪᠡᠶᠢᠯᠭᠡᠬᠦ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ᠂ ᠳᠠᠭᠠᠳᠬᠠᠯ ᠳᠤ ᠣᠷᠣᠯᠴᠠᠬᠰᠠᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠳᠤ ᠡᠭᠦᠰᠦᠭᠰᠡᠨ ᠲᠣᠭᠲᠠᠭᠠᠯ ᠳᠤ ᠨᠡᠶᠢᠴᠡᠬᠦ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠬᠠᠮᠢᠶ᠎ᠠ ᠪᠦᠬᠦᠢ ᠡᠮᠴᠢᠯᠡᠭᠡᠨ ᠤ ᠵᠠᠷᠤᠳᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠳᠤ ᠣᠷᠣᠭᠤᠯᠵᠤ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠬᠠᠷᠠᠭᠠᠯᠵᠠᠯ ᠢ ᠬᠦᠷᠲᠡᠭᠡᠵᠦ᠂ ᠡᠮᠨᠡᠯᠭᠡ ᠳᠤ ᠰᠠᠭᠤᠵᠤ ᠬᠥᠩᠭᠡᠵᠢᠬᠦ ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠵᠦᠢ ᠵᠣᠬᠢᠰᠲᠠᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠬᠰᠠᠨ ᠰᠠᠭᠤᠭᠠᠯᠢ ᠠᠷᠠᠳ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ ᠭᠡᠵᠦ ᠳᠤᠷᠠᠳᠪᠠ᠃      ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠲᠠᠰᠤᠷᠠᠯᠲᠠ ᠦᠭᠡᠢ ᠨᠡᠮᠡᠭᠳᠡᠵᠦ᠂ ᠡᠮᠴᠢᠯᠡᠭᠡᠨ ᠤ ᠬᠡᠷᠡᠭᠯᠡᠭᠡᠨ ᠤ ᠬᠢᠷᠢ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ ᠪᠠᠶᠢᠭ᠎ᠠ ᠠᠬᠤᠢ ᠪᠠᠶᠢᠳᠠᠯ ᠳᠣᠣᠷ᠎ᠠ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠ ᠡᠳ᠋ ᠤᠨ ᠵᠠᠰᠠᠭ ᠤᠨ ᠨᠥᠬᠦᠪᠦᠷᠢ ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠭᠦ ᠪᠣᠯ ᠬᠠᠷᠠᠭᠠᠯᠵᠠᠯ ᠤᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠳᠦᠷᠢᠮ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠶᠢᠨ ᠪᠤᠰᠤᠳᠴᠢ ᠬᠡᠷᠡᠭᠴᠡᠭᠡ ᠮᠥᠨ ᠭᠡᠵᠦ ᠴᠢᠬᠤᠯᠠᠴᠢᠯᠠᠪᠠ᠃      ᠲᠦᠷᠦᠭᠦᠬᠡᠨ᠂ ᠤᠯᠤᠰ ᠠᠴᠠ ᠨᠢᠭᠡᠨᠲᠡ ᠪᠢᠴᠢᠭ ᠮᠠᠲ᠋ᠧᠷᠢᠶᠠᠯ ᠨᠡᠶᠢᠲᠡᠯᠡᠵᠦ ᠰᠠᠭᠤᠭᠠᠯᠢ ᠠᠷᠠᠳ ᠤᠨ ᠵᠠᠯᠭᠠᠭ᠎ᠠ ᠪᠠᠷ ᠳᠠᠭᠠᠳᠬᠠᠯ ᠳᠤ ᠣᠷᠤᠯᠴᠠᠬᠤ ᠶᠢ ᠵᠣᠷᠢᠭᠵᠢᠭᠤᠯᠪᠠ᠃ ᠲᠣᠰ ᠤᠳᠠᠭᠠᠨ ᠤ ᠮᠡᠳᠡᠭᠳᠡᠯ ᠳᠤ ᠡᠯ᠎ᠡ ᠮᠤᠵᠢ ᠦᠷᠭᠦᠯᠵᠢᠯᠡᠨ ᠳᠠᠭᠠᠳᠬᠠᠯ ᠳᠤ ᠣᠷᠣᠯᠴᠠᠬᠰᠠᠨ ᠬᠥᠮᠥᠰ ᠪᠠ ᠰᠦᠢᠳᠬᠡᠯ ᠲᠤᠰᠢᠶᠠᠬᠤ ᠪᠠᠨ ᠲᠠᠰᠤᠯᠳᠠᠭᠤᠯᠤᠭᠰᠠᠨ ᠬᠥᠮᠥᠰ ᠲᠤ ᠲᠣᠰ ᠲᠣᠰ ᠵᠣᠬᠢᠴᠠᠩᠭᠤᠢ ᠤᠷᠮᠠᠰᠢᠭᠤᠯᠬᠤ ᠪᠠ ᠬᠢᠵᠠᠭᠠᠷᠯᠠᠬᠤ ᠠᠷᠭ᠎ᠠ ᠬᠡᠮᠵᠢᠶ᠎ᠡ ᠭᠠᠷᠭᠠᠬᠤ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠤᠯᠠᠮ ᠨᠢᠭᠡ ᠠᠯᠬᠤᠮ ᠱᠠᠭᠠᠷᠳᠠᠪᠠ᠃               ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 26 ᠤ ᠴᠠᠭᠢᠯᠭᠠᠨ ᠮᠡᠳᠡᠭᠡ︶ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ