ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠲᠣᠰ ᠰᠠᠷ᠎ᠠ ᠳᠤ ᠰᠠᠷᠮᠠᠭᠴᠢᠨ ᠤ ᠪᠤᠳᠤ ᠡᠪᠡᠳᠴᠢᠨ ᠤ ᠬᠢᠵᠢᠭ ᠤᠨ ᠪᠠᠶᠢᠳᠠᠯ ᠢ ︽ᠣᠯᠠᠨ | ᠤᠯᠤᠰ ᠤᠨ ᠠᠩᠬᠠᠷᠤᠯ ᠲᠠᠯᠪᠢᠵᠤ ᠪᠠᠶᠢᠭ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ︾ ᠪᠣᠯᠭᠠᠵᠤ᠂ ᠰᠠᠷᠮᠠᠭᠴᠢᠨ ᠤ ᠪᠤᠳᠤ | ᠡᠪᠡᠳᠴᠢᠨ ᠤ ᠬᠢᠵᠢᠭ ᠦᠷᠪᠢᠰᠦᠨ ᠳᠡᠯᠭᠡᠷᠡᠬᠦ ᠲᠦᠭᠰᠢᠭᠦᠷᠢ ᠣᠷᠣᠰᠢᠵᠤ ᠪᠠᠶᠢᠨ᠎ᠠ ᠭᠡᠵᠡᠢ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ 8 | ᠰᠠᠷ᠎ᠠ ᠶᠢᠨ 26 ᠤ ᠡᠳᠦᠷ ᠪᠦᠬᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠪᠡᠯᠡᠳᠬᠡᠯ ᠪᠠ ᠠᠷᠭᠠᠴᠠᠬᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠪᠦᠬᠦ | ᠪᠥᠮᠪᠥᠷᠴᠡᠭ᠂ ᠭᠠᠵᠠᠷ ᠣᠷᠣᠨ ᠪᠠ ᠤᠯᠤᠰ ᠨᠤᠭᠤᠳ ᠤᠨ ᠴᠢᠷᠮᠠᠶᠢᠯᠭ᠎ᠠ ᠪᠠᠷ ᠳᠠᠮᠵᠢᠭᠤᠯᠤᠨ᠂ ᠰᠠᠷᠮᠠᠭᠴᠢᠨ ᠤ ᠪᠤᠳᠤ ᠡᠪᠡᠳᠴᠢᠨ ᠤ ᠬᠢᠵᠢᠭ ᠬᠥᠮᠥᠰ ᠤᠨ | ᠬᠤᠭᠤᠷᠣᠨᠳᠤ ᠳᠡᠯᠭᠡᠷᠡᠬᠦ ᠶᠢ ᠬᠤᠷᠢᠭᠯᠠᠬᠤ ᠪᠠᠷ ᠴᠢᠷᠮᠠᠶᠢᠵᠤ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠲᠣᠰ ᠲᠥᠯᠥᠪᠯᠡᠭᠡ ᠨᠢ 2024 ᠣᠨ ᠤ 9 ᠰᠠᠷ᠎ᠠ ᠠᠴᠠ 2025 ᠣᠨ ᠤ 2 ᠰᠠᠷ᠎ᠠ ᠪᠣᠯᠲᠠᠯᠠᠬᠢ 6 ᠰᠠᠷ᠎ᠠ ᠶᠢ ᠬᠠᠮᠤᠷᠴᠤ᠂ | ᠵᠢᠱᠢᠯᠲᠡ ᠪᠠᠷ 1.35 ᠳ᠋ᠦᠩᠰᠢᠭᠤᠷ ᠳ᠋ᠣᠯᠯᠠᠷ ᠤᠨ ᠠᠷᠭᠠᠴᠠᠬᠤ ᠪᠡᠯᠡ ᠮᠥᠩᠭᠦ ᠤᠷᠤᠨ᠎ᠠ᠃ ᠲᠤᠰ ᠲᠥᠯᠥᠪᠯᠡᠭᠡ ᠶᠢ ᠬᠡᠷᠡᠭᠵᠢᠭᠦᠯᠬᠦ ᠬᠡᠷᠡᠭᠴᠡᠭᠡ ᠶᠢ ᠬᠠᠩᠭᠠᠬᠤ ᠶᠢᠨ | ᠲᠥᠯᠥᠭᠡ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ ᠪᠡᠯᠡ ᠮᠥᠩᠭᠦ ᠴᠤᠭᠯᠠᠭᠤᠯᠬᠤ ᠤᠷᠢᠶᠠᠯᠠᠭ᠎ᠠ ᠭᠠᠷᠭᠠᠪᠠ᠃ | ᠲᠣᠰ ᠲᠥᠯᠥᠪᠯᠡᠭᠡ ᠨᠢ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠢ ᠠᠵᠢᠯᠯᠠᠭᠴᠢ ᠶᠢᠨ ᠨᠡᠶᠢᠲᠡᠯᠡᠭᠰᠡᠨ ᠲᠦᠷ ᠴᠠᠭ ᠤᠨ | ᠰᠠᠨᠠᠭᠤᠯᠭ᠎ᠠ ᠪᠠ ᠣᠷᠳᠣ ᠬᠤᠭᠤᠴᠠᠭᠠᠨ ᠤ ᠰᠠᠨᠠᠭᠤᠯᠭ᠎ᠠ ᠪᠠᠷ ᠰᠠᠭᠤᠷᠢ ᠪᠣᠯᠭᠠᠵᠤ᠂ ᠪᠥᠬᠦ ᠲᠠᠯ᠎ᠠ ᠪᠠᠷ ᠬᠢᠨᠠᠨ ᠬᠡᠮᠵᠢᠬᠦ᠂ ᠤᠷᠢᠳᠴᠢᠯᠠᠨ ᠰᠡᠷᠭᠡᠶᠢᠯᠡᠬᠦ᠂ ᠪᠡᠯᠡᠳᠬᠡᠬᠦ ᠪᠠ | ᠠᠷᠭᠠᠴᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠨ᠎ᠠ︔ ᠣᠨᠣᠰᠢᠯᠠᠵᠤ ᠰᠢᠯᠭᠠᠨ ᠬᠡᠮᠵᠢᠬᠦ ᠤᠷᠪᠠᠯᠵᠢ ᠪᠠ ᠸᠠᠺᠼᠢᠨ ᠵᠡᠷᠭᠡ | ᠡᠮᠴᠢᠯᠡᠭᠡᠨ ᠤ ᠠᠷᠭ᠎ᠠ ᠪᠣᠳᠣᠯᠭ᠎ᠠ ᠶᠢ ᠰᠤᠳᠤᠯᠬᠤ ᠪᠠ ᠡᠷᠬᠡ ᠲᠡᠭᠰᠢ ᠪᠠᠷ ᠣᠯᠬᠤ ᠶᠢ ᠠᠬᠢᠭᠤᠯᠤᠨ᠎ᠠ︔ ᠠᠮᠢᠳᠠᠨ ᠠᠴᠠ ᠬᠥᠮᠥᠨ ᠲᠥᠷᠥᠯᠬᠢᠲᠡᠨ ᠳᠤ ᠬᠠᠯᠲᠠᠭᠠᠬᠤ | ᠶᠠᠪᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ︔ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠳᠤ | ᠢᠳᠡᠪᠬᠢᠲᠡᠢ ᠣᠷᠣᠯᠴᠠᠬᠤ ᠴᠢᠳᠠᠪᠤᠷᠢ ᠶᠢ ᠨᠡᠮᠡᠭᠳᠡᠭᠦᠯᠦᠨ᠎ᠡ᠃ | ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠢ ᠵᠠᠬᠢᠷᠭᠠᠨ ᠪᠠ ᠣᠷᠣᠨ ᠪᠦᠰᠡ ᠶᠢᠨ ᠬᠡᠷᠡᠭ ᠡᠷᠬᠢᠯᠡᠬᠦ ᠭᠠᠵᠠᠷ ᠲᠤ ᠨᠢᠭᠡᠨᠲᠡ | ᠬᠡᠷᠡᠭ ᠶᠠᠪᠤᠳᠠᠯ ᠤᠨ ᠬᠠᠮᠢᠶᠠᠷᠤᠯᠲᠠ ᠶᠢ ᠳᠡᠮᠵᠢᠬᠦ ᠳᠤᠭᠤᠶᠢᠯᠠᠩ ᠪᠠᠶᠢᠭᠤᠯᠤᠭᠰᠠᠨ ᠪᠥᠭᠡᠳ ᠤᠳᠤ ᠶᠠᠭ ᠨᠥᠯᠥᠭᠡᠯᠡᠭᠳᠡᠵᠦ ᠪᠠᠶᠢᠭ᠎ᠠ ᠤᠯᠤᠰ ᠲᠤ ᠠᠵᠢᠯᠲᠠᠨ ᠢ | ᠶᠡᠭᠡ ᠪᠠᠷ ᠨᠡᠮᠡᠭᠳᠡᠭᠦᠯᠵᠡᠢ᠃ |